ᠤᠳᠠᠭᠠᠨ ᠳᠠᠭᠠᠭᠠᠮᠠᠭᠠᠢ ᠵᠢᠳᠭᠦᠵᠦ ᠡᠯᠡᠰᠦᠷᠬᠡᠭᠵᠢᠯ᠎ᠢ ᠰᠡᠷᠭᠡᠢᠯᠡᠨ ᠡᠯᠡᠰᠦ ᠵᠢ ᠵᠠᠰᠠᠭᠰᠠᠨ ᠰᠢᠨ᠎ᠡ ᠭᠠᠢᠬᠠᠮᠰᠢᠭ᠋᠎ᠢ ᠡᠭᠦᠳᠰᠦᠭᠡᠢ
2025-09-17 09:47:45
ᠵᠣᠬᠢᠶᠠᠭ᠍ᠴᠢ᠄
ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠰᠢᠭᠦᠮᠵᠢᠯᠡᠭᠴᠢ
ᠣᠩᠱᠢᠭ᠍ᠰᠠᠨ ᠣᠳᠠᠭ᠎ᠠ᠄
★★★☆☆

— ᠠᠷᠪᠠᠳᠤᠭᠠᠷ ᠬᠤᠭᠤᠴᠠᠭᠠᠨ᠎ᠤ ᠬᠥᠪᠴᠢ ᠤᠯᠠᠨ ᠤᠯᠤᠰ᠎ᠤᠨ ᠡᠯᠡᠰᠤᠨ᠎ᠦ ᠶᠠᠷᠢᠶᠠᠨ᠎ᠤ ᠲᠠᠪᠴᠠᠩ ᠡᠬᠢᠯᠡᠭᠰᠡᠨ᠎ᠢ ᠪᠠᠶᠠᠷᠯᠠᠨ ᠪᠡᠯᠭᠡᠯᠡᠶ᠎ᠡ



ᠡᠯᠡᠰᠦᠨ ᠴᠦᠯ ᠨᠤᠭᠤᠭᠠᠨ ᠬᠦᠷᠮ᠎ᠠ ᠬᠡᠳᠦᠷᠦᠨ᠂ ᠤᠷᠢᠬᠠᠨ ᠰᠠᠯᠬᠢ ᠠᠯᠤᠰ᠎ᠤᠨ ᠵᠤᠴᠢᠳ ᠵᠢᠡᠨ ᠤᠬᠳᠤᠨ᠎ᠠ᠃ ᠠᠯᠳᠠᠨ ᠨᠠᠮᠤᠷ᠎ᠤᠨ ᠤᠯᠠᠷᠢᠯ᠎ᠳᠤ᠂ ᠠᠷᠪᠠᠳᠤᠭᠠᠷ ᠬᠤᠭᠤᠴᠠᠭᠠᠨ᠎ᠤ ᠬᠥᠪᠴᠢ ᠤᠯᠠᠨ ᠤᠯᠤᠰ᠎ᠤᠨ ᠡᠯᠡᠰᠤᠨ᠎ᠦ ᠶᠠᠷᠢᠶᠠᠨ᠎ᠤ ᠲᠠᠪᠴᠠᠩ ᠣᠷᠳᠣᠰ ᠬᠤᠳᠠ᠎ᠳᠤ ᠡᠬᠢᠯᠡᠪᠡ᠃ ᠳᠤᠮᠳᠠᠳᠤ ᠭᠠᠳᠠᠭᠠᠳᠤ᠎ᠶᠢᠨ ᠤᠯᠤᠰ ᠲᠥᠷᠥ᠎ᠶᠢᠨ ᠴᠢᠬᠤᠯᠠ ᠬᠥᠮᠥᠰ᠂ ᠲᠤᠰᠬᠠᠢ ᠮᠡᠷᠭᠡᠵᠢᠯᠲᠡᠨ ᠡᠷᠳᠡᠮᠲᠡᠨ᠂ ᠠᠵᠤ ᠠᠬᠤᠢᠯᠠᠯ᠎ᠤᠨ ᠲᠥᠯᠥᠭᠡᠯᠡᠭᠴᠢ᠂ ᠡᠯᠡᠰᠦ᠎ᠶᠢ ᠵᠠᠰᠠᠭᠰᠠᠨ ᠵᠢᠱ᠌ᠢᠶᠡᠴᠢ ᠨᠠᠷ ᠨᠢᠭᠡ ᠲᠠᠩᠬᠢᠮ᠎ᠳᠤ ᠴᠤᠭᠯᠠᠷᠠᠵᠤ᠂ ᠰᠢᠨᠵᠢᠯᠡᠬᠦ ᠤᠬᠠᠭᠠᠨᠴᠢ᠎ᠪᠠᠷ ᠡᠯᠡᠰᠦ᠎ᠶᠢ ᠵᠠᠰᠠᠬᠤ ᠠᠷᠭ᠎ᠠ ᠪᠣᠳᠣᠯᠭ᠎ᠠ᠎ᠶᠢ ᠬᠠᠮᠲᠤ᠎ᠪᠠᠷ ᠵᠥᠪᠳᠡᠯᠴᠡᠨ᠂ ᠪᠣᠬᠢᠷᠲᠤᠯ ᠦᠭᠡᠢ ᠪᠠᠷ ᠬᠥᠭᠵᠢᠬᠦᠯᠬᠦ ᠵᠠᠮ᠎ᠢ ᠬᠠᠮᠲᠤ᠎ᠪᠠᠷ ᠰᠦᠪᠡᠭᠴᠢᠯᠡᠪᠡ᠃

ᠴᠦᠯᠯᠡᠷᠭᠡᠭᠵᠢᠯ ᠪᠣᠯ ᠳᠡᠯᠡᠬᠡᠢ᠎ᠶᠢᠨ ᠪᠥᠮᠪᠥᠷᠴᠡᠭ᠎ᠦᠨ ᠰᠢᠷᠬ᠎ᠠ ᠰᠣᠷᠪᠢ ᠮᠥᠨ᠂ ᠪᠠᠰᠠ ᠴᠤ᠌ ᠬᠥᠮᠥᠨ ᠲᠥᠷᠥᠯᠬᠢᠲᠡᠨ᠎ᠦ ᠬᠠᠮᠲᠤ᠎ᠶᠢᠨ ᠥᠷᠢᠰᠦᠯᠳᠦᠭᠡᠨ ᠮᠥᠨ᠃ ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭᠠᠨ᠎ᠤ ᠵᠢᠯᠣᠭᠣᠳᠤᠯᠭ᠎ᠠ ᠳᠣᠣᠷ᠎ᠠ᠂ ᠮᠠᠨ᠎ᠤ ᠤᠯᠤᠰ ᠴᠦᠯᠯᠡᠷᠭᠡᠭᠵᠢᠯ᠎ᠢ ᠰᠡᠷᠭᠡᠢᠯᠡᠨ ᠵᠠᠰᠠᠬᠤ ᠠᠵᠢᠯ᠎ᠢ ᠠᠮᠢ ᠠᠬᠤᠢ᠎ᠶᠢᠨ ᠠᠮᠤᠷ ᠲᠦᠪᠰᠢᠨ᠎ᠳᠦ ᠬᠣᠯᠪᠣᠭᠳᠠᠬᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠳᠤ ᠬᠣᠯᠪᠣᠭᠳᠠᠬᠤ᠂ ᠳᠤᠮᠳᠠᠳᠤ᠎ᠶᠢᠨ ᠦᠨᠳᠦᠰᠦᠲᠡᠨ᠎ᠦ ᠥᠨᠢᠳᠡ᠎ᠶᠢᠨ ᠬᠥᠭᠵᠢᠯᠲᠡ᠎ᠳᠦ ᠬᠣᠯᠪᠣᠭᠳᠠᠬᠤ ᠪᠠᠢᠯᠳᠤᠬᠤ ᠪᠣᠳᠣᠯᠭ᠎ᠠ᠎ᠶᠢᠨ ᠥᠨᠳᠥᠷᠴᠡ᠎ᠳᠤ ᠲᠠᠯᠪᠢᠵᠤ᠂ ᠴᠦᠯᠯᠡᠷᠭᠡᠭᠵᠢᠯ ᠪᠠ ᠭᠠᠵᠠᠷ ᠰᠢᠷᠣᠢ᠎ᠶᠢᠨ ᠡᠯᠡᠰᠦᠷᠬᠡᠭᠵᠢᠯ᠎ᠤᠨ 《ᠬᠣᠣᠰ ᠬᠠᠰᠤᠭᠳᠠᠯ》 ᠢ᠋ ᠦᠷᠭᠦᠯᠵᠢᠯᠡᠨ ᠠᠬᠢᠭᠤᠯᠵᠤ᠂ ᠭᠠᠵᠠᠷ ᠰᠢᠷᠣᠢ᠎ᠶᠢᠨ ᠮᠠᠭᠤᠳᠠᠯ᠎ᠤᠨ 《ᠲᠡᠭ ᠨᠡᠮᠡᠭᠳᠡᠯ》 ᠢ᠋ ᠡᠩ ᠲᠡᠷᠢᠭᠦᠨ᠎ᠳᠦ ᠪᠡᠶᠡᠯᠡᠭᠦᠯᠪᠡ᠃ ᠡᠨᠡ ᠨᠢ ᠳᠤᠮᠳᠠᠳᠤ ᠤᠯᠤᠰ᠎ᠤᠨ ᠡᠯᠡᠰᠦ᠎ᠶᠢ ᠵᠠᠰᠠᠭᠰᠠᠨ ᠠᠮᠵᠢᠯᠲᠠ᠎ᠶᠢᠨ ᠬᠠᠭᠤᠳᠠᠰᠤ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠪᠦᠬᠦ ᠪᠥᠮᠪᠥᠷᠴᠡᠭ᠎ᠦᠨ ᠴᠦᠯᠯᠡᠷᠭᠡᠭᠵᠢᠯ᠎ᠢ ᠰᠡᠷᠭᠡᠢᠯᠡᠨ ᠵᠠᠰᠠᠬᠤ᠎ᠳᠤ ᠳᠤᠮᠳᠠᠳᠤ ᠤᠯᠤᠰ᠎ᠤᠨ ᠤᠶᠤᠨ ᠤᠬᠠᠭᠠᠨ᠎ᠢ ᠬᠠᠩᠭᠠᠵᠤ᠂ ᠤᠯᠠᠨ ᠤᠯᠤᠰ᠎ᠤᠨ ᠬᠡᠪ ᠳᠠᠭᠤᠷᠢᠶᠠᠯ ᠪᠣᠯᠤᠭᠰᠠᠨ ᠪᠠᠢᠨ᠎ᠠ᠃

ᠮᠠᠨ᠎ᠤ ᠤᠯᠤᠰ᠎ᠤᠨ ᠴᠦᠯᠯᠡᠷᠭᠡᠭᠵᠢᠯ᠎ᠢ ᠵᠠᠰᠠᠬᠤ ᠭᠣᠣᠯ ᠲᠠᠢ᠍ᠢᠨ᠎ᠦ ᠲᠠᠯᠠᠪᠤᠷ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠯᠡᠰᠦ᠎ᠶᠢ ᠵᠠᠰᠠᠬᠤ ᠭᠣᠣᠯ ᠬᠦᠴᠦᠨ ᠴᠡᠷᠢᠭ᠎ᠦᠨ ᠬᠠᠷᠢᠭᠤᠴᠠᠯᠭ᠎ᠠ᠎ᠶᠢ ᠡᠷᠡᠰ ᠡᠭᠦᠷᠭᠡᠯᠡᠵᠦ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ ᠪᠣᠯᠣᠨ 《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ》 ᠶ᠋ᠢ ᠶᠡᠬᠡ᠎ᠪᠡᠷ ᠪᠠᠳᠠᠷᠠᠭᠤᠯᠵᠤ᠂ 《ᠤᠮᠠᠷᠠᠲᠤ᠎ᠶᠢᠨ ᠭᠤᠷᠪᠠᠨ ᠣᠷᠣᠨ》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠤ ᠴᠢᠬᠤᠯᠠ ᠦᠷ᠎ᠡ ᠪᠦᠲᠦᠭᠡᠯ ᠣᠯᠬᠤ᠎ᠶᠢ ᠠᠬᠢᠭᠤᠯᠵᠤ᠂ 3 ᠵᠢᠯ᠎ᠳᠦ ᠨᠡᠢ᠍ᠢᠳᠡ 5000 ᠲᠦᠮᠡᠨ ᠮᠦ᠍᠎ᠭᠠᠷᠤᠢ ᠲᠠᠯᠠᠪᠠᠢ ᠪᠦᠬᠦᠢ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠵᠤ᠂ 《ᠵᠣᠷᠢᠭ᠍ᠲᠠᠢ᠎ᠪᠠᠷ ᠡᠯᠡᠰᠦᠨ ᠴᠦᠯ᠎ᠢ ᠨᠣᠮᠢᠨ ᠨᠣᠭᠣᠭᠠᠨ ᠪᠤᠯᠭᠠᠨ ᠵᠢᠷᠤᠭᠯᠠᠭᠰᠠᠨ》 ᠡᠯᠡᠰᠦ᠎ᠶᠢ ᠵᠠᠰᠠᠭᠰᠠᠨ ᠭᠠᠢᠬᠠᠮᠰᠢᠭ᠋᠎ᠢ ᠪᠢᠴᠢᠭᠯᠡᠪᠡ᠃ ᠢᠯᠠᠩᠭᠤᠶ᠎ᠠ ᠬᠥᠪᠴᠢ᠎ᠶᠢᠨ ᠡᠯᠡᠰᠦᠨ᠎ᠤ ᠵᠠᠰᠠᠯᠲᠠ ᠨᠢ ᠪᠣᠬᠢᠷᠲᠤᠯ ᠦᠭᠡᠢ ᠪᠠ ᠪᠠᠶᠠᠵᠢᠯ ᠴᠢᠨᠡᠭᠡᠯᠢᠭᠵᠢᠯ᠎ᠢ ᠵᠡᠷᠭᠡ᠎ᠪᠡᠷ ᠬᠥᠭᠵᠢᠭᠦᠯᠬᠦ ᠦᠷᠭᠦᠯᠵᠢᠯᠡᠬᠦ ᠬᠥᠭᠵᠢᠯᠲᠡ᠎ᠶᠢᠨ ᠵᠠᠭᠪᠤᠷ᠎ᠢ ᠬᠠᠢᠨ ᠰᠦᠪᠡᠭᠴᠢᠯᠡᠵᠦ᠂ ᠥᠩᠭᠡᠷᠡᠭᠰᠡᠨ᠎ᠦ 《ᠮᠦᠬᠦᠯ᠎ᠦᠨ ᠳᠠᠯᠠᠢ》 ᠵᠢ ᠥᠨᠥᠳᠥᠷ᠎ᠦᠨ 《ᠬᠦᠰᠡᠯᠡᠩ᠎ᠦᠨ ᠣᠷᠣᠨ》 ᠪᠣᠯᠭᠠᠵᠤ᠂ ᠪᠦᠬᠦ ᠪᠥᠮᠪᠥᠷᠴᠡᠭ᠎ᠦᠨ ᠴᠦᠯᠯᠡᠷᠭᠡᠭᠵᠢᠭᠰᠡᠨ ᠭᠠᠵᠠᠷ ᠣᠷᠣᠨ᠎ᠳᠤ ᠳᠠᠭᠤᠷᠢᠶᠠᠵᠤ ᠂ ᠳᠡᠯᠭᠡᠷᠡᠭᠦᠯᠵᠦ ᠪᠣᠯᠬᠤᠢᠴᠠ ᠬᠣᠪᠣᠷ ᠨᠠᠨᠳᠢᠨ ᠲᠤᠷᠰᠢᠯᠭ᠎ᠠ᠎ᠶᠢ ᠬᠠᠩᠭᠠᠪᠠ᠃

ᠡᠯᠡᠰᠦᠷᠬᠡᠭᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠳ᠋ᠸ᠋ 《ᠬᠠᠳᠠᠭᠤ ᠪᠡᠷᠬᠡ ᠵᠢ ᠳᠤᠭᠤᠯᠵᠤ ᠰᠢᠨᠳᠠᠷᠠᠰᠢ ᠦᠭᠡᠢ ᠴᠢᠷᠮᠠᠢᠬᠤ》 ᠴᠢᠬᠤᠯᠠᠳᠠᠢ ᠪᠠᠢᠵᠤ᠂ ᠲᠡᠰᠪᠦᠷᠢ ᠲᠡᠪᠴᠢᠶᠡᠷᠢ ᠲᠠᠢ ᠪᠠᠢᠬᠤ ᠪᠡᠷ ᠪᠠᠷᠠᠬᠤ ᠦᠭᠡᠢ ᠨᠡᠩ᠎ᠴᠤ ᠤᠶᠤᠨ ᠤᠬᠠᠭᠠᠨ ᠱᠠᠭᠠᠷᠳᠠᠭ᠍ᠳᠠᠬᠤ ᠤᠳᠠᠭᠠᠨ ᠳᠠᠭᠠᠭᠠᠮᠠᠭᠠᠢ ᠳᠠᠢ᠌ᠨ ᠶᠤᠮ᠂ ᠬᠠᠲᠠᠭᠤᠵᠢᠯᠲᠠᠢ ᠠᠵᠢᠯᠯᠠᠬᠤ ᠨᠢ ᠳᠡᠪᠢᠰᠬᠡᠷ ᠦᠩᠭᠡ᠂᠎ᠲᠠᠮᠳᠠᠢ ᠠᠵᠢᠯᠯᠠᠬᠤ ᠨᠢ ᠵᠠᠩᠭᠢᠯᠠᠭ᠎ᠠ ᠪᠣᠯᠤᠨ᠎ᠠ᠃ ᠬᠦᠶ᠋ᠲᠡᠨ᠎ᠳᠦ ᠲᠡᠰᠪᠦᠷᠢᠲᠡᠶ᠂ ᠬᠦᠶ᠋ᠲᠡᠨ᠎ᠳᠦ ᠳᠡᠪᠴᠢᠶᠡᠷᠢᠳᠡᠢ᠂ ᠬᠤᠵᠢᠷ᠎ᠢ ᠳᠠᠭᠠᠭᠠᠬᠤ ᠡᠯᠡᠰᠦᠨ᠎ᠳᠦ ᠳᠤᠬᠢᠷᠠᠬᠤ ᠦᠷ᠎ᠡ ᠡᠳ᠋᠎ᠦᠨ ᠡᠬᠢ ᠪᠠᠶᠠᠯᠢᠭ᠎ᠢ ᠪᠣᠢᠵᠢᠭᠤᠯᠬᠤ ᠡᠴᠡ ᠠᠪᠤᠭᠠᠳ ᠤᠰᠤ ᠪᠡᠷ ᠨᠦᠭᠡᠯᠡᠨ ᠮᠦᠴᠢᠷ ᠬᠠᠳᠬᠤᠬᠤ᠂ ᠵᠠᠳᠠᠷᠠᠵᠤ ᠪᠣᠯᠬᠤ ᠰᠠᠪᠠ ᠪᠡᠷ ᠣᠢᠵᠢᠭᠤᠯᠬᠤ ᠵᠡᠷᠭᠡ ᠮᠡᠷᠭᠡᠵᠢᠯ᠎ᠢ ᠳᠡᠯᠭᠡᠷᠡᠭᠦᠯᠬᠦ᠌ ᠬᠦᠷᠲᠡᠯ᠎ᠡ᠂ ᠳᠠᠬᠢᠭᠠᠳ ᠦᠷ᠎ᠡ ᠰᠠᠴᠤᠬᠤ ᠵᠢᠯᠣᠭᠣᠴᠢ ᠥᠬᠡᠶ ᠨᠢᠰᠭᠡᠯ᠂ ᠮᠣᠳᠣ ᠳᠠᠷᠢᠬᠤ ᠮᠠᠱᠢᠨ ᠬᠥᠮᠦᠨ ᠵᠡᠷᠭᠡ ᠲᠡᠷᠢᠭᠦᠨ᠎ᠦ ᠲᠣᠨᠣᠭ ᠲᠥᠬᠥᠭᠡᠷᠦᠮᠵᠢ᠎ᠶ᠋ᠢ ᠬᠡᠷᠡᠭ᠌ᠯᠡᠬᠦ᠌ ᠬᠦᠷᠲᠡᠯ᠎ᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠨᠢ ᠶᠠᠭ ᠡᠯᠡᠰᠦᠷᠭᠡᠭᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠦᠷ᠎ᠡ ᠪᠦᠲᠦᠮᠵᠢ᠎ᠶ᠋ᠢ ᠬᠥᠱᠢᠵᠦ᠍ ᠬᠥᠳᠡᠯᠭᠡᠬᠦ᠌ ᠵᠠᠩᠭᠢᠯᠠᠭ᠎ᠠ᠎ᠶ᠋ᠢᠨ ᠲᠤᠯᠬᠤ ᠴᠡᠭ ᠪᠣᠯᠵᠣ ᠪᠠᠢᠨ᠎ᠠ᠃ ᠬᠥᠪᠴᠢ᠎ᠶ᠋ᠢᠨ ᠦᠢᠯᠡᠳᠦᠯᠭᠡ ᠨᠢ ᠡᠯᠡᠰᠦᠷᠭᠡᠭᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ᠎ᠳᠤ ᠱᠢᠨᠵᠢᠯᠡᠬᠦ᠌ ᠤᠬᠠᠭᠠᠨ᠎ᠢ ᠡᠷᠬᠢᠮᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠳᠦ ᠳᠦᠰᠢᠭᠯᠡᠬᠦ ᠬᠡᠷᠡᠭᠳᠡᠢ ᠭᠡᠳᠡᠭ᠎ᠢ ᠭᠡᠷᠡᠴᠢᠯᠡᠪᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠨᠢ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠠᠬᠢᠭᠤᠯᠤᠭ᠍ᠴᠢ᠂ ᠲᠦᠷᠭᠡᠳᠭᠡᠭᠦᠷ ᠪᠣᠯᠤᠭ᠍ᠰᠠᠨ᠎ᠤ ᠬᠤᠪᠢ᠎ᠳᠤ᠂ ᠯᠠᠪᠲᠠᠢ ᠴᠦᠯᠯᠡᠷᠭᠡᠭ᠌ᠵᠢᠯ᠎ᠢ ᠵᠠᠰᠠᠬᠤ ᠦᠷ᠎ᠡ ᠪᠦᠲᠦᠮᠵᠢ᠎ᠶ᠋ᠢ ᠤᠯᠠᠮ ᠳᠡᠭᠡᠭ᠌ᠰᠢᠯᠡᠭᠦᠯᠵᠦ᠍᠂ ᠡᠯᠡᠰᠦᠷᠭᠡᠬᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ᠎ᠳᠤ ᠰᠢᠪᠬᠠᠭᠠᠳ ᠳᠠᠭᠤᠰᠤᠰᠢ ᠦᠭᠡᠢ ᠬᠥᠳᠡᠯᠭᠡᠬᠦ᠌ ᠬᠦᠴᠦᠨ ᠨᠡᠮᠡᠷᠢᠯᠡᠵᠦ᠍᠂ ᠨᠡᠩ ᠤᠯᠠᠨ 《ᠡᠯᠡᠰᠦᠨ ᠲᠠᠯᠠᠢ》 ᠵᠢ 《ᠨᠣᠭᠣᠭᠠᠨ ᠪᠦᠷᠢᠳᠦ》 ᠪᠤᠯᠭᠠᠨ ᠬᠤᠪᠢᠷᠠᠭᠤᠯᠵᠤ ᠪᠣᠯᠤᠨ᠎ᠠ᠃

ᠳᠡᠯᠡᠬᠡᠢ᠎ᠶ᠋ᠢᠨ ᠪᠥᠮᠪᠥᠷᠴᠡᠭ ᠪᠣᠯ ᠬᠥᠮᠦᠨ ᠲᠥᠷᠥᠯᠬᠢᠲᠡᠨ᠎ᠦ ᠬᠠᠮᠲᠤ᠎ᠶ᠋ᠢᠨ ᠭᠡᠷ ᠣᠷᠣᠨ ᠮᠥᠨ᠂ ᠰᠠᠢ᠌ᠨ ᠰᠠᠢᠬᠠᠨ ᠠᠮᠢ ᠠᠬᠤᠢ ᠣᠷᠴᠢᠨ ᠲᠤᠭᠤᠷᠢᠨ᠎ᠢ ᠪᠠᠲᠤᠯᠠᠬᠤ ᠪᠣᠯ ᠡᠯ᠎ᠡ ᠤᠯᠤᠰ᠎ᠤᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ ᠮᠥᠨ᠂ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠪᠣᠯ ᠳᠡᠯᠡᠬᠡᠢ ᠨᠡᠢᠭᠡᠮ᠎ᠤᠨ ᠬᠠᠮᠲᠤ᠎ᠶ᠋ᠢᠨ ᠬᠠᠷᠢᠭᠤᠴᠠᠯᠭ᠎ᠠ ᠮᠥᠨ᠃ ᠳᠡᠯᠡᠬᠡᠢ᠎ᠶ᠋ᠢᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ᠎ᠪᠠᠷ ᠬᠦᠴᠦᠯᠡᠨ ᠴᠢᠷᠮᠠᠢᠵᠤ ᠪᠠᠢᠭ᠎ᠠ ᠪᠦᠬᠦ᠌ ᠪᠥᠮᠪᠥᠷᠴᠡᠭ᠎ᠦᠨ ᠴᠤᠷ᠎ᠤᠨ ᠭᠠᠭ᠍ᠴᠠ ᠲᠤᠮᠤ ᠬᠡᠯᠪᠡᠷᠢ᠎ᠶ᠋ᠢᠨ ᠤᠯᠠᠨ ᠤᠯᠤᠰ᠎ᠤᠨ ᠶᠠᠷᠢᠶᠠᠨ᠎ᠤ ᠲᠠᠪᠴᠠᠩ ᠪᠣᠯᠤᠭ᠍ᠰᠠᠨ᠎ᠤ ᠬᠤᠪᠢ᠎ᠳᠤ᠂ ᠬᠥᠪᠴᠢ ᠤᠯᠠᠨ ᠤᠯᠤᠰ᠎ᠤᠨ ᠡᠯᠡᠰᠤᠨ᠎ᠦ ᠶᠠᠷᠢᠶᠠᠨ᠎ᠤ ᠲᠠᠪᠴᠠᠩ ᠪᠣᠯ ᠡᠯ᠎ᠡ ᠤᠯᠤᠰ᠎ᠤᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠲᠤᠷᠱᠢᠯᠭ᠎ᠠ᠎ᠪᠠᠨ ᠰᠣᠯᠢᠯᠴᠠᠬᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ 2030 ᠣᠨ᠎ᠤ ᠦᠷᠭᠦᠯᠵᠢᠯᠡᠬᠦ᠌ ᠬᠥᠭ᠌ᠵᠢᠯᠲᠡ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ ᠴᠢᠬᠤᠯᠠ ᠲᠠᠪᠴᠠᠩ ᠪᠤᠯᠵᠤ᠂ ᠮᠠᠨ᠎ᠤ ᠤᠯᠤᠰ᠎ᠤᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠦᠷ᠎ᠡ ᠪᠦᠲᠦᠮᠵᠢ᠎ᠶ᠋ᠢ ᠢᠯᠡᠷᠡᠭᠦᠯᠬᠦ᠌᠂ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠬᠤ᠂ 《ᠨᠢᠭᠡ ᠪᠦᠰᠡ ᠨᠢᠭᠡ ᠵᠠᠮ》 ᠤ᠋ᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃ ᠢᠷᠡᠭᠡᠳᠦᠢ᠎ᠳᠦ᠂ ᠬᠥᠪᠴᠢ ᠤᠯᠠᠨ ᠤᠯᠤᠰ᠎ᠤᠨ ᠡᠯᠡᠰᠤᠨ᠎ᠦ ᠶᠠᠷᠢᠶᠠᠨ᠎ᠤ ᠲᠠᠪᠴᠠᠩ᠎ᠤᠨ ᠬᠥᠭᠥᠷᠭᠡ ᠬᠣᠯᠪᠣᠭᠠᠰᠤ᠎ᠶ᠋ᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠳᠡᠯᠡᠬᠡᠢ ᠨᠡᠢᠭᠡᠮ᠎ᠲᠡᠶ ᠲᠤᠷᠱᠢᠯᠭ᠎ᠠ᠎ᠪᠠᠨ ᠬᠠᠮᠲᠤ᠎ᠪᠠᠷ ᠡᠳ᠋ᠯᠡᠵᠦ᠍᠂ ᠬᠠᠮᠲᠤ᠎ᠶ᠋ᠢᠨ ᠲᠠᠨᠢᠯᠲᠠ᠎ᠵᠢ ᠨᠢᠭ᠍ᠲᠠᠷᠠᠭᠤᠯᠵᠤ᠂ ᠬᠠᠮᠲᠤᠷᠠᠯᠴᠠᠭ᠎ᠠ ᠵᠢ ᠠᠬᠢᠭᠤᠯᠵᠤ᠂ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠡᠨᠡ ᠬᠦ᠌ ᠡᠳᠦᠭᠡ ᠴᠠᠭ᠎ᠲᠦ ᠭᠠᠪᠢᠶ᠎ᠠ ᠪᠠᠢᠭᠤᠯᠤᠨ ᠲᠦᠮᠡᠨ ᠦᠶ᠎ᠡ᠎ᠳᠦ ᠪᠤᠶᠠᠨ ᠦᠢᠯᠡᠳᠬᠦ ᠶᠡᠬᠡ ᠶᠠᠪᠤᠳᠠᠯ᠎ᠢ ᠲᠠᠰᠤᠷᠠᠯᠳᠠ ᠦᠭᠡᠢ ᠭᠦᠨᠵᠡᠭᠡᠢᠷᠡᠭᠦᠯᠵᠦ᠍᠂ ᠡᠬᠡ ᠪᠠᠢᠭᠠᠯᠢ ᠵᠢ ᠡᠶ᠎ᠡ ᠵᠣᠬᠢᠴᠠᠩᠭᠤᠢ ᠦᠵᠡᠰᠭᠦᠯᠡᠩᠲᠦ ᠰᠠᠢᠬᠠᠨ ᠪᠤᠯᠭᠠᠵᠤ᠂ ᠠᠷᠠᠳ ᠲᠦᠮᠡᠨ᠎ᠳᠦ ᠵᠣᠯ ᠵᠢᠷᠭᠠᠯ ᠠᠮᠤᠷ ᠠᠮᠤᠭᠤᠯᠠᠩ᠎ᠢ ᠡᠳ᠋ᠯᠡᠭᠦᠯᠬᠦ᠌ ᠬᠡᠷᠡᠭ᠌ᠲᠡᠢ᠃

《ᠲᠦᠮᠡᠨ᠎ᠤ ᠬᠦᠴᠦᠨ᠎ᠢ ᠨᠢᠭᠡᠳᠭᠡᠪᠡᠰᠦ ᠢᠯᠠᠬᠤ ᠦᠭᠡᠢ ᠶᠠᠪᠤᠳᠠᠯ ᠦᠭᠡᠢ ᠪᠤᠯᠠᠢ; ᠤᠯᠠᠨ᠎ᠤ ᠤᠬᠠᠭᠠᠨ᠎ᠢ ᠬᠤᠷᠠᠮᠳᠤᠭᠤᠯᠪᠠᠰᠤ ᠪᠦᠳᠦᠬᠦ᠌ ᠦᠭᠡᠢ ᠤᠴᠢᠷ ᠦᠭᠡᠢ ᠪᠤᠯᠠᠢ》᠃ ᠪᠢᠳᠡ ᠲᠣᠰ ᠤᠳᠠᠭ᠎ᠠ᠎ᠶ᠋ᠢᠨ ᠶᠠᠷᠢᠶᠠᠨ᠎ᠤ ᠲᠠᠪᠴᠠᠩ᠎ᠢᠶᠠᠷ ᠠᠵᠠ ᠲᠣᠬᠢᠶᠠᠯ ᠪᠣᠯᠭᠠᠵᠤ᠂ ᠬᠦᠴᠢᠷ ᠪᠡᠷᠬᠡᠱᠢᠶᠡᠯ᠎ᠢ ᠬᠠᠮᠲᠤ᠎ᠪᠠᠷ ᠳᠤᠭᠤᠯᠵᠤ᠂ ᠭᠠᠷ ᠬᠣᠯᠪᠣᠨ ᠴᠢᠷᠮᠠᠢᠵᠤ᠂ ᠤᠳᠠᠭᠠᠨ ᠳᠠᠭᠠᠭᠠᠮᠠᠢ ᠵᠢᠳᠬᠦᠵᠦ᠂ ᠴᠤᠴᠠᠯᠲᠠ ᠥᠬᠡᠶ ᠤᠷᠤᠭ᠍ᠰᠢᠯᠠᠵᠤ᠂ ᠬᠠᠮᠲᠤ᠎ᠶ᠋ᠢᠨ ᠲᠠᠨᠢᠯᠲᠠ᠎ᠪᠠᠨ ᠨᠡᠩ ᠥᠷᠭᠡᠨ᠎ᠢᠶᠡᠷ ᠨᠢᠭ᠍ᠲᠠᠷᠠᠭᠤᠯᠵᠤ᠂ ᠰᠣᠯᠢᠯᠴᠠᠭ᠎ᠠ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠡᠯᠡᠰᠦᠷᠬᠡᠭ᠌ᠵᠢᠯ᠎ᠢ ᠰᠡᠷᠭᠡᠢᠯᠡᠵᠦ᠍ ᠡᠯᠡᠰᠦ ᠵᠢ ᠵᠠᠰᠠᠬᠤ ᠱᠢᠨ᠎ᠡ ᠭᠠᠢᠬᠠᠮᠱᠢᠭ᠎ᠢ ᠲᠠᠰᠤᠷᠠᠯᠲᠠ ᠥᠬᠡᠶ ᠡᠭᠦᠳᠦᠶ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号