ᠱᠢᠨᠵᠢᠯᠡᠬᠦ᠌ ᠤᠬᠠᠭᠠᠨᠴᠢ ᠪᠡᠷ ᠡᠯᠡᠰᠦ ᠵᠢ ᠵᠠᠰᠠᠵᠤ ᠪᠤᠬᠢᠷᠳᠤᠯ ᠦᠭᠡᠢ ᠪᠠᠷ ᠬᠦᠭᠵᠢᠭᠦᠯᠤᠨ ᠬᠥᠪᠴᠢ ᠶ᠋ᠢᠨ ᠡᠯᠡᠰᠦ ᠳᠠᠬᠢᠨᠲᠠ ᠳᠡᠯᠡᠬᠡᠢ ᠶ᠋ᠢᠨ ᠠᠩᠬᠠᠷᠤᠯ ᠢ᠋ ᠲᠠᠲᠠᠪᠠ
2025-09-17 09:58:11
ᠵᠣᠬᠢᠶᠠᠭ᠍ᠴᠢ᠄
ᠵᠠᠩ ᠬᠤᠢ ᠯᠢᠩ
ᠣᠩᠱᠢᠭ᠍ᠰᠠᠨ ᠣᠳᠠᠭ᠎ᠠ᠄
★★★☆☆

— ᠠᠷᠪᠠᠳᠤᠭᠠᠷ ᠬᠤᠭᠤᠴᠠᠭᠠᠨ ᠤ᠋ ᠬᠥᠪᠴᠢ ᠤᠯᠠᠨ ᠤᠯᠤᠰ ᠤ᠋ᠨ ᠡᠯᠡᠰᠦᠨ᠎ᠦ ᠶᠠᠷᠢᠶᠠᠨ ᠤ᠋ ᠲᠠᠪᠴᠠᠩ ᠬᠤᠷᠠᠯᠳᠤᠬᠤ ᠲᠠᠱᠢᠷᠠᠮ ᠳ᠋ᠦ


9 ᠰᠠᠷ᠎ᠠ ᠶ᠋ᠢᠨ 16 ᠤ᠋ ᠡᠳᠦᠷ᠂ ᠠᠷᠪᠠᠳᠤᠭᠠᠷ ᠬᠤᠭᠤᠴᠠᠭᠠᠨ ᠤ᠋ ᠬᠥᠪᠴᠢ ᠤᠯᠠᠨ ᠤᠯᠤᠰ᠎ᠤᠨ ᠡᠯᠡᠰᠦᠨ᠎ᠦ ᠶᠠᠷᠢᠶᠠᠨ᠎ᠤ ᠲᠠᠪᠴᠠᠩ ᠣᠷᠳᠣᠰ ᠬᠤᠳᠠ ᠳ᠋ᠦ ᠡᠬᠢᠯᠡᠪᠡ᠂ ᠶᠠᠷᠢᠶᠠᠨ ᠤ᠋ ᠲᠠᠪᠴᠠᠩ᠎ᠨᠢ ᠬᠣᠶᠠᠷ ᠡᠳᠦᠷ ᠤ᠋ᠨ ᠬᠤᠭᠤᠴᠠᠭ᠎ᠠ᠎ᠲᠠᠶ ᠶᠠᠪᠤᠭ᠍ᠳᠠᠬᠤ ᠪᠦᠭᠡᠳ 《ᠱᠢᠨᠵᠢᠯᠡᠬᠦ᠌ ᠤᠬᠠᠭᠠᠨᠴᠢ ᠪᠡᠷ ᠡᠯᠡᠰᠦ ᠵᠢ ᠵᠠᠰᠠᠵᠤ᠂ ᠪᠣᠬᠢᠷᠲᠤᠯ ᠥᠬᠡᠶ ᠪᠡᠷ ᠬᠥᠭ᠌ᠵᠢᠭᠦᠯᠤᠶ᠎ᠠ》 ᠬᠡᠰᠡᠨ ᠭᠤᠤᠯ ᠰᠡᠳᠦᠪ ᠲᠠᠢ᠃ ᠬᠤᠷᠠᠯ ᠳᠡᠭᠡᠷ᠎ᠡ ᠲᠣᠭ᠍ᠲᠠᠭ᠍ᠰᠠᠨ ᠵᠥᠪᠯᠡᠬᠦ᠌ ᠰᠡᠳᠦᠪ ᠶᠣᠰᠣᠭᠠᠷ᠂ ᠴᠦᠯᠯᠡᠷᠭᠡᠭ᠌ᠵᠢᠯ ᠢ᠋ ᠱᠢᠨᠵᠢᠯᠡᠬᠦ᠌ ᠤᠬᠠᠭᠠᠨᠴᠢ ᠪᠡᠷ ᠰᠡᠷᠭᠡᠢᠯᠡᠨ ᠵᠠᠰᠠᠬᠤ᠂ ᠨᠤᠲᠤᠭ ᠪᠡᠯᠴᠢᠭᠡᠷ ᠢ᠋ ᠬᠠᠮᠠᠭᠠᠯᠠᠬᠤ ᠪᠠ ᠦᠷᠭᠦᠯᠵᠢᠯᠡᠬᠦ᠌ ᠡᠵᠡᠩᠨᠡᠯᠲᠡ᠂ ᠬᠦᠷᠦᠰᠦ ᠱᠢᠷᠣᠢ ᠳ᠋ᠦ ᠭᠠᠮᠳᠠᠢ ᠬᠡᠯᠪᠡᠷᠢ ᠶ᠋ᠢᠨ ᠬᠤᠳᠠᠯᠳᠤᠭᠠᠨ ᠤ᠋ ᠬᠥᠭ᠌ᠵᠢᠯᠲᠡ ᠵᠡᠷᠭᠡ ᠬᠠᠯᠠᠮᠱᠢᠯ ᠵᠥᠪᠯᠡᠬᠦ᠌ ᠰᠡᠳᠦᠪ ᠤ᠋ᠨ ᠲᠣᠭᠣᠷᠢᠨ ᠳ᠋ᠦ ᠶᠠᠷᠢᠯᠴᠠᠵᠤ᠂ ᠳᠡᠯᠡᠬᠡᠢ ᠨᠡᠢᠲᠡ ᠶ᠋ᠢᠨ ᠬᠠᠮᠲᠤ ᠶ᠋ᠢᠨ ᠲᠠᠨᠢᠯᠲᠠ ᠵᠢ ᠨᠢᠭ᠍ᠲᠠᠷᠠᠭᠤᠯᠵᠤ᠂ ᠡᠯ᠎ᠡ ᠤᠯᠤᠰ ᠤ᠋ᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭᠠᠳᠭᠠᠵᠤ᠂ ᠤᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ ᠶ᠋ᠢᠨ 2030 ᠣᠨ ᠤ᠋ ᠦᠷᠭᠦᠯᠵᠢᠯᠡᠬᠦ᠌ ᠬᠥᠭ᠌ᠵᠢᠯᠲᠡ ᠶ᠋ᠢᠨ ᠵᠥᠪᠯᠡᠬᠦ᠌ ᠵᠦᠢᠯᠡᠰ ᠢ᠋ ᠨᠠᠢᠳᠠᠪᠤᠷᠢᠵᠢᠭᠤᠯᠬᠤ ᠵᠢ ᠠᠬᠢᠭᠤᠯᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ ᠤ᠋ ᠬᠠᠮᠲᠤ ᠶ᠋ᠢᠨ ᠴᠣᠭ᠍ᠴᠠ ᠵᠢ ᠪᠠᠢᠭᠤᠯᠬᠤ ᠳ᠋ᠦ ᠱᠢᠨ᠎ᠡ ᠬᠤᠪᠢ ᠨᠡᠮᠡᠷᠢ ᠦᠵᠡᠭᠦᠯᠬᠦ ᠪᠤᠯᠤᠨ᠎ᠠ᠃

ᠬᠥᠪᠴᠢ ᠶ᠋ᠢᠨ ᠡᠯᠡᠰᠦᠨ᠎ᠦ ᠶᠡᠷᠦᠩᠬᠡᠢ ᠲᠠᠯᠠᠪᠠᠢ 2116 ᠲᠦᠮᠡᠨ ᠮᠦ᠍᠎ᠳᠦ ᠬᠦᠷᠴᠦ᠍᠂ ᠪᠦᠬᠦᠨ ᠶ᠋ᠢᠡᠷ ᠶ᠋ᠢᠡᠨ ᠤᠷᠳᠤᠰ ᠤ᠋ᠨ ᠬᠢᠯᠢ᠎ᠳᠦ ᠬᠠᠷᠢᠶᠠᠯᠠᠭᠳᠠᠵᠤ ᠪᠤᠢ᠃ ᠤᠷᠳᠤᠰ ᠬᠤᠳᠠ 《ᠨᠤᠮᠢᠨ ᠤᠰᠤ ᠬᠦᠬᠡᠮᠳᠦᠭ ᠠᠭᠤᠯᠠ ᠪᠤᠯ ᠠᠯᠲᠠᠠ ᠠᠭᠤᠯᠠ ᠮᠦᠡᠭᠭᠦᠨ ᠬᠠᠢᠷᠬᠠᠨ ᠮᠦᠨ》 ᠭᠡᠬᠦ᠌ ᠠᠮᠢ ᠠᠬᠤᠢ ᠶ᠋ᠢᠨ ᠤᠢ᠍ᠢᠯᠠᠭᠠᠭ᠍ᠳᠠᠬᠤᠨ ᠢ᠋ ᠭᠤᠢᠪᠢᠰᠢ ᠦᠭᠡᠢ ᠦᠢᠯᠡᠳᠦᠯᠭᠡᠵᠢᠭᠦᠯᠵᠦ᠍᠂ ᠬᠥᠪᠴᠢ ᠶ᠋ᠢᠨ ᠡᠯᠡᠰᠦ ᠵᠢ ᠱᠢᠨᠵᠢᠯᠡᠬᠦ᠌ ᠤᠬᠠᠭᠠᠨᠴᠢ ᠪᠡᠷ ᠵᠠᠰᠠᠬᠤ ᠪᠡᠷ ᠤᠳᠠᠭᠠᠨ ᠳᠠᠭᠠᠭᠠᠮᠠᠭᠠᠢ ᠵᠢᠳᠭᠦᠵᠦ᠂ ᠪᠣᠬᠢᠷᠲᠤᠯ ᠦᠭᠡᠢ ᠪᠠᠷ ᠬᠦᠭᠵᠢᠭᠦᠯᠬᠦ᠎ᠪᠡᠷ ᠦᠷᠭᠦᠯᠵᠢᠯᠡᠨ ᠬᠦᠴᠦᠯᠡᠨ ᠴᠢᠷᠮᠠᠢᠵᠤ᠂ ᠡᠯᠡᠰᠦ ᠵᠢ ᠵᠠᠰᠠᠭ᠍ᠰᠠᠨ ᠪᠠᠶᠠᠯᠢᠭ ᠦᠷ᠎ᠡ ᠪᠦᠲᠦᠮᠵᠢ  ᠳᠡᠯᠡᠬᠡᠢ ᠶ᠋ᠢᠨ ᠮᠠᠭ᠍ᠲᠠᠭᠠᠯ ᠰᠠᠢᠱᠢᠶᠠᠯ ᠢ᠋ ᠬᠦᠷᠳᠡᠪᠠ᠃

2014 ᠣᠨ ᠳ᠋ᠦ᠂ ᠬᠥᠪᠴᠢ ᠶ᠋ᠢᠨ ᠡᠯᠡᠰᠦᠨ᠎ᠦ ᠠᠮᠢ ᠠᠬᠤᠢ ᠶ᠋ᠢᠨ ᠵᠠᠰᠠᠯᠲᠠ ᠶ᠋ᠢᠨ ᠣᠷᠣᠨ ᠢ᠋ ᠤᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ ᠶ᠋ᠢᠨ ᠣᠷᠴᠢᠨ ᠲᠣᠭᠣᠷᠢᠨ ᠤ᠋ ᠲᠥᠯᠥᠪᠵᠢᠭᠦᠯᠭᠡ ᠶ᠋ᠢᠨ ᠵᠠᠬᠢᠷᠭ᠎ᠠ᠎ᠠᠴᠠ 《ᠪᠦᠬᠦ᠌ ᠪᠥᠮᠪᠥᠷᠴᠡᠭ ᠤ᠋ᠨ ᠡᠯᠡᠰᠦᠨ᠎ᠦ ᠠᠮᠢ ᠠᠬᠤᠢ ᠶ᠋ᠢᠨ ᠠᠵᠤ ᠠᠬᠤᠢ ᠶ᠋ᠢᠨ ᠵᠢᠱ᠌ᠢᠢ᠎ᠡ ᠦᠵᠡᠭᠦᠯᠬᠦ᠌ ᠣᠷᠣᠨ》 ᠶ᠋ᠢᠡᠷ ᠲᠣᠭ᠍ᠲᠠᠭᠠᠪᠠ᠃ ᠬᠥᠪᠴᠢ ᠶ᠋ᠢᠨ ᠡᠯᠡᠰᠦ ᠵᠢ ᠵᠠᠰᠠᠭ᠍ᠰᠠᠨ ᠲᠤᠷᠰᠢᠯᠭ᠎ᠠ ᠨᠢ ᠳᠤᠮᠳᠠᠳᠤ ᠤᠯᠤᠰ ᠤ᠋ᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠭ᠍ᠰᠠᠨ ᠠᠮᠵᠢᠯᠲᠠ᠎ᠲᠠᠶ ᠦᠢᠯᠡᠳᠦᠯᠭᠡ ᠶ᠋ᠢᠨ ᠬᠤᠪᠢ ᠪᠡᠷ 2017 ᠣᠨ ᠳ᠋ᠦ ᠤᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ ᠶ᠋ᠢᠨ ᠲᠤᠩᠬᠠᠭ᠎ᠲᠤ ᠪᠢᠴᠢᠭ᠌ᠳᠠᠨ ᠤᠷᠤᠵᠤ᠂ ᠪᠦᠬᠦ᠌ ᠪᠥᠮᠪᠥᠷᠴᠡᠭ ᠤ᠋ᠨ ᠴᠦᠯᠯᠡᠷᠭᠡᠭ᠌ᠵᠢᠯ ᠢ᠋ ᠰᠡᠷᠭᠡᠢᠯᠡᠨ ᠵᠠᠰᠠᠬᠤ ᠳ᠋ᠦ 《ᠳᠤᠮᠳᠠᠳᠤ ᠤᠯᠤᠰ ᠤ᠋ᠨ ᠲᠥᠰᠦᠯ》 ᠢ᠋ ᠬᠠᠩᠭᠠᠪᠠ᠃ 2021 ᠣᠨ ᠳ᠋ᠦ ᠶᠠᠪᠤᠭᠳᠠᠭᠰᠠᠨ ᠨᠠᠢ᠍ᠮᠠᠳᠤᠭᠠᠷ ᠬᠤᠭᠤᠴᠠᠭᠠᠨ ᠤ᠋ ᠬᠥᠪᠴᠢ ᠤᠯᠠᠨ ᠤᠯᠤᠰ᠎ᠤᠨ ᠡᠯᠡᠰᠦᠨ᠎ᠦ ᠶᠠᠷᠢᠶᠠᠨ᠎ᠤ ᠲᠠᠪᠴᠠᠩ ᠡᠴᠡ᠂ ᠬᠥᠪᠴᠢ ᠶ᠋ᠢᠨ ᠡᠯᠡᠰᠦᠨ ᠡᠴᠡ ᠰᠦᠪᠡᠭ᠌ᠴᠢᠯᠡᠵᠦ᠍ ᠭᠠᠷᠭᠠᠭ᠍ᠰᠠᠨ ᠬᠡᠷᠡᠯᠴᠢ ᠴᠡᠨᠡᠭ ᠶ᠋ᠢᠡᠷ ᠡᠯᠡᠰᠦ ᠵᠢ ᠵᠠᠰᠠᠵᠤ ᠪᠣᠬᠢᠷ ᠪᠤᠳᠠᠰ ᠭᠠᠳᠠᠭ᠍ᠰᠢᠯᠠᠭᠤᠯᠬᠤ ᠵᠢ ᠪᠠᠭᠠᠰᠭᠠᠬᠤ ᠪᠠ ᠠᠮᠢ ᠠᠬᠤᠢ ᠶ᠋ᠢᠨ ᠨᠣᠭᠣᠭᠠᠷᠠᠭᠤᠯᠤᠯᠲᠠ ᠪᠡᠷ ᠭᠤᠪᠢᠭᠤᠯᠭ᠎ᠠ ᠵᠢ ᠨᠡᠮᠡᠭ᠌ᠳᠡᠭᠦᠯᠬᠦ᠌ ᠠᠵᠤ ᠦᠢᠯᠡᠰ ᠤ᠋ᠨ ᠵᠠᠭ᠍ᠪᠤᠷ ᠨᠢ ᠠᠮᠢ ᠠᠬᠤᠢ ᠵᠢ ᠰᠡᠷᠭᠦᠭᠡᠬᠦ᠌ ᠪᠠ ᠴᠡᠪᠡᠷ ᠡᠨᠧᠷᠭᠢ ᠶ᠋ᠢᠨ ᠦᠢᠯᠡᠳᠪᠦᠷᠢᠯᠡᠯ ᠢ᠋ ᠣᠷᠭᠠᠨᠢᠭ ᠶ᠋ᠢᠡᠷ ᠤᠶᠠᠯᠳᠤᠭᠤᠯᠬᠤ ᠵᠢ ᠪᠡᠶᠡᠯᠡᠭᠦᠯᠪᠡ ᠭᠡᠵᠦ᠍ ᠵᠢᠭᠠᠵᠤ ᠭᠠᠷᠭᠠᠪᠠ᠃ 2023 ᠣᠨ ᠳ᠋ᠦ ᠶᠠᠪᠤᠭᠳᠠᠭᠰᠠᠨ ᠶᠢᠰᠦᠳᠦᠭᠡᠷ ᠬᠤᠭᠤᠴᠠᠭᠠᠨ ᠤ᠋ ᠬᠥᠪᠴᠢ ᠤᠯᠠᠨ ᠤᠯᠤᠰ᠎ᠤᠨ ᠡᠯᠡᠰᠦᠨ᠎ᠦ ᠶᠠᠷᠢᠶᠠᠨ᠎ᠤ ᠲᠠᠪᠴᠠᠩ ᠳ᠋ᠦ᠂ 《ᠳᠤᠮᠳᠠᠳᠤ ᠠᠷᠠᠪ ᠤ᠋ᠨ ᠭᠠᠩ ᠬᠠᠭ᠍ᠰᠠᠷᠠᠭᠠᠨ᠂ ᠴᠦᠯᠯᠡᠷᠭᠡᠭ᠌ᠵᠢᠯ ᠪᠠ ᠭᠠᠵᠠᠷ ᠱᠢᠷᠣᠢ ᠶ᠋ᠢᠨ ᠮᠠᠭᠤᠳᠠᠯ ᠤ᠋ᠨ ᠤᠯᠠᠨ ᠤᠯᠤᠰ ᠤ᠋ᠨ ᠰᠤᠳᠤᠯᠭᠠᠨ ᠤ᠋ ᠲᠥᠪ ᠢ᠋ ᠪᠠᠢᠭᠤᠯᠬᠤ ᠲᠤᠬᠠᠢ ᠤᠢᠯᠠᠭᠠᠯᠴᠠᠭᠠᠨ᠎ᠤ ᠰᠠᠨᠠᠮᠵᠢ᠎ᠵᠢᠨ ᠪᠢᠴᠢᠭ》 ᠲᠦ᠍ ᠭᠠᠷ ᠤ᠋ᠨ ᠦᠰᠦᠭ ᠵᠢᠷᠤᠵᠤ᠂ ᠳᠤᠮᠳᠠᠳᠤ ᠠᠷᠠᠪ ᠤ᠋ᠨ ᠭᠠᠩ ᠬᠠᠭ᠍ᠰᠠᠷᠠᠭᠠᠨ᠂ ᠴᠦᠯᠯᠡᠷᠭᠡᠭ᠌ᠵᠢᠯ ᠪᠣᠯᠤᠨ ᠭᠠᠵᠠᠷ ᠱᠢᠷᠣᠢ ᠶ᠋ᠢᠨ ᠮᠠᠭᠤᠳᠠᠯ ᠤ᠋ᠨ ᠤᠯᠠᠨ ᠤᠯᠤᠰ ᠤ᠋ᠨ ᠰᠤᠳᠤᠯᠭᠠᠨ ᠤ᠋ ᠲᠥᠪ᠎ᠤᠨ ᠫᠠᠢᠰᠠ᠎ᠵᠢ᠎ᠰᠡᠬᠦᠭ᠌ᠰᠡᠨ ᠪᠥᠭᠡᠳ 《ᠰᠠᠦ᠋ᠳ᠋ ᠠᠷᠠᠪ ᠤ᠋ᠨ ᠵᠠᠭᠤᠨ ᠳ᠋ᠦᠩᠱᠢᠭᠤᠷ ᠰᠠᠭᠤᠷᠢ ᠪᠤᠳᠠᠯᠢᠭ ᠮᠤᠳᠤᠨ ᠤ᠋ ᠦᠷ᠎ᠡ ᠡᠳ᠋ ᠤ᠋ᠨ ᠢᠨᠵᠧᠨᠧᠷᠢᠩ ᠪᠣᠯᠤᠨ ᠪᠣᠰᠣᠭ᠎ᠠ ᠴᠤᠭᠴᠠᠲᠤ ᠭᠡᠷᠡᠯᠴᠢ ᠴᠡᠨᠡᠭ ᠶ᠋ᠢᠡᠷ ᠡᠯᠡᠰᠦ ᠵᠢ ᠵᠠᠰᠠᠬᠤ ᠢᠨᠵᠧᠨᠧᠷᠢᠩ》 ᠤ᠋ᠨ ᠬᠠᠮᠲᠤᠷᠠᠯᠴᠠᠭᠠᠨ ᠤ᠋ ᠲᠦᠷᠦᠯ ᠵᠦᠢᠯ ᠢ᠋ ᠡᠬᠢᠯᠡᠭᠦᠯᠵᠤ᠂ ᠬᠥᠪᠴᠢ ᠶ᠋ᠢᠨ ᠡᠯᠡᠰᠦ ᠵᠢ ᠵᠠᠰᠠᠬᠤ ᠵᠠᠭ᠍ᠪᠤᠷ  ᠪᠦᠬᠦ᠌ ᠳᠡᠯᠡᠬᠡᠢ᠎ᠳᠦ ᠠᠱᠢᠭ ᠬᠦᠷᠲᠡᠭᠡᠪᠡ᠃

ᠬᠥᠪᠴᠢ ᠶ᠋ᠢᠨ ᠡᠯᠡᠰᠦᠨ ᠳ᠋ᠦ ᠪᠢᠴᠢᠭᠳᠡᠭᠰᠡᠨ ᠨᠤᠮᠢᠨ ᠤᠰᠤ ᠬᠦᠬᠡᠮᠳᠦᠭ ᠠᠭᠤᠯᠠ ᠵᠢ ᠬᠠᠮᠠᠭᠠᠯᠠᠵᠤ ᠠᠯᠲᠠᠨ ᠠᠭᠤᠯᠠ ᠮᠦᠡᠭᠭᠦᠨ ᠬᠠᠢᠷᠬᠠᠨ ᠪᠤᠯᠭᠠᠭᠰᠠᠨ ᠦᠯᠢᠭᠡᠷ ᠡᠴᠡ ᠪᠦᠬᠦ ᠳᠡᠯᠡᠬᠡᠢ ᠳ᠋ᠦ ᠬᠠᠨᠳᠤᠭᠤᠯᠤᠭᠰᠠᠨ ᠴᠦᠯᠯᠡᠷᠭᠡᠭᠵᠢᠯ ᠢ᠋ ᠵᠠᠰᠠᠬᠤ ᠵᠠᠭᠪᠤᠷ  ᠬᠦᠷᠲᠡᠯ᠎ᠡ᠂ ᠲᠡᠭᠦᠨ᠎ᠦ ᠦᠨ᠎ᠡ ᠦᠷᠳᠡᠭ ᠨᠢ ᠡᠯᠡᠰᠦᠷᠬᠡᠭᠵᠢᠯ ᠢ᠋ ᠵᠠᠰᠠᠭ᠍ᠰᠠᠨ ᠡᠴᠡ ᠭᠠᠳᠠᠨ᠎ᠠ᠂ ᠪᠠᠰᠠ ᠠᠮᠢ ᠠᠬᠤᠢ ᠶ᠋ᠢᠨ ᠦᠷ᠎ᠡ ᠠᠱᠢᠭ᠂ ᠠᠵᠤ ᠠᠬᠤᠢ ᠶ᠋ᠢᠨ ᠦᠷ᠎ᠡ ᠠᠱᠢᠭ ᠪᠣᠯᠤᠨ ᠨᠡᠢᠭᠡᠮ ᠤ᠋ᠨ ᠦᠷ᠎ᠡ ᠠᠱᠢᠭ ᠬᠦᠷᠳᠡᠬᠦ᠌ ᠬᠥᠭ᠌ᠵᠢᠯᠲᠡ ᠶ᠋ᠢᠨ ᠵᠠᠮ ᠢ᠋ ᠬᠠᠢᠨ ᠰᠦᠪᠡᠭ᠌ᠴᠢᠯᠡᠵᠦ᠍ ᠭᠠᠷᠭᠠᠭ᠍ᠰᠠᠨ ᠳ᠋ᠦ ᠪᠠᠢᠨ᠎ᠠ᠃ ᠬᠥᠪᠴᠢ ᠶ᠋ᠢᠨ ᠵᠠᠭ᠍ᠪᠤᠷ ᠨᠢ ᠨᠢᠭᠡᠨᠲᠡ ᠳᠡᠯᠡᠬᠡᠢ ᠶ᠋ᠢᠨ ᠡᠳ᠋ ᠪᠠᠶᠠᠯᠢᠭ ᠪᠣᠯᠪᠠ᠃

2007 ᠣᠨ᠎ᠠᠴᠠ 2025 ᠣᠨ ᠪᠣᠯᠲᠠᠯ᠎ᠠ᠂ ᠬᠣᠶᠠᠷ ᠵᠢᠯ᠎ᠳᠦ ᠨᠢᠭᠡ ᠤᠳᠠᠭ᠎ᠠ ᠶᠠᠪᠤᠭ᠍ᠳᠠᠳᠠᠭ ᠬᠥᠪᠴᠢ ᠤᠯᠠᠨ ᠤᠯᠤᠰ᠎ᠤᠨ ᠡᠯᠡᠰᠦᠨ᠎ᠦ ᠶᠠᠷᠢᠶᠠᠨ᠎ᠤ ᠲᠠᠪᠴᠠᠩ ᠨᠢᠭᠡᠨᠲᠡ 18 ᠵᠢᠯ᠎ᠦᠷᠬᠦᠯᠵᠢᠯᠡᠵᠦ᠂ ᠪᠦᠬᠦ᠌ ᠪᠥᠮᠪᠥᠷᠴᠡᠭ ᠤ᠋ᠨ 100 ᠭᠠᠷᠤᠢ ᠤᠯᠤᠰ ᠤ᠋ᠨ 3000 ᠭᠠᠷᠤᠢ ᠤᠯᠤᠰ ᠲᠦᠷᠦ᠎ᠵᠢᠨ ᠴᠢᠬᠤᠯᠠ ᠬᠦᠮᠤᠰ᠂ ᠡᠷᠳᠡᠮᠳᠠᠨ᠂ ᠠᠵᠤ ᠠᠬᠤᠢᠯᠠᠯᠲᠠᠨ ᠬᠥᠪᠴᠢ ᠶ᠋ᠢᠨ ᠡᠯᠡᠰᠦᠨ᠎ᠴᠦᠯ ᠤ᠋ᠨ ᠶᠠᠷᠢᠶᠠᠨ ᠤ᠋ ᠲᠠᠪᠴᠠᠩ ᠳ᠋ᠦ ᠣᠷᠣᠯᠴᠠᠪᠠ᠃ 18 ᠵᠢᠯ ᠤ᠋ᠨ ᠲᠤᠷᠰᠢ᠂ ᠶᠠᠷᠢᠶᠠᠨ ᠤ᠋ ᠲᠠᠪᠴᠠᠩ ᠨᠢ ᠢᠮᠠᠭ᠍ᠲᠠ ᠴᠦᠯᠯᠡᠷᠭᠡᠭ᠌ᠵᠢᠯ ᠢ᠋ ᠰᠡᠷᠭᠡᠢᠯᠡᠨ ᠵᠠᠰᠠᠬᠤ ᠪᠠ ᠪᠣᠬᠢᠷᠲᠤᠯ ᠦᠭᠡᠢ ᠠᠵᠤ ᠠᠬᠤᠢ ᠶ᠋ᠢ ᠬᠥᠭ᠌ᠵᠢᠬᠦᠯᠬᠦ ᠡᠨᠡ ᠬᠦ᠌ ᠬᠥᠮᠦᠨ ᠲᠥᠷᠥᠯᠬᠢᠲᠡᠨ᠎ᠦ ᠬᠤᠪᠢ ᠵᠠᠶᠠᠭᠠᠨ ᠤ᠋ ᠬᠠᠮᠲᠤ ᠶ᠋ᠢᠨ ᠴᠣᠭ᠍ᠴᠠ ᠵᠢ ᠪᠠᠢᠭᠤᠯᠬᠤ ᠴᠢᠬᠤᠯᠠ ᠶᠡᠬᠡ ᠰᠡᠳᠦᠪ ᠲᠦ᠍ ᠠᠩᠬᠠᠷᠤᠯ ᠶ᠋ᠢᠡᠨ ᠲᠥᠪᠯᠡᠷᠡᠭᠦᠯᠵᠦ᠍᠂ 《ᠳᠡᠯᠡᠬᠡᠢ ᠨᠡᠢᠭᠡᠮ᠎ᠵᠢᠡᠷ ᠎ᠵᠢᠡᠨ ᠭᠠᠷ ᠬᠣᠯᠪᠣᠨ ᠴᠢᠷᠮᠠᠢᠵᠤ  ᠡᠯᠡᠰᠤᠨ ᠴᠦᠯ ᠎ᠵᠢᠡᠷ ᠬᠥᠮᠦᠨ ᠲᠥᠷᠥᠯᠬᠢᠲᠡᠨ᠎ᠳᠦ ᠪᠤᠶᠠᠨ ᠦᠢᠯᠡᠳᠪᠡᠯ ᠵᠣᠬᠢᠨ᠎ᠠ》 ᠵᠡᠷᠭᠡ ᠴᠢᠬᠤᠯᠠ ᠬᠠᠮᠲᠤ ᠶ᠋ᠢᠨ ᠲᠠᠨᠢᠯᠲᠠ᠎ᠲᠠᠶ ᠪᠣᠯᠬᠤ ᠵᠢ ᠠᠬᠢᠭᠤᠯᠵᠤ᠂ ᠤᠯᠠᠨ ᠵᠦᠢᠯ ᠤ᠋ᠨ ᠬᠣᠶᠠᠷ ᠲᠠᠯ᠎ᠠ ᠶ᠋ᠢᠨ᠂ ᠤᠯᠠᠨ ᠲᠠᠯ᠎ᠠ ᠶ᠋ᠢᠨ ᠬᠠᠮᠲᠤᠷᠠᠯᠴᠠᠭᠠᠨ ᠤ᠋ ᠰᠠᠨᠠᠭᠠᠴᠢᠯᠠᠭ᠎ᠠ ᠪᠠ ᠵᠥᠪᠯᠡᠯᠴᠡᠭᠡᠷ ᠢ᠋ ᠠᠬᠢᠭᠤᠯᠵᠤ᠂ ᠤᠯᠠᠨ ᠤᠯᠤᠰ ᠤ᠋ᠨ ᠬᠠᠮᠲᠤᠷᠠᠯᠴᠠᠭᠠᠨ ᠤ᠋ ᠲᠦᠷᠦᠯ ᠵᠦᠢᠯ ᠢ᠋ ᠤᠯᠠᠨ ᠥᠷᠨᠢᠭᠦᠯᠵᠦ᠍᠂ ᠪᠢᠴᠢᠯ ᠰᠦᠪᠡᠲᠦ ᠠᠭᠠᠷ ᠤ᠋ᠨ ᠤᠷᠤᠰᠭᠠᠯ ᠶ᠋ᠢᠡᠷ ᠮᠣᠳᠣ ᠲᠠᠷᠢᠬᠤ᠂ ᠡᠪᠡᠰᠦᠨ ᠳᠦᠷᠪᠡᠯᠵᠢ ᠪᠡᠷ ᠡᠯᠡᠰᠦ ᠵᠢ ᠲᠣᠭ᠍ᠲᠠᠪᠤᠷᠢᠵᠢᠭᠤᠯᠬᠤ ᠵᠡᠷᠭᠡ ᠮᠡᠷᠭᠡᠵᠢᠯ ᠤ᠋ᠨ ᠵᠠᠭ᠍ᠪᠤᠷ ᠢ᠋ ᠳᠡᠯᠭᠡᠷᠡᠭᠦᠯᠪᠡ᠃

 ᠬᠥᠪᠴᠢ ᠤᠯᠠᠨ ᠤᠯᠤᠰ᠎ᠤᠨ ᠡᠯᠡᠰᠦᠨ᠎ᠦ ᠶᠠᠷᠢᠶᠠᠨ᠎ᠤ ᠲᠠᠪᠴᠠᠩ ᠨᠢᠭᠡᠨᠲᠡ ᠰᠢ ᠵᠢᠨ ᠫᠢᠩ ᠤ᠋ᠨ ᠠᠮᠢ ᠠᠬᠤᠢ ᠶ᠋ᠢᠨ ᠪᠣᠯᠪᠠᠰᠤᠨ ᠤ᠋ ᠦᠵᠡᠯ ᠰᠠᠨᠠᠭ᠎ᠠ ᠵᠢ ᠤᠯᠠᠮᠵᠢᠯᠠᠬᠤ᠂ ᠮᠠᠨ ᠤ᠋ ᠤᠯᠤᠰ ᠤ᠋ᠨ ᠴᠦᠯᠯᠡᠷᠭᠡᠭ᠌ᠵᠢᠯ ᠢ᠋ ᠰᠡᠷᠭᠡᠢᠯᠡᠨ ᠵᠠᠰᠠᠭ᠍ᠰᠠᠨ ᠦᠷ᠎ᠡ ᠪᠦᠲᠦᠮᠵᠢ ᠵᠢ ᠢᠯᠡᠷᠡᠭᠦᠯᠬᠦ᠌᠂ ᠤᠯᠠᠨ ᠤᠯᠤᠰ ᠤ᠋ᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭᠠᠳᠭᠠᠬᠤ᠂ 《ᠨᠢᠭᠡ ᠪᠦᠰᠡ ᠨᠢᠭᠡ ᠵᠠᠮ》 ᠤ᠋ᠨ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠴᠢᠬᠤᠯᠠ ᠴᠤᠩᠬᠤᠪᠴᠢ ᠪᠠ ᠲᠠᠪᠴᠠᠩ ᠪᠤᠯᠤᠭᠰᠠᠨ ᠪᠠᠢᠨ᠎ᠠ᠃

2019 ᠣᠨ ᠳ᠋ᠦ᠂ ᠲᠡᠷᠢᠭᠦᠯᠡᠭ᠌ᠴᠢ ᠰᠢ ᠵᠢᠨ ᠫᠢᠩ ᠳᠣᠯᠣᠳᠤᠭᠠᠷ ᠬᠤᠭᠤᠴᠠᠭᠠᠨ ᠤ᠋ ᠬᠥᠪᠴᠢ  ᠤᠯᠠᠨ ᠤᠯᠤᠰ ᠤ᠋ᠨ ᠡᠯᠡᠰᠦᠨ᠎ᠤ ᠶᠠᠷᠢᠶᠠᠨ ᠤ᠋ ᠲᠠᠪᠴᠠᠩ ᠳ᠋ᠦ ᠪᠠᠶᠠᠷ ᠤ᠋ᠨ ᠵᠠᠬᠢᠳᠠᠯ ᠢᠯᠡᠭᠡᠵᠦ᠍᠂ ᠬᠥᠪᠴᠢ ᠶ᠋ᠢᠨ ᠡᠯᠡᠰᠦᠨ᠎ᠦ ᠵᠠᠰᠠᠯᠲᠠ ᠨᠢ ᠲᠠᠯᠡᠭᠡᠢ ᠨᠡᠢᠭᠡᠮ ᠤ᠋ᠨ ᠣᠷᠴᠢᠨ ᠲᠣᠭᠣᠷᠢᠨ ᠠᠮᠢ ᠠᠬᠤᠢ᠎ᠵᠢᠨ ᠵᠠᠰᠠᠯᠳᠠ᠂ 2030 ᠣᠨ ᠤ᠋ ᠵᠥᠪᠯᠡᠬᠦ᠌ ᠵᠦᠢᠯᠡᠰ ᠢ᠋ ᠨᠠᠢᠳᠠᠪᠤᠷᠢᠵᠢᠭᠤᠯᠬᠤ ᠳ᠋ᠦ ᠳᠤᠮᠳᠠᠳᠤ ᠤᠯᠤᠰ ᠤ᠋ᠨ ᠲᠤᠷᠱᠢᠯᠭ᠎ᠠ ᠬᠠᠡᠭᠭᠠᠪᠠ ᠭᠡᠵᠦ ᠵᠢᠭᠠᠵᠤ ᠭᠠᠷᠭᠠᠵᠠᠢ᠃

2023 ᠣᠨ ᠤ᠋ 6 ᠰᠠᠷ᠎ᠠ ᠳ᠋ᠦ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ ᠳ᠋ᠦ ᠱᠢᠨᠵᠢᠯᠡᠨ ᠪᠠᠢᠴᠠᠭᠠᠬᠤ᠎ᠳᠠᠭᠠᠨ᠄ 《ᠭᠠᠵᠠᠷ ᠣᠷᠣᠨ ᠤ᠋ ᠪᠠᠢᠳᠠᠯ᠎ᠳᠠᠭᠠᠨ ᠲᠤᠬᠢᠷᠠᠭᠤᠯᠵᠤ᠂ ᠪᠦᠲᠦᠮᠵᠢᠲᠡᠢ ᠵᠠᠰᠠᠯᠲᠠ ᠶ᠋ᠢᠨ ᠵᠠᠭ᠍ᠪᠤᠷ ᠢ᠋ ᠱᠢᠨᠵᠢᠯᠡᠬᠦ᠌ ᠤᠬᠠᠭᠠᠨᠴᠢ ᠪᠡᠷ ᠳᠡᠯᠭᠡᠷᠡᠭᠦᠯᠦᠨ ᠬᠡᠷᠡᠭ᠌ᠯᠡᠬᠦ᠌ ᠬᠡᠷᠡᠭ᠌ᠲᠡᠢ᠃ ᠳᠥᠴᠢ ᠭᠠᠷᠤᠶ ᠵᠢᠯ ᠤ᠋ᠨ ᠴᠦᠬᠦᠷᠠᠰᠢ ᠦᠭᠡᠢ ᠴᠢᠷᠮᠠᠢᠯᠭ᠎ᠠ ᠪᠠᠷ ᠲᠠᠮᠵᠢᠨ ᠮᠠᠨ᠎ᠤ ᠤᠯᠤᠰ᠎ᠤᠨ ᠡᠯᠡᠰᠤᠷᠭᠡᠭᠵᠢᠯ᠎ᠢ ᠰᠡᠷᠭᠡᠢᠯᠡᠨ ᠡᠯᠡᠰᠤ᠎ᠵᠢ ᠵᠠᠰᠠᠬᠤ ᠠᠵᠢᠯ ᠲᠠᠯᠡᠭᠡᠢ ᠳ᠋ᠠᠬᠢᠨ᠎ᠤ ᠠᠡᠭᠬᠠᠷᠤᠯ᠎ᠢ ᠲᠠᠳᠠᠭᠰᠠᠨ ᠯᠤᠳᠤ ᠶᠡᠭᠡ ᠠᠮᠵᠢᠯᠳᠠ ᠤᠯᠪᠠ》 ᠭᠡᠵᠦ᠍ ᠵᠢᠭᠠᠨ ᠭᠠᠷᠭᠠᠵᠤ᠂ ᠬᠥᠪᠴᠢ ᠶ᠋ᠢᠨ ᠵᠠᠭ᠍ᠪᠤᠷ ᠢ᠋ ᠳᠡᠯᠭᠡᠷᠡᠭᠦᠯᠬᠦ᠌ ᠵᠢ ᠳᠠᠬᠢᠨᠲᠠ ᠴᠢᠬᠤᠯᠠᠴᠢᠯᠠᠪᠠ᠃

ᠣᠷᠳᠣᠰ ᠬᠣᠲᠠ 《ᠬᠡᠷᠡᠯᠴᠢ ᠴᠡᠨᠡᠭ ᠤ᠋ᠨ ᠣᠷᠳᠣ ᠴᠠᠭᠠᠨ ᠬᠡᠷᠡᠮ》 ᠤ᠋ᠨ ᠡᠯᠡᠰᠦ ᠵᠢ ᠵᠠᠰᠠᠬᠤ ᠪᠦᠰᠡ ᠵᠢ 400 ᠺᠢᠯᠣᠮᠧᠲ᠋ᠷ ᠪᠠᠢᠭᠤᠯᠵᠤ᠂ 2700 ᠲᠦᠮᠡᠨ ᠮᠥ᠍ ᠡᠯᠡᠰᠦᠷᠬᠡᠭ᠌ᠵᠢᠭ᠌ᠰᠡᠨ ᠭᠠᠵᠠᠷ ᠱᠢᠷᠣᠶ ᠵᠢ ᠵᠠᠰᠠᠵᠤ᠂ ᠬᠥᠪᠴᠢ ᠶ᠋ᠢᠨ ᠡᠯᠡᠰᠦ ᠵᠢ ᠵᠠᠰᠠᠭ᠍ᠰᠠᠨ ᠨᠣᠷᠮ᠎ᠠ 40% ᠳ᠋ᠦ ᠬᠦᠷᠴᠦ᠍᠂ ᠴᠦᠯᠯᠡᠷᠭᠡᠭ᠌ᠵᠢᠭ᠌ᠰᠡᠨ ᠭᠠᠵᠠᠷ ᠣᠷᠣᠨ ᠤ᠋ ᠮᠠᠯᠴᠢᠨ ᠲᠠᠷᠢᠶᠠᠴᠢᠨ ᠢ᠋ ᠳᠠᠢᠴᠢᠯᠠᠨ ᠣᠷᠣᠯᠭ᠎ᠠ ᠵᠢ ᠨᠢ ᠨᠡᠮᠡᠭ᠌ᠳᠡᠭᠦᠯᠪᠡ ᠁ ᠬᠥᠪᠴᠢ ᠶ᠋ᠢᠨ ᠣᠶᠤᠨ ᠤᠬᠠᠭᠠᠨ᠎ᠨᠢ ᠬᠠᠭᠤᠯᠪᠤᠷᠢᠯᠠᠵᠤ᠂ ᠳᠡᠯᠭᠡᠷᠡᠭᠦᠯᠵᠦ᠍ ᠪᠣᠯᠬᠤᠢᠴᠠ 《ᠳᠤᠮᠳᠠᠳᠤ ᠤᠯᠤᠰ ᠤ᠋ᠨ ᠲᠥᠰᠦᠯ》 ᠪᠣᠯᠵᠠᠶ᠃

2024 ᠣᠨ ᠤ᠋ 12 ᠰᠠᠷ᠎ᠠ ᠳ᠋ᠦ᠂ ᠤᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ ᠶ᠋ᠢᠨ ᠭᠡᠷᠡᠲᠦ ᠤᠯᠤᠰ ᠤ᠋ᠳ ᠤ᠋ᠨ ᠶᠡᠬᠡ ᠬᠤᠷᠠᠯ ᠳᠡᠭᠡᠷ᠎ᠡ᠂ ᠤᠷᠳᠤᠰ ᠬᠤᠳᠠ ᠳᠡᠯᠡᠬᠡᠢ ᠳ᠋ᠠᠬᠢᠨ ᠳ᠋ᠦ ᠴᠦᠯᠯᠡᠷᠭᠡᠭ᠌ᠵᠢᠯ ᠢ᠋ ᠰᠡᠷᠭᠡᠢᠯᠡᠨ ᠵᠠᠰᠠᠬᠤ 《ᠬᠥᠪᠴᠢ ᠶ᠋ᠢᠨ ᠬᠠᠷᠢᠭᠤᠯᠲᠠ ᠶ᠋ᠢᠨ ᠬᠠᠭᠤᠳᠠᠰᠤ》 ᠵᠢ ᠳᠡᠯᠭᠡᠨ ᠦᠵᠡᠭᠦᠯᠪᠡ᠃ 2025 ᠣᠨ ᠳ᠋ᠦ᠂ ᠬᠥᠪᠴᠢ ᠶ᠋ᠢᠨ 《ᠬᠡᠷᠡᠯᠴᠢ ᠴᠡᠨᠡᠭ + ᠡᠯᠡᠰᠦ ᠵᠢ ᠵᠠᠰᠠᠬᠤ》 ᠢᠨᠵᠧᠨᠧᠷᠢᠩ ᠠᠮᠢ ᠠᠬᠤᠶ ᠣᠷᠴᠢᠨ ᠲᠣᠭᠣᠷᠢᠨ ᠤ᠋ ᠶᠠᠮᠤᠨ ᠤ᠋ ᠨᠡᠢᠲᠡᠯᠡᠭ᠌ᠰᠡᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠨᠡᠢᠲᠡᠯᠢᠭ ᠬᠡᠷᠡᠭ ᠤ᠋ᠨ ᠵᠢᠱ᠌ᠢᠶ᠎ᠡ᠎ᠳᠦ ᠰᠣᠩᠭᠣᠭ᠍ᠳᠠᠪᠠ᠃

ᠳᠡᠯᠡᠬᠡᠶ ᠳ᠋ᠠᠬᠢᠨ ᠶ᠋ᠢᠡᠷ ᠶ᠋ᠢᠡᠨ ᠡᠯᠡᠰᠦ ᠵᠢ ᠵᠠᠰᠠᠬᠤ ᠳ᠋ᠦ ᠳᠤᠮᠳᠠᠳᠤ ᠤᠯᠤᠰ ᠵᠢᠡᠷ ᠯᠠᠪᠯᠠᠯᠳᠠ ᠪᠤᠯᠭᠠᠨ᠎ᠠ᠃ ᠤᠳᠤᠬᠠᠨ ᠤ᠋ ᠤᠷᠳᠤᠰ ᠬᠤᠳᠠ ᠶ᠋ᠢᠨ ᠤᠢ ᠱᠢᠭᠤᠢ ᠶ᠋ᠢᠨ ᠪᠦᠷᠬᠦᠴᠡ ᠲᠠᠬᠢᠨ ᠶ᠋ᠢᠡᠷ ᠨᠡᠮᠡᠭ᠌ᠳᠡᠵᠦ᠍᠂ ᠤᠷᠭᠤᠮᠠᠯ ᠤ᠋ᠨ ᠪᠦᠷᠬᠦᠴᠡ 70% ᠰᠢᠬᠠᠮ ᠳ᠋ᠦ ᠲᠣᠭ᠍ᠲᠠᠪᠤᠷᠢᠵᠢᠪᠠ᠃ ᠠᠷᠪᠠᠳᠤᠭᠠᠷ ᠬᠤᠭᠤᠴᠠᠭᠠᠨ ᠤ᠋ ᠬᠥᠪᠴᠢ ᠤᠯᠠᠨ ᠤᠯᠤᠰ ᠤ᠋ᠨ ᠡᠯᠡᠰᠦᠨ᠎ᠤ ᠶᠠᠷᠢᠶᠠᠨ ᠤ᠋ ᠲᠠᠪᠴᠠᠩ ᠨᠢ ᠱᠢᠨ᠎ᠡ ᠭᠠᠷᠤᠭ᠎ᠠ ᠪᠤᠯᠵᠤ᠂ ᠡᠨᠳᠡ᠎ᠡᠴᠡ ᠠᠶᠠᠨ ᠶ᠋ᠢᠡᠨ ᠡᠬᠢᠯᠡᠭᠦᠯᠵᠦ ᠳᠤᠮᠳᠠᠳᠤ ᠤᠯᠤᠰ ᠤ᠋ᠨ ᠡᠯᠡᠰᠦ ᠵᠢ ᠵᠠᠰᠠᠭ᠍ᠰᠠᠨ ᠲᠤᠷᠱᠢᠯᠭ᠎ᠠ ᠪᠦᠬᠦ᠌ ᠪᠥᠮᠪᠥᠷᠴᠡᠭ ᠤ᠋ᠨ ᠠᠮᠢ ᠠᠬᠤᠢ ᠶ᠋ᠢᠨ ᠵᠠᠰᠠᠯᠲᠠ ᠶ᠋ᠢᠨ ᠬᠠᠮᠲᠤᠷᠠᠯᠴᠠᠭ᠎ᠠ ᠵᠢ ᠨᠡᠩ ᠴᠢᠡᠭᠭ᠎ᠠ ᠨᠢᠭ᠍ᠲᠠᠷᠠᠭᠤᠯᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号