ᠦᠪᠡᠷᠲᠡᠬᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ ᠲᠦᠷᠦᠬᠦᠭᠡᠨ ᠶᠠᠪᠤᠬᠳᠠᠬᠰᠠᠨ ᠠᠩᠬᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠰᠣᠨᠣᠷ ᠠᠯᠳᠠᠬᠰᠠᠳ᠎ᠤᠨ ᠬᠠᠭᠤᠷᠠᠶ ᠭᠠᠵᠠᠷ᠎ᠤᠨ ᠮᠥᠰᠥᠨ ᠳᠡᠪᠦᠷ᠎ᠡ᠂ ᠵᠡᠪᠡ᠎ᠶ᠋ᠢᠨ ᠤᠷᠤᠯᠳᠤᠭᠠᠨ᠎ᠳᠤ᠂ ᠮᠠᠨ᠎ᠤ ᠤᠷᠤᠨ᠎ᠤ 7 ᠲᠠᠮᠢᠷᠴᠢᠨ ᠲᠤᠰ ᠲᠤᠰ ᠵᠡᠪᠡ᠎ᠶᠢᠨ ᠡᠷᠡᠭ᠌ᠲᠡᠶ᠎ᠶ᠋ᠢᠨ ᠳᠤᠭᠤᠢᠯᠠᠩ᠎ᠤᠨ ᠬᠣᠶᠠᠳᠤᠭᠠᠷ᠂ ᠡᠮᠡᠭ᠌ᠲᠡᠶ᠎ᠶ᠋ᠢᠨ ᠳᠤᠭᠤᠢᠯᠠᠩ᠎ᠤᠨ ᠲᠠᠪᠤᠳᠤᠭᠠᠷ᠂ ᠡᠷᠡᠭ᠌ᠲᠡᠶ ᠡᠮᠡᠭ᠌ᠲᠡᠶ᠎ᠶ᠋ᠢᠨ ᠬᠣᠣᠰᠯᠠᠬᠤ ᠤᠷᠤᠯᠳᠤᠭᠠᠨ᠎ᠤ ᠨᠢᠭᠡᠳᠦᠭᠡᠷ᠂ ᠬᠠᠭᠤᠷᠠᠶ ᠭᠠᠵᠠᠷ᠎ᠤᠨ ᠮᠥᠰᠥᠨ ᠳᠡᠪᠦᠷ᠎ᠡ᠎ᠶ᠋ᠢᠨ ᠬᠠᠮᠲᠤ᠎ᠶ᠋ᠢᠨ ᠤᠷᠤᠯᠳᠤᠭᠠᠨ᠎ᠤ ᠲᠠᠪᠤᠳᠤᠭᠠᠷ ᠨᠡᠷᠡᠰ᠎ᠲᠤ ᠲᠤᠳᠤᠷᠠᠬᠰᠠᠨ ᠱᠢᠯᠢᠳᠡᠭ ᠬᠢᠷᠢ ᠪᠦᠲᠦᠮᠵᠢ᠎ᠶ᠋ᠢ ᠣᠯᠵᠤ᠂ ᠮᠠᠨ᠎ᠤ ᠤᠷᠤᠨ᠎ᠤ ᠰᠤᠨᠤᠷ ᠠᠯᠳᠠᠬᠰᠠᠳ᠎ᠤᠨ ᠨᠡᠢᠭᠡᠮᠯᠢᠭ ᠢᠳᠡᠪᠬᠢᠲᠡᠶ᠎ᠪᠡᠷ ᠵᠣᠬᠢᠶᠠᠨ ᠪᠠᠢᠭᠤᠯᠤᠭ᠍ᠰᠠᠨ ᠨᠢᠭᠡᠴᠢ᠎ᠶ᠋ᠢᠨ ᠱᠠᠩᠨᠠᠯ ᠢ ᠬᠦᠷᠲᠡᠪᠡ᠃
ᠤᠢᠯᠠᠭᠠᠬᠰᠠᠨ ᠵᠢᠡᠷ᠂ ᠦᠪᠡᠷᠲᠡᠭᠡᠨ ᠵᠠᠰᠠᠬᠤ ᠤᠷᠤᠨ᠎ᠤ ᠵᠡᠮᠳᠡᠭ᠌ᠴᠦᠳ᠎ᠦᠨ ᠬᠣᠯᠪᠣᠭ᠎ᠠ ᠪᠣᠯᠤᠨ ᠰᠤᠨᠤᠷ ᠠᠯᠳᠠᠬᠰᠠᠳ᠎ᠤᠨ ᠨᠡᠢᠭᠡᠮᠯᠢᠭ ᠲᠣᠰ ᠤᠳᠠᠭᠠᠨ᠎ᠤ ᠤᠷᠤᠯᠳᠤᠭᠠᠨ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠍᠂ ᠨᠠᠷᠢᠨ ᠨᠢᠮᠪᠠᠶ ᠲᠥᠯᠥᠪᠯᠡᠵᠦ᠍᠂ ᠨᠠᠷᠢᠨ ᠨᠢᠮᠪᠠᠶ ᠵᠣᠬᠢᠶᠠᠨ ᠪᠠᠢᠭᠤᠯᠬᠤ᠎ᠪᠠᠷ ᠳᠡᠮᠵᠢᠨ᠂ ᠮᠠᠰᠢ ᠣᠯᠠᠨ ᠱᠢᠯᠢᠳᠡᠭ ᠲᠠᠮᠢᠷᠴᠢᠳ᠎ᠤᠨ ᠳᠤᠮᠳᠠ᠎ᠠᠴᠠ ᠲᠤᠷᠱᠢᠯᠭ᠎ᠠ ᠡᠯᠪᠡᠭ 7 ᠲᠠᠮᠢᠷᠴᠢᠨ᠎ᠢ ᠱᠠᠲᠤ ᠱᠠᠲᠤ᠎ᠪᠠᠷ ᠱᠢᠯᠢᠨ ᠰᠣᠩᠭᠣᠵᠤ ᠤᠷᠤᠯᠳᠤᠭᠠᠨ᠎ᠳᠤ ᠣᠷᠣᠯᠴᠠᠭᠤᠯᠪᠠ᠃ ᠵᠡᠪᠡ᠎ᠶ᠋ᠢᠨ ᠤᠷᠤᠯᠳᠤᠭᠠᠨ᠎ᠤ ᠲᠠᠯᠠᠪᠠᠢ᠎ᠳᠤ᠂ ᠮᠠᠨ᠎ᠤ ᠤᠷᠤᠨ᠎ᠤ ᠲᠠᠮᠢᠷᠴᠢᠨ ᠤᠶᠦᠨᠪᠢᠯᠢᠭ ᠪᠤᠯᠤᠨ ᠬᠠᠨ ᠬᠦᠸᠸ ᠴᠢᠩ (ᠡᠮᠡᠭᠲᠡᠢ) ᠲᠡᠭᠦᠰ ᠰᠠᠢᠬᠠᠨ ᠬᠠᠮᠵᠢᠯᠴᠠᠭ᠎ᠠ ᠪᠠ ᠭᠠᠷᠮᠠᠭᠠᠶ ᠢᠯᠡᠷᠡᠯ᠎ᠢᠶᠠᠷ᠎ᠢᠶᠠᠨ ᠠᠯᠲᠠᠨ ᠮᠧᠳᠠᠯ ᠲᠤᠰᠴᠦ᠂ ᠬᠠᠭᠤᠷᠠᠶ ᠭᠠᠵᠠᠷ᠎ᠤᠨ ᠮᠥᠰᠥᠨ ᠳᠡᠪᠦᠷ᠎ᠡ᠎ᠶ᠋ᠢᠨ ᠬᠠᠮᠲᠤ᠎ᠶ᠋ᠢᠨ ᠤᠷᠤᠯᠳᠤᠭᠠᠨ᠎ᠳᠤ ᠮᠠᠨ᠎ᠤ ᠤᠷᠤᠨ᠎ᠤ ᠲᠥᠯᠥᠭᠡᠯᠡᠭ᠌ᠴᠢᠳ᠎ᠦᠨ ᠠᠩᠭᠢ᠎ᠶ᠋ᠢᠨ 4 ᠲᠠᠮᠢᠷᠴᠢᠨ ᠠᠵᠢᠯ᠎ᠤᠨ ᠬᠤᠪᠢᠶᠠᠷᠢᠯᠠᠯ ᠲᠣᠳᠣᠷᠬᠠᠶ᠂ ᠬᠠᠮᠵᠢᠯᠴᠠᠵᠤ ᠤᠬᠠᠭᠠᠨ᠎ᠢᠶᠠᠨ ᠣᠯᠣᠯᠴᠠᠭ᠍ᠰᠠᠨ ᠡᠴᠡ ᠤᠷᠤᠯᠳᠤᠭᠠᠨ᠎ᠤ ᠲᠠᠯᠠᠪᠤᠷ᠎ᠲᠤ ᠬᠦᠴᠦᠷᠬᠡᠭ ᠶᠡᠬᠡ ᠪᠦᠯᠬᠦᠮ ᠨᠡᠢᠲᠡ᠎ᠶ᠋ᠢᠨ ᠪᠣᠳᠠᠲᠤ ᠬᠦᠴᠦᠨ᠎ᠢᠶᠡᠨ ᠢᠯᠡᠷᠡᠭᠦᠯᠵᠦ᠂ ᠡᠴᠦᠰ᠎ᠦᠨ ᠢᠯᠠᠯᠲᠠ ᠤᠯᠬᠤ᠎ᠳᠤ ᠰᠠᠭᠤᠷᠢ ᠲᠠᠯᠪᠢᠪᠠ᠃
ᠲᠣᠰ ᠤᠳᠠᠭᠠᠨ᠎ᠤ ᠤᠷᠤᠯᠳᠤᠭᠠᠨ᠎ᠤ ᠠᠵᠢᠯᠯᠠᠭ᠎ᠠ᠎ᠨᠢ ᠲᠠᠮᠢᠷᠴᠢᠳ᠎ᠤᠨ ᠬᠤᠪᠢ ᠬᠥᠮᠦᠨ᠎ᠳᠤ ᠬᠦᠨᠳᠦᠳᠭᠡᠯ ᠪᠠ ᠮᠠᠭ᠍ᠲᠠᠭᠠᠯ ᠰᠠᠢᠱᠢᠶᠠᠯ᠎ᠢ ᠣᠯᠭᠤᠬᠰᠠᠨ᠎ᠢᠶᠠᠷ ᠪᠠᠷᠠᠬᠤ ᠥᠬᠡᠶ ᠪᠠᠰᠠ ᠮᠠᠨ᠎ᠤ ᠤᠷᠤᠨ᠎ᠤ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠬᠥᠭ᠌ᠵᠢᠯᠲᠡ᠎ᠳᠦ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠪᠠᠢᠨ᠎ᠠ᠃ ᠡᠲᠡᠭᠡᠷ ᠢᠷᠠᠭᠤ ᠠᠯᠳᠠᠷ᠎ᠢ ᠣᠯᠤᠭ᠍ᠰᠠᠨ᠎ᠨᠢ ᠮᠠᠨ᠎ᠤ ᠤᠷᠤᠨ᠎ᠤ ᠰᠣᠨᠣᠷᠠᠯᠳᠠᠬᠰᠠᠳᠤᠨ ᠢᠳᠡᠪᠬᠢᠲᠡᠶ᠎ᠪᠡᠷ ᠥᠭᠡᠳᠡᠯᠡᠨ ᠳᠠᠪᠱᠢᠬᠤ ᠠᠮᠢᠳᠤᠷᠠᠯ᠎ᠤᠨ ᠣᠪᠣᠷ ᠪᠠ ᠱᠢᠨᠲᠠᠷᠠᠰᠢ ᠥᠬᠡᠶ ᠰᠥᠰᠥ᠍ ᠵᠣᠷᠢᠭ ᠵᠠᠩ ᠴᠢᠨᠠᠷ᠎ᠢ ᠭᠦᠶ᠋ᠴᠡᠳ ᠢᠯᠡᠷᠡᠭᠦᠯᠦᠭ᠌ᠰᠡᠨ ᠪᠥᠭᠡᠳ ᠥᠷᠭᠡᠨ ᠣᠯᠠᠨ ᠵᠡᠮᠳᠡᠭ᠌ᠴᠦᠳ᠎ᠲᠦ ᠥᠯᠢᠭᠡᠷ ᠳᠠᠭᠤᠷᠢᠶᠠᠯ ᠪᠣᠯᠤᠭ᠍ᠰᠠᠨ ᠪᠠᠢᠨ᠎ᠠ᠃