ᠰᠢᠷᠠᠯᠵᠢᠨ᠎ᠤ ᠴᠡᠴᠡᠭ ᠎ᠤᠨ ᠲᠤᠭᠤᠰᠤ ᠵᠢ 90% ᠪᠡᠷ ᠬᠤᠷᠢᠬᠯᠠᠵᠤ ᠳᠡᠢᠯᠬᠦ ᠰᠢᠨ᠎ᠡ ᠡᠮ᠎ᠢ ᠰᠤᠳᠤᠯᠤᠨ ᠭᠠᠷᠭᠠᠵᠠᠢ
2025-09-17 19:17:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠰᠢᠨᠵᠢᠩ ᠰᠣᠨᠢᠨ》 ᠣᠢᠷ᠎ᠠ᠎ᠳᠤ᠂ ᠳᠤᠮᠳᠠᠳᠤ ᠤᠯᠤᠰ ᠎ᠤᠨ ᠲᠠᠷᠢᠶᠠᠯᠠᠩ ᠎ᠤᠨ ᠶᠡᠬᠡ ᠰᠤᠷᠭᠠᠭᠤᠯᠢ ᠶ᠋ᠢᠨ ᠫᠷᠤᠹᠸᠰᠰᠤᠷ ᠦ᠋ ᠰᠢᠤᠸᠠᠢ ᠮᠢᠨ᠎ᠤ ᠰᠤᠳᠤᠯᠭᠠᠨ᠎ᠤ ᠰᠡᠳᠦᠪ᠎ᠦᠨ ᠳᠤᠭᠤᠢᠯᠠᠩ᠎ᠤᠨ ᠬᠢᠨ ᠶᠠᠭ ᠴᠡᠴᠡᠭ᠎ᠦᠨ ᠲᠣᠭᠣᠰᠣ᠌᠎ᠶᠢ ᠥᠨᠳᠥᠷ ᠪᠦᠲᠦᠮᠵᠢᠲᠡᠶ ᠪᠣᠬᠢᠷᠲᠤᠯ ᠦᠭᠡᠢ ᠪᠡᠷ ᠬᠤᠷᠢᠬᠯᠠᠬᠤ ᠡᠮ᠎ᠢ ᠰᠤᠳᠤᠯᠤᠨ ᠦᠢᠯᠡᠳᠴᠦ ᠪᠠᠢᠨ᠎ᠠ ᠭᠡᠵᠦ ᠮᠡᠳᠡᠭᠡᠯᠡᠵᠡᠢ᠃ 《ᠡᠢᠮᠦᠷᠬᠦ ᠬᠤᠷᠢᠬᠯᠠᠬᠤ ᠡᠮ᠎ᠢ ᠪᠠᠰᠠ ᠬᠠᠪᠤᠷ ᠴᠠᠭ᠎ᠤᠨ ᠦᠬᠡᠷ ᠠᠷᠴᠠ ᠡᠴᠡ ᠡᠭᠦᠰᠬᠦ ᠴᠡᠴᠡᠭ᠎ᠤᠨ ᠲᠤᠭᠤᠰᠤ᠎ᠶᠢ ᠬᠣᠷᠢᠭ᠍ᠯᠠᠬᠤ᠎ᠳᠤ ᠬᠡᠷᠡᠭᠯᠡᠵᠦ ᠪᠣᠯᠣᠨ᠎ᠠ᠂ ᠭᠡᠪᠡᠴᠦ ᠰᠢᠷᠠᠯᠵᠢ ᠡᠪᠡᠰᠦᠨ᠎ᠳᠤ ᠬᠡᠷᠡᠭᠯᠡᠬᠦ ᠦᠶ᠎ᠡ᠎ᠳᠤ  ᠡᠮ᠎ᠤᠨ ᠬᠡᠮᠵᠢᠶ᠎ᠡ ᠨᠢ ᠠᠳᠠᠯᠢ ᠦᠭᠡᠢ》 ᠬᠡᠪᠡ᠃

ᠦ᠋ ᠰᠢᠤᠸᠠᠢ ᠮᠢᠨ᠂ ᠰᠢᠷᠠᠯᠵᠢ ᠡᠪᠡᠰᠦ ᠨᠢ 8᠂ 9 ᠰᠠᠷ᠎ᠠ ᠵᠢᠨ ᠦᠶ᠎ᠡ ᠎ᠳᠦ ᠴᠡᠴᠡᠭ᠎ᠦᠨ ᠲᠣᠭᠣᠰᠣ᠌ ᠡᠭᠦᠰᠭᠡᠳᠡᠭ ᠪᠣᠯᠬᠣᠷ ᠶᠡᠷᠦ᠎ᠳᠡᠭᠡᠨ 7 ᠰᠠᠷ᠎ᠠ᠎ᠳᠤ ᠡᠮ ᠰᠦᠷᠴᠢᠳᠡᠭ᠂ ᠣᠳᠣᠬᠠᠨ᠎ᠳᠤ ᠲᠤᠷᠰᠢᠯᠲᠠ᠎ᠶᠢᠨ ᠦᠷ᠎ᠡ ᠪᠦᠳᠦᠮᠵᠢ᠎ᠡᠴᠡ ᠦᠵᠡᠪᠡᠯ 90% ᠵᠢᠨ ᠴᠡᠴᠡᠭ ᠎ᠦᠨ ᠲᠣᠭᠣᠰᠣ᠌ ᠡᠭᠦᠰᠬᠦ᠎ᠶᠢ ᠬᠤᠷᠢᠬᠯᠠᠵᠤ ᠲᠡᠢᠯᠦᠨ᠎ᠡ ᠭᠡᠵᠡᠢ᠃

ᠰᠤᠳᠤᠯᠭᠠᠨ᠎ᠤ ᠪᠦᠯᠬᠦᠮ ᠨᠢ ᠶᠠᠭ ᠲᠤᠷᠰᠢᠯᠲᠠ᠎ᠪᠠᠷ ᠳᠡᠮᠵᠢᠨ ᠬᠠᠮᠤᠭ᠎ᠤᠨ ᠰᠠᠢᠨ ᠬᠡᠷᠡᠭᠯᠡᠬᠦ ᠬᠡᠮᠵᠢᠶ᠎ᠡ ᠪᠠ ᠬᠡᠷᠡᠭᠯᠡᠬᠦ ᠤᠳᠠᠭ᠎ᠠ᠎ᠶᠢ ᠰᠦᠪᠡᠭᠴᠢᠯᠡᠵᠦ ᠪᠠᠢᠨ᠎ᠠ᠂ ᠲᠤᠰ ᠡᠮ ᠨᠢ ᠦᠨᠦᠷ ᠦᠭᠡᠢ᠂ ᠣᠷᠴᠢᠨ ᠲᠤᠭᠤᠷᠢᠨ ᠎ᠳᠦ ᠨᠥᠬᠥᠷᠰᠡᠭ ᠵᠡᠷᠭᠡ ᠳᠠᠪᠠᠭᠤᠯᠢᠭ᠋ ᠲᠠᠢ᠂ ᠵᠢᠱ᠌ᠢᠯᠲᠡ᠎ᠪᠡᠷ ᠢᠷᠡᠬᠦ ᠵᠢᠯ᠎ᠳᠦ ᠳᠡᠯᠭᠡᠷᠡᠭᠦᠯᠦᠨ ᠬᠡᠷᠡᠭᠯᠡᠵᠦ᠂ ᠬᠤᠢᠲᠤ ᠵᠢᠯ᠎ᠳᠦ ᠶᠡᠬᠡ ᠬᠡᠪᠴᠢᠶ᠎ᠡ᠎ᠪᠡᠷ ᠬᠡᠷᠡᠭᠯᠡᠬᠦ ᠪᠣᠯᠣᠨ᠎ᠠ᠃ ᠬᠤᠷᠢᠬᠯᠠᠬᠤ ᠡᠮ᠎ᠦᠨ ᠥᠪᠡᠷ᠎ᠦᠨ ᠥᠷᠲᠡᠭ ᠥᠨᠳᠥᠷ ᠪᠢᠰᠢ ᠤᠴᠢᠷ᠎ᠠᠴᠠ ᠢᠷᠡᠭᠡᠳᠦᠢ ᠎ᠳᠤ ᠬᠤᠳᠠᠯᠳᠤᠬᠤ ᠦᠨ᠎ᠡ ᠨᠢ ᠪᠠᠰᠠ ᠨᠡᠯᠢᠶᠡᠳ ᠵᠤᠬᠢᠰᠳᠠᠢ ᠪᠤᠯᠬᠤ ᠶᠤᠮ ᠭᠡᠵᠦ ᠡᠤ ᠰᠢᠤᠸᠠᠢ ᠮᠢᠨ ᠢᠯᠡᠷᠬᠡᠢᠯᠡᠪᠡ᠃

          ᠢᠷᠡᠯᠲᠡ᠄  ᠰᠢᠨᠵᠢᠩ ᠰᠤᠨᠢᠨ

                                  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号