9 ᠰᠠᠷ᠎ᠠ᠎ᠶᠢᠨ 16᠎ᠤ ᠡᠳᠦᠷ᠎ᠦᠨ 09 ᠴᠠᠭ 30 ᠮᠢᠨᠦ᠋ᠲ᠎ᠲᠦ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠬᠣᠷᠢᠶ᠎ᠠ ᠬᠢᠷᠠᠭᠤ ᠤᠨᠠᠬᠤ ᠬᠥᠬᠡ ᠥᠩᠭᠡ᠎ᠶᠢᠨ ᠰᠡᠷᠡᠮᠵᠢ᠎ᠶᠢᠨ
ᠳᠣᠬᠢᠶ᠎ᠠ ᠨᠡᠢᠲᠡᠯᠡᠪᠡ᠃
48 ᠴᠠᠭ᠎ᠤᠨ ᠳᠣᠲᠣᠷ᠎ᠠ ᠪᠤᠭᠤᠲᠤ ᠬᠣᠲᠠ᠎ᠶᠢᠨ
ᠳᠤᠮᠳᠠ ᠪᠡᠶ᠎ᠡ᠂ ᠬᠥᠬᠡᠬᠣᠲᠠ᠎ᠶᠢᠨ ᠬᠣᠢᠲᠤ ᠪᠡᠶ᠎ᠡ᠂ ᠤᠯᠠᠭᠠᠨᠴᠠᠪ᠎ᠤᠨ ᠳᠤᠮᠳᠠ ᠪᠡᠶ᠎ᠡ ᠪᠠ ᠡᠮᠦᠨ᠎ᠡ ᠪᠡᠶ᠎ᠡ᠂
ᠰᠢᠯᠢ᠎ᠶᠢᠨ ᠭᠣᠣᠯ ᠠᠢᠮᠠᠭ᠎ᠤᠨ ᠶᠡᠬᠡᠩᠬᠢ ᠭᠠᠵᠠᠷ᠂ ᠤᠯᠠᠭᠠᠨᠬᠠᠳᠠ ᠬᠣᠲᠠ᠎ᠶᠢᠨ ᠪᠠᠷᠠᠭᠤᠨ ᠪᠡᠶ᠎ᠡ ᠪᠠ ᠬᠣᠢᠲᠤ
ᠪᠡᠶ᠎ᠡ᠂ ᠲᠦᠩᠯᠢᠶᠣᠣ ᠬᠣᠲᠠ᠎ᠶᠢᠨ ᠪᠠᠷᠠᠭᠤᠨ ᠬᠣᠢᠲᠤ ᠪᠡᠶ᠎ᠡ᠂ ᠬᠢᠩᠭᠠᠨ ᠠᠢᠮᠠᠭ᠎ᠤᠨ ᠪᠠᠷᠠᠭᠤᠨ ᠪᠡᠶ᠎ᠡ᠂ ᠬᠥᠯᠥᠨ
ᠪᠣᠶ᠋ᠢᠷ ᠬᠣᠲᠠ᠎ᠶᠢᠨ ᠪᠠᠷᠠᠭᠤᠨ ᠡᠮᠦᠨ᠎ᠡ ᠪᠡᠶ᠎ᠡ ᠪᠠ ᠬᠣᠢᠲᠤ ᠪᠡᠶ᠎ᠡ ᠵᠢᠨ ᠭᠠᠵᠠᠷ᠎ᠤᠨ ᠬᠠᠮᠤᠭ᠎ᠤᠨ ᠳᠣᠣᠷ᠎ᠠ
ᠳᠤᠯᠠᠭᠠᠨ᠎ᠤ ᠬᠡᠮᠵᠢᠶ᠎ᠡ 0°C ᠠᠴᠠ ᠳᠣᠷᠣᠭ᠍ᠰᠢ ᠪᠣᠯᠲᠠᠯ᠎ᠠ ᠪᠠᠭᠤᠷᠠᠬᠤ ᠪᠣᠯᠣᠨ᠎ᠠ᠃ ᠬᠠᠮᠢᠶ᠎ᠠ ᠪᠦᠬᠦᠢ ᠪᠠᠢᠭᠤᠯᠭ᠎ᠠ
ᠪᠠ ᠠᠵᠢᠯᠲᠠᠨ ᠰᠡᠷᠭᠡᠢᠯᠡᠬᠦ ᠪᠡᠯᠡᠳᠬᠡᠯ᠎ᠢᠶᠡᠨ ᠰᠠᠢᠨ ᠬᠢᠭᠡᠷᠡᠢ᠃
ᠤᠷᠢᠳᠴᠢᠯᠠᠨ ᠰᠡᠷᠭᠡᠢᠯᠡᠬᠦ
ᠰᠠᠨᠠᠭᠤᠯᠤᠮᠵᠢ᠄
1.ᠵᠠᠰᠠᠭ᠎ᠤᠨ ᠣᠷᠳᠣᠨ ᠵᠢᠴᠢ ᠲᠠᠷᠢᠶᠠᠯᠠᠩ
ᠣᠶ ᠰᠢᠭᠤᠢ᠎ᠶᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠶᠢᠨ ᠶᠣᠰᠣᠭᠠᠷ
ᠬᠢᠷᠠᠭᠤ ᠤᠨᠠᠬᠤ᠎ᠶᠢ ᠰᠡᠷᠭᠡᠢᠯᠡᠬᠦ ᠪᠡᠯᠡᠳᠬᠡᠯ ᠠᠵᠢᠯ᠎ᠢ ᠰᠠᠢᠲᠤᠷ ᠬᠢᠬᠦ ᠬᠡᠷᠡᠭᠲᠡᠢ︔
2.ᠲᠠᠷᠢᠮᠠᠯ᠂ ᠢᠳᠡᠰᠢᠨ ᠨᠣᠭᠣᠭ᠎ᠠ᠂
ᠬᠤᠸᠠᠷ ᠴᠡᠴᠡᠭ᠂ ᠭᠤᠸ᠎ᠠ ᠵᠢᠮᠢᠰ᠂ ᠤᠢ ᠰᠢᠭᠤᠢ᠎ᠶᠢᠨ ᠴᠢᠬᠢ ᠪᠣᠢᠵᠢᠭᠤᠯᠤᠯᠲᠠ᠎ᠳᠤ ᠵᠣᠬᠢᠬᠤ ᠬᠠᠮᠠᠭᠠᠯᠠᠯᠲᠠ᠎ᠶᠢᠨ
ᠠᠷᠭ᠎ᠠ ᠬᠡᠮᠵᠢᠶ᠎ᠡ ᠠᠪᠬᠤ ᠬᠡᠷᠡᠭᠲᠡᠢ︔
3. ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ
ᠵᠣᠬᠢᠶᠠᠨ ᠪᠠᠢᠭᠤᠯᠤᠯᠲᠠ ᠪᠣᠯᠣᠨ ᠲᠠᠷᠢᠶᠠᠴᠢᠨ ᠡᠷᠦᠬᠡ ᠲᠤᠬᠠᠢ᠎ᠶᠢᠨ ᠭᠠᠵᠠᠷ᠎ᠤᠨ ᠬᠢᠷᠠᠭᠤ ᠤᠨᠠᠬᠤ᠎ᠶᠢ ᠰᠡᠷᠡᠮᠵᠢᠯᠡᠭᠦᠯᠬᠦ
ᠮᠡᠳᠡᠭᠡ ᠵᠠᠩᠭᠢ᠎ᠶᠢ ᠠᠩᠬᠠᠷᠴᠤ᠂ ᠠᠷᠭ᠎ᠠ ᠬᠡᠮᠵᠢᠶ᠎ᠡ ᠠᠪᠴᠤ ᠪᠠᠢᠭᠠᠳ ᠰᠡᠷᠭᠡᠢᠯᠡᠯᠲᠡ᠎ᠪᠡᠨ ᠴᠢᠩᠭᠠᠳᠬᠠᠬᠤ ᠬᠡᠷᠡᠭᠲᠡᠢ᠃
ᠢᠷᠡᠯᠲᠡ᠄ ᠦᠪᠦᠷ ᠮᠤᠩᠭᠤᠯ᠎ᠤᠨ ᠴᠠᠭ ᠠᠭᠤᠷ