ᠣᠢᠷ᠎ᠠ᠎ᠳᠤ᠂ ᠬᠤᠳᠠᠯᠳᠤᠭᠠᠨ᠎ᠤ
ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ 《ᠦᠢᠯᠡᠴᠢᠯᠡᠭᠡᠨ᠎ᠦ ᠬᠡᠷᠡᠭᠯᠡᠭᠡ᠎ᠶᠢ
ᠥᠷᠭᠡᠳᠬᠡᠬᠦ ᠲᠤᠬᠠᠢ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ》᠎ᠢ ᠳᠠᠷᠤᠮᠠᠯᠯᠠᠨ ᠲᠠᠷᠬᠠᠭᠠᠵᠤ᠂ ᠬᠡᠷᠡᠭᠯᠡᠭᠡ᠎ᠶᠢ ᠨᠠᠩ ᠶᠡᠬᠡᠪᠡᠷ ᠬᠥᠭᠵᠢᠭᠡᠨ᠂ ᠳᠣᠲᠣᠭᠠᠳᠤ
ᠬᠡᠷᠡᠭᠴᠡᠭᠡ᠎ᠶᠢ ᠥᠷᠭᠡᠳᠬᠡᠨ᠎ᠡ ᠭᠡᠵᠦ ᠳᠤᠷᠠᠳᠪᠠ᠃ ᠲᠡᠭᠡᠪᠡᠯ ᠠᠷᠠᠳ᠎ᠲᠤ ᠶᠠᠮᠠᠷ ᠶᠠᠮᠠᠷ ᠠᠰᠢᠭ
ᠬᠦᠷᠳᠡᠭᠡᠭᠦ ᠪᠤᠯ?
ᠨᠥᠬᠥᠴᠡᠯ ᠲᠠᠢ ᠬᠡᠦᠬᠡᠳ ᠦᠨ ᠴᠡᠴᠡᠷᠯᠢᠭ ᠦ᠋ᠨ 2 — 3 ᠨᠠᠰᠤᠨ᠎ᠤ ᠬᠡᠦᠬᠡᠳ ᠡᠯᠰᠡᠬᠦ᠎ᠶᠢ ᠳᠡᠮᠵᠢᠨ᠎ᠡ
ᠨᠥᠬᠥᠴᠡᠯ᠎ᠲᠠᠢ ᠭᠠᠵᠠᠷ ᠣᠷᠣᠨ
ᠪᠣᠳᠠᠲᠠᠢ᠎ᠲᠠᠢ᠎ᠪᠠᠨ ᠤᠶᠠᠯᠳᠤᠭᠤᠯᠤᠨ ᠨᠡᠢᠳᠡᠮ ᠬᠠᠷᠠᠭᠠᠯᠵᠠᠵᠤ ᠨᠠᠢᠳᠠᠨ ᠬᠥᠮᠥᠵᠢᠭᠦᠯᠬᠦ ᠪᠠᠢᠭᠤᠯᠤᠮᠵᠢ᠎ᠳᠤ
ᠲᠠᠯᠠᠪᠤᠷ ᠭᠠᠵᠠᠷ᠎ᠤᠨ ᠳᠡᠮᠵᠢᠯᠭᠡ ᠪᠠ ᠵᠣᠬᠢᠬᠤ ᠡᠵᠡᠩᠨᠡᠯᠲᠡ᠎ᠶᠢᠨ ᠨᠥᠬᠥᠪᠦᠷᠢ ᠣᠯᠭᠣᠵᠤ ᠪᠣᠯᠣᠨ᠎ᠠ᠃
ᠨᠥᠬᠥᠴᠡᠯ᠎ᠲᠠᠢ ᠬᠡᠦᠬᠡᠳ᠎ᠦᠨ ᠴᠡᠴᠡᠷᠯᠢᠭ᠎ᠦᠨ 2 — 3 ᠨᠠᠰᠤᠨ᠎ᠤ ᠬᠡᠦᠬᠡᠳ᠎ᠢ ᠡᠯᠰᠡᠬᠦ᠎ᠶᠢ ᠳᠡᠮᠵᠢᠨ᠎ᠠ᠂ ᠨᠡᠢᠭᠡᠮ
ᠲᠤᠭᠤᠷᠢᠭ᠎ᠤᠨ ᠬᠡᠤᠭᠡᠳ ᠰᠠᠭᠠᠳᠠᠭᠤᠯᠬᠤ᠂ ᠬᠡᠷ ᠪᠦᠯᠢ ᠵᠢᠨ ᠬᠡᠤᠭᠡᠳ ᠰᠠᠭᠠᠳᠠᠭᠤᠯᠬᠤ ᠴᠡᠭ ᠢ
ᠬᠦᠭᠵᠢᠭᠦᠯᠵᠦ᠂ ᠬᠦᠮᠦᠨ ᠬᠡᠷᠡᠭᠯᠡᠭᠦ ᠨᠢᠭᠡᠴᠢ ᠵᠢᠨ ᠬᠡᠤᠭᠡᠳ ᠰᠠᠭᠠᠳᠠᠭᠤᠯᠬᠤ ᠦᠢᠯᠡᠴᠢᠯᠡᠭᠡ ᠬᠠᠩᠭᠠᠬᠤ ᠵᠢ
ᠵᠤᠷᠢᠬᠵᠢᠭᠤᠯᠬᠤ ᠵᠢᠨ ᠬᠠᠮᠳᠤ ᠬᠠᠮᠢᠶ᠎ᠠ ᠪᠦᠬᠦᠢ ᠲᠤᠬᠳᠠᠭᠠᠯ ᠶᠤᠰᠤᠭᠠᠷ ᠲᠦᠷᠦ ᠵᠢᠨ ᠪᠤᠳᠤᠯᠭ᠎ᠠ ᠵᠢᠨ
ᠲᠡᠮᠵᠢᠯᠭᠡ ᠦᠵᠡᠭᠦᠯᠦᠨ᠎ᠡ᠃
ᠳᠤᠮᠳᠠᠳᠤ ᠪᠠᠭ᠎ᠠ ᠰᠤᠷᠭᠠᠭᠤᠯᠢ᠎ᠶᠢᠨ ᠬᠠᠪᠤᠷ ᠨᠠᠮᠤᠷ᠎ᠤᠨ ᠠᠮᠠᠷᠠᠯᠲᠠ ᠶᠢ ᠰᠦᠪᠡᠭᠴᠢᠯᠡᠨ ᠲᠣᠬᠢᠷᠠᠭᠤᠯᠤᠨ᠎ᠠ
ᠴᠢᠯᠦᠭᠡ ᠲᠠᠯᠪᠢᠬᠤ ᠶᠡᠷᠦᠩᠬᠡᠢ
ᠡᠳᠦᠷ᠎ᠦᠨ ᠲᠣᠭ᠎ᠠ ᠪᠠ ᠵᠢᠭᠠᠨ ᠰᠤᠷᠭᠠᠬᠤ ᠴᠠᠭ᠎ᠤᠨ ᠶᠡᠷᠦᠩᠬᠡᠢ ᠬᠡᠮᠵᠢᠶ᠎ᠡ᠎ᠶᠢ ᠬᠤᠪᠢᠷᠠᠭᠤᠯᠬᠤ ᠦᠭᠡᠢ ᠪᠠᠢᠳᠠᠯ
ᠳᠣᠣᠷ᠎ᠠ᠂ ᠨᠥᠬᠥᠴᠡᠯ᠎ᠲᠠᠢ ᠭᠠᠵᠠᠷ ᠣᠷᠣᠨ᠎ᠤ ᠠᠭᠤᠷ ᠠᠮᠢᠰᠬᠤᠯ᠎ᠤᠨ ᠨᠥᠬᠥᠴᠡᠯ᠂ ᠦᠢᠯᠡᠳᠪᠦᠷᠢᠯᠡᠯ᠎ᠦᠨ ᠲᠣᠬᠢᠷᠠᠭᠤᠯᠤᠯᠲᠠ
ᠵᠡᠷᠭᠡ ᠬᠦᠴᠦᠨ ᠵᠦᠢᠯ᠎ᠲᠠᠢ ᠤᠶᠠᠯᠳᠤᠭᠤᠯᠤᠨ᠂ ᠰᠤᠷᠤᠯᠭ᠎ᠠ᠎ᠶᠢᠨ ᠵᠢᠯ ᠪᠦᠷᠢ᠎ᠶᠢᠨ ᠵᠢᠭᠠᠨ ᠰᠤᠷᠭᠠᠬᠤ ᠪᠠ
ᠴᠢᠯᠦᠭᠡ ᠲᠠᠯᠪᠢᠬᠤ ᠴᠠᠭ᠎ᠢ ᠰᠢᠨᠵᠢᠯᠡᠬᠦ ᠤᠬᠠᠭᠠᠨᠴᠢ᠎ᠪᠠᠷ ᠲᠣᠬᠢᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ
ᠬᠠᠪᠤᠷ ᠨᠠᠮᠤᠷ᠎ᠤᠨ ᠠᠮᠠᠷᠠᠯᠲᠠ᠎ᠶᠢ ᠰᠦᠪᠡᠭᠴᠢᠯᠡᠨ ᠲᠣᠬᠢᠷᠠᠭᠤᠯᠬᠤ ᠵᠢ ᠵᠤᠷᠢᠬᠵᠢᠭᠤᠯᠦᠨᠡ᠃
ᠪᠣᠳᠠᠲᠠᠢ᠎ᠲᠠᠢ ᠤᠶᠠᠯᠳᠤᠭᠤᠯᠤᠨ ᠭᠠᠵᠠᠷ ᠣᠷᠣᠨ᠎ᠤ ᠪᠠᠢᠳᠠᠯ᠎ᠳᠠᠭᠠᠨ
ᠲᠣᠬᠢᠷᠠᠭᠤᠯᠤᠨ ᠬᠠᠯᠠᠮᠰᠢᠯ᠎ᠳᠤ ᠰᠣᠶᠣᠯ ᠤᠨ ᠦᠵᠡᠰᠬᠦᠯᠡᠩ ᠦᠨ ᠣᠷᠳᠣᠨ᠂ ᠦᠵᠡᠮᠵᠢ᠎ᠶᠢᠨ ᠣᠷᠣᠨ᠎ᠤ ᠡᠵᠡᠩᠨᠡᠯᠲᠡ᠎ᠶᠢᠨ ᠴᠠᠭ᠎ᠢ ᠤᠷᠲᠤᠳᠬᠠᠵᠤ᠂ ᠤᠷᠢᠳᠴᠢᠯᠠᠨ ᠦᠯᠦ ᠪᠣᠯᠵᠣᠬᠤ ᠵᠢ ᠳᠡᠯᠭᠡᠷᠡᠭᠦᠯᠬᠦ ᠵᠢ ᠵᠣᠷᠢᠭ᠍ᠵᠢᠭᠤᠯᠤᠨ᠎ᠠ
ᠰᠣᠶᠣᠯ᠎ᠤᠨ ᠦᠵᠡᠰᠬᠦᠯᠡᠩ᠎ᠦᠨ
ᠨᠢᠭᠡᠴᠢ᠎ᠨᠦᠭᠦᠳ᠎ᠦᠨ ᠮᠦᠽᠧᠢ᠎ᠳᠦ ᠬᠠᠳᠠᠭᠠᠯᠠᠵᠤ ᠪᠠᠢᠭ᠎ᠠ ᠡᠬᠢ ᠪᠠᠶᠠᠯᠢᠭ᠋᠎ᠢᠶᠠᠨ ᠴᠢᠯᠦᠭᠡᠲᠡᠢ ᠨᠡᠭᠡᠭᠡᠬᠦ᠎ᠶᠢ
ᠵᠣᠷᠢᠭ᠍ᠵᠢᠭᠤᠯᠵᠤ᠂ ᠨᠡᠢᠭᠡᠮ᠎ᠦᠨ ᠬᠦᠴᠦᠨ ᠯᠦ᠍ᠭᠡ ᠬᠠᠮᠲᠤᠷᠠᠨ ᠰᠣᠶᠣᠯ᠎ᠤᠨ ᠰᠢᠨ᠎ᠡ᠎ᠶᠢ ᠡᠭᠦᠳᠬᠦ᠂ ᠲᠣᠭᠠᠴᠢᠯᠠᠬᠰᠠᠨ
ᠦᠢᠯᠡᠳᠬᠦᠨ᠎ᠢ ᠨᠡᠭᠡᠭᠡᠨ ᠬᠥᠭᠵᠢᠭᠦᠯᠵᠦ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶᠢᠭ᠋᠎ᠢᠶᠠᠷ ᠡᠷᠬᠢᠯᠡᠭᠰᠡᠨ
ᠡᠯ᠎ᠡ ᠲᠥᠷᠥᠯ᠎ᠦᠨ ᠰᠣᠶᠣᠯ᠎ᠤᠨ ᠦᠵᠡᠰᠬᠦᠯᠡᠩ᠎ᠦᠨ ᠬᠤᠳᠠᠯᠳᠤᠭᠠᠨ᠎ᠤ ᠲᠠᠯᠠᠪᠠᠶ᠂ ᠨᠡᠢᠭᠡᠮ ᠲᠣᠭᠣᠷᠢᠭ᠋᠂ ᠴᠡᠴᠡᠷᠯᠢᠭ᠎ᠲᠦ
ᠣᠷᠣᠬᠤ᠎ᠶᠢ ᠠᠬᠢᠭᠤᠯᠤᠨ᠎ᠠ᠃
ᠤᠳᠬ᠎ᠠ ᠵᠣᠬᠢᠶᠠᠯ᠂ ᠤᠷᠠᠯᠢᠭ᠋᠂ ᠺᠢᠨᠣ᠋ ᠲᠧᠯᠸᠢᠰ᠂ ᠺᠠᠷᠲ᠋ᠣᠨ
ᠵᠢᠷᠤᠭ ᠵᠡᠷᠭᠡ ᠬᠦᠷᠢᠶᠡᠨ᠎ᠳᠡᠬᠢ ᠨᠢᠭᠡ ᠪᠦᠯᠦᠭ ᠰᠣᠳᠣᠨ ᠪᠦᠲᠦᠭᠡᠯ ᠵᠣᠬᠢᠶᠠᠨ ᠪᠦᠲᠦᠭᠡᠬᠦ᠎ᠶᠢ ᠳᠡᠮᠵᠢᠨ᠎ᠡ
ᠣᠲᠣ᠌᠎ᠶᠢᠨ ᠪᠠᠢᠭ᠎ᠠ ᠪᠡᠯᠡ
ᠮᠥᠩᠭᠥ᠎ᠶᠢᠨ ᠠᠷᠭ᠎ᠠ ᠵᠠᠮ᠎ᠢ ᠨᠢᠭᠡᠳᠦᠯᠲᠡᠢ ᠲᠥᠯᠥᠪᠵᠢᠭᠦᠯᠦᠨ ᠠᠰᠢᠭ᠍ᠯᠠᠵᠤ᠂ ᠨᠢᠭᠡ ᠪᠦᠯᠦᠭ ᠤᠳᠬ᠎ᠠ ᠵᠣᠬᠢᠶᠠᠯ᠂
ᠤᠷᠠᠯᠢᠭ᠋᠂ ᠺᠢᠨᠣ᠋ ᠲᠧᠯᠸᠢᠰ᠂ ᠺᠠᠷᠲ᠋ᠣᠨ ᠵᠢᠷᠤᠭ ᠱᠣᠭ ᠵᠢᠷᠤᠭ ᠵᠡᠷᠭᠡ ᠬᠦᠷᠢᠶ᠎ᠡ ᠴᠠᠷᠠᠭ᠎ᠠ᠎ᠶᠢᠨ ᠰᠣᠳᠣᠨ
ᠪᠦᠲᠦᠭᠡᠯ ᠵᠣᠬᠢᠶᠠᠨ ᠪᠦᠲᠦᠭᠡᠬᠦ᠎ᠶᠢ ᠳᠡᠮᠵᠢᠵᠦ᠂ ᠨᠢᠭᠡᠨᠲᠡ ᠪᠠᠢᠭ᠎ᠠ ᠲᠠᠯᠠᠪᠠᠶ ᠣᠷᠳᠣᠨ᠎ᠢ ᠭᠦᠢᠴᠡᠳ ᠠᠰᠢᠭ᠍ᠯᠠᠨ᠂
ᠨᠢᠭᠡ ᠪᠦᠯᠦᠭ ᠨᠥᠯᠥᠭᠡᠯᠡᠨ ᠳᠠᠢᠴᠢᠯᠠᠬᠤ ᠦᠢᠯᠡᠳᠦᠯ᠎ᠢᠶᠡᠷ ᠴᠢᠩᠭ᠎ᠠ ᠲᠢᠶᠠᠲᠷ᠂ ᠮᠦᠽᠧᠢ᠂ ᠤᠷᠠᠨ ᠵᠢᠷᠤᠭ᠎ᠤᠨ
ᠣᠷᠳᠣᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠢ ᠪᠣᠶ ᠪᠣᠯᠭᠠᠵᠤ᠂ ᠨᠢᠭᠡ ᠪᠦᠯᠦᠭ ᠣᠯᠠᠨ
ᠲᠦᠮᠡᠨᠴᠢ ᠴᠢᠨᠠᠷᠲᠠᠢ ᠰᠣᠶᠣᠯ᠎ᠤᠨ ᠠᠵᠢᠯᠯᠠᠭ᠎ᠠ ᠪᠠ ᠤᠷᠤᠯᠳᠤᠭᠠᠨ᠎ᠤ ᠲᠥᠷᠥᠯ ᠲᠡᠮᠳᠡᠭ ᠢ ᠪᠣᠢᠵᠢᠭᠤᠯᠤᠨ᠂ ᠰᠣᠶᠣᠯ᠎ᠤᠨ
ᠪᠦᠲᠦᠭᠡᠭᠳᠡᠬᠦᠨ ᠪᠠ ᠦᠢᠯᠡᠴᠢᠯᠡᠭᠡᠨ᠎ᠦ ᠬᠠᠩᠭᠠᠯᠭ᠎ᠠ᠎ᠶᠢ ᠰᠢᠯᠢᠳᠡᠭᠵᠢᠭᠦᠯᠦᠨ᠎ᠡ᠃
ᠣᠷᠣᠨ ᠨᠤᠲᠤᠭ᠎ᠤᠨ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠤᠷᠤᠯᠳᠤᠭᠠᠨ ᠡᠷᠭᠢᠯᠡᠬᠦ ᠶᠢ ᠳᠡᠮᠵᠢᠨ᠎ᠡ
《ᠤᠷᠤᠯᠳᠤᠭᠠᠨ᠎ᠢ ᠳᠠᠭᠠᠵᠤ
ᠵᠢᠭᠤᠯᠴᠢᠯᠠᠬᠤ》᠂ 《ᠪᠡᠶ᠎ᠡ᠎ᠶᠢᠨ
ᠲᠠᠮᠢᠷ᠎ᠤᠨ ᠤᠷᠤᠯᠳᠤᠭᠠᠨ᠎ᠢ ᠦᠵᠡᠮᠵᠢ᠎ᠶᠢᠨ ᠣᠷᠣᠨ᠎ᠳᠤ ᠣᠷᠣᠭᠤᠯᠬᠤ᠂ ᠵᠡᠭᠡᠯᠢ ᠲᠣᠭᠣᠷᠢᠭ᠋᠎ᠲᠤ ᠣᠷᠣᠭᠤᠯᠬᠤ᠂ ᠬᠤᠳᠠᠯᠳᠤᠭᠠᠨ᠎ᠤ
ᠲᠣᠭᠣᠷᠢᠭ᠋᠎ᠲᠤ ᠣᠷᠣᠭᠤᠯᠬᠤ》᠂ 《ᠭᠣᠢᠳᠠ ᠰᠠᠢᠬᠠᠨ ᠤᠷᠤᠯᠳᠤᠭᠠᠨ᠎ᠢ
ᠰᠤᠨᠢᠷᠬᠠᠵᠤ ᠳᠤᠮᠳᠠᠳᠤ᠎ᠶᠢᠨ ᠠᠮᠲᠠᠲᠤ ᠢᠳᠡᠭᠡᠨ᠎ᠢ ᠠᠮᠲᠠᠯᠠᠬᠤ》 ᠵᠡᠷᠭᠡ
ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ ᠪᠡᠶ᠎ᠡ᠎ᠶᠢᠨ ᠲᠠᠮᠢᠷ᠎ᠤᠨ ᠤᠷᠤᠯᠳᠤᠭᠠᠨ ᠪᠠ ᠬᠠᠮᠢᠶ᠎ᠠ ᠪᠦᠬᠦᠢ
ᠠᠵᠢᠯᠯᠠᠭ᠎ᠠ᠎ᠶᠢᠨ ᠳᠠᠢᠴᠢᠯᠠᠬᠤ ᠦᠢᠯᠡᠳᠦᠯ᠎ᠢ ᠪᠠᠳᠠᠷᠠᠭᠤᠯᠤᠨ᠎ᠠ᠃
ᠨᠡᠢᠭᠡᠮ ᠲᠣᠭᠣᠷᠢᠭ᠋᠎ᠤᠨ ᠳᠡᠭᠡᠳᠦ ᠰᠤᠷᠭᠠᠭᠤᠯᠢ ᠂ ᠬᠣᠲᠠ᠎ᠶᠢᠨ ᠠᠷᠠᠳ᠎ᠤᠨ ᠰᠦᠨᠢ᠎ᠶᠢᠨ ᠰᠤᠷᠭᠠᠭᠤᠯᠢ᠂ ᠨᠠᠰᠤᠲᠠᠢᠴᠤᠳ᠎ᠤᠨ ᠪᠣᠯᠪᠠᠰᠤᠷᠠᠯ᠎ᠢ ᠡᠮᠬᠢ ᠵᠢᠷᠤᠮᠲᠠᠢᠬᠥᠭᠵᠢᠭᠦᠯᠦᠨᠡ
ᠣᠯᠠᠨ ᠡᠰᠢᠵᠢᠭᠰᠡᠨ ᠰᠤᠷᠭᠠᠨ
ᠬᠥᠮᠦᠵᠢᠯ ᠪᠠ ᠪᠣᠯᠪᠠᠰᠤᠷᠠᠯ᠎ᠤᠨ ᠵᠠᠬ᠎ᠠ ᠳᠡᠯᠭᠡᠭᠦᠷ᠎ᠢ ᠪᠣᠢᠵᠢᠭᠤᠯᠤᠨ᠎ᠠ᠃ ᠨᠡᠢᠭᠡᠮ ᠲᠣᠭᠣᠷᠢᠭ᠋᠎ᠤᠨ ᠳᠡᠭᠡᠳᠦ
ᠰᠤᠷᠭᠠᠭᠤᠯᠢ᠂ ᠬᠣᠲᠠ᠎ᠶᠢᠨ ᠠᠷᠠᠳ᠎ᠤᠨ ᠰᠦᠨᠢ ᠶᠢᠨ ᠰᠤᠷᠭᠠᠭᠤᠯᠢ᠂ ᠨᠠᠰᠤᠲᠠᠢᠴᠤᠳ᠎ᠤᠨ ᠪᠣᠯᠪᠠᠰᠤᠷᠠᠯ᠎ᠢ ᠡᠮᠬᠢ
ᠵᠢᠷᠤᠮ᠎ᠲᠠᠢ᠎ᠪᠠᠷ ᠬᠥᠭᠵᠢᠭᠦᠯᠵᠦ᠂ ᠴᠢᠨᠠᠷ ᠰᠠᠢᠲᠠᠢ ᠮᠡᠷᠭᠡᠵᠢᠯ᠎ᠦᠨ ᠴᠢᠳᠠᠪᠤᠷᠢ᠎ᠶᠢᠨ ᠪᠣᠯᠪᠠᠰᠤᠷᠠᠯ᠂ ᠰᠣᠶᠣᠯ
ᠤᠷᠠᠯᠢᠭ᠋᠎ᠤᠨ ᠪᠣᠯᠪᠠᠰᠤᠷᠠᠯ᠎ᠢ ᠬᠠᠩᠭᠠᠵᠤ᠂ ᠨᠥᠬᠥᠴᠡᠯ᠎ᠲᠠᠢ ᠭᠠᠵᠠᠷ ᠣᠷᠣᠨ ᠦᠨ᠎ᠡ ᠲᠥᠯᠥᠪᠦᠷᠢ ᠦᠭᠡᠢ ᠪᠤᠶᠤ
ᠲᠦᠷᠢᠶᠡᠰᠦᠨ ᠮᠥᠩᠭᠥ ᠪᠠᠭ᠎ᠠ ᠲᠠᠯᠠᠪᠠᠶ ᠳᠦᠬᠦᠭᠡᠷᠦᠮᠵᠢ ᠬᠠᠩᠭᠠᠬᠤ ᠵᠢ ᠵᠤᠷᠢᠬᠵᠢᠭᠤᠯᠤᠨ᠎ᠠ᠃
ᠭᠣᠣᠯᠳᠠᠯᠭ᠎ᠠ ᠲᠠᠢ ᠬᠦᠷᠢᠶᠡᠨ᠎ᠳᠡᠬᠢ ᠬᠡᠷᠡᠭᠯᠡᠭᠡᠨ ᠤ ᠵᠢᠭᠡᠯᠡᠯᠭᠡ ᠳ᠋ᠤ ᠬᠦᠦ ᠮᠦᠩᠬᠦ ᠵᠢᠨ ᠨᠦᠬᠦᠪᠦᠷᠢ ᠪᠡᠷ ᠳᠡᠮᠵᠢᠨ᠎ᠡ
ᠭᠣᠣᠯᠳᠠᠯᠭ᠎ᠠ᠎ᠲᠠᠢ ᠬᠦᠷᠢᠶᠡᠨ᠎ᠳᠡᠬᠢ
ᠬᠡᠷᠡᠭᠯᠡᠭᠡᠨ ᠦ ᠵᠢᠭᠡᠯᠡᠯᠭᠡᠳ᠋ᠤ ᠬᠦᠦ ᠮᠦᠩᠬᠦ ᠵᠢᠨ ᠨᠦᠬᠦᠪᠦᠷᠢ ᠵᠢᠨ ᠳᠡᠮᠵᠢᠯᠭᠡ ᠦᠵᠡᠭᠦᠯᠤᠨ᠂ ᠮᠥᠩᠭᠥᠨ
ᠭᠦᠢᠯᠭᠡᠭᠡᠨ᠎ᠦ ᠪᠠᠢᠭᠤᠯᠤᠮᠵᠢ ᠪᠠ ᠬᠤᠳᠠᠯᠳᠤᠭᠠᠴᠢᠳᠢ ᠬᠥᠲᠥᠯᠥᠨ ᠵᠢᠯᠤᠭᠣᠳᠴᠤ ᠪᠠᠢᠭᠠᠳ ᠦᠢᠯᠡᠴᠢᠯᠡᠭᠡᠨ᠎ᠦ
ᠬᠡᠷᠡᠭᠯᠡᠭᠡᠨ᠎ᠦ ᠣᠨᠴᠠᠯᠢᠭ᠋᠎ᠲᠤ ᠲᠣᠬᠢᠷᠠᠭᠰᠠᠨ ᠦᠢᠯᠡᠳᠬᠦᠨ ᠪᠠ ᠦᠢᠯᠡᠴᠢᠯᠡᠭᠡ᠎ᠶᠢ ᠬᠠᠮᠲᠤᠷᠠᠨ ᠨᠡᠭᠡᠭᠡᠨ ᠬᠥᠭᠵᠢᠭᠦᠯᠵᠦ᠂
《ᠵᠠᠰᠠᠭ᠎ᠤᠨ ᠣᠷᠳᠣᠨ᠎ᠤ ᠨᠥᠬᠥᠪᠦᠷᠢ + ᠮᠥᠩᠭᠥᠨ ᠭᠦᠢᠯᠭᠡᠭᠡᠨ᠎ᠦ ᠳᠡᠮᠵᠢᠯᠭᠡ + ᠬᠤᠳᠠᠯᠳᠤᠭᠠᠴᠢᠳ᠎ᠤᠨ
ᠬᠠᠷᠠᠭᠠᠯᠵᠠᠯ》᠎ᠤᠨ ᠬᠠᠮ ᠠᠷᠭ᠎ᠠ ᠬᠡᠮᠵᠢᠶ᠎ᠡ᠎ᠶᠢ ᠪᠦᠷᠢᠯᠳᠦᠭᠦᠯᠦᠨ᠎ᠡ᠃
ᠨᠥᠬᠥᠴᠡᠯ ᠳᠦ ᠨᠡᠢᠴᠡᠬᠦ ᠨᠠᠩ ᠣᠯᠠᠨ
ᠬᠢᠯᠢ᠎ᠶᠢᠨ ᠭᠠᠳᠠᠨᠠᠬᠢ ᠬᠥᠮᠥᠰ᠎ᠲᠦ 5 ᠵᠢᠯ᠎ᠦᠨ ᠣᠯᠠᠨ ᠤᠳᠠᠭᠠᠨ᠎ᠤ ᠸᠢᠰᠠ ᠣᠯᠭᠣᠨ᠎ᠠ
ᠨᠠᠩ ᠣᠯᠠᠨ ᠬᠢᠯᠢ᠎ᠶᠢᠨ ᠭᠠᠳᠠᠨᠠᠬᠢ
ᠬᠥᠮᠥᠰ᠎ᠦᠨ ᠬᠢᠯᠢ᠎ᠳᠦ ᠣᠷᠣᠵᠤ ᠬᠡᠷᠡᠭᠯᠡᠭᠡ ᠬᠢᠬᠦ᠎ᠶᠢ ᠲᠠᠲᠠᠨ᠎ᠠ᠃ ᠭᠠᠭᠴᠠ ᠲᠠᠯ᠎ᠠ᠎ᠠᠴᠠ ᠸᠢᠰᠠ᠎ᠠᠴᠠ ᠬᠡᠯᠲᠦᠷᠢᠭᠦᠯᠬᠦ
ᠤᠯᠤᠰ᠎ᠤᠨ ᠬᠡᠪᠴᠢᠶ᠎ᠡ᠎ᠶᠢ ᠡᠮᠬᠢ ᠵᠢᠷᠤᠮ᠎ᠲᠠᠢ ᠥᠷᠭᠡᠳᠬᠡᠵᠦ᠂ ᠣᠷᠣᠨ ᠪᠦᠰᠡ᠎ᠶᠢᠨ ᠴᠢᠨᠠᠷᠲᠠᠢ᠎ᠪᠠᠷ ᠬᠢᠯᠢ᠎ᠳᠦ
ᠣᠷᠣᠵᠤ ᠸᠢᠰᠠ ᠡᠴᠠ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂
ᠭᠠᠳᠠᠭᠠᠳᠤ᠎ᠶᠢᠨ ᠬᠥᠮᠥᠨ᠎ᠦ ᠳᠤᠮᠳᠠᠳᠤ ᠤᠯᠤᠰ᠎ᠲᠤ ᠢᠷᠡᠬᠦ ᠸᠢᠰᠠ᠎ᠶᠢᠨ ᠲᠥᠷᠥ᠎ᠶᠢᠨ ᠪᠣᠳᠣᠯᠭ᠎ᠠ ᠪᠠ ᠴᠢᠮᠡᠭᠡ
ᠬᠣᠯᠪᠣᠭ᠎ᠠ᠂ ᠬᠣᠨᠣᠭ ᠪᠠᠭᠤᠳᠠᠯ᠂ ᠲᠣᠭᠠᠴᠠᠭ᠎ᠠ ᠬᠢᠬᠦ ᠵᠡᠷᠭᠡ ᠲᠥᠬᠥᠮ ᠦᠵᠡᠭᠦᠯᠬᠦ ᠠᠷᠭ᠎ᠠ ᠬᠡᠮᠵᠢᠶ᠎ᠡ᠎ᠶᠢ ᠦᠷᠭᠦᠯᠵᠢᠯᠡᠨ
ᠰᠢᠯᠢᠳᠡᠭᠵᠢᠭᠦᠯᠵᠦ᠂ ᠨᠥᠬᠥᠴᠡᠯ᠎ᠳᠦ ᠨᠡᠢᠴᠡᠬᠦ ᠨᠠᠩ ᠣᠯᠠᠨ ᠬᠥᠮᠥᠰ᠎ᠲᠦ 5 ᠵᠢᠯ᠎ᠤᠨ ᠣᠯᠠᠨ ᠤᠳᠠᠭᠠᠨ᠎ᠤ ᠸᠢᠰᠠ
ᠣᠯᠭᠣᠨ᠎ᠠ᠃
ᠢᠷᠡᠯᠲᠡ᠄ ᠳᠤᠮᠳᠠᠳᠤ ᠤᠯᠤᠰ᠎ᠤᠨ ᠵᠠᠰᠠᠬ᠎ᠤᠨ ᠤᠷᠳᠤᠨ᠎ᠤ ᠰᠦᠯᠵᠢᠶ᠎ᠡ