ᠴᠤᠯ ᠦᠨᠢᠶᠡᠨ ᠰᠦ ᠵᠢ ᠦᠢᠯᠡᠳᠪᠦᠷᠢᠯᠡᠬᠦ ᠎ᠳᠤ ᠠᠭᠤᠰᠬᠠᠮᠠᠯ ᠰᠦ ᠬᠡᠷᠡᠭᠯᠡᠬᠦ ᠵᠢ ᠪᠦᠬᠦ ᠲᠠᠯ᠎ᠠ ᠪᠡᠷ ᠴᠠᠭᠠᠵᠠᠯᠠᠪᠠ
2025-09-17 19:27:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠦᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠮᠡᠳᠡᠭᠡ ᠨᠡᠢᠲᠡᠯᠡᠵᠦ᠂ 9 ᠰᠠᠷ᠎ᠠ᠎ᠶᠢᠨ 16᠎ᠤ ᠡᠳᠦᠷ᠎ᠡᠴᠡ ᠡᠬᠢᠯᠡᠨ ᠪᠠᠺᠲᠧᠷᠢ ᠦᠭᠡᠢᠳᠡᠭᠦᠯᠦᠭᠰᠡᠨ ᠰᠦ (ᠲᠤᠬᠠᠢᠯᠠᠪᠠᠯ ᠡᠩ᠎ᠦᠨ ᠲᠤᠯᠠᠭᠠᠴᠠᠲᠤ ᠴᠤᠯ ᠦᠨᠢᠶᠡᠨ ᠰᠦ)᠎ᠶᠢ ᠦᠢᠯᠡᠳᠪᠦᠷᠢᠯᠡᠬᠦ᠎ᠳᠤ ᠵᠦᠪᠬᠡᠨ ᠲᠦᠭᠦᠬᠡᠢ ᠰᠦ᠋ ᠵᠢ ᠬᠡᠷᠡᠭᠯᠡᠵᠦ᠂ ᠠᠭᠤᠰᠬᠠᠮᠠᠯ ᠰᠦ᠋ ᠬᠡᠷᠡᠭᠯᠡᠬᠦ᠎ᠶᠢ ᠴᠠᠭᠠᠵᠠᠯᠠᠨ᠎ᠠ ᠭᠡᠵᠡᠢ᠃

ᠠᠭᠤᠰᠬᠠᠮᠠᠯ ᠰᠦ᠋ ᠭᠡᠳᠡᠭ ᠨᠢ ᠤᠷᠢᠳ᠎ᠢᠶᠠᠷ ᠦᠨᠢᠶᠡᠨ ᠰᠦ᠋᠎ᠶᠢ ᠬᠠᠲᠠᠭᠠᠵᠤ ᠲᠠᠯᠬ᠎ᠠ ᠪᠣᠯᠭᠠᠭᠠᠳ᠂ ᠳᠠᠬᠢᠨ ᠤᠰᠤ ᠨᠡᠮᠡᠵᠦ ᠰᠢᠩᠭᠡᠨ ᠪᠡᠶᠡᠲᠦ ᠪᠣᠯᠭᠠᠭᠰᠠᠨ ᠦᠨᠢᠶᠡᠨ ᠰᠦ᠋᠎ᠶᠢ ᠵᠢᠭᠠᠵᠤ ᠪᠠᠢᠨ᠎ᠠ᠃ ᠰᠢᠮ᠎ᠡ ᠲᠡᠵᠢᠭᠡᠯ᠎ᠦᠨ ᠲᠠᠯ᠎ᠠ᠎ᠠᠴᠠ ᠠᠪᠴᠤ ᠦᠵᠡᠪᠡᠯ᠂ ᠠᠭᠤᠰᠬᠠᠮᠠᠯ ᠰᠦ᠋ ᠨᠡᠮᠡᠭᠰᠡᠨ ᠦᠨᠢᠶᠡᠨ ᠰᠦ᠋᠎ᠨᠢ ᠣᠯᠠᠨ ᠤᠳᠠᠭ᠎ᠠ ᠵᠢᠨ ᠬᠠᠯᠠᠭᠠᠨ ᠡᠳ᠋ᠰᠢᠭᠦᠯᠭᠦ ᠶᠠᠪᠤᠴᠠ ᠵᠢ ᠦᠩᠭᠡᠷᠡᠭᠦᠯᠵᠤ᠂ ᠰᠢᠮ᠎ᠡ ᠲᠡᠵᠢᠭᠡᠯ᠎ᠦᠨ ᠪᠦᠷᠢᠯᠳᠦᠭᠦᠨ᠂ ᠵᠢᠱ᠌ᠢᠶᠡᠯᠡᠪᠡᠯ ᠡᠭᠡᠯᠢᠯᠡᠭᠡ᠎ᠶᠢᠨ ᠪᠦᠮᠪᠦᠭᠡᠨ ᠤᠭᠤᠷᠠᠭ᠂ ᠢᠳᠡᠪᠬᠢ ᠢᠰᠬᠡᠭᠦᠷ᠂ ᠰᠦᠨ ᠲᠡᠮᠦᠷ᠎ᠦᠨ ᠤᠭᠤᠷᠠᠭ᠂ ᠢᠳᠡᠪᠬᠢ ᠺᠠᠯᠼ ᠵᠡᠷᠭᠡ ᠨᠢ ᠡᠳ᠋ᠰᠢᠭᠦᠯᠭᠦ ᠶᠠᠪᠤᠴᠠ᠎ᠳᠤ ᠠᠮᠠᠷᠬᠠᠨ ᠡᠪᠳᠡᠭᠳᠡᠳᠡᠭ᠃

9 ᠰᠠᠷ᠎ᠠ᠎ᠶᠢᠨ 16᠎ᠤ ᠡᠳᠦᠷ᠂ 《ᠪᠠᠺᠲᠧᠷᠢ ᠦᠭᠡᠢᠳᠡᠭᠦᠯᠦᠭᠰᠡᠨ ᠰᠦ᠋ ᠵᠢᠨ ᠢᠳᠡᠭᠡᠨ᠎ᠦ ᠠᠮᠤᠷ ᠲᠦᠪᠰᠢᠨ᠎ᠦ ᠤᠯᠤᠰ᠎ᠤᠨ ᠪᠠᠷᠢᠮᠵᠢᠶ᠎ᠠ》(GB 25190 — 2010) (《ᠪᠠᠷᠢᠮᠵᠢᠶ᠎ᠠ》 ᠭᠡᠵᠦ ᠲᠣᠪᠴᠢᠯᠠᠨ᠎ᠠ)᠎ᠶᠢ ᠵᠢᠩᠬᠢᠨᠢ ᠪᠡᠷ ᠬᠡᠷᠡᠭᠵᠢᠭᠦᠯᠪᠡ᠃ ᠲᠤᠰ ᠤᠳᠠᠭᠠᠨ᠎ᠤ ᠪᠠᠺᠲᠧᠷᠢ ᠦᠭᠡᠢᠳᠡᠭᠦᠯᠦᠭᠰᠡᠨ ᠰᠦ᠎ᠶᠢᠨ ᠤᠯᠤᠰ᠎ᠤᠨ ᠪᠠᠷᠢᠮᠵᠢᠶ᠎ᠠ᠎ᠳᠤ ᠵᠠᠰᠠᠪᠤᠷᠢ ᠣᠷᠣᠭᠤᠯᠤᠭᠰᠠᠨ ᠲᠠᠯ᠎ᠠ ᠎ᠳᠦ ᠭᠤᠷᠪᠠᠨ ᠭᠣᠣᠯ ᠬᠤᠪᠢᠷᠠᠯᠲᠠ ᠵᠢ ᠪᠠᠭᠲᠠᠭᠠᠵᠠᠢ᠄

ᠠᠭᠤᠰᠬᠠᠮᠠᠯ ᠰᠦ ᠬᠡᠷᠡᠭᠯᠡᠬᠦ᠎ᠶᠢ ᠴᠠᠭᠠᠵᠠᠯᠠᠪᠠ᠃ ᠵᠠᠰᠠᠪᠤᠷᠢ ᠣᠷᠣᠭᠤᠯᠤᠭᠰᠠᠨ᠎ᠤ ᠳᠠᠷᠠᠭᠠᠬᠢ 《ᠪᠠᠷᠢᠮᠵᠢᠶ᠎ᠠ》᠎ᠳᠤ᠂ ᠪᠠᠺᠲᠧᠷᠢ ᠦᠭᠡᠢᠳᠡᠭᠦᠯᠦᠭᠰᠡᠨ ᠰᠦ᠋᠎ᠳᠦ ᠡᠷᠬᠡᠪᠰᠢ ᠲᠦᠭᠦᠬᠡᠢ ᠦᠨᠢᠶᠡᠨ (ᠬᠤᠨᠢ ᠢᠮᠠᠭᠠᠨ) ᠰᠦ᠋᠎ᠪᠡᠷ ᠲᠦᠭᠦᠬᠡᠢ ᠮᠠᠲᠧᠷᠢᠶᠠᠯ ᠪᠣᠯᠭᠠᠬᠤ ᠬᠡᠷᠡᠭᠲᠡᠢ᠂ ᠠᠭᠤᠰᠬᠠᠮᠠᠯ ᠰᠦ᠋᠎ᠪᠡᠷ ᠡᠳ᠋ᠰᠢᠭᠦᠯᠵᠦ ᠪᠣᠯᠬᠤ ᠦᠭᠡᠢ ᠭᠡᠵᠦ ᠲᠣᠳᠣᠷᠬᠠᠢ ᠱᠠᠭᠠᠷᠳᠠᠪᠠ᠃ ᠡᠨᠡ ᠨᠢ ᠵᠠᠬ᠎ᠠ ᠳᠡᠯᠭᠡᠭᠦᠷ ᠳᠡᠭᠡᠷ᠎ᠡ 《ᠪᠠᠺᠲᠧᠷᠢ ᠦᠭᠡᠢᠳᠡᠭᠦᠯᠦᠭᠰᠡᠨ ᠰᠦ᠋》ᠭᠡᠵᠦ ᠢᠯᠡᠷᠬᠡᠢᠯᠡᠯ ᠬᠠᠳᠠᠭᠰᠠᠨ ᠪᠦᠲᠦᠭᠡᠭᠳᠡᠬᠦᠨ ᠪᠠᠢᠪᠠᠯ ᠲᠦᠭᠦᠬᠡᠢ ᠮᠠᠲᠧᠷᠢᠶᠠᠯ ᠨᠢ ᠵᠥᠪᠬᠡᠨ ᠦᠨᠢᠶ᠎ᠡ᠂ ᠬᠣᠨᠢ ᠢᠮᠠᠭ᠎ᠠ᠎ᠡᠴᠡ ᠰᠢᠭᠤᠳ ᠰᠠᠭᠠᠵᠤ ᠠᠪᠤᠭᠰᠠᠨ ᠲᠦᠭᠦᠬᠡᠢ ᠰᠦ᠋ ᠪᠣᠯᠬᠤ᠎ᠠᠴᠠ ᠪᠢᠰᠢ᠂ ᠰᠦᠨ᠎ᠤ ᠲᠠᠯᠬ᠎ᠠ ᠵᠢ ᠳᠠᠬᠢᠨ ᠤᠰᠤ ᠪᠡᠷ ᠰᠢᠩᠭᠡᠯᠡᠭᠰᠡᠨ ᠠᠭᠤᠰᠬᠠᠮᠠᠯ ᠰᠦ᠋ ᠪᠠᠢᠵᠤ ᠪᠣᠯᠬᠤ ᠦᠭᠡᠢ ᠭᠡᠰᠡᠨ᠎ᠢ ᠬᠠᠷᠠᠭᠤᠯᠵᠤ ᠪᠠᠢᠨ᠎ᠠ᠃

ᠲᠦᠭᠦᠬᠡᠢ ᠦᠨᠢᠶᠡᠨ (ᠬᠤᠨᠢ ᠢᠮᠠᠭᠠᠨ) ᠰᠦ᠋᠎ᠶᠢᠨ ᠪᠠᠷᠢᠮᠵᠢᠶ᠎ᠠ ᠵᠢ ᠴᠢᠩᠳᠠᠯᠠᠪᠠ᠃ 《ᠪᠠᠷᠢᠮᠵᠢᠶ᠎ᠠ》 ᠎ᠳᠤ᠂ ᠪᠠᠺᠲᠧᠷᠢ ᠦᠭᠡᠢᠳᠡᠭᠦᠯᠦᠭᠰᠡᠨ ᠰᠦ᠎ᠨᠢ ᠲᠦᠭᠦᠬᠡᠢ ᠦᠨᠢᠶᠡᠨ (ᠬᠣᠨᠢ ᠢᠮᠠᠭᠠᠨ) ᠰᠦ᠎ᠪᠡᠷ ᠴᠣᠷ᠎ᠤᠨ ᠭᠠᠭᠴᠠ ᠲᠦᠭᠦᠬᠡᠢ ᠮᠠᠲᠧᠷᠢᠶᠠᠯ ᠪᠣᠯᠭᠠᠬᠤ ᠬᠡᠷᠡᠭᠲᠡᠢ᠂ ᠪᠤᠰᠤᠳ ᠲᠦᠭᠦᠬᠡᠢ ᠮᠠᠲᠧᠷᠢᠶᠠᠯ ᠨᠡᠮᠡᠵᠦ ᠪᠣᠯᠬᠤ ᠦᠭᠡᠢ ᠭᠡᠵᠦ ᠲᠤᠭᠲᠠᠭᠠᠵᠠᠢ᠃

 ᠲᠡᠮᠳᠡᠭ ᠎ᠦᠨ ᠵᠢᠷᠤᠮᠵᠢᠯ᠎ᠢ ᠤᠯᠠᠮ ᠴᠢᠩᠳᠠᠯᠠᠪᠠ᠃ ᠵᠠᠰᠠᠪᠤᠷᠢ ᠣᠷᠣᠭᠤᠯᠤᠭᠰᠠᠨ᠎ᠤ ᠳᠠᠷᠠᠭᠠᠬᠢ 《ᠪᠠᠷᠢᠮᠵᠢᠶ᠎ᠠ》᠎ᠳᠤ ᠠᠵᠤ ᠠᠬᠤᠢᠯᠠᠯ᠎ᠢ ᠦᠢᠯᠡᠳᠬᠦᠨ᠎ᠦ ᠪᠣᠭᠣᠳᠠᠯ ᠳᠡᠭᠡᠷ᠎ᠡ ᠪᠠᠨ ᠲᠦᠭᠦᠬᠡᠢ ᠮᠠᠲᠧᠷᠢᠶᠠᠯ᠎ᠤᠨ ᠮᠡᠳᠡᠭᠡ ᠵᠠᠩᠭᠢ᠎ᠶᠢ ᠦᠨᠡᠨ ᠮᠥᠨ᠎ᠢᠶᠡᠷ ᠨᠢ ᠲᠣᠳᠣᠷᠬᠠᠢᠯᠠᠵᠤ᠂ ᠬᠡᠷᠡᠭᠯᠡᠭᠴᠢᠳ᠎ᠲᠦ ᠦᠢᠯᠡᠳᠬᠦᠨ᠎ᠦ ᠦᠨᠡᠨ ᠪᠣᠳᠠᠲᠤ ᠰᠢᠨᠵᠢ ᠴᠢᠨᠠᠷ᠎ᠢ ᠲᠣᠳᠣᠷᠬᠠᠢ ᠣᠢᠯᠠᠭᠠᠭᠤᠯᠬᠤ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠠᠷᠠᠳ᠎ᠤᠨ ᠡᠳᠦᠷ᠎ᠦᠨ ᠰᠣᠨᠢᠨ᠎ᠤ ᠵᠢᠷᠭᠢᠶ᠎ᠡ᠂ ᠪᠡᠭᠡᠵᠢᠩ᠎ᠦᠨ ᠰᠣᠨᠢᠨ ᠮᠡᠳᠡᠭᠡ᠂ ᠳᠤᠮᠳᠠᠳᠤ ᠤᠯᠤᠰ᠎ᠤᠨ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ᠎ᠤ ᠨᠡᠢᠲᠡᠯᠡᠯ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号