9 ᠰᠠᠷ᠎ᠠ᠎ᠶᠢᠨ 17᠎ᠤ᠋ ᠡᠳᠦᠷ ᠂ ᠮᠠᠠ᠎ᠤ ᠤᠷᠤᠨ᠎ᠤ ᠠᠵᠦ ᠦᠢᠯᠡᠳᠪᠦᠷᠢ ᠪᠡ ᠮᠡᠳᠡᠬᠡ ᠵᠠᠩᠬᠢᠵᠢᠯᠳᠡ᠎ᠶᠢᠨ ᠰᠢᠰᠲᠧᠮ 2025 ᠣᠨ᠎ᠤ ᠤᠯᠤᠰ᠎ᠤᠨ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ ᠶ᠋ᠢᠨ ᠭᠠᠷᠠᠭ᠎ᠤᠨ ᠠᠵᠢᠯᠯᠠᠭ᠎ᠠ ᠶ᠋ᠢᠨ ᠬᠡᠷᠡᠭ᠌ᠵᠢᠭᠦᠯᠬᠦ᠌ ᠲᠥᠰᠦᠯ᠎ᠦᠨ ᠱᠠᠭᠠᠷᠳᠠᠯᠭ᠎ᠠ᠎ᠶ᠋ᠢ ᠦᠨᠳᠦᠰᠦᠯᠡᠨ᠂ ᠠᠵᠢᠯ᠎ᠤᠨ ᠪᠣᠳᠠᠲᠠᠶ᠎ᠲᠠᠶ᠎ᠪᠠᠨ ᠤᠶᠠᠯᠳᠤᠭᠤᠯᠤᠨ᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ ᠶ᠋ᠢᠨ ᠭᠠᠷᠠᠭ᠎ᠤᠨ ᠴᠢᠮᠡᠭᠡ ᠬᠤᠯᠪᠤᠭᠠᠨ᠎ᠤ ᠡᠳᠦᠷ᠎ᠤᠨ ᠠᠵᠢᠯᠯᠠᠭ᠎ᠠ ᠥᠷᠨᠢᠭᠦᠯᠪᠡ᠃
ᠦᠪᠡᠷᠳᠡᠭᠡᠨ ᠵᠠᠰᠠᠬᠤ ᠤᠷᠤᠨ᠎ᠤ ᠴᠢᠮᠡᠭᠡ ᠬᠣᠯᠪᠣᠭᠠᠨ᠎ᠤ ᠬᠠᠮᠢᠶᠠᠷᠤᠯᠲᠠ ᠶ᠋ᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠰᠠᠭᠤᠷᠢ ᠴᠠᠬᠢᠯᠭᠠᠨ ᠬᠣᠯᠪᠣᠭᠠᠨ᠎ᠤ ᠠᠵᠤ ᠠᠬᠤᠢᠯᠠᠯ᠎ᠲᠠᠶ ᠬᠠᠮᠲᠤ 《ᠰᠦᠯᠵᠢᠶᠡᠨ᠎ᠦ ᠠᠮᠤᠷ ᠲᠦᠪᠱᠢᠨ ᠠᠷᠠᠳ ᠲᠦᠮᠡᠨ᠎ᠦ ᠲᠥᠯᠥᠭᠡ᠂ ᠰᠦᠯᠵᠢᠶᠡᠨ᠎ᠦ ᠠᠮᠤᠷ ᠲᠦᠪᠱᠢᠨ ᠠᠷᠠᠳ ᠲᠦᠮᠡᠨ᠎ᠳᠦ ᠲᠦᠱᠢᠭ᠌ᠯᠡᠨ᠎ᠡ — ᠥᠨᠳᠥᠷ ᠲᠦᠪᠱᠢᠨ ᠪᠦᠬᠦᠢ ᠠᠮᠤᠷ ᠲᠦᠪᠱᠢᠨ᠎ᠢᠶᠡᠷ ᠴᠢᠨᠠᠷ ᠰᠠᠢᠲᠠᠶ ᠬᠥᠭ᠌ᠵᠢᠯᠲᠡ ᠶ᠋ᠢ ᠰᠠᠬᠢᠨ ᠬᠠᠮᠠᠭᠠᠯᠠᠶ᠎ᠠ》 ᠬᠡᠬᠦ ᠭᠤᠤᠯ ᠰᠡᠳᠦᠪ᠎ᠦᠨ ᠲᠣᠭᠣᠷᠢᠨ᠎ᠳᠤ᠂ ᠮᠡᠬᠡᠯᠡᠯ᠎ᠢ ᠡᠰᠡᠷᠭᠦᠴᠡᠬᠦ᠌ ᠨᠡᠢᠲᠡ ᠶ᠋ᠢᠨ ᠠᠰᠠᠷᠠᠮᠵᠢ ᠶ᠋ᠢᠨ ᠴᠢᠮᠡᠭᠡ ᠬᠣᠯᠪᠣᠭᠠᠨ᠎ᠤ ᠡᠳᠦᠷ᠎ᠦᠨ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ ᠶ᠋ᠢᠨ ᠲᠤᠬᠠᠶ ᠶ᠋ᠢᠨ ᠲᠠᠯᠠᠪᠠᠶ᠎ᠳᠤ᠂ ᠳᠣᠲᠣᠭᠠᠳᠤ ᠶ᠋ᠢ ᠬᠠᠮᠠᠭᠠᠯᠠᠬᠤ ᠠᠷᠠᠳ᠎ᠤᠨ ᠴᠠᠭ᠍ᠳᠠᠭ᠎ᠠ ᠴᠢᠮᠡᠭᠡ ᠬᠣᠯᠪᠣᠭ᠎ᠠ᠎ᠶᠢᠨ ᠰᠦᠯᠵᠢᠶᠡᠨ᠎ᠦ ᠮᠡᠬᠡᠯᠡᠯ᠎ᠦᠨ ᠬᠤᠤᠷ ᠬᠥᠨᠥᠭᠡᠯ ᠵᠢᠴᠢ ᠬᠡᠷᠡᠭ᠎ᠦᠨ ᠵᠢᠱ᠌ᠢᠶ᠎ᠡ ᠶ᠋ᠢ ᠠᠮᠢᠳᠤᠯᠢᠭ᠎ᠢᠶᠠᠷ ᠲᠠᠢᠯᠪᠤᠷᠢᠯᠠᠵᠠᠢ᠃ 《ᠨᠢᠭᠡ ᠦᠨᠡᠮᠯᠡᠯ᠎ᠢᠶᠡᠷ ᠨᠡᠢᠳᠡᠮ ᠪᠠᠢᠴᠠᠭᠠᠬᠤ》 ᠵᠢᠵᠢᠭ ᠫᠷᠤᠭ᠌ᠷᠠᠮ᠎ᠤᠨ ᠴᠢᠳᠠᠮᠵᠢ ᠶ᠋ᠢ ᠲᠠᠨᠢᠯᠴᠠᠭᠤᠯᠵᠤ᠂ ᠬᠠᠤᠯᠢ ᠪᠤᠰᠤ ᠡᠲᠡᠭᠡᠳ᠎ᠦᠨ ᠴᠠᠬᠢᠮ ᠮᠡᠳᠡᠭᠡ᠎ᠶᠢᠨ ᠬᠤᠤᠷ ᠬᠥᠨᠥᠭᠡᠯ ᠪᠠ ᠢᠯᠭᠠᠨ ᠲᠠᠨᠢᠬᠤ ᠠᠷᠭ᠎ᠠ ᠶ᠋ᠢ ᠲᠠᠢᠯᠪᠤᠷᠢᠯᠠᠵᠤ᠂ ᠡᠯ᠎ᠡ ᠰᠠᠭᠤᠷᠢ ᠴᠢᠮᠡᠭᠡ ᠬᠣᠯᠪᠣᠭᠠᠨ᠎ᠤ ᠠᠵᠤ ᠠᠬᠤᠢᠯᠠᠯ ᠠᠰᠠᠭᠤᠨ ᠯᠠᠪᠯᠠᠬᠤ ᠲᠠᠪᠴᠠᠩ ᠭᠠᠷᠭᠠᠵᠤ ᠂ ᠣᠯᠠᠨ ᠲᠦᠮᠡᠨ᠎ᠳᠦ ᠮᠡᠬᠡᠯᠡᠯ᠎ᠢ ᠡᠰᠡᠷᠭᠦᠴᠡᠬᠦ᠌ ᠭᠠᠷ ᠠᠪᠤᠯᠭ᠎ᠠ᠂ ᠵᠠᠷᠯᠠᠯ ᠵᠡᠷᠭᠡ ᠤᠬᠠᠭᠤᠯᠭ᠎ᠠ ᠶ᠋ᠢᠨ ᠮᠠᠲ᠋ᠧᠷᠢᠶᠠᠯ ᠲᠠᠷᠬᠠᠭᠠᠵᠠᠢ᠃ 《ᠤᠬᠠᠭᠤᠯᠤᠨ ᠲᠠᠢᠯᠪᠤᠷᠢᠯᠠᠬᠤ + ᠦᠵᠡᠭᠦᠯᠭᠡ + ᠬᠤᠷᠱᠢᠯᠴᠠᠭ᠎ᠠ》 ᠶ᠋ᠢᠨ ᠣᠯᠠᠨ ᠡᠱᠢᠵᠢᠭ᠌ᠰᠡᠨ ᠬᠡᠯᠪᠡᠷᠢ᠎ᠪᠡᠷ ᠳᠠᠮᠵᠢᠭᠤᠯᠤᠨ᠂ ᠴᠢᠮᠡᠭᠡ ᠬᠤᠯᠪᠤᠭᠠᠨ᠎ᠤ ᠮᠡᠬᠡᠯᠡᠯ᠎ᠦᠨ ᠪᠠᠢᠩᠭᠤ ᠲᠣᠬᠢᠶᠠᠯᠳᠤᠳᠠᠭ ᠬᠡᠯᠪᠡᠷᠢ᠂ ᠲᠡᠪᠴᠢᠬᠦ ᠠᠷᠭ᠎ᠠ᠂ ᠢᠯᠭᠠᠨ ᠲᠠᠨᠢᠬᠤ ᠠᠷᠭ᠎ᠠ ᠵᠠᠮ᠎ᠢ ᠬᠢᠯᠪᠠᠷ ᠣᠢᠯᠠᠭᠠᠮᠵᠢᠲᠠᠶ ᠶᠡᠷᠦ᠍ ᠶ᠋ᠢᠨ ᠮᠡᠳᠡᠯᠭᠡ ᠪᠣᠯᠭᠠᠨ ᠬᠤᠪᠢᠷᠠᠭᠤᠯᠵᠤ᠂ ᠣᠯᠠᠨ ᠲᠦᠮᠡᠨ᠎ᠦ ᠮᠡᠬᠡᠯᠡᠯ ᠢ ᠰᠡᠷᠭᠡᠢᠯᠡᠬᠦ᠌ ᠤᠬᠠᠮᠰᠠᠷ ᠪᠠ ᠮᠡᠬᠡᠯᠡᠯ ᠢ ᠤᠢᠯᠠᠭᠠᠵᠤ ᠮᠡᠳᠡᠬᠦ᠌ ᠴᠢᠳᠠᠪᠤᠷᠢ ᠶ᠋ᠢ ᠪᠦᠲᠦᠮᠵᠢᠲᠡᠶ ᠳᠡᠭᠡᠭ᠌ᠰᠢᠯᠡᠭᠦᠯᠪᠡ᠃
ᠱᠢᠯᠢ ᠶ᠋ᠢᠨ ᠭᠤᠤᠯ ᠠᠢᠮᠠᠭ᠎ᠤᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶ᠋ᠢᠨ ᠲᠣᠪᠴᠢᠶ᠎ᠠ 《2025 ᠣᠨ᠎ᠤ ᠤᠯᠤᠰ᠎ᠤᠨ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ ᠶ᠋ᠢᠨ ᠭᠠᠷᠠᠭ᠎ᠤᠨ ᠱᠢᠯᠢ ᠶ᠋ᠢᠨ ᠭᠤᠤᠯ ᠠᠢᠮᠠᠭ᠎ᠤᠨ ᠴᠠᠬᠢᠯᠭᠠᠨ ᠬᠣᠯᠪᠣᠭᠠᠨ᠎ᠤ ᠡᠳᠦᠷ᠎ᠦᠨ ᠠᠵᠢᠯᠯᠠᠭ᠎ᠠ ᠶ᠋ᠢᠨ ᠲᠥᠰᠦᠯ》 ᠢ᠋ ᠳᠠᠷᠤᠮᠠᠯᠯᠠᠨ ᠲᠠᠷᠬᠠᠭᠠᠵᠤ᠂ 13 ᠬᠣᠱᠢᠭᠤ ᠱᠢᠶᠠᠨ ᠬᠣᠲᠠ (ᠲᠣᠭᠣᠷᠢᠭ) ᠶ᠋ᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶ᠋ᠢᠨ ᠰᠠᠯᠠᠭ᠎ᠠ ᠮᠥᠴᠢᠷ ᠵᠢᠴᠢ ᠡᠯ᠎ᠡ ᠴᠢᠮᠡᠭᠡ ᠬᠣᠯᠪᠣᠭᠠᠨ᠎ᠤ ᠠᠵᠤ ᠠᠬᠤᠢᠯᠠᠯ᠎ᠢ ᠵᠣᠬᠢᠶᠠᠨ ᠪᠠᠢᠭᠤᠯ᠎ᠦᠨ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ ᠶ᠋ᠢᠨ ᠠᠵᠢᠯᠯᠠᠭ᠎ᠠ᠎ᠶ᠋ᠢ ᠴᠢᠨᠠᠷ ᠰᠠᠢᠲᠠᠶ ᠥᠷᠨᠢᠭᠦᠯᠵᠦ᠍᠂ 60 ᠭᠠᠷᠤᠢ ᠤᠳᠠᠭ᠎ᠠ ᠶ᠋ᠢᠨ ᠤᠬᠠᠭᠤᠯᠭ᠎ᠠ ᠶ᠋ᠢᠨ ᠠᠵᠢᠯᠯᠠᠭ᠎ᠠ ᠥᠷᠨᠢᠭᠦᠯᠵᠦ᠍᠂ 2000 ᠭᠠᠷᠤᠢ ᠬᠤᠪᠢ ᠤᠬᠠᠭᠤᠯᠭ᠎ᠠ ᠶ᠋ᠢᠨ ᠬᠠᠭᠤᠳᠠᠰᠤ ᠲᠠᠷᠬᠠᠭᠠᠵᠤ᠂ 100 ᠭᠠᠷᠤᠢ ᠬᠤᠪᠢ ᠤᠬᠠᠭᠤᠯᠭ᠎ᠠ ᠶ᠋ᠢᠨ ᠵᠠᠷᠯᠠᠯ ᠨᠠᠭᠠᠵᠤ᠂ 60 ᠭᠠᠷᠤᠢ ᠤᠬᠠᠭᠤᠯᠭ᠎ᠠ᠎ᠶᠢᠨ ᠪᠢᠴᠢᠭᠡᠰᠦ ᠡᠯᠭᠦᠵᠡᠢ᠃ ᠡᠭᠦᠨ᠎ᠦ ᠬᠠᠮᠲᠤ᠂ ᠵᠢᠷᠬᠢᠶ᠎ᠠ᠎ᠶᠢᠨ ᠣᠯᠠᠨ ᠨᠡᠢᠲᠡ ᠶ᠋ᠢᠨ ᠲᠠᠪᠴᠠᠡᠭ ᠵᠡᠷᠭᠡ ᠡᠯ᠎ᠡ ᠲᠥᠷᠥᠯ᠎ᠦᠨ ᠵᠠᠭᠤᠴᠢᠯᠠᠭᠤᠷ᠎ᠤᠨ ᠲᠠᠪᠴᠠᠩ᠎ᠢ ᠠᠱᠢᠭ᠍ᠯᠠᠨ ᠰᠦᠯᠵᠢᠶᠡᠨ᠎ᠦ ᠠᠮᠤᠷ ᠲᠦᠪᠱᠢᠨ᠎ᠦ ᠲᠤᠬᠠᠶ ᠵᠣᠬᠢᠶᠠᠯ ᠨᠡᠢᠲᠡᠯᠡᠵᠦ᠍᠂ ᠥᠷᠭᠡᠨ᠎ᠢᠶᠡᠷ ᠤᠬᠠᠭᠤᠯᠤᠨ᠂ ᠰᠦᠯᠵᠢᠶᠡᠨ᠎ᠦ ᠠᠮᠤᠷ ᠲᠦᠪᠱᠢᠨ ᠪᠠ ᠠᠵᠦ ᠦᠢᠯᠡᠳᠪᠦᠷᠢ᠎ᠶᠢᠨ ᠠᠦ᠋ᠲ᠋ᠤ᠋ ᠡᠵᠡᠮᠳᠡᠯ᠎ᠦᠨ ᠠᠮᠤᠷ ᠲᠦᠪᠱᠢᠨ᠎ᠦ ᠬᠠᠮᠢᠶ᠎ᠠ ᠪᠥᠬᠥᠶ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠲᠠᠨᠢᠯᠴᠠᠭᠤᠯᠤᠨ ᠬᠦᠷᠭᠡᠵᠦ᠍᠂ ᠰᠦᠯᠵᠢᠶᠡᠨ᠎ᠦ ᠠᠮᠤᠷ ᠲᠦᠪᠱᠢᠨ᠎ᠦ ᠮᠡᠳᠡᠯᠭᠡ᠎ᠶ᠋ᠢ ᠲᠦᠭᠡᠮᠡᠯᠵᠢᠭᠦᠯᠦᠨ᠂ ᠣᠯᠠᠨ ᠲᠦᠮᠡᠨ᠎ᠦ ᠰᠦᠯᠵᠢᠶᠡᠨ᠎ᠦ ᠠᠮᠤᠷ ᠲᠦᠪᠱᠢᠨ᠎ᠦ ᠤᠬᠠᠮᠰᠠᠷ ᠪᠠ ᠰᠡᠷᠭᠡᠢᠯᠡᠨ ᠬᠠᠮᠠᠭᠠᠯᠠᠬᠤ ᠤᠷ᠎ᠠ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠵᠠᠢ᠃
ᠪᠤᠭᠤᠲᠤ ᠬᠣᠲᠠ 9 ᠬᠣᠱᠢᠭᠤ ᠱᠢᠶᠠᠨ ᠲᠣᠭᠣᠷᠢᠭ᠎ᠤᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶ᠋ᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ 50 ᠭᠠᠷᠤᠶ ᠠᠵᠤ ᠠᠬᠤᠢᠯᠠᠯ᠎ᠢᠶᠡᠨ ᠵᠣᠬᠢᠶᠠᠨ ᠪᠠᠢᠭᠤᠯ᠎ᠦᠨ 《2025 ᠣᠨ᠎ᠤ ᠠᠵᠤ ᠦᠶ᠋ᠯᠡᠳᠪᠦᠷᠢ ᠶ᠋ᠢᠨ ᠠᠦ᠋ᠲ᠋ᠤ᠋ ᠡᠵᠡᠮᠳᠡᠯ᠎ᠤ᠋ᠨ ᠬᠦᠷᠢᠶᠡᠨ᠎ᠳᠡᠬᠢ ᠰᠦᠯᠵᠢᠶᠡᠨ᠎ᠦ ᠠᠮᠤᠷ ᠲᠦᠪᠱᠢᠨ᠎ᠦ ᠲᠤᠰᠭᠠᠶ ᠰᠡᠳᠦᠪᠲᠦ ᠪᠣᠯᠪᠠᠰᠤᠷᠠᠯ ᠵᠢᠴᠢ ᠠᠵᠤ ᠦᠶ᠋ᠯᠡᠳᠪᠦᠷᠢ ᠢᠨᠲ᠋ᠧᠷ ᠰᠦᠯᠵᠢᠶ᠎ᠡ᠎ᠶ᠋ᠢ ᠨᠢᠭᠡ ᠴᠣᠭ᠍ᠴᠠᠵᠢᠭᠤᠯᠤᠨ ᠬᠦᠷᠢᠶᠡᠯᠡᠩ ᠲᠣᠭᠣᠷᠢᠭ᠎ᠲᠤ ᠣᠷᠣᠭᠤᠯᠬᠤ 〈ᠵᠠᠭᠤᠨ ᠬᠣᠲᠠ ᠮᠢᠩᠭᠠᠨ ᠬᠦᠷᠢᠶᠡᠯᠡᠩ ᠲᠤᠭᠤᠷᠢᠭ᠎ᠤᠨ ᠠᠶᠠᠯᠠᠯ〉 ᠤ᠋ᠨ ᠠᠵᠢᠯᠯᠠᠭ᠎ᠠ》 ᠡᠷᠭᠢᠯᠡᠵᠠᠢ᠃ ᠠᠵᠢᠯ ᠲᠥᠷᠥᠯ᠎ᠦᠨ ᠲᠤᠰᠭᠠᠶ ᠮᠡᠷᠭᠡᠵᠢᠯᠲᠡᠨ᠎ᠢᠶᠡᠷ ᠳᠠᠮᠵᠢᠭᠤᠯᠤᠨ《ᠠᠵᠤ ᠦᠶ᠋ᠯᠡᠳᠪᠦᠷᠢ ᠶ᠋ᠢᠨ ᠡᠵᠡᠮᠳᠡᠬᠦ᠌ ᠱᠢᠰᠲ᠋ᠧᠮ᠎ᠦᠨ ᠰᠦᠯᠵᠢᠶᠡᠨ᠎ᠦ ᠠᠮᠤᠷ ᠲᠦᠪᠱᠢᠨ᠎ᠢ ᠬᠠᠮᠠᠭᠠᠯᠠᠬᠤ ᠵᠦᠭ᠌ᠯᠡᠭᠦᠷ》᠂ ᠠᠵᠤ ᠦᠶ᠋ᠯᠡᠳᠪᠦᠷᠢ ᠶ᠋ᠢᠨ ᠡᠵᠡᠮᠳᠡᠬᠦ᠌ ᠱᠢᠰᠲ᠋ᠧᠮ᠎ᠦᠨ ᠰᠦᠯᠵᠢᠶᠡᠨ᠎ᠦ ᠠᠮᠤᠷ ᠲᠦᠪᠱᠢᠨ᠎ᠦ ᠣᠳᠣᠬᠢ ᠪᠠᠢᠳᠠᠯ᠂ ᠭᠤᠤᠯ ᠪᠣᠯᠬᠤ ᠠᠶᠤᠯ ᠲᠦᠭ᠌ᠰᠢᠭᠦᠷᠢ ᠶ᠋ᠢᠨ ᠲᠥᠷᠥᠯ ᠬᠡᠯᠪᠡᠷᠢ ᠪᠠ ᠰᠡᠷᠭᠡᠢᠯᠡᠬᠦ᠌ ᠠᠷᠭ᠎ᠠ ᠬᠡᠮᠵᠢᠶ᠎ᠡ ᠵᠡᠷᠭᠡ ᠲᠤᠰᠭᠠᠶ ᠰᠡᠳᠦᠪ᠎ᠢᠶᠡᠷ ᠬᠢᠴᠢᠶᠡᠯᠯᠡᠵᠦ᠍᠂ ᠠᠵᠤ ᠠᠬᠤᠢᠯᠠᠯ᠎ᠤᠨ ᠬᠠᠷᠢᠭᠤᠴᠠᠯᠭᠠᠳᠠᠨ ᠤ ᠰᠦᠯᠵᠢᠶᠡᠨ᠎ᠦ ᠠᠮᠤᠷ ᠲᠦᠪᠱᠢᠨ᠎ᠢ ᠭᠦᠨᠵᠡᠭᠡᠶ ᠲᠠᠨᠢᠨ ᠮᠡᠳᠡᠬᠦ᠌᠎ᠶ᠋ᠢ ᠳᠡᠭᠡᠭ᠌ᠰᠢᠯᠡᠭᠦᠯᠵᠦ᠍᠂ ᠠᠵᠤ ᠦᠶ᠋ᠯᠡᠳᠪᠦᠷᠢ ᠶ᠋ᠢᠨ ᠢᠨᠲ᠋ᠧᠷ ᠰᠦᠯᠵᠢᠶᠡᠨ᠎ᠦ ᠬᠡᠷᠡᠭ᠌ᠯᠡᠯᠲᠡ᠂ ᠮᠡᠷᠭᠡᠵᠢᠯ᠂ ᠲᠥᠷᠥ ᠶ᠋ᠢᠨ ᠪᠣᠳᠣᠯᠭ᠎ᠠ᠂ ᠰᠦᠯᠵᠢᠶᠡᠨ᠎ᠦ ᠠᠮᠤᠷ ᠲᠦᠪᠱᠢᠨ᠎ᠦ ᠱᠢᠰᠲ᠋ᠧᠮ᠎ᠢ ᠬᠦᠷᠢᠶᠡᠯᠡᠩ ᠲᠣᠭᠣᠷᠢᠭ᠎ᠲᠤ ᠲᠦᠭᠡᠮᠡᠯᠵᠢᠭᠦᠯᠦᠨ ᠳᠡᠯᠭᠡᠷᠡᠭᠦᠯᠬᠦ᠌᠎ᠶ᠋ᠢ ᠠᠬᠢᠭᠤᠯᠵᠠᠢ᠃