9 ᠰᠠᠷ᠎ᠠ ᠢ᠋ᠢᠨ 17᠎ᠤ᠋ ᠡᠲᠦᠷ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ 《ᠰᠦᠯᠵᠢᠶᠡᠨ᠎ᠦ ᠬᠠᠤᠯᠢ ᠡᠴᠡ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠰᠦᠯᠵᠢᠶᠡᠨ᠎ᠦ ᠣᠷᠣᠨ ᠵᠠᠢ᠎ᠶᠢᠨ ᠠᠮᠤᠷ ᠲᠦᠪᠰᠢᠨ᠎ᠢ ᠬᠠᠮᠠᠭᠠᠯᠠᠬᠤ》ᠰᠣᠨᠢᠨ ᠮᠡᠳᠡᠭᠡ ᠨᠡᠢᠲᠡᠯᠡᠬᠦ ᠬᠤᠷᠠᠯ ᠬᠤᠷᠠᠯᠳᠤᠭᠤᠯᠵᠤ᠂ ᠪᠦᠬᠦ ᠤᠷᠤᠨ᠎ᠤ ᠲᠤᠲᠤᠭᠠᠲᠦ ᠵᠢ ᠬᠠᠮᠠᠭᠠᠯᠠᠬᠤ ᠪᠠᠢᠭᠤᠯᠭ᠎ᠠ ᠢ᠋ᠢᠨ ᠦᠷᠨᠢᠭᠦᠯᠦᠭᠰᠡᠨ《ᠰᠦᠯᠵᠢᠶ᠎ᠡ ᠵᠢ ᠴᠡᠪᠡᠷᠰᠢᠭᠦᠯᠬᠦ》᠂ 《ᠰᠦᠯᠵᠢᠶ᠎ᠡ ᠵᠢ ᠬᠠᠮᠠᠭᠠᠯᠠᠬᠤ》 ᠵᠡᠷᠭᠡ ᠲᠤᠰᠬᠠᠢ ᠠᠵᠢᠯᠯᠠᠭ᠎ᠠ ᠢ᠋ᠢᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠵᠢᠴᠢ ᠤᠯᠤᠬᠰᠠᠨ ᠠᠵᠢᠯ᠎ᠤᠨ ᠦᠷ᠎ᠡ ᠪᠦᠲᠦᠮᠵᠢ ᠵᠢ ᠵᠠᠷᠯᠠᠨ ᠮᠡᠲᠡᠭᠲᠡᠪᠡ᠃
ᠲᠠᠨᠢᠯᠴᠠᠭᠤᠯᠤᠬᠰᠠᠨ ᠢ᠋ᠢᠡᠷ᠂ ᠪᠦᠬᠦ ᠣᠷᠣᠨ᠎ᠤ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠰᠦᠯᠵᠢᠶᠡᠨ᠎ᠦ ᠠᠮᠤᠷ ᠲᠦᠪᠰᠢᠨ᠎ᠦ ᠰᠠᠯᠠᠭ᠎ᠠ ᠮᠥᠴᠢᠷ᠎ᠦᠨ ᠬᠢᠨ 《ᠰᠦᠯᠵᠢᠶ᠎ᠡ ᠵᠢ ᠴᠡᠪᠡᠷᠰᠢᠭᠦᠯᠬᠦ》 ᠲᠤᠰᠬᠠᠢ ᠠᠵᠢᠯᠯᠠᠭ᠎ᠠ᠎ᠳᠤ ᠲᠦᠰᠢᠭᠯᠡᠨ᠂ ᠰᠦᠯᠵᠢᠶᠡᠨ᠎ᠦ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠰᠦᠯᠵᠢᠶᠡᠨ᠎ᠦ ᠣᠷᠣᠨ ᠵᠠᠢ᠎ᠶᠢᠨ ᠡᠮᠬᠢ ᠵᠢᠷᠤᠮ᠎ᠢ ᠬᠠᠮᠠᠭᠠᠯᠠᠪᠠ᠃ ᠡᠨᠡ ᠵᠢᠯ᠎ᠡᠴᠡ ᠨᠠᠭᠠᠰᠢ᠂ ᠪᠥᠬᠥ ᠣᠷᠣᠨ᠎ᠤ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠨᠤᠭᠤᠳ ᠰᠦᠯᠵᠢᠶᠡᠨ᠎ᠤ ᠴᠤᠤᠷᠬᠠᠯ᠎ᠤᠨ ᠰᠦᠪᠡᠭᠴᠢ᠎ᠶᠢ ᠨᠡᠶ᠋ᠢᠲᠡ 2029 ᠢᠯᠡᠷᠡᠭᠦᠯᠵᠦ᠂ ᠰᠦᠯᠵᠢᠶᠡᠨ᠎ᠤ ᠴᠤᠤᠷᠬᠠᠯ᠎ᠤᠨ ᠬᠡᠷᠡᠭ᠎ᠢ 1400 ᠭᠠᠷᠤᠢ ᠪᠠᠢᠴᠠᠭᠠᠨ ᠰᠢᠢᠳᠪᠦᠷᠢᠯᠡᠵᠦ᠂ ᠬᠠᠤᠯᠢ ᠲᠣᠭᠲᠠᠭᠠᠯ ᠡᠴᠡ ᠵᠥᠷᠢᠴᠡᠭᠰᠡᠨ 71 ᠲᠠᠩᠰᠠᠨ ᠨᠣᠮᠧᠷ᠎ᠢ ᠵᠣᠭᠰᠣᠭᠠᠪᠠ᠃ ᠡᠭᠦᠨ᠎ᠳᠤ᠂ 8 ᠡᠷᠡᠭᠦᠦ ᠶ᠋ᠢᠨ ᠬᠡᠷᠡᠭ ᠢ᠋ ᠳᠡᠩᠨᠡᠨ ᠰᠢᠢᠳᠪᠦᠷᠢᠯᠡᠵᠦ᠂ 8 ᠬᠥᠮᠥᠨ᠎ᠳᠦ ᠡᠷᠡᠭᠦᠦ ᠶ᠋ᠢᠨ ᠬᠡᠷᠡᠭ᠎ᠦᠨ ᠠᠯᠪᠠᠳᠠᠯᠭ᠎ᠠ ᠶ᠋ᠢᠨ ᠠᠷᠭ᠎ᠠ ᠬᠡᠮᠵᠢᠶ᠎ᠡ ᠠᠪᠴᠠᠢ; 160 ᠵᠠᠰᠠᠭ ᠵᠠᠬᠢᠷᠭᠠᠨ᠎ᠤ ᠬᠡᠷᠡᠭ᠎ᠢ ᠰᠢᠢᠳᠪᠦᠷᠢᠯᠡᠵᠦ᠂ 161 ᠬᠥᠮᠥᠨ᠎ᠢ ᠵᠠᠰᠠᠭ ᠵᠠᠬᠢᠷᠭᠠᠨ᠎ᠤ ᠰᠢᠢᠳᠬᠡᠯ᠎ᠢᠶᠡᠷ ᠰᠢᠢᠳᠬᠡᠪᠡ; ᠬᠠᠤᠯᠢ᠎ᠡᠴᠡ ᠵᠥᠷᠢᠴᠡᠭᠰᠡᠨ ᠦᠢᠯᠡ ᠪᠠᠢᠳᠠᠯ ᠨᠢ ᠬᠥᠩᠭᠡᠪᠲᠦᠷ 1300 ᠭᠠᠷᠤᠢ ᠬᠥᠮᠥᠨ᠎ᠢ ᠰᠢᠭᠦᠮᠵᠢᠯᠡᠨ ᠰᠤᠷᠭᠠᠪᠠ᠃
ᠪᠦᠬᠦ ᠣᠷᠣᠨ᠎ᠤ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠰᠦᠯᠵᠢᠶᠡᠨ᠎ᠦ ᠠᠮᠤᠷ ᠲᠦᠪᠰᠢᠨ᠎ᠦ ᠰᠠᠯᠠᠭ᠎ᠠ ᠮᠥᠴᠢᠷ᠎ᠦᠨ ᠬᠢᠨ ᠰᠦᠯᠵᠢᠶ᠎ᠡ ᠪᠠ ᠲᠣᠭ᠎ᠠ ᠪᠠᠷᠢᠮᠲᠠ᠎ᠶᠢᠨ ᠠᠮᠤᠷ ᠲᠦᠪᠰᠢᠨ᠎ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠬᠦᠢᠴᠡᠳᠭᠡᠵᠦ᠂ 《ᠰᠦᠯᠵᠢᠶ᠎ᠡ ᠵᠢ ᠬᠠᠮᠠᠭᠠᠯᠠᠬᠤ》ᠰᠢᠷᠢᠰ ᠲᠤᠰᠬᠠᠢ ᠠᠵᠢᠯᠯᠠᠭ᠎ᠠ ᠳᠤ ᠲᠦᠰᠢᠭᠯᠡᠨ᠂ ᠰᠦᠯᠵᠢᠶᠡᠨ᠎ᠤ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ ᠬᠠᠮᠠᠭᠠᠯᠠᠯᠲᠠ᠎ᠶᠢ ᠴᠢᠩᠭᠠᠳᠬᠠᠵᠤ᠂ ᠰᠦᠯᠵᠢᠶᠡᠨ᠎ᠦ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠪᠡ᠃ ᠡᠨᠡ ᠵᠢᠯ᠎ᠡᠴᠡ ᠨᠠᠭᠠᠰᠢ᠂ ᠪᠥᠬᠥ ᠣᠷᠣᠨ᠎ᠤ ᠭᠤᠷᠪᠠᠨ ᠱᠠᠲᠤᠨ᠎ᠤ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠰᠦᠯᠵᠢᠶᠡᠨ᠎ᠦ ᠠᠮᠤᠷ ᠲᠦᠪᠰᠢᠨ᠎ᠦ ᠰᠠᠯᠠᠭ᠎ᠠ ᠮᠥᠴᠢᠷ ᠨᠡᠶ᠋ᠢᠲᠡ 3653 ᠤᠳᠠᠭ᠎ᠠ ᠰᠦᠯᠵᠢᠶᠡᠨ᠎ᠦ ᠠᠮᠤᠷ ᠲᠦᠪᠰᠢᠨ᠎ᠦ ᠬᠢᠨᠠᠯᠲᠠ ᠪᠠᠢᠴᠠᠭᠠᠯᠲᠠ ᠥᠷᠨᠢᠭᠦᠯᠵᠦ᠂ 4804 ᠬᠡᠮ ᠰᠣᠭᠣᠭ᠎ᠢ ᠴᠡᠭᠴᠡᠯᠡᠨ ᠰᠠᠢᠵᠢᠷᠠᠭᠤᠯᠵᠤ᠂ 421 ᠵᠠᠰᠠᠭ ᠵᠠᠬᠢᠷᠭᠠᠨ᠎ᠤ ᠬᠡᠷᠡᠭ᠎ᠢ ᠰᠢᠢᠳᠪᠦᠷᠢᠯᠡᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠬᠦ᠎ᠪᠡᠷ ᠵᠠᠷᠯᠢᠭ᠍ᠳᠠᠭᠰᠠᠨ ᠮᠡᠳᠡᠭᠳᠡᠯ᠎ᠦᠨ ᠪᠢᠴᠢᠭ ᠢ 1158 ᠬᠤᠪᠢ ᠪᠠᠭᠤᠯᠭᠠᠵᠤ᠂ ᠳᠣᠲᠣᠭᠠᠳᠤ᠎ᠶᠢ ᠬᠠᠮᠠᠭᠠᠯᠠᠬᠤ ᠲᠦᠭᠰᠢᠭᠦᠷᠢ᠎ᠶᠢᠨ ᠰᠠᠨᠠᠭᠤᠯᠤᠮᠵᠢ ᠶᠢᠨ ᠵᠠᠬᠢᠳᠠᠯ ᠢ 2118 ᠬᠤᠪᠢ ᠪᠠᠭᠤᠯᠭᠠᠵᠤ᠂ ᠪᠥᠬᠥ ᠣᠷᠣᠨ᠎ᠤ ᠰᠦᠯᠵᠢᠶ᠎ᠡ ᠪᠠ ᠲᠣᠭ᠎ᠠ ᠪᠠᠷᠢᠮᠲᠠ᠎ᠶᠢᠨ ᠠᠮᠤᠷ ᠲᠦᠪᠰᠢᠨ ᠢ ᠬᠦᠴᠦᠲᠡᠢ ᠪᠠᠲᠤᠯᠠᠪᠠ; ᠤᠯᠠᠨ ᠵᠦᠢᠯ᠎ᠦᠨ ᠬᠡᠯᠪᠡᠷᠢ᠎ᠪᠡᠷ ᠰᠦᠯᠵᠢᠶᠡᠨ᠎ᠦ ᠠᠮᠤᠷ ᠲᠦᠪᠰᠢᠨ᠎ᠦ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶᠢ ᠥᠷᠭᠡᠨ ᠳᠡᠯᠭᠡᠷᠡᠩᠭᠦᠢ ᠥᠷᠨᠢᠭᠦᠯᠵᠦ᠂ ᠤᠯᠠᠨ ᠲᠦᠮᠡᠨ᠎ᠦ ᠰᠦᠯᠵᠢᠶᠡᠨ᠎ᠦ ᠠᠮᠤᠷ ᠲᠦᠪᠰᠢᠨ᠎ᠦ ᠤᠬᠠᠮᠰᠠᠷ ᠪᠠ ᠰᠡᠷᠭᠡᠢᠯᠡᠨ ᠬᠠᠮᠠᠭᠠᠯᠠᠬᠤ ᠤᠷ᠎ᠠ ᠴᠢᠲᠠᠪᠤᠷᠢ ᠵᠢ ᠦᠨᠡᠨᠬᠦ ᠲᠡᠭᠡᠭᠰᠢᠯᠡᠭᠦᠯᠪᠡ᠃ ᠡᠨᠡ ᠵᠢᠯ᠎ᠡᠴᠡ ᠨᠠᠭᠠᠰᠢ᠂ ᠰᠦᠯᠵᠢᠶᠡᠨ᠎ᠦ ᠠᠮᠤᠷ ᠲᠦᠪᠰᠢᠨ᠎ᠦ ᠰᠣᠨᠢᠨ ᠮᠡᠳᠡᠭᠡᠨ᠎ᠦ ᠤᠬᠠᠭᠤᠯᠭ᠎ᠠ᠎ᠶᠢᠨ ᠡᠬᠡ ᠪᠢᠴᠢᠭ ᠢ ᠨᠡᠶ᠋ᠢᠲᠡ 500 ᠭᠠᠷᠤᠢ ᠬᠤᠪᠢ ᠨᠡᠢᠲᠡᠯᠡᠵᠦ᠂ ᠤᠩᠰᠢᠭ᠍ᠰᠠᠨ ᠬᠡᠮᠵᠢᠶ᠎ᠡ ᠨᠢ ᠨᠡᠶ᠋ᠢᠲᠡ 245 ᠲᠦᠮᠡᠨ ᠬᠥᠮᠥᠨ ᠤᠳᠠᠭ᠎ᠠ᠎ᠶᠢ ᠳᠠᠪᠠᠵᠤ᠂ ᠳᠡᠩᠨᠡᠨ ᠰᠢᠢᠳᠪᠦᠷᠢᠯᠡᠭᠰᠡᠨ 2 ᠬᠡᠷᠡᠭ ᠨᠢ ᠳᠣᠲᠣᠭᠠᠳᠤ᠎ᠶᠢ ᠬᠠᠮᠠᠭᠠᠯᠠᠬᠤ ᠶᠠᠮᠤᠨ᠎ᠤ ᠪᠥᠬᠥ ᠤᠯᠤᠰ᠎ᠤᠨ ᠰᠦᠯᠵᠢᠶᠡᠨ ᠳᠡᠭᠡᠷᠡᠬᠢ ᠴᠤᠤᠷᠬᠠᠯ᠎ᠤᠨ ᠨᠡᠢᠲᠡᠯᠢᠭ ᠬᠡᠷᠡᠭ᠎ᠦᠨ ᠵᠢᠱ᠌ᠢᠶ᠎ᠡ ᠪᠡᠷ ᠰᠣᠩᠭᠣᠭᠳᠠᠨ᠂ 8 ᠬᠡᠷᠡᠭ᠎ᠢ ᠤᠯᠤᠰ᠎ᠤᠨ ᠲᠠᠰ᠎ᠤᠨ ᠡᠷᠬᠡ ᠰᠦᠷᠲᠦ ᠵᠠᠭᠤᠴᠢᠯᠠᠭᠤᠷ᠎ᠤᠨ ᠬᠢᠨ ᠥᠷᠭᠡᠨ᠎ᠢᠶᠡᠷ ᠤᠬᠠᠭᠤᠯᠤᠨ ᠮᠡᠳᠡᠭᠡᠯᠡᠵᠦ᠂ ᠤᠬᠠᠭᠤᠯᠭ᠎ᠠ ᠶᠢᠨ ᠮᠠᠲᠧᠷᠢᠶᠠᠯ ᠢ ᠨᠡᠶ᠋ᠢᠲᠡ 30 ᠲᠦᠮᠡᠨ ᠬᠤᠪᠢ ᠲᠠᠷᠬᠠᠭᠠᠵᠤ᠂ 7.8 ᠲᠦᠮᠡᠨ ᠬᠦᠮᠦᠨ ᠤᠳᠠᠭ᠎ᠠ ᠢ᠋ᠢᠨ ᠣᠯᠠᠨ ᠲᠦᠮᠡᠨ᠎ᠦ ᠠᠰᠠᠭᠤᠨ ᠯᠠᠪᠯᠠᠭ᠎ᠠ᠎ᠶᠢ ᠬᠦᠯᠢᠶᠡᠨ ᠠᠪᠴᠠᠢ᠃