《ᠳᠤᠮᠳᠠᠳᠤ ᠤᠯᠤᠰ᠎ᠤᠨ ᠲᠥᠰᠦᠯ》 ᠡᠴᠡ 《ᠪᠦᠬᠦ᠌ ᠪᠥᠮᠪᠥᠷᠴᠡᠭ᠎ᠦᠨ ᠬᠠᠮᠲᠤᠷᠠᠯ ᠬᠦᠴᠦᠨ》 ᠬᠦᠷᠲᠡᠯ᠎ᠡ ᠠᠷᠪᠠᠳᠤᠭᠠᠷ ᠬᠤᠭᠤᠴᠠᠭᠠᠨ᠎ᠤ ᠬᠥᠪᠴᠢ ᠤᠯᠠᠨ ᠤᠯᠤᠰ᠎ᠤᠨ ᠡᠯᠡᠰᠦᠨ᠎ᠦ ᠶᠠᠷᠢᠶᠠᠨ᠎ᠤ ᠲᠠᠪᠴᠠᠩ ᠴᠦᠯᠯᠡᠷᠭᠡᠭ᠌ᠵᠢᠯ ᠎ᠢ ᠰᠡᠷᠭᠡᠢᠯᠡᠨ ᠵᠠᠰᠠᠬᠤ ᠱᠢᠨ᠎ᠡ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠪᠠ
2025-09-18 10:09:57
ᠵᠣᠬᠢᠶᠠᠭ᠍ᠴᠢ᠄
ᠵᠠᠩ ᠬᠤᠢ ᠯᠢᠩ ᠬᠠᠨ ᠱᠢᠤᠸᠠᠢ ᠷᠦ᠋ ᠮᠤᠤ ᠺᠠᠢ ᠶᠠᠨ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 17 ᠤ᠋ ᠡᠳᠦᠷ᠂ 2 ᠡᠳᠦᠷ᠎ᠦᠨ ᠬᠤᠭᠤᠴᠠᠭ᠎ᠠ᠎ᠲᠠᠶ ᠶᠠᠪᠤᠭᠳᠠᠭᠰᠠᠨ ᠠᠷᠪᠠᠳᠤᠭᠠᠷ ᠬᠤᠭᠤᠴᠠᠭᠠᠨ᠎ᠤ ᠬᠥᠪᠴᠢ ᠤᠯᠠᠨ ᠤᠯᠤᠰ᠎ᠤᠨ ᠡᠯᠡᠰᠦᠨ᠎ᠦ ᠶᠠᠷᠢᠶᠠᠨ᠎ᠤ ᠲᠠᠪᠴᠠᠩ ᠤᠷᠳᠤᠰ ᠬᠤᠳᠠ᠎ᠳᠤ ᠲᠡᠭᠦᠰᠪᠡ᠃ ᠲᠡᠭᠦᠰᠭᠦ ᠶᠣᠰᠣᠯᠠᠯ ᠳᠡᠭᠡᠷ᠎ᠡ᠂ 《ᠳᠤᠮᠳᠠᠳᠤ ᠤᠯᠤᠰ — ᠲᠤᠮᠳᠠ ᠠᠽᠢᠶ᠎ᠠ᠎ᠶ᠋ᠢᠨ ᠴᠦᠯᠯᠡᠷᠭᠡᠭ᠌ᠵᠢᠯ ᠎ᠢ ᠰᠡᠷᠭᠡᠢᠯᠡᠨ ᠵᠠᠰᠠᠬᠤ ᠬᠠᠮᠲᠤᠷᠠᠯᠴᠠᠭᠠᠨ᠎ᠤ ᠬᠠᠨᠢᠲᠠᠨ᠎ᠤ ᠰᠠᠨᠠᠭᠠᠴᠢᠯᠠᠭ᠎ᠠ》᠂ 《ᠪᠦᠬᠦ᠌ ᠪᠥᠮᠪᠥᠷᠴᠡᠭ᠎ᠦᠨ ᠴᠦᠯᠯᠡᠷᠭᠡᠭ᠌ᠵᠢᠯ ᠎ᠢ ᠬᠢᠨᠠᠨ ᠬᠡᠮᠵᠢᠬᠦ᠌ ᠪᠠ ᠲᠣᠭᠠᠴᠢᠯᠠᠭ᠍ᠰᠠᠨ ᠵᠠᠰᠠᠯᠲᠠ᠎ᠶ᠋ᠢᠨ ᠰᠠᠨᠠᠭᠠᠴᠢᠯᠠᠭ᠎ᠠ》 ᠭᠡᠬᠦ ᠬᠣᠶᠠᠷ ᠰᠠᠨᠠᠭᠠᠴᠢᠯᠠᠭ᠎ᠠ ᠪᠣᠯᠤᠨ 《ᠠᠷᠪᠠᠳᠤᠭᠠᠷ ᠬᠤᠭᠤᠴᠠᠭᠠᠨ᠎ᠤ ᠬᠥᠪᠴᠢ ᠤᠯᠠᠨ ᠤᠯᠤᠰ᠎ᠤᠨ ᠡᠯᠡᠰᠦᠨ ᠎ᠦ ᠶᠠᠷᠢᠶᠠᠨ᠎ᠤ ᠲᠠᠪᠴᠠᠩ᠎ᠤᠨ ᠬᠠᠮᠲᠤ᠎ᠶ᠋ᠢᠨ ᠲᠠᠨᠢᠯᠲᠠ》 ᠵᠢ ᠨᠡᠢᠲᠡᠯᠡᠵᠦ᠍᠂ ᠪᠦᠬᠦ᠌ ᠪᠥᠮᠪᠥᠷᠴᠡᠭ᠎ᠦᠨ ᠴᠦᠯᠯᠡᠷᠭᠡᠭ᠌ᠵᠢᠯ ᠎ᠢ ᠰᠡᠷᠭᠡᠢᠯᠡᠨ ᠵᠠᠰᠠᠬᠤ᠎ᠳᠤ ᠱᠢᠨ᠎ᠡ ᠬᠦᠴᠦᠨ ᠎ᠢ ᠨᠢᠭ᠍ᠲᠠᠷᠠᠭᠤᠯᠵᠤ᠂ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠪᠡ᠃

《ᠳᠤᠮᠳᠠᠳᠤ ᠤᠯᠤᠰ — ᠲᠤᠮᠳᠠ ᠠᠽᠢᠶ᠎ᠠ᠎ᠶ᠋ᠢᠨ ᠴᠦᠯᠯᠡᠷᠭᠡᠭ᠌ᠵᠢᠯ ᠎ᠢ ᠰᠡᠷᠭᠡᠢᠯᠡᠨ ᠵᠠᠰᠠᠬᠤ ᠬᠠᠮᠲᠤᠷᠠᠯᠴᠠᠭᠠᠨ᠎ᠤ ᠬᠠᠨᠢᠲᠠᠨ᠎ᠤ ᠰᠠᠨᠠᠭᠠᠴᠢᠯᠠᠭ᠎ᠠ》 ᠨᠢ ᠳᠤᠮᠳᠠᠳᠤ ᠤᠯᠤᠰ ᠪᠣᠯᠤᠨ ᠳᠤᠮᠳᠠ ᠠᠽᠢᠶ᠎ᠠ᠎ᠶ᠋ᠢᠨ ᠤᠯᠤᠰ᠎ᠤᠳ᠎ᠲᠤ ᠴᠦᠮ ᠲᠤᠯᠭᠠᠷᠠᠵᠤ ᠪᠠᠢᠭ᠎ᠠ ᠴᠦᠯᠯᠡᠷᠭᠡᠭ᠌ᠵᠢᠯ᠎ᠤᠨ ᠬᠡᠪᠴᠢᠶ᠎ᠡ ᠦᠷᠭᠡᠳᠬᠦ᠂ ᠤᠷᠭᠤᠮᠠᠯ᠎ᠤᠨ ᠬᠤᠴᠢᠯᠭ᠎ᠠ ᠮᠠᠭᠤᠳᠠᠬᠤ᠂ ᠤᠰᠤᠨ᠎ᠤ ᠡᠬᠢ ᠪᠠᠶᠠᠯᠢᠭ ᠳᠤᠲᠠᠭ᠍ᠳᠠᠬᠤ ᠵᠡᠷᠭᠡ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠮᠲᠤᠷᠠᠯᠴᠠᠭᠠᠨ᠎ᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠂ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠪᠠᠢᠭᠤᠯᠬᠤ᠂ ᠰᠣᠯᠢᠯᠴᠠᠭᠠᠨ᠎ᠤ ᠲᠠᠪᠴᠠᠩ ᠪᠠᠢᠭᠤᠯᠬᠤ᠂ ᠮᠡᠷᠭᠡᠵᠢᠯ᠎ᠦᠨ ᠵᠢᠱ᠌ᠢᠢ᠎ᠡ ᠦᠵᠡᠭᠦᠯᠬᠦ᠌᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠶ᠋ᠢ ᠳᠠᠢᠴᠢᠯᠠᠬᠤ ᠵᠡᠷᠭᠡ 5 ᠲᠠᠯ᠎ᠠ᠎ᠡᠴᠡ ᠰᠠᠨᠠᠭᠠᠴᠢᠯᠠᠭ᠎ᠠ ᠭᠠᠷᠭᠠᠪᠠ᠃

ᠳᠤᠮᠳᠠᠳᠤ ᠤᠯᠤᠰ — ᠳᠤᠮᠳᠠ ᠠᠽᠢᠶ᠎ᠠ᠎ᠶ᠋ᠢᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠬᠠᠮᠲᠤᠷᠠᠯᠴᠠᠭᠠᠨ᠎ᠤ ᠲᠥᠪ᠎ᠦᠨ ᠬᠠᠷᠢᠭᠤᠴᠠᠯᠭᠠᠲᠠᠨ ᠹᠸᠩ ᠵᠠᠨ ᠸᠸᠨ᠂ ᠨᠡᠩ ᠤᠯᠠᠨ ᠤᠯᠤᠰ ᠪᠣᠯᠤᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠶᠡᠬᠡ ᠳᠡᠭᠡᠳᠦ ᠰᠤᠷᠭᠠᠭᠤᠯᠢ᠂ ᠤᠯᠠᠨ ᠤᠯᠤᠰ᠎ᠤᠨ ᠵᠣᠬᠢᠶᠠᠨ ᠪᠠᠢᠭᠤᠯᠤᠯᠲᠠ ᠪᠣᠯᠤᠨ ᠣᠷᠣᠨ ᠪᠦᠰᠡ᠎ᠶ᠋ᠢᠨ ᠪᠠᠢᠭᠤᠯᠤᠮᠵᠢ ᠡᠴᠡ ᠲᠤᠰ ᠰᠠᠨᠠᠭᠠᠴᠢᠯᠠᠭ᠎ᠠ᠎ᠶ᠋ᠢ ᠲᠡᠮᠵᠢᠵᠥ᠍᠂ 《ᠳᠤᠮᠳᠠᠳᠤ ᠤᠯᠤᠰ — ᠲᠤᠮᠳᠠ ᠠᠽᠢᠶ᠎ᠠ᠎ᠶ᠋ᠢᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠬᠠᠨᠢᠲᠠᠨ᠎ᠤ ᠬᠠᠷᠢᠯᠴᠠᠭ᠎ᠠ》 ᠵᠢ ᠪᠠᠢᠭᠤᠯᠬᠤ᠎ᠪᠠᠷ ᠳᠠᠮᠵᠢᠨ᠂ ᠨᠡᠩ ᠬᠦᠴᠦᠷᠬᠡᠭ ᠬᠠᠮᠲᠤᠷᠠᠯ ᠬᠦᠴᠦᠨ ᠎ᠢ ᠨᠢᠭ᠍ᠲᠠᠷᠠᠭᠤᠯᠵᠤ᠂ ᠨᠡᠩ ᠱᠢᠯᠢᠳᠡᠭ ᠤᠶᠤᠨ ᠤᠬᠠᠭᠠᠨ᠎ᠢ ᠬᠤᠪᠢᠶᠠᠯᠴᠠᠵᠤ᠂ ᠪᠣᠳᠠᠲᠠᠢ᠎ᠶ᠋ᠢ ᠡᠷᠬᠢᠮᠯᠡᠭ᠌ᠰᠡᠨ ᠠᠵᠢᠯᠯᠠᠭ᠎ᠠ ᠠᠪᠴᠤ᠌᠂ ᠴᠦᠯᠯᠡᠷᠭᠡᠭ᠌ᠵᠢᠯ᠎ᠤᠨ ᠦᠷᠢᠰᠦᠯᠳᠦᠭᠡᠨ ᠎ᠢ ᠪᠣᠬᠢᠷᠲᠤᠯ ᠦᠭᠡᠢ ᠪᠠᠷ ᠬᠥᠭ᠌ᠵᠢᠬᠦᠯᠬᠦ ᠠᠵᠠ ᠲᠣᠬᠢᠶᠠᠯ ᠪᠣᠯᠭᠠᠨ ᠬᠤᠪᠢᠷᠠᠭᠤᠯᠬᠤ᠎ᠶ᠋ᠢ ᠤᠷᠢᠶᠠᠯᠠᠵᠤ ᠪᠠᠢᠨ᠎ᠠ ᠭᠡᠵᠦ᠍ ᠢᠯᠡᠳᠭᠡᠪᠡ᠃

《ᠪᠦᠬᠦ ᠪᠥᠮᠪᠥᠷᠴᠡᠭ᠎ᠦᠨ ᠴᠦᠯᠯᠡᠷᠭᠡᠭᠵᠢᠯ ᠎ᠢ ᠬᠢᠨᠠᠨ ᠬᠡᠮᠵᠢᠬᠦ ᠪᠠ ᠲᠣᠭᠠᠴᠢᠯᠠᠭᠰᠠᠨ ᠵᠠᠰᠠᠯᠲᠠ᠎ᠶᠢᠨ ᠰᠠᠨᠠᠭᠠᠴᠢᠯᠠᠭ᠎ᠠ》 ᠳ᠋ᠦ᠍ ᠪᠦᠬᠦ ᠪᠥᠮᠪᠥᠷᠴᠡᠭ᠎ᠦᠨ ᠴᠦᠯᠯᠡᠷᠭᠡᠭᠵᠢᠯ᠎ᠢ ᠬᠢᠨᠠᠨ ᠬᠡᠮᠵᠢᠬᠦ ᠮᠡᠳᠡᠭᠡ ᠵᠠᠩᠭᠢ᠎ᠶᠢ ᠴᠠᠭ ᠲᠤᠬᠠᠢ ᠳ᠋ᠤᠨᠢ ᠬᠠᠮᠲᠤ ᠪᠠᠷ ᠡᠳ᠋ᠯᠡᠬᠦ ᠲᠠᠪᠴᠠᠩ᠎ᠢ ᠪᠠᠢᠭᠤᠯᠬᠤ᠂ ᠲᠣᠭᠠᠴᠢᠯᠠᠭᠰᠠᠨ ᠮᠡᠷᠭᠡᠵᠢᠯ᠎ᠦᠨ ᠴᠦᠯᠯᠡᠷᠭᠡᠭᠵᠢᠯ᠎ᠢ ᠵᠠᠰᠠᠬᠤ ᠶᠠᠪᠤᠴᠠ᠎ᠳᠠᠬᠢ ᠬᠡᠷᠡᠭᠯᠡᠯᠲᠡ᠎ᠶᠢ ᠠᠬᠢᠭᠤᠯᠬᠤ᠂ ᠴᠢᠳᠠᠪᠤᠷᠢ᠎ᠶᠢᠨ ᠪᠠᠢᠭᠤᠯᠤᠯᠲᠠ ᠪᠣᠯᠣᠨ᠎ᠳ᠋ᠠᠢᠲ᠋ᠠ᠎ᠶᠢ ᠬᠠᠮᠲᠤ ᠪᠠᠷ ᠡᠳ᠋ᠯᠡᠬᠦ᠎ᠶᠢ ᠴᠢᠩᠭᠠᠳᠬᠠᠬᠤ 3 ᠶᠡᠬᠡ ᠭᠣᠣᠯᠯᠠᠭ᠍ᠴᠢ ᠠᠵᠢᠯᠯᠠᠭ᠎ᠠ᠎ᠶᠢᠨ ᠰᠠᠨᠠᠭᠠᠴᠢᠯᠠᠭ᠎ᠠ᠎ᠶᠢ ᠳᠤᠷᠠᠳᠴᠤ᠂ ᠡᠯ᠎ᠡ ᠲᠠᠯ᠎ᠠ᠎ᠶᠢᠨ ᠬᠢᠨ᠎ᠳᠤ ᠬᠠᠮᠲᠤ ᠪᠠᠷ ᠭᠠᠷ ᠬᠣᠯᠪᠣᠨ ᠪᠦᠬᠦ ᠪᠥᠮᠪᠥᠷᠴᠡᠭ᠎ᠦᠨ ᠠᠮᠢ ᠠᠬᠤᠢ᠎ᠶᠢᠨ ᠦᠷᠭᠦᠯᠵᠢᠯᠡᠬᠦ ᠬᠥᠭᠵᠢᠯᠲᠡ᠎ᠳᠦ ᠬᠦᠴᠦᠨ ᠴᠢᠳᠠᠯ᠎ᠢᠶᠠᠨ ᠡᠷᠭᠦᠬᠦ᠎ᠶᠢ ᠤᠷᠢᠶᠠᠯᠠᠪᠠ᠃ ᠰᠠᠨᠠᠭᠠᠴᠢᠯᠠᠭ᠎ᠠ᠎ᠶᠢ ᠰᠡᠳᠦᠭᠰᠡᠨ ᠲᠠᠯ᠎ᠠ᠎ᠡᠴᠡ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠯᠪᠣᠭᠳᠠᠯ ᠪᠦᠬᠦᠢ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠠᠷᠠᠳ᠎ᠤᠨ ᠪᠦᠯᠬᠦᠮ᠂ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠂ ᠡᠷᠳᠡᠮ ᠰᠢᠨᠵᠢᠯᠡᠭᠡᠨ᠎ᠦ ᠪᠠᠢᠭᠤᠯᠤᠮᠵᠢ ᠵᠢᠨ ᠢᠳᠡᠪᠬᠢᠲᠡᠢ ᠣᠷᠣᠯᠴᠠᠬᠤ ᠵᠢ ᠴᠢᠩ ᠰᠡᠳᠬᠢᠯ᠎ᠡᠴᠡ᠎ᠪᠡᠨ ᠤᠷᠢᠵᠤ᠂ ᠬᠠᠮᠲᠤ ᠪᠠᠷ ᠭᠠᠷ ᠬᠣᠯᠪᠣᠨ ᠪᠦᠬᠦ ᠪᠥᠮᠪᠥᠷᠴᠡᠭ᠎ᠦᠨ ᠠᠮᠢ ᠠᠬᠤᠢ᠎ᠶᠢᠨ ᠦᠷᠭᠦᠯᠵᠢᠯᠡᠬᠦ ᠬᠥᠭᠵᠢᠯᠲᠡ᠎ᠳᠦ ᠬᠦᠴᠦᠨ ᠴᠢᠳᠠᠯ᠎ᠢᠶᠠᠨ ᠡᠷᠭᠦᠵᠡᠭᠡᠶ᠎ᠡ ᠭᠡᠵᠦ ᠢᠯᠡᠳᠬᠡᠪᠡ᠃

ᠶᠠᠷᠢᠶᠠᠨ᠎ᠤ ᠲᠠᠪᠴᠠᠩ᠎ᠤᠨ ᠬᠤᠭᠤᠴᠠᠭᠠᠨ᠎ᠳᠤ᠂ ᠤᠯᠤᠰ᠎ᠤᠨ ᠳᠣᠲᠣᠭᠠᠳᠤ ᠭᠠᠳᠠᠭᠠᠳᠤ ᠎ᠶᠢᠨ ᠲᠤᠰᠬᠠᠢ ᠮᠡᠷᠭᠡᠵᠢᠯᠲᠡᠨ ᠡᠷᠳᠡᠮᠲᠡᠳ ᠪᠦᠬᠦ ᠪᠥᠮᠪᠥᠷᠴᠡᠭ᠎ᠦᠨ ᠪᠠ ᠣᠷᠣᠨ ᠪᠦᠰᠡ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ ᠎ᠢ ᠬᠤᠪᠢᠶᠠᠯᠴᠠᠵᠤ᠂ ᠠᠳᠠᠯᠢ ᠪᠤᠰᠤ ᠲᠦᠷᠦᠯ ᠬᠡᠯᠪᠡᠷᠢ᠎ᠶᠢᠨ ᠴᠦᠯᠯᠡᠷᠭᠡᠭᠵᠢᠭᠰᠡᠨ ᠭᠠᠵᠠᠷ᠎ᠢ ᠵᠠᠰᠠᠬᠤ ᠮᠡᠷᠭᠡᠵᠢᠯ ᠪᠠ ᠰᠢᠨ᠎ᠡ᠎ᠶᠢ ᠡᠭᠦᠳᠬᠦ ᠬᠡᠷᠡᠭᠯᠡᠭᠡᠨ ᠎ᠦ ᠦᠢᠯᠡᠳᠦᠯᠭᠡ᠎ᠶᠢ ᠳᠡᠯᠭᠡᠨ ᠦᠵᠡᠭᠦᠯᠵᠦ᠂ ᠣᠳᠣᠬᠠᠨ᠎ᠤ ᠴᠦᠯᠯᠡᠷᠭᠡᠭᠵᠢᠯ᠎ᠢ ᠰᠡᠷᠭᠡᠢᠯᠡᠨ ᠵᠠᠰᠠᠬᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠬᠦᠴᠢᠷ ᠠᠰᠠᠭᠤᠳᠠᠯ ᠵᠢᠴᠢ ᠲᠡᠭᠦᠨ᠎ᠢ ᠰᠢᠢᠳᠪᠦᠷᠢᠯᠡᠬᠦ ᠠᠷᠭ᠎ᠠ ᠵᠠᠮ᠎ᠢ ᠵᠠᠳᠠᠯᠵᠤ᠂ ᠠᠵᠤ ᠦᠢᠯᠡᠰ᠎ᠦᠨ ᠠᠭᠤᠰᠤᠯᠴᠠᠯ ᠪᠠ ᠲᠦᠷᠦ᠎ᠶᠢᠨ ᠪᠣᠳᠣᠯᠭ᠎ᠠ᠎ᠶᠢᠨ ᠬᠠᠮᠵᠢᠯᠴᠠᠭ᠎ᠠ᠎ᠶᠢ ᠠᠬᠢᠭᠤᠯᠬᠤ ᠪᠣᠳᠠᠲᠤ ᠬᠡᠷᠡᠭᠴᠡᠭᠡ᠎ᠶᠢ ᠰᠤᠳᠤᠯᠤᠨ ᠶᠠᠷᠢᠯᠴᠠᠪᠠ᠃ ᠬᠤᠷᠠᠯ᠎ᠳᠤ ᠣᠷᠣᠯᠴᠠᠭᠰᠠᠨ ᠡᠯ᠎ᠡ ᠲᠠᠯ᠎ᠠ᠎ᠶᠢᠨ ᠬᠢᠨ 《ᠠᠷᠪᠠᠳᠤᠭᠠᠷ ᠬᠤᠭᠤᠴᠠᠭᠠᠨ᠎ᠤ ᠬᠥᠪᠴᠢ ᠤᠯᠠᠨ ᠤᠯᠤᠰ᠎ᠤᠨ ᠡᠯᠡᠰᠦᠨ᠎ᠤ ᠶᠠᠷᠢᠶᠠᠨ᠎ᠤ ᠲᠠᠪᠴᠠᠩ᠎ᠤᠨ ᠬᠠᠮᠲᠤ᠎ᠶᠢᠨ ᠲᠠᠨᠢᠯᠲᠠ》 ᠲᠡᠢ ᠪᠤᠯᠪᠠ᠃

《ᠠᠷᠪᠠᠳᠤᠭᠠᠷ ᠬᠤᠭᠤᠴᠠᠭᠠᠨ᠎ᠤ ᠬᠥᠪᠴᠢ ᠤᠯᠠᠨ ᠤᠯᠤᠰ᠎ᠤᠨ ᠡᠯᠡᠰᠦᠨ᠎ᠦ ᠶᠠᠷᠢᠶᠠᠨ᠎ᠤ ᠲᠠᠪᠴᠠᠩ᠎ᠤᠨ ᠬᠠᠮᠲᠤ᠎ᠶ᠋ᠢᠨ ᠲᠠᠨᠢᠯᠲᠠ》 ᠳ᠋ᠦ᠍᠂ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠨᠢ ᠠᠮᠢ ᠠᠬᠤᠢ᠎ᠶ᠋ᠢ ᠰᠡᠷᠭᠦᠭᠡᠬᠦ᠌᠎ᠪᠡᠷ ᠪᠠᠷᠠᠬᠤ ᠦᠭᠡᠢ᠂ ᠨᠡᠩ ᠴᠤ᠌ ᠬᠥᠮᠦᠨ᠎ᠦ ᠨᠡᠷ᠎ᠡ ᠬᠦᠨᠳᠦ᠍᠎ᠳ᠋ᠤ ᠬᠣᠯᠪᠣᠭ᠍ᠳᠠᠨ᠎ᠠ ᠭᠡᠵᠦ ᠴᠢᠬᠤᠯᠠᠴᠢᠯᠠᠪᠠ᠃ ᠪᠠᠢᠭᠠᠯᠢ᠎ᠶ᠋ᠢ ᠬᠦᠨᠳᠦᠳᠭᠡᠵᠦ᠍᠂ ᠱᠢᠨᠵᠢᠯᠡᠬᠦ᠌ ᠤᠬᠠᠭᠠᠨᠴᠢ᠎ᠪᠠᠷ ᠰᠡᠷᠭᠡᠢᠯᠡᠨ ᠵᠠᠰᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ ᠪᠠᠢᠭᠠᠯᠢ᠎ᠶ᠋ᠢᠨ ᠠᠮᠢ ᠠᠬᠤᠢ᠎ᠶ᠋ᠢᠨ ᠱᠢᠰᠲ᠋ᠧᠮ᠎ᠢ ᠬᠠᠮᠠᠭᠠᠯᠠᠬᠤ᠂ ᠮᠠᠭᠤᠳᠠᠵᠤ ᠡᠯᠡᠰᠦᠷᠬᠡᠭ᠌ᠵᠢᠭ᠌ᠰᠡᠨ ᠭᠠᠵᠠᠷ ᠱᠢᠷᠣᠢ᠎ᠶ᠋ᠢ ᠰᠡᠷᠭᠦᠭᠡᠨ ᠵᠠᠰᠠᠬᠤ᠎ᠶ᠋ᠢ ᠠᠮᠢ ᠠᠬᠤᠢ᠎ᠶ᠋ᠢᠨ ᠡᠬᠢ ᠪᠠᠶᠠᠯᠢᠭ᠎ᠢ ᠵᠣᠬᠢᠰᠲᠠᠢ ᠠᠱᠢᠭ᠍ᠯᠠᠬᠤ᠎ᠲᠠᠶ ᠤᠶᠠᠯᠳᠤᠭᠤᠯᠵᠤ᠂ ᠤᠰᠤᠨ ᠤ᠋ ᠬᠡᠮᠵᠢᠶ᠎ᠡ ᠪᠡᠷ ᠨᠣᠭᠣᠭᠠᠷᠠᠭᠤᠯᠤᠯᠲᠠ᠎ᠶ᠋ᠢ ᠲᠣᠭ᠍ᠲᠠᠭᠠᠬᠤ᠂ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠬᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠭᠦᠯᠬᠦ᠌᠎ᠶ᠋ᠢ ᠪᠠᠷᠢᠮᠲᠠᠯᠠᠵᠤ᠂ ᠬᠥᠮᠦᠨ᠎ᠢᠶᠡᠷ ᠦᠨᠳᠦᠰᠦ ᠪᠣᠯᠭᠠᠬᠤ᠂ ᠬᠣᠣᠷ ᠬᠥᠨᠥᠭᠡᠯ᠎ᠳᠦ ᠲᠤᠬᠢᠷᠠᠭᠤᠯᠤᠨ ᠰᠡᠷᠭᠡᠢᠯᠡᠬᠦ᠌᠂ ᠤᠨᠤᠴᠠᠳᠠᠢ ᠵᠠᠰᠠᠬᠤ᠎ᠶ᠋ᠢ ᠪᠠᠷᠢᠮᠲᠠᠯᠠᠵᠤ᠂ ᠡᠯᠡᠰᠦ᠎ᠶ᠋ᠢ ᠵᠠᠰᠠᠬᠤ ᠪᠠ ᠪᠠᠶᠠᠵᠢᠨ ᠴᠢᠨᠡᠭᠡᠯᠢᠭ᠌ᠵᠢᠬᠦᠯᠬᠦ᠎ᠶ᠋ᠢ ᠵᠤᠬᠢᠴᠠᠭᠤᠯᠬᠤ᠎ᠶ᠋ᠢ ᠪᠠᠷᠢᠮᠲᠠᠯᠠᠵᠤ᠂ ᠠᠵᠤ ᠦᠢᠯᠡᠰ᠎ᠢ ᠠᠮᠢ ᠠᠬᠤᠢᠵᠢᠭᠤᠯᠬᠤ᠂ ᠠᠮᠢ ᠠᠬᠤᠢ ᠵᠢ ᠠᠵᠤ ᠦᠢᠯᠡᠰᠵᠢᠬᠦᠯᠬᠦ ᠵᠢ ᠶᠡᠬᠡ ᠪᠡᠷ ᠠᠬᠢᠭᠤᠯᠵᠤ᠂ ᠠᠮᠢ ᠠᠬᠤᠢ᠂ ᠠᠵᠤ ᠠᠬᠤᠢ᠂ ᠠᠷᠠᠳ᠎ᠤᠨ ᠠᠮᠢᠳᠤᠷᠠᠯ ᠴᠦᠮ ᠠᠱᠢᠭ ᠬᠦᠷᠳᠡᠬᠦ᠌᠎ᠶ᠋ᠢ ᠪᠡᠶᠡᠯᠡᠬᠦᠯᠵᠦ᠂ ᠬᠥᠮᠦᠨ ᠡᠯᠡᠰᠦ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠱᠢᠨ᠎ᠡ ᠪᠠᠢᠷᠢᠱᠢᠯ᠎ᠢ ᠪᠦᠬᠦ ᠬᠦᠴᠦᠨ᠎ᠢᠶᠡᠷ ᠪᠠᠢᠭᠤᠯᠬᠤ ᠵᠢ ᠰᠠᠨᠠᠭᠠᠴᠢᠯᠠᠪᠠ᠃

ᠦᠽᠪᠸᠺᠰᠲ᠋ᠠᠨ᠎ᠤ ᠤᠢ ᠱᠢᠭᠤᠢ ᠡᠪᠡᠰᠦ ᠪᠡᠯᠴᠢᠭᠡᠷ᠎ᠦᠨ ᠬᠥᠭ᠌ᠵᠢᠯᠲᠡ ᠪᠠ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠲᠤᠪᠴᠢᠶ᠎ᠠ᠎ᠶ᠋ᠢᠨ ᠮᠦᠷᠠᠲᠸᠪᠠᠶᠢ·ᠵᠢᠶᠠᠨᠢᠶ᠍ᠸᠹ᠂ ᠶᠠᠷᠢᠶᠠᠨ᠎ᠤ ᠲᠠᠪᠴᠠᠩ᠎ᠤᠨ ᠬᠤᠭᠤᠴᠠᠭᠠᠨ᠎ᠳᠤ ᠲᠣᠭᠣᠷᠢᠨ ᠦᠵᠡᠬᠦ᠌᠂ ᠶᠠᠷᠢᠯᠴᠠᠬᠤ ᠬᠤᠷᠠᠯ ᠵᠡᠷᠭᠡ ᠠᠷᠭ᠎ᠠ ᠬᠡᠯᠪᠡᠷᠢ᠎ᠪᠡᠷ ᠳᠤᠮᠳᠠᠳᠤ ᠤᠯᠤᠰ᠎ᠤᠨ ᠠᠵᠢᠯ ᠨᠢᠭᠡᠲᠡᠨ᠂ ᠲᠤᠰᠭᠠᠢ ᠮᠡᠷᠭᠡᠵᠢᠯ᠎ᠦᠨ ᠵᠣᠬᠢᠶᠠᠨ ᠪᠠᠢᠭᠤᠯᠤᠯᠲᠠ ᠵᠢᠴᠢ ᠬᠣᠯᠪᠣᠭ᠍ᠳᠠᠯ ᠪᠦᠬᠦᠢ ᠲᠤᠰᠭᠠᠢ ᠮᠡᠷᠭᠡᠵᠢᠯᠲᠡᠨ᠎ᠲᠡᠶ ᠰᠠᠨᠠᠯ ᠵᠢᠡᠨ ᠦᠷᠭᠡᠨ ᠲᠠᠯᠭᠡᠷ ᠰᠣᠯᠢᠯᠴᠠᠨ ᠶᠠᠷᠢᠯᠴᠠᠭ᠍ᠰᠠᠨ ᠪᠥᠭᠡᠳ ᠮᠡᠷᠭᠡᠵᠢᠯ ᠲᠤᠨᠤᠭ ᠲᠥᠬᠥᠭᠡᠷᠦᠮᠵᠢ᠎ᠶ᠋ᠢ ᠣᠷᠣᠭᠤᠯᠤᠨ ᠠᠪᠴᠢᠷᠠᠬᠤ᠂ ᠠᠵᠢᠯᠳᠠᠨ᠎ᠢ ᠪᠣᠯᠪᠠᠰᠤᠷᠠᠭᠤᠯᠬᠤ᠂ ᠰᠠᠢ᠌ᠨ ᠦᠷ᠎ᠡ ᠵᠢ ᠰᠢᠯᠢᠨ ᠰᠣᠩᠭᠣᠬᠤ ᠵᠡᠷᠭᠡ ᠲᠠᠯ᠎ᠠ᠎ᠪᠠᠷ ᠬᠠᠮᠲᠤᠷᠠᠯᠴᠠᠭᠠᠨ᠎ᠤ ᠬᠠᠮᠲᠤ᠎ᠶ᠋ᠢᠨ ᠲᠠᠨᠢᠯᠲᠠ᠎ᠲᠠᠶ ᠪᠣᠯᠵᠠᠢ ᠭᠡᠪᠡ᠃

ᠲᠤᠰ ᠬᠤᠭᠤᠴᠠᠭᠠᠨ᠎ᠤ ᠶᠠᠷᠢᠶᠠᠨ᠎ᠤ ᠲᠠᠪᠴᠠᠩ ᠨᠢ ᠴᠦᠯᠯᠡᠷᠭᠡᠭ᠌ᠵᠢᠯ᠎ᠢ ᠱᠢᠨᠵᠢᠯᠡᠬᠦ᠌ ᠤᠬᠠᠭᠠᠨᠴᠢ᠎ᠪᠠᠷ ᠰᠡᠷᠭᠡᠢᠯᠡᠨ ᠵᠠᠰᠠᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠶᠡᠷᠦᠩᠬᠡᠢᠯᠡᠨ ᠵᠠᠰᠠᠬᠤ᠎ᠳᠦ ᠬᠦᠴᠦᠨ ᠴᠢᠳᠠᠯ ᠤᠯᠭᠤᠬᠤ᠂ ᠨᠤᠲᠤᠭ ᠪᠡᠯᠴᠢᠭᠡᠷ᠎ᠦᠨ ᠠᠮᠢ ᠠᠬᠤᠢ᠎ᠶ᠋ᠢᠨ ᠱᠢᠰᠲ᠋ᠧᠮ᠎ᠢ ᠬᠠᠮᠠᠭᠠᠯᠠᠬᠤ ᠪᠠ ᠦᠷᠭᠦᠯᠵᠢᠯᠡᠬᠦ᠌ ᠬᠠᠮᠢᠶᠠᠷᠤᠯᠲᠠ᠂ ᠭᠠᠵᠠᠷ ᠱᠢᠷᠣᠢ᠎ᠳᠦ ᠨᠥᠬᠥᠷᠰᠡᠭ ᠬᠡᠯᠪᠡᠷᠢ ᠵᠢᠨ ᠬᠤᠳᠠᠯᠳᠤᠭᠠᠨ᠎ᠤ ᠬᠥᠭ᠌ᠵᠢᠯᠲᠡ ᠵᠡᠷᠭᠡ ᠵᠥᠪᠯᠡᠬᠦ᠌ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠭᠣᠣᠯ ᠵᠤᠷᠢᠯᠳᠠᠳᠤ ᠮᠡᠳᠡᠭᠦᠯᠦᠯᠲᠡ᠂ ᠲᠤᠰᠭᠠᠢ ᠰᠡᠳᠦᠪᠲᠦ ᠶᠠᠷᠢᠶ᠎ᠠ᠂ ᠶᠠᠷᠢᠯᠴᠠᠭ᠎ᠠ ᠰᠣᠯᠢᠯᠴᠠᠭ᠎ᠠ᠂ ᠲᠤᠬᠠᠢ᠎ᠶ᠋ᠢᠨ ᠲᠠᠯᠠᠪᠠᠢ᠎ᠳᠤ ᠲᠣᠭᠣᠷᠢᠨ ᠦᠵᠡᠬᠦ᠌ ᠵᠡᠷᠭᠡ ᠭᠣᠭ᠍ᠴᠣᠭ᠎ᠠ᠎ᠪᠠᠷ ᠳᠠᠮᠵᠢᠨ ᠳᠤᠮᠳᠠᠳᠤ ᠤᠯᠤᠰ᠎ᠤᠨ ᠴᠦᠯᠯᠡᠷᠭᠡᠭ᠌ᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ ᠦᠢᠯᠡᠳᠦᠯᠭᠡ᠎ᠶ᠋ᠢᠨ ᠠᠷᠭ᠎ᠠ ᠬᠡᠮᠵᠢᠶ᠎ᠡ ᠪᠣᠯᠤᠨ ᠦᠷ᠎ᠡ ᠪᠦᠲᠦᠮᠵᠢ᠎ᠶ᠋ᠢᠨ ᠠᠬᠢᠴᠠ᠎ᠶ᠋ᠢ ᠳᠡᠯᠭᠡᠨ ᠦᠵᠡᠭᠦᠯᠵᠡᠢ᠃

ᠣᠢᠯᠠᠭᠠᠭᠰᠠᠨ᠎ᠢᠶᠠᠷ᠂ 2007 ᠣᠨ᠎ᠳᠤ ᠠᠩᠬᠠᠳᠤᠭᠠᠷ ᠬᠤᠭᠤᠴᠠᠭᠠᠨ᠎ᠤ ᠬᠥᠪᠴᠢ ᠣᠯᠠᠨ ᠤᠯᠤᠰ ᠎ᠤᠨ ᠡᠯᠡᠰᠦᠨ᠎ᠤ ᠶᠠᠷᠢᠶᠠᠨ᠎ᠤ ᠲᠠᠪᠴᠠᠩ ᠥᠪᠥᠷ ᠮᠣᠩᠭᠣᠯ᠎ᠤᠨ ᠬᠥᠪᠴᠢ᠎ᠶᠢᠨ ᠡᠯᠡᠰᠦ ᠲᠤᠳᠤᠷᠠᠬᠢ ᠳᠠᠭᠤᠳᠦ ᠨᠠᠭᠤᠷ᠎ᠲᠤ ᠬᠤᠷᠠᠯᠳᠤᠪᠠ᠃ ᠶᠠᠷᠢᠶᠠᠨ᠎ᠤ ᠲᠠᠪᠴᠠᠩ᠎ᠡᠴᠡ 《2007 ᠬᠥᠪᠴᠢ ᠤᠯᠠᠨ ᠤᠯᠤᠰ᠎ᠤᠨ ᠡᠯᠡᠰᠦᠨ᠎ᠤ ᠶᠠᠷᠢᠶᠠᠨ᠎ᠤ ᠲᠠᠪᠴᠠᠩ᠎ᠤᠨ ᠲᠤᠩᠬᠠᠭ》 ᠢ᠋ ᠪᠠᠲᠤᠯᠠᠵᠤ᠂ ᠬᠣᠶᠠᠷ ᠵᠢᠯ᠎ᠳᠦ ᠨᠢᠭᠡ ᠬᠤᠭᠤᠴᠠᠭ᠎ᠠ ᠡᠷᠬᠢᠯᠡᠬᠦ᠎ᠶᠢ ᠰᠠᠨᠠᠭᠠᠴᠢᠯᠠᠪᠠ᠃ 18 ᠵᠢᠯ᠎ᠦᠨ ᠬᠥᠭᠵᠢᠯᠲᠡ᠎ᠪᠡᠷ ᠲᠠᠮᠵᠢᠨ᠂ ᠬᠥᠪᠴᠢ ᠤᠯᠠᠨ ᠤᠯᠤᠰ᠎ᠤᠨ ᠡᠯᠡᠰᠦᠨ᠎ᠦ ᠶᠠᠷᠢᠶᠠᠨ ᠎ᠤ ᠲᠠᠪᠴᠠᠩ ᠨᠢ ᠨᠢᠭᠡᠨᠲᠡ ᠪᠦᠬᠦ ᠪᠥᠮᠪᠥᠷᠴᠡᠭ᠎ᠦᠨ ᠴᠦᠯᠯᠡᠷᠭᠡᠭᠵᠢᠯ᠎ᠢ ᠰᠡᠷᠭᠡᠢᠯᠡᠨ ᠵᠠᠰᠠᠬᠤ ᠬᠦᠷᠢᠶᠡᠨ᠎ᠳᠡᠬᠢ ᠴᠢᠬᠤᠯᠠ ᠨᠥᠯᠥᠭᠡᠯᠡᠬᠦ ᠬᠦᠴᠦᠨ ᠲᠠᠢ ᠤᠯᠠᠨ ᠤᠯᠤᠰ᠎ᠤᠨ ᠴᠢᠨᠠᠷᠲᠠᠢ ᠶᠠᠷᠢᠶᠠᠨ᠎ᠤ ᠲᠠᠪᠴᠠᠩ᠎ᠤᠨ ᠨᠢᠭᠡ ᠪᠣᠯᠤᠭᠰᠠᠨ ᠪᠠᠢᠨ᠎ᠠ᠃ ᠣᠳᠣᠬᠠᠨ᠎ᠳᠦ ᠬᠥᠪᠴᠢ᠎ᠶᠢᠨ ᠵᠠᠭᠪᠤᠷ ᠨᠢ ᠠᠮᠢ ᠠᠬᠤᠢ᠎ᠶᠢᠨ ᠦᠷ᠎ᠡ ᠠᠰᠢᠭ᠋᠂ ᠠᠵᠤ ᠠᠬᠤᠢ᠎ᠶᠢᠨ ᠦᠷ᠎ᠡ ᠠᠰᠢᠭ᠋ ᠪᠣᠯᠣᠨ ᠨᠡᠢᠭᠡᠮ᠎ᠦᠨ ᠦᠷ᠎ᠡ ᠠᠰᠢᠭ᠋ ᠎ᠢ ᠨᠢᠭᠡᠳᠦᠬᠦᠯᠦᠭᠰᠡᠨ ᠬᠥᠭᠵᠢᠯᠲᠡ᠎ᠶᠢᠨ ᠠᠷᠭ᠎ᠠ ᠵᠠᠮ ᠎ᠢ ᠰᠦᠪᠡᠭᠴᠢᠯᠡᠨ ᠭᠠᠷᠭᠠᠵᠦ᠂ ᠪᠦᠬᠦ ᠪᠥᠮᠪᠥᠷᠴᠡᠭ᠎ᠦᠨ ᠴᠦᠯᠯᠡᠷᠭᠡᠭᠵᠢᠯ᠎ᠢ ᠰᠡᠷᠭᠡᠢᠯᠡᠨ ᠵᠠᠰᠠᠬᠤ᠎ᠳᠤ ᠳᠠᠭᠤᠷᠢᠶᠠᠵᠤ᠂ ᠳᠡᠯᠭᠡᠷᠡᠭᠦᠯᠵᠦ ᠪᠣᠯᠬᠤᠢᠴᠠ ᠲᠤᠷᠰᠢᠯᠭ᠎ᠠ᠎ᠶᠢ ᠬᠠᠩᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号