《ᠲᠠᠢᠨ ᠳᠠᠵᠢᠨ᠎ᠤ ᠣᠨ ᠰᠠᠷ᠎ᠠ᠎ᠵᠢ ᠪᠠᠲᠤ ᠴᠡᠭᠡᠵᠢᠯᠡᠵᠦ᠍ ᠪᠦᠯᠬᠦᠮᠳᠡᠨ ᠨᠢᠬᠲᠠᠷᠠᠬᠰᠠᠨ ᠬᠡᠷ ᠣᠷᠣᠨ᠎ᠢᠶᠠᠨ ᠬᠠᠮᠲᠤ ᠪᠠᠷ ᠴᠣᠭ᠍ᠴᠠᠯᠠᠶ᠎ᠠ》 ᠭᠡᠬᠦ ᠭᠤᠤᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠶᠠᠪᠤᠬᠳᠠᠪᠠ
2025-09-18 09:30:55
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ ᠎ᠦᠨ ᠬᠤᠯᠪᠤᠭ᠎ᠠ ᠪᠠ ᠥᠪᠥᠷ ᠮᠣᠩᠭᠣᠯ ᠎ᠤᠨ ᠷᠠᠳᠢᠣ᠋ ᠲᠧᠯᠸᠢᠰ ᠬᠣᠷᠢᠶ᠎ᠠ ᠡᠴᠡ ᠬᠠᠮᠲᠤᠷᠠᠨ ᠡᠷᠭᠢᠯᠡᠭ᠌ᠰᠡᠨ《ᠲᠠᠢᠨ ᠲᠠᠵᠢᠨ ᠎ᠤ ᠣᠨ ᠰᠠᠷ᠎ᠠ ᠎ᠶ᠋ᠢ ᠪᠠᠲᠤ ᠴᠡᠭᠡᠵᠢᠯᠡᠵᠦ᠍᠂ ᠪᠦᠯᠬᠦᠮᠳᠡᠨ ᠨᠢᠬᠲᠠᠷᠠᠬᠰᠠᠨ ᠬᠡᠷ ᠣᠷᠣᠨ᠎ᠢᠶᠠᠨ ᠬᠠᠮᠲᠤ ᠎ᠪᠠᠷ ᠴᠣᠭ᠍ᠴᠠᠯᠠᠶ᠎ᠠ》ᠭᠡᠬᠦ᠌ ᠭᠤᠤᠯ ᠰᠡᠳᠦᠪᠲᠦ ᠨᠠᠮ ᠎ᠤᠨ ᠡᠳᠦᠷ ᠎ᠦᠨ ᠠᠵᠢᠯᠯᠠᠭ᠎ᠠ ᠬᠥᠬᠡᠬᠣᠲᠠ᠎ᠶ᠋ᠢᠨ ᠮᠦ᠍ ᠯᠸ ᠪᠣᠳᠠᠰ ᠎ᠤᠨ ᠪᠤᠰᠤ ᠰᠣᠶᠣᠯ᠎ᠤᠨ ᠥᠪ ᠎ᠦᠨ ᠦᠶ᠋ᠯᠡᠳᠭᠡᠯ᠎ᠦᠨ ᠭᠠᠵᠠᠷ᠎ᠲᠤ ᠶᠠᠪᠤᠬᠳᠠᠪᠠ᠃

ᠲᠣᠰ ᠤᠳᠠᠭᠠᠨ᠎ᠤ ᠠᠵᠢᠯᠯᠠᠭ᠎ᠠ᠎ᠨᠢ 《ᠬᠤᠪᠢᠰᠭᠠᠯ ᠎ᠤᠨ ᠤᠳᠤᠮᠱᠢᠯ᠎ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ ᠎ᠦ ᠪᠦᠯᠬᠦᠮᠳᠡᠯ᠎ᠳᠠᠪᠰᠢᠯᠳᠠ ᠵᠢ ᠠᠬᠢᠭᠤᠯᠬᠤ》ᠪᠠᠷ ᠭᠤᠤᠯ ᠪᠣᠯᠭᠠᠵᠤ᠂ ᠨᠠᠮᠴᠢ ᠴᠢᠨᠠᠷ᠎ᠤᠨ ᠬᠥᠮᠦᠵᠢᠯ ᠬᠢᠭᠡᠳ ᠰᠣᠶᠣᠯ ᠎ᠤᠨ ᠣᠢᠯᠠᠭᠠᠯᠲᠠ᠎ᠶ᠋ᠢ ᠭᠦᠨᠵᠡᠭᠡᠶ ᠠᠭᠤᠰᠤᠯᠴᠠᠭᠤᠯᠪᠠ᠃ ᠶᠠᠫᠣᠨ᠎ᠢ ᠡᠰᠡᠷᠭᠦᠴᠡᠬᠦ᠌ ᠲᠠᠢᠨ ᠵᠢᠡᠷ ᠭᠤᠤᠯ ᠰᠡᠳᠦᠪ ᠪᠤᠯᠭᠠᠬᠰᠠᠨ ᠴᠠᠭᠠᠰᠤᠨ ᠬᠠᠢᠴᠢᠯᠠᠮᠠᠯ᠎ᠬᠠᠢᠴᠢᠯᠠᠬᠤ ᠥᠩᠭᠡᠷᠡᠯᠲᠡ ᠳᠤᠮᠳᠠ᠂ ᠲᠤᠬᠠᠢ ᠎ᠶ᠋ᠢᠨ ᠲᠠᠯᠠᠪᠠᠢ᠎ᠶ᠋ᠢᠨ ᠣᠷᠣᠯᠴᠠᠭ᠍ᠰᠠᠳ ᠳᠠᠢ᠌ᠨ ᠳᠠᠵᠢᠨ ᠎ᠦ ᠣᠨ ᠰᠠᠷ᠎ᠠ᠎ᠳᠡᠬᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠤ ᠰᠡᠳᠭᠢᠯ ᠨᠢᠭᠡᠳᠦᠨ ᠳᠠᠢᠰᠤᠨ᠎ᠲᠠᠶ ᠲᠡᠮᠡᠴᠡᠭ᠌ᠰᠡᠨ ᠠᠤᠭ᠎ᠠ ᠵᠣᠷᠢᠭ ᠪᠣᠯᠤᠨ ᠱᠢᠨ᠎ᠡ ᠴᠠᠭ ᠦᠶ᠎ᠡ᠎ᠶ᠋ᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ ᠴᠤᠭ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠭᠦᠨᠵᠡᠭᠡᠢ ᠣᠢᠯᠠᠭᠠᠪᠠ᠃ ᠲᠣᠰ ᠤᠳᠠᠭᠠᠨ᠎ᠤ ᠠᠵᠢᠯᠯᠠᠭ᠎ᠠ ᠨᠢ 《ᠨᠠᠮ ᠎ᠤᠨ ᠪᠠᠢᠭᠤᠯᠤᠯᠲᠠ + ᠰᠣᠶᠣᠯ ᠎ᠤᠨ ᠦᠶ᠋ᠯᠡᠴᠢᠯᠡᠭᠡ》 ᠶ᠋ᠢᠨ ᠣᠢᠯᠠᠭᠠᠭ᠍ᠳᠠᠬᠤᠨ᠎ᠢ ᠦᠶ᠋ᠯᠡᠳᠦᠯᠭᠡᠵᠢᠭᠦᠯᠬᠦ᠌ ᠪᠣᠳᠠᠲᠠᠶ ᠦᠶ᠋ᠯᠡᠳᠦᠯᠭᠡ ᠪᠠᠢᠵᠦ᠂ ᠪᠣᠳᠠᠰ᠎ᠤᠨ ᠪᠤᠰᠤ ᠰᠣᠶᠣᠯ᠎ᠤᠨ ᠥᠪ ᠭᠡᠬᠦ᠌ ᠡᠨᠡ ᠬᠦ᠌ ᠠᠴᠢᠶᠠᠯᠠᠭ᠍ᠴᠢ ᠎ᠪᠠᠷ ᠳᠠᠮᠵᠢᠨ᠂ ᠨᠠᠮ᠎ᠤᠨ ᠭᠡᠱᠢᠭᠦᠨ ᠺᠠᠳ᠋ᠷᠴᠤᠳ ᠪᠣᠯᠤᠨ ᠣᠯᠠᠨ ᠲᠦᠮᠡᠨ᠎ᠳᠤ ᠦᠨᠳᠦᠰᠦᠲᠡᠨ᠎ᠦ ᠪᠦᠯᠬᠦᠮᠳᠡᠯ᠎ᠦᠨ ᠠᠭᠤᠤ ᠶᠡᠬᠡ ᠬᠦᠴᠦᠨ ᠎ᠢ ᠣᠢᠯᠠᠭᠠᠭᠤᠯᠤᠨ᠂ ᠡᠬᠡ ᠤᠷᠤᠨᠴᠢ ᠬᠠᠢᠷ᠎ᠠ ᠰᠡᠳᠭᠢᠯᠭᠡ ᠪᠠ ᠡᠭᠦᠷᠭᠡ ᠬᠠᠷᠢᠭᠤᠴᠠᠯᠭ᠎ᠠ᠎ᠶ᠋ᠢ ᠨᠢ ᠴᠢᠩᠭᠠᠳᠬᠠᠪᠠ᠃

ᠳᠠᠷᠠᠭᠠᠴᠢ ᠪᠡᠷ᠂ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠤᠯᠪᠤᠭ᠎ᠠ ᠪᠠ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠶ᠋ᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠦᠷᠭᠦᠯᠵᠢᠯᠡᠨ ᠨᠠᠮ᠎ᠤᠨ ᠪᠠᠢᠭᠤᠯᠤᠯᠲᠠ᠎ᠪᠠᠷ ᠤᠳᠤᠷᠢᠳᠤᠮᠵᠢ ᠪᠣᠯᠭᠠᠵᠤ᠂ 《ᠬᠤᠪᠢᠰᠭᠠᠯᠲᠤ ᠰᠣᠶᠣᠯ + ᠪᠣᠳᠠᠰ᠎ᠤᠨ ᠪᠤᠰᠤ ᠰᠣᠶᠣᠯ᠎ᠤᠨ ᠥᠪ ᠎ᠤᠨ  ᠤᠯᠠᠮᠵᠢᠯᠠᠯ + ᠠᠷᠠᠳ᠎ᠤᠨ ᠠᠮᠢᠳᠤᠷᠠᠯ ᠎ᠤᠨ ᠦᠶ᠋ᠯᠡᠴᠢᠯᠡᠭᠡ》 ᠶ᠋ᠢᠨ ᠱᠢᠨ᠎ᠡ ᠵᠠᠭ᠍ᠪᠤᠷ᠎ᠢ ᠬᠠᠮᠲᠤᠷᠠᠨ ᠰᠦᠪᠡᠭ᠌ᠴᠢᠯᠡᠵᠦ᠍᠂ ᠲᠠᠢᠨ ᠳᠠᠵᠢᠨ᠎ᠤ ᠣᠨ ᠰᠠᠷ᠎ᠠ ᠎ᠶ᠋ᠢᠨ ᠣᠶᠤᠨ ᠰᠠᠨᠠᠭᠠᠨ᠎ᠤ ᠬᠦᠴᠦᠨ᠎ᠢ ᠪᠦᠯᠬᠦᠮᠳᠡᠨ ᠲᠡᠮᠡᠴᠡᠬᠦ᠌ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ ᠳ᠋ᠤ᠌ ᠬᠦᠴᠦᠷᠬᠡᠭ ᠶᠡᠬᠡ ᠬᠠᠮᠲᠤᠷᠠᠯ ᠬᠦᠴᠦᠨ ᠎ᠢ ᠨᠢᠭ᠍ᠲᠠᠷᠠᠭᠤᠯᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号