ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠵᠢᠡᠷ᠂ ᠮᠠᠨ ᠤ᠋ ᠤᠷᠤᠨ ᠵᠢᠭᠤᠯᠴᠢᠯᠠᠯ ᠤ᠋ᠨ ᠵᠠᠬ᠎ᠠ ᠲᠠᠯᠬᠡᠬᠦᠷ ᠤ᠋ᠨ ᠡᠮᠬᠢ ᠲᠢᠭᠯᠢᠮ ᠢ᠋ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠦᠬᠡᠳ ᠢᠯᠡᠷᠬᠡᠢ ᠠᠮᠵᠢᠯᠳᠠ ᠤᠯᠵᠤ᠂ ᠡᠨᠡ ᠵᠢᠯ ᠤ᠋ᠨ ᠳᠡᠭᠡᠷ᠎ᠠ ᠬᠠᠭᠠᠰ ᠵᠢᠯ ᠳ᠋ᠦ ᠬᠤᠯᠠ ᠤᠢᠷ᠎ᠡ ᠡᠴᠡ ᠦᠪᠤᠷ ᠮᠤᠩᠭᠤᠯ ᠳ᠋ᠤ ᠢᠷᠡᠵᠦ ᠵᠢᠭᠤᠯᠴᠢᠯᠠᠭ᠍ᠰᠠᠳ 3 ᠳ᠋ᠦᠩᠱᠢᠭᠤᠷ ᠬᠦᠮᠦᠨ ᠤᠳᠠᠭ᠎ᠠ ᠵᠢ ᠳᠠᠪᠠᠨ᠂ ᠰᠤᠶᠤᠯ ᠵᠢᠭᠤᠯᠴᠢᠯᠠᠯ ᠤ᠋ᠨ ᠵᠠᠬ᠎ᠠ ᠳᠡᠯᠬᠡᠬᠦᠷ ᠦᠷᠨᠢᠩᠬᠦᠢ ᠬᠦᠭᠵᠢᠯᠳᠡ ᠶ᠋ᠢᠨ ᠪᠠᠢᠳᠠᠯ ᠢ᠋ᠶ᠋ᠡᠨ ᠪᠠᠳᠤᠯᠠᠵᠦ ᠪᠤᠢ᠃
ᠮᠠᠨ ᠤ᠋ ᠣᠷᠣᠨ ᠵᠢᠭᠤᠯᠴᠢᠯᠠᠯ ᠤ᠋ᠨ ᠦᠢᠯᠡᠴᠢᠯᠡᠭᠡᠨ ᠤ᠋ ᠶᠠᠰᠤ ᠴᠢᠨᠠᠷ ᠢ᠋ ᠦᠨᠡᠯᠡᠨ ᠵᠢᠱ᠌ᠢᠬᠦ᠌ ᠠᠵᠢᠯ ᠤ᠋ᠨ ᠲᠥᠯᠥᠪᠯᠡᠭᠡ ᠵᠢ ᠲᠣᠭ᠍ᠲᠠᠭᠠᠨ ᠬᠡᠷᠡᠭ᠌ᠵᠢᠭᠦᠯᠵᠦ᠂ ᠠᠢᠮᠠᠭ ᠬᠣᠲᠠ ᠵᠢᠨ ᠵᠢᠭᠤᠯᠴᠢᠯᠠᠯ ᠤ᠋ᠨ ᠦᠶ᠋ᠯᠡᠴᠢᠯᠡᠭᠡᠨ ᠤ᠋ ᠶᠠᠰᠤ ᠴᠢᠨᠠᠷ ᠢ᠋ ᠦᠨᠡᠯᠡᠬᠦ᠌ ᠭᠦᠶ᠋ᠴᠡᠳᠭᠡᠯ ᠲᠣᠭ᠎ᠠ ᠵᠢ ᠳᠠᠷᠤᠮᠠᠯᠯᠠᠨ ᠲᠠᠷᠬᠠᠭᠠᠵᠦ᠂ 《ᠴᠠᠭ ᠲᠤᠬᠠᠶ ᠳ᠋ᠤᠨᠢ ᠴᠤᠭ᠍ᠯᠠᠭᠤᠯᠬᠤ + ᠠᠶᠠᠨᠳᠠᠭᠠᠨ ᠱᠢᠨᠡᠳᠭᠡᠬᠦ᠌ + ᠬᠥᠳᠡᠯᠦᠩᠭᠦᠶ ᠪᠡᠷ ᠲᠣᠬᠢᠷᠠᠭᠤᠯᠬᠤ》 ᠦᠨᠡᠯᠡᠬᠦ᠌ ᠶᠠᠪᠤᠴᠠ ᠵᠢ ᠪᠦᠷᠢᠨᠱᠢᠭᠦᠯᠦᠨ᠂ ᠰᠢᠯᠢᠳᠡᠭ ᠵᠢᠭᠤᠯᠴᠢᠯᠠᠯ ᠤ᠋ᠨ ᠬᠣᠷᠢᠶ᠎ᠠ᠂ ᠣᠳᠣᠨ ᠲᠠᠰ ᠤ᠋ᠨ (ᠪᠣᠬᠢᠷᠲᠤᠯ ᠥᠬᠡᠶ) ᠵᠣᠴᠢᠳ ᠤ᠋ᠨ ᠪᠠᠭᠤᠳᠠᠯ ᠵᠡᠷᠭᠡ ᠰᠣᠶᠣᠯ ᠵᠢᠭᠤᠯᠴᠢᠯᠠᠯ ᠤ᠋ᠨ ᠠᠵᠤ ᠠᠬᠤᠢᠯᠠᠯ ᠤ᠋ᠨ ᠨᠡᠷᠡᠰ ᠤ᠋ᠨ ᠵᠢᠭ᠍ᠰᠠᠭᠠᠯᠲᠠ ᠵᠢ ᠲᠣᠭ᠍ᠲᠠᠮᠠᠯ ᠬᠤᠭᠤᠴᠠᠭ᠎ᠠ ᠲᠠᠶ ᠪᠠᠷ ᠨᠡᠢᠲᠡᠯᠡᠵᠤ ᠪᠠᠢᠬᠤ ᠪᠦᠬᠡᠳ 《2025 ᠣᠨ ᠤ᠋ ᠳᠡᠭᠡᠷ᠎ᠡ ᠬᠠᠭᠠᠰ ᠵᠢᠯ ᠤ᠋ᠨ ᠥᠪᠥᠷ ᠮᠣᠩᠭᠣᠯ ᠤ᠋ᠨ ᠵᠢᠭᠤᠯᠴᠢᠯᠠᠯ ᠤ᠋ᠨ ᠦᠶ᠋ᠯᠡᠴᠢᠯᠡᠭᠡᠨ ᠤ᠋ ᠶᠠᠰᠤ ᠴᠢᠨᠠᠷ ᠤ᠋ᠨ ᠲᠤᠬᠠᠢ ᠵᠢᠭᠤᠯᠴᠢᠯᠠᠭ᠍ᠰᠠᠳ ᠤ᠋ᠨ ᠬᠠᠨᠤᠮᠵᠢ ᠵᠢᠨ ᠬᠡᠮᠵᠢᠶ᠎ᠡ ᠵᠢᠨ ᠪᠠᠢᠴᠠᠭᠠᠯᠲᠠ ᠵᠢᠨ ᠮᠡᠳᠡᠭᠦᠯᠦᠯᠲᠡ》 ᠶ᠋ᠢ ᠨᠡᠢᠲᠡᠯᠡᠪᠠ᠃
ᠡᠨᠡ ᠵᠢᠯ ᠡᠴᠡ ᠨᠠᠭᠠᠰᠢ ᠪᠦᠬᠦ ᠤᠷᠤᠨ ᠳ᠋ᠤ ᠰᠢᠨ᠎ᠠ ᠪᠡᠷ ᠤᠯᠤᠰ ᠤ᠋ᠨ ᠲᠠᠰ ᠤ᠋ᠨ ᠪᠠ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠪᠣᠯᠪᠠᠰᠤᠨ ᠵᠢᠭᠤᠯᠴᠢᠯᠠᠯ ᠤ᠋ᠨ ᠵᠢᠱ᠌ᠢᠶ᠎ᠡ ᠦᠵᠡᠭᠦᠯᠬᠦ᠌ ᠨᠢᠭᠡᠴᠢ 15 ᠨᠡᠮᠡᠭᠳᠡᠨ᠂ 5A ᠪᠠ 4 A ᠲᠡᠰ ᠤ᠋ᠨ ᠵᠢᠭᠤᠯᠴᠢᠯᠠᠯ ᠤ᠋ᠨ ᠦᠢᠯᠡᠴᠢᠯᠡᠬᠡᠨ ᠤ᠋ ᠭᠠᠵᠠᠷ 15 ᠨᠡᠮᠡᠭ᠌ᠳᠡᠵᠤ᠂ ᠬᠥᠬᠡ ᠲᠡᠰ ᠤ᠋ᠨ ᠵᠢᠭᠤᠯᠴᠢᠯᠠᠯ ᠤ᠋ᠨ ᠠᠷᠠᠳ ᠤ᠋ᠨ ᠪᠠᠭᠤᠴᠠ 2 ᠨᠡᠮᠡᠭ᠌ᠳᠡᠨ᠂ ᠣᠳᠣᠨ ᠲᠡᠰ ᠤ᠋ᠨ ᠵᠢᠭᠤᠯᠴᠢᠯᠠᠯ ᠤ᠋ᠨ ᠪᠠᠭᠤᠳᠠᠯ 20 ᠨᠡᠮᠡᠭ᠌ᠳᠡᠵᠤ᠂ ᠵᠢᠭᠤᠯᠴᠢᠯᠠᠯ ᠤ᠋ᠨ ᠦᠢᠯᠡᠴᠢᠯᠡᠬᠡᠨ ᠤ᠋ ᠶᠠᠰᠤ ᠴᠢᠨᠠᠷ ᠪᠠ ᠬᠡᠷᠡᠭᠯᠡᠬᠡᠨ ᠤ᠋ ᠤᠷᠴᠢᠨ ᠨᠦᠬᠦᠴᠡᠯ ᠲᠠᠰᠤᠷᠠᠯᠳᠠ ᠦᠬᠡᠢ ᠰᠢᠯᠢᠳᠡᠭᠵᠢᠪᠡ᠃ ᠡᠯ᠎ᠠ ᠭᠠᠵᠠᠷ ᠤ᠋ᠨ ᠬᠢᠨ ᠪᠠᠰᠠ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠳ᠋ᠦ ᠢᠷᠡᠭ᠌ᠰᠡᠨ ᠣᠷᠣᠨ ᠤ᠋ ᠭᠠᠳᠠᠨᠠᠬᠢ ᠵᠢᠭᠤᠯᠴᠢᠯᠠᠭ᠍ᠰᠠᠳ ᠢ᠋ ᠱᠠᠩᠨᠠᠨ ᠬᠥᠬᠢᠭᠦᠯᠬᠦ᠌ ᠠᠷᠭ᠎ᠠ》 ᠶ᠋ᠢ ᠪᠤᠳᠠᠳᠠᠢ ᠳ᠋ᠤ ᠨᠠᠢᠳᠠᠪᠤᠷᠢᠵᠢᠭᠤᠯᠵᠤ᠂ 2024 ᠣᠨ ᠡᠴᠡ ᠨᠠᠭᠠᠰᠢ ᠦᠨᠡᠨᠴᠢ ᠢᠲᠡᠭᠡᠮᠵᠢᠲᠡᠶ ᠪᠡᠷ ᠡᠵᠡᠩᠨᠡᠬᠦ᠌᠂ ᠦᠶ᠋ᠯᠡᠳᠬᠦᠨ ᠤ᠋ ᠱᠢᠨ᠎ᠡ ᠵᠢ ᠡᠭᠦᠳᠬᠦ᠌᠂ ᠵᠢᠭᠤᠯᠴᠢᠯᠠᠭᠰᠠᠳ ᠤ᠋ᠨ ᠢᠷᠡᠯᠲᠡ ᠵᠢ ᠣᠷᠣᠭᠤᠯᠤᠨ ᠠᠪᠴᠢᠷᠠᠬᠤ ᠵᠡᠷᠭᠡ ᠲᠠᠯ᠎ᠠ ᠪᠠᠷ ᠨᠡᠢᠳᠡ 8 ᠪᠦᠯᠦᠭ᠂ 55 ᠰᠣᠶᠣᠯ ᠵᠢᠭᠤᠯᠴᠢᠯᠠᠯ ᠤ᠋ᠨ ᠠᠵᠤ ᠠᠬᠤᠢᠯᠠᠯ ᠳ᠋ᠦ 906 ᠲᠦᠮᠡ ᠭᠠᠷᠤᠶ ᠲᠥᠭᠥᠷᠢᠭ ᠤ᠋ᠨ ᠱᠠᠩᠨᠠᠯ ᠣᠯᠭᠣᠪᠠ᠃ ᠡᠨᠡ ᠵᠢᠯ ᠤᠷᠤᠨ ᠤ᠋ ᠭᠠᠳᠠᠨᠠᠬᠢ ᠵᠢᠭᠤᠯᠴᠢᠯᠠᠭ᠍ᠰᠠᠳ ᠢ᠋ ᠱᠠᠩᠨᠠᠬᠤ ᠲᠥᠷᠥ ᠵᠢᠨ ᠪᠣᠳᠣᠯᠭ᠎ᠠ ᠵᠢ ᠤᠯᠠᠮ ᠱᠢᠯᠢᠳᠡᠭ᠌ᠵᠢᠭᠦᠯᠵᠦ᠍᠂ ᠵᠢᠭᠤᠯᠴᠢᠯᠠᠯ ᠤ᠋ᠨ ᠦᠶ᠋ᠯᠡᠴᠢᠯᠡᠭᠡᠨ ᠤ᠋ ᠭᠠᠵᠠᠷ ᠤ᠋ᠨ ᠣᠷᠣᠨ ᠤ᠋ ᠭᠠᠳᠠᠨᠠᠬᠢ ᠵᠢᠭᠤᠯᠴᠢᠯᠠᠭ᠍ᠰᠠᠳ ᠢ᠋ ᠲᠠᠲᠠᠬᠤ ᠢᠳᠡᠪᠬᠢᠵᠢᠯ ᠢ᠋ ᠤᠯᠠᠮ ᠴᠢᠨᠠᠭᠰᠢᠳᠠ ᠬᠥᠭ᠌ᠵᠢᠭᠡᠵᠤ ᠪᠠᠢᠨ᠎ᠠ᠃