ᠲᠦᠷᠦᠭᠦᠭᠡᠨ᠂ ᠬᠥᠬᠡᠬᠣᠲᠠ ᠵᠢᠨ ᠬᠣᠲᠣᠩ ᠠᠷᠠᠳ ᠤ᠋ᠨ ᠲᠣᠭᠣᠷᠢᠭ ᠤ᠋ᠨ ᠪᠣᠯᠣᠳ ᠲᠡᠮᠦᠷ ᠵᠠᠮ ᠤ᠋ᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠤ᠋ᠨ ᠬᠢᠨ ᠰᠢᠨ ᠬᠤᠸᠠ ᠶᠤᠸᠠᠨ ᠨᠡᠢᠭᠡᠮ ᠲᠣᠭᠣᠷᠢᠭ ᠤ᠋ᠨ ᠭᠦᠧᠧ ᠺᠠᠩ ᠲᠤᠰᠬᠠᠢ ᠮᠡᠷᠭᠡᠵᠢᠯᠲᠡᠨ ᠤ᠋ ᠶᠡᠷᠦᠩᠬᠡᠢᠯᠡᠭᠰᠡᠨ ᠡᠭᠦᠳᠡᠨ ᠡᠮᠨᠡᠯᠭᠡ ᠲᠠᠢ ᠬᠠᠮᠳᠤᠷᠠᠨ 《ᠨᠠᠮ ᠤ᠋ᠨ ᠪᠠᠢᠭᠤᠯᠤᠯᠲᠠ ᠪᠡᠷ ᠬᠥᠲᠥᠯᠦᠨ ᠳᠠᠭᠠᠭᠤᠯᠵᠤ ᠡᠷᠡᠭᠦᠯ ᠮᠡᠨᠳᠦ ᠵᠢ ᠬᠦᠷᠭᠡᠵᠤ ᠠᠷᠠᠳ ᠲᠤ᠌ ᠠᠰᠢᠭ ᠬᠦᠷᠲᠡᠭᠡᠬᠦ ᠦᠢᠯᠡᠴᠢᠯᠡᠭᠡᠨ ᠵᠢᠡᠷ ᠤᠭ ᠰᠠᠨᠠᠭ᠎ᠠ ᠪᠠᠨ ᠦᠢᠯᠡᠳᠦᠯᠭᠡᠵᠢᠭᠦᠯᠬᠦ》 ᠬᠢᠲᠠᠳ ᠡᠮᠨᠡᠯᠭᠡ ᠵᠢᠨ ᠠᠯᠪᠠᠨ ᠵᠢᠷᠤᠮ ᠤ᠋ᠨ ᠡᠮᠴᠢᠯᠡᠭᠡᠨ ᠤ᠋ ᠠᠵᠢᠯᠯᠠᠭ᠎ᠠ ᠵᠢ ᠥᠷᠨᠢᠭᠦᠯᠵᠡᠢ᠃
ᠨᠡᠢᠭᠡᠮ ᠲᠣᠭᠣᠷᠢᠭ ᠤ᠋ᠨ ᠪᠦᠷᠢᠳᠬᠡᠯ ᠢ᠋ ᠦᠨᠳᠦᠰᠦᠯᠡᠪᠡᠯ᠂ ᠲᠤᠰ ᠡᠳᠦᠷ ᠤ᠋ᠨ ᠦᠳᠡ ᠵᠢᠨ ᠡᠮᠦᠨ᠎ᠡ 100 ᠭᠠᠷᠤᠢ ᠰᠠᠭᠤᠭᠠᠯᠢ ᠠᠷᠠᠳ ᠲᠤ᠌ ᠤᠨᠤᠰᠢᠯᠠᠭ᠎ᠠ ᠬᠢᠵᠦ᠂ 200 ᠭᠠᠷᠤᠢ ᠬᠠᠨᠳᠠ ᠡᠮ ᠢ᠋ ᠪᠦᠬᠦᠨ ᠢ᠋ ᠲᠠᠷᠬᠠᠭᠠᠨ ᠥᠭᠴᠡᠢ᠃ 《 ᠲᠤᠰ ᠤᠳᠠᠭ᠎ᠠ ᠵᠢᠨ ᠠᠯᠪᠠᠨ ᠵᠢᠷᠤᠮ ᠤ᠋ᠨ ᠡᠮᠴᠢᠯᠡᠭᠡ ᠵᠢᠨ ᠠᠵᠢᠯᠯᠠᠭ᠎ᠠ ᠳ᠋ᠤ᠌ ᠬᠠᠷᠢᠶ᠎ᠠ ᠣᠷᠣᠨ ᠤ᠋ ᠡᠮᠴᠢᠯᠡᠭᠡᠨ ᠤ᠋ ᠡᠬᠢ ᠪᠠᠶᠠᠯᠢᠭ ᠢ᠋ ᠨᠡᠢᠳᠬᠡᠬᠦ ᠪᠡᠷ ᠳᠠᠮᠵᠢᠨ ᠠᠷᠠᠳ ᠲᠤ᠌ ᠠᠰᠢᠭ ᠬᠦᠷᠲᠡᠭᠡᠬᠦ ᠦᠢᠯᠡᠴᠢᠯᠡᠭᠡ ᠵᠢ ᠠᠷᠠᠳ ᠤᠯᠠᠨ ᠤ᠋ ᠭᠡᠷ ᠤ᠋ᠨ ᠡᠭᠦᠳᠡᠨ ᠳ᠋ᠦ᠍ ᠬᠦᠷᠭᠡᠵᠡᠢ᠃ ᠬᠣᠢᠰᠢᠳᠠ ᠠᠷᠠᠳ ᠲᠤ᠌ ᠠᠰᠢᠭ ᠬᠦᠷᠲᠡᠭᠡᠬᠦ ᠡᠢᠮᠦᠷᠬᠦᠤ ᠠᠵᠢᠯᠯᠠᠭ᠎ᠠ ᠵᠢ ᠦᠷᠭᠦᠯᠵᠢ ᠥᠷᠨᠢᠭᠦᠯᠵᠦ᠂ ᠨᠠᠮ ᠤ᠋ᠨ ᠬᠠᠢᠷ᠎ᠠ ᠬᠠᠯᠠᠮᠵᠢ ᠵᠢ ᠰᠠᠭᠤᠭᠠᠯᠢ ᠠᠷᠠᠳ ᠨᠢᠭᠡᠪᠦᠷᠢ ᠵᠢᠨ ᠳᠡᠷᠭᠡᠳᠡ ᠬᠦᠷᠭᠡᠨ᠎ᠡ》 ᠭᠡᠵᠤ ᠰᠢᠨ ᠬᠤᠸᠠ ᠶᠤᠸᠠᠨ ᠨᠡᠢᠭᠡᠮ ᠲᠣᠭᠣᠷᠢᠭ ᠤ᠋ᠨ ᠨᠠᠮ ᠤ᠋ᠨ ᠬᠣᠷᠢᠶ᠎ᠠ ᠵᠢᠨ ᠳᠡᠳ᠋ ᠱᠦᠵᠢ ᠯᠦ᠍ ᠴᠢᠩ ᠳᠠᠨᠢᠯᠴᠠᠭᠤᠯᠤᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号