ᠬᠦᠬᠡᠬᠤᠲᠠ ᠡᠮ ᠤ᠋ᠨ ᠵᠦᠢᠯ ᠢ᠋ ᠰᠢᠯᠭᠠᠨ ᠪᠠᠢᠴᠠᠭᠠᠬᠤ ᠠᠵᠢᠯ ᠢ᠋ ᠡᠷᠴᠢᠮᠲᠡᠢ ᠦᠷᠨᠢᠭᠦᠯᠵᠦ ᠪᠠᠢᠨ᠎ᠠ
2025-09-18 11:13:17
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠣᠷᠣᠨ ᠤ᠋ ᠲᠥᠪ ᠬᠣᠲᠠ ᠶ᠋ᠢᠨ ᠠᠷᠠᠳ ᠣᠯᠠᠨ ᠤ᠋ ᠡᠮ ᠬᠡᠷᠡᠭ᠌ᠯᠡᠬᠦ᠌ ᠠᠮᠤᠷ ᠲᠦᠪᠱᠢᠨ ᠢ᠋ ᠦᠨᠡᠨ ᠬᠦ᠌ ᠪᠠᠲᠤᠯᠠᠬᠤ ᠶ᠋ᠢᠨ ᠲᠦᠯᠦᠭᠡ᠂ ᠬᠥᠬᠡᠬᠣᠲᠠ ᠶ᠋ᠢᠨ ᠱᠢᠯᠭᠠᠨ ᠪᠠᠢᠴᠠᠭᠠᠵᠤ ᠬᠢᠨᠠᠨ ᠬᠡᠮᠵᠢᠬᠦ᠌ ᠲᠥᠪ ᠤ᠋ᠨ ᠬᠢᠨ ᠱᠢᠯᠭᠠᠨ ᠪᠠᠢᠴᠠᠭᠠᠵᠤ ᠬᠢᠨᠠᠨ ᠬᠡᠮᠵᠢᠬᠦ᠌ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠭᠤᠤᠯ ᠡᠭᠦᠷᠭᠡ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠡᠮ ᠤ᠋ᠨ ᠵᠦᠶ᠋ᠯ ᠢ᠋ ᠱᠢᠯᠭᠠᠨ ᠪᠠᠢᠴᠠᠭᠠᠬᠤ ᠠᠵᠢᠯ ᠢ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠬᠥᠭ᠌ᠵᠢᠯᠲᠡ ᠶ᠋ᠢᠨ ᠶᠡᠬᠡ ᠲᠠᠯ᠎ᠠ ᠳ᠋ᠤ ᠭᠦᠨᠵᠡᠭᠡᠶ ᠠᠭᠤᠰᠤᠯᠴᠠᠭᠤᠯᠵᠤ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠡᠮ ᠤ᠋ᠨ ᠵᠦᠶ᠋ᠯ ᠢ᠋ ᠱᠢᠯᠭᠠᠨ ᠪᠠᠢᠴᠠᠭᠠᠬᠤ ᠠᠵᠢᠯ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ ᠵᠢ ᠪᠥᠬᠥ᠌ ᠬᠦᠴᠦᠨ ᠢ᠋ᠶ᠋ᠡᠷ ᠠᠬᠢᠭᠤᠯᠵᠤ ᠪᠠᠢᠨ᠎ᠠ᠃

ᠣᠳᠣᠬᠠᠨ᠎ᠳᠤ᠂ ᠬᠥᠬᠡᠬᠣᠲᠠ ᠶ᠋ᠢᠨ ᠰᠢᠯᠭᠠᠨ ᠪᠠᠢᠴᠠᠭᠠᠵᠤ ᠬᠢᠨᠠᠨ ᠬᠡᠮᠵᠢᠬᠦ᠌ ᠲᠥᠪ 《ᠰᠢᠯᠭᠠᠨ ᠪᠠᠢᠴᠠᠭᠠᠵᠤ ᠬᠢᠨᠠᠨ ᠬᠡᠮᠵᠢᠬᠦ ᠪᠠᠢᠭᠤᠯᠤᠮᠵᠢ ᠶ᠋ᠢᠨ CMA ᠬᠢᠷᠢ ᠬᠡᠮ ᠤ᠋ᠨ ᠦᠨᠡᠮᠯᠡᠯ 》 ᠢ᠋ ᠣᠯᠵᠤ᠂ ᠡᠮ ᠤ᠋ᠨ ᠵᠦᠶ᠋ᠯ ᠤ᠋ᠨ ᠬᠦᠷᠢᠶᠡᠨ ᠳ᠋ᠡᠬᠢ 56 ᠪᠣᠯᠵᠣᠯᠲᠤ ᠲᠣᠭ᠎ᠠ᠂ 113 ᠠᠷᠭ᠎ᠠ ᠶ᠋ᠢᠨ ᠰᠢᠯᠭᠠᠨ ᠪᠠᠢᠴᠠᠭᠠᠵᠤ ᠬᠢᠨᠠᠨ ᠬᠡᠮᠵᠢᠬᠦ ᠴᠢᠳᠠᠪᠤᠷᠢ ᠵᠢ ᠪᠦᠷᠢᠯᠳᠦᠭᠦᠯᠵᠦ᠍᠂ ᠣᠷᠣᠨ ᠤ᠋ ᠲᠥᠪ ᠬᠤᠲᠠ ᠶ᠋ᠢᠨ ᠡᠮ ᠤ᠋ᠨ ᠵᠦᠶ᠋ᠯ ᠤ᠋ᠨ ᠠᠮᠤᠷ ᠲᠦᠪᠱᠢᠨ ᠳ᠋ᠤ ᠮᠡᠷᠭᠡᠵᠢᠯ ᠤ᠋ᠨ ᠲᠤᠯᠭᠠᠭᠤᠷᠢᠯᠠᠯ ᠢ᠋ ᠪᠠᠲᠤ ᠴᠤᠬᠴᠠᠯᠠᠵᠤ ᠦᠭᠪᠡ᠃ ᠡᠨᠡ ᠵᠢᠯ᠂ 《 ᠬᠥᠬᠡᠬᠣᠲᠠ ᠶ᠋ᠢᠨ ᠡᠮ ᠤ᠋ᠨ ᠵᠦᠶ᠋ᠯᠡᠰ ᠢ᠋ ᠰᠤᠭᠤᠴᠢᠨ ᠪᠠᠢᠴᠠᠭᠠᠬᠤ ᠲᠥᠯᠥᠪᠯᠡᠭᠡ 》 ᠶ᠋ᠢᠨ ᠱᠠᠭᠠᠷᠳᠠᠯᠭ᠎ᠠ ᠶᠣᠰᠣᠭᠠᠷ᠂ ᠲᠤᠰ ᠲᠦᠪ ᠤ᠋ᠨ ᠬᠢᠨ ᠬᠢᠮᠢ ᠶ᠋ᠢᠨ ᠡᠮ᠂ ᠬᠢᠲᠠᠳ (ᠮᠣᠩᠭᠣᠯ) ᠡᠮ᠂ ᠬᠢᠲᠠᠳ ᠡᠮ ᠤ᠋ᠨ ᠮᠠᠲ᠋ᠧᠷᠢᠶᠠᠯ ᠵᠢᠴᠢ ᠬᠢᠲᠠᠳ ᠴᠢᠨᠠᠬᠤ ᠡᠮ᠂ ᠬᠡᠦᠬᠡᠳ ᠤ᠋ᠨ ᠡᠮ ᠤ᠋ᠨ ᠵᠦᠶ᠋ᠯᠡᠰ᠂ ᠬᠤᠳᠠᠯᠳᠤᠨ ᠤᠷᠤᠭᠤᠯᠬᠤ ᠡᠮ ᠤ᠋ᠨ ᠵᠦᠶ᠋ᠯᠡᠰ᠂ ᠰᠦᠯᠵᠢᠶ᠎ᠡ ᠪᠡᠷ ᠰᠤᠭᠤᠴᠢᠨ ᠪᠠᠢᠴᠠᠭᠠᠬᠤ ᠵᠡᠷᠭᠡ 6 ᠶᠡᠬᠡ ᠲᠤᠰᠭᠠᠶ ᠲᠥᠷᠥᠯ ᠤ᠋ᠨ᠂ 48 ᠲᠥᠷᠥᠯ ᠵᠦᠶ᠋ᠯ ᠤ᠋ᠨ᠂ 400 ᠪᠦᠯᠦᠭ ᠤᠳᠠᠭ᠎ᠠ ᠶ᠋ᠢᠨ ᠱᠢᠯᠭᠠᠨ ᠪᠠᠢᠴᠠᠭᠠᠬᠤ ᠡᠭᠦᠷᠭᠡ ᠵᠢ ᠳᠠᠭᠠᠭᠠᠨ ᠠᠪᠤᠪᠠ᠃

 ᠭᠤᠤᠯᠳᠠᠯᠭ᠎ᠠ ᠲᠠᠢ ᠱᠢᠯᠭᠠᠨ ᠪᠠᠢᠴᠠᠭᠠᠬᠤ ᠡᠮ ᠤ᠋ᠨ ᠵᠦᠶ᠋ᠯ ᠳ᠋ᠤ ᠴᠢᠭ᠌ᠯᠡᠭᠦᠯᠦᠨ᠂ 《ᠲᠤᠰᠭᠠᠶ ᠬᠥᠮᠦᠨ ᠪᠡᠷ ᠬᠠᠷᠢᠭᠤᠴᠠᠬᠤ᠂ ᠲᠤᠰᠭᠠᠶ ᠠᠵᠢᠯ ᠤ᠋ᠨ ᠪᠠᠢᠷᠢ ᠪᠡᠷ ᠵᠣᠯᠭᠠᠭᠤᠯᠬᠤ᠂ ᠲᠤᠰᠭᠠᠶ ᠠᠩᠭᠢ ᠪᠡᠷ ᠱᠢᠯᠭᠠᠨ ᠪᠠᠢᠴᠠᠭᠠᠬᠤ》 ᠠᠵᠢᠯ ᠤ᠋ᠨ ᠲᠣᠭ᠍ᠲᠠᠴᠠ ᠵᠢ ᠬᠡᠷᠡᠭ᠌ᠵᠢᠭᠦᠯᠵᠦ᠍᠂ ᠱᠢᠯᠭᠠᠨ ᠪᠠᠢᠴᠠᠭᠠᠬᠤ ᠠᠬᠢᠴᠠ ᠵᠢ ᠥᠨᠳᠥᠷ ᠪᠦᠲᠦᠮᠵᠢᠲᠡᠶ ᠪᠡᠷ ᠠᠬᠢᠭᠤᠯᠤᠨ᠂ 《ᠱᠢᠯᠭᠠᠨ ᠪᠠᠢᠴᠠᠭᠠᠬᠤ — ᠵᠠᠳᠠᠯᠬᠤ — ᠤᠷᠢᠳᠴᠢᠯᠠᠨ ᠰᠡᠷᠡᠮᠵᠢᠯᠡᠭᠦᠯᠬᠦ᠌ — ᠱᠢᠶ᠋ᠳᠪᠦᠷᠢᠯᠡᠬᠦ᠌》 ᠵᠠᠭ᠍ᠪᠤᠷ ᠢ᠋ ᠬᠡᠷᠡᠭ᠌ᠯᠡᠵᠦ᠍᠂ ᠥᠯᠢᠭᠡᠷ ᠡᠳ᠋ ᠤ᠋ᠨ ᠨᠡᠷᠡᠢᠳᠦᠯ᠂ ᠬᠡᠪ ᠪᠠᠷᠢᠮᠵᠢᠶ᠎ᠠ᠂ ᠵᠥᠪᠱᠢᠶᠡᠷᠡᠯ ᠤ᠋ᠨ ᠳ᠋ᠤᠭᠠᠷ ᠂ ᠦᠶ᠋ᠯᠡᠳᠪᠦᠷᠢᠯᠡᠯ ᠤ᠋ᠨ ᠨᠢᠭᠡᠴᠢ᠂ ᠬᠡᠷᠡᠭ᠌ᠵᠢᠭᠦᠯᠬᠦ᠌ ᠪᠠᠷᠢᠮᠵᠢᠶ᠎ᠠ ᠵᠡᠷᠭᠡ ᠮᠡᠳᠡᠭᠡ ᠵᠠᠩᠭᠢ ᠵᠢ ᠪᠦᠯᠦᠭ ᠤᠳᠠᠭ᠎ᠠ ᠳᠠᠷᠠᠭᠠᠯᠠᠨ ᠬᠠᠷᠭᠤᠭᠤᠯᠵᠤ᠂ ᠥᠯᠢᠭᠡᠷ ᠠᠪᠬᠤ ᠨᠢᠭᠡᠴᠢ ᠲᠠᠢ ᠬᠠᠷᠢᠭᠤ ᠲᠤᠰᠭᠠᠵᠤ ᠨᠡᠪᠲᠡᠷᠡᠯᠴᠡᠨ᠂ ᠡᠮ ᠤ᠋ᠨ ᠵᠦᠶ᠋ᠯ ᠤ᠋ᠨ ᠶᠠᠰᠤ ᠴᠢᠨᠠᠷ ᠤ᠋ᠨ ᠠᠮᠤᠷ ᠲᠦᠪᠱᠢᠨ ᠤ᠋ ᠨᠢᠭᠡᠳᠦᠭᠡᠷ ᠪᠣᠭᠣᠮᠲᠠ ᠵᠢ ᠰᠠᠢᠲᠤᠷ ᠡᠵᠡᠮᠳᠡᠵᠦ᠍᠂ 《ᠠᠯᠳᠠᠭ᠎ᠠ ᠪᠤᠷᠤᠭᠤ ᠥᠬᠡᠶ》 ᠪᠠᠢᠬᠤ ᠵᠢ ᠦᠨᠡᠨ ᠬᠦ᠌ ᠪᠠᠲᠤᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号