ᠴᠡᠨᠡᠭ᠌ᠯᠡᠬᠦᠷ ᠤ᠋ᠨ ᠶᠠᠰᠤ ᠴᠢᠨᠠᠷ ᠤ᠋ᠨ ᠠᠮᠤᠷ ᠲᠦᠪᠱᠢᠨ ᠢ᠋ ᠴᠡᠭ᠌ᠴᠡᠯᠡᠨ ᠵᠠᠰᠠᠬᠤ ᠲᠤᠰᠭᠠᠶ ᠠᠵᠢᠯᠯᠠᠭ᠎ᠠ ᠦᠷᠨᠢᠬᠦᠯᠪᠠ
2025-09-18 11:17:25
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠣᠢᠷ᠎ᠠ ᠳ᠋ᠤ ᠂ ᠬᠡᠷᠡᠭ᠌ᠯᠡᠭᠡᠨ ᠤ᠋ ᠠᠮᠤᠷ ᠲᠦᠪᠱᠢᠨ ᠤ᠋ ᠰᠡᠷᠭᠡᠢᠯᠡᠯᠲᠡ ᠶ᠋ᠢᠨ ᠱᠤᠭᠤᠮ ᠢ᠋ ᠤᠯᠠᠮ ᠴᠢᠨᠠᠬᠰᠢᠲᠠ ᠪᠡᠬᠢᠵᠢᠭᠦᠯᠬᠦ᠌ ᠶ᠋ᠢᠨ ᠲᠥᠯᠥᠭᠡ᠂ ᠬᠥᠬᠡᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠠᠵᠤ ᠠᠬᠤᠶ ᠮᠡᠷᠭᠡᠵᠢᠯ ᠤ᠋ᠨ ᠨᠡᠭᠡᠭᠡᠯᠲᠡ ᠶ᠋ᠢᠨ ᠲᠣᠭᠣᠷᠢᠭ ᠤ᠋ᠨ ᠬᠤᠪᠢᠶᠠᠷᠢ ᠲᠣᠪᠴᠢᠶ᠎ᠠ ᠴᠡᠨᠡᠭ᠌ᠯᠡᠬᠦᠷ ᠤ᠋ᠨ ᠶᠠᠰᠤ ᠴᠢᠨᠠᠷ ᠤ᠋ᠨ ᠠᠮᠤᠷ ᠲᠦᠪᠱᠢᠨ ᠢ᠋ ᠴᠡᠭ᠌ᠴᠡᠯᠡᠨ ᠵᠠᠰᠠᠬᠤ ᠲᠤᠰᠭᠠᠶ ᠠᠵᠢᠯᠯᠠᠭ᠎ᠠ ᠥᠷᠨᠢᠭᠦᠯᠵᠦ᠍᠂ ᠠᠷᠠᠳ ᠣᠯᠠᠨ ᠤ᠋ ᠠᠮᠢ ᠨᠠᠰᠤ ᠡᠳ᠋ ᠬᠥᠷᠥᠩᠭᠡ ᠶ᠋ᠢᠨ ᠠᠮᠤᠷ ᠲᠦᠪᠱᠢᠨ ᠢ᠋ ᠬᠠᠮᠠᠭᠠᠯᠠᠪᠠ᠃

ᠬᠠᠤᠯᠢ ᠬᠡᠷᠡᠭ᠌ᠵᠢᠭᠦᠯᠬᠦ᠌ ᠠᠵᠢᠯᠲᠠᠨ ᠬᠤᠳᠠᠯᠳᠤᠭᠠᠨ ᠤ᠋ ᠬᠡᠲᠦ ᠳᠡᠯᠭᠡᠭᠦᠷ᠂ ᠭᠠᠷ ᠤᠲᠠᠰᠤᠨ ᠤ᠋ ᠰᠡᠯᠪᠢᠭ ᠲᠣᠨᠣᠭ ᠤ᠋ᠨ ᠳᠡᠯᠭᠡᠭᠦᠷ ᠲᠦ᠍ ᠭᠦᠨᠵᠡᠭᠡᠢᠷᠡᠨ ᠴᠡᠨᠡᠭᠯᠡᠭᠦᠷ ᠦᠢᠯᠡᠳᠬᠦᠨ ᠤ᠋ CCC ᠭᠡᠷᠡᠴᠢᠯᠡᠯ ᠢ᠋ ᠳᠠᠮᠵᠢᠭ᠍ᠰᠠᠨ ᠡᠰᠡᠬᠦ᠌᠂ ᠤᠯᠤᠰ ᠤ᠋ᠨ ᠪᠠᠷᠢᠮᠵᠢᠶ᠎ᠠ ᠳ᠋ᠤ ᠨᠡᠢᠴᠡᠬᠦ᠌ ᠡᠰᠡᠬᠦ᠌᠂ 《ᠦᠢᠯᠡᠳᠪᠦᠷᠢᠯᠡᠭᠰᠡᠨ ᠡᠳᠦᠷ ᠬᠤᠭᠤᠴᠠᠭ᠎ᠠ ᠦᠭᠡᠢ᠂ ᠶᠠᠰᠤ ᠴᠢᠨᠠᠷ ᠤ᠋ᠨ ᠬᠢᠷᠢ ᠲᠡᠨᠭᠴᠡᠭᠰᠡᠨ ᠭᠡᠷᠡᠴᠢ ᠦᠭᠡᠢ᠂ ᠦᠢᠯᠡᠳᠪᠦᠷᠢᠯᠡᠭᠰᠡᠨ ᠦᠢᠯᠡᠳᠪᠦᠷᠢ ᠦᠭᠡᠢ》 ᠦᠶ᠋ᠯᠡᠳᠬᠦᠨ ᠣᠷᠣᠱᠢᠵᠤ ᠪᠠᠢᠬᠤ ᠡᠰᠡᠬᠦ᠌ ᠵᠢ ᠪᠠᠢᠴᠠᠭᠠᠵᠤ᠂ ᠰᠦᠯᠵᠢᠶᠡᠨ ᠳᠡᠭᠡᠷ᠎ᠡ ᠶᠡᠬᠡ ᠪᠡᠷ ᠪᠣᠷᠣᠯᠠᠭᠤᠯᠵᠤ ᠪᠠᠢᠭ᠎ᠠ᠂ ᠬᠢᠮᠳᠠ ᠦᠨ᠎ᠡ ᠪᠡᠷ ᠪᠣᠷᠣᠯᠠᠭᠤᠯᠭ᠎ᠠ ᠠᠬᠢᠭᠤᠯᠵᠤ ᠪᠠᠢᠭ᠎ᠠ ᠦᠶ᠋ᠯᠡᠳᠬᠦᠨ ᠳ᠋ᠤ ᠴᠢᠭ᠌ᠯᠡᠭᠦᠯᠦᠨ ᠭᠤᠤᠯᠳᠠᠯᠭ᠎ᠠ᠎ᠲᠠᠶ ᠪᠠᠢᠴᠠᠭᠠᠯᠲᠠ ᠦᠷᠨᠢᠭᠦᠯᠪᠡ᠃ ᠪᠠᠰᠠ ᠠᠵᠤ ᠠᠬᠤᠢᠯᠠᠯ ᠤ᠋ᠨ ᠬᠢᠨ ᠴᠡᠨᠡᠭ᠌ᠯᠡᠬᠦᠷ ᠦᠶ᠋ᠯᠡᠳᠬᠦᠨ ᠤ᠋ ᠲᠤᠬᠠᠢ ᠦᠪᠡᠷ ᠢ᠋ᠶ᠋ᠡᠨ ᠴᠢᠩᠭ᠎ᠠ ᠪᠠᠢᠴᠠᠭᠠᠵᠤ᠂ CCC ᠭᠡᠷᠡᠴᠢᠯᠡᠯ᠂ ᠪᠠᠷᠠᠭ᠎ᠠ ᠣᠷᠣᠭᠤᠯᠬᠤ ᠠᠷᠭ᠎ᠠ ᠵᠠᠮ ᠵᠡᠷᠭᠡ ᠵᠠᠩᠭᠢᠯᠠᠭ᠎ᠠ ᠶ᠋ᠢᠨ ᠭᠣᠭ᠍ᠴᠣᠭ᠎ᠠ ᠵᠢ ᠭᠤᠤᠯᠳᠠᠯᠭ᠎ᠠ ᠲᠠᠢ ᠬᠢᠨᠠᠨ ᠪᠠᠢᠴᠠᠭᠠᠵᠤ ᠂ ᠬᠡᠷᠪᠡ ᠠᠰᠠᠭᠤᠳᠠᠯ ᠲᠠᠢ ᠦᠶ᠋ᠯᠡᠳᠬᠦᠨ ᠪᠠᠢᠬᠤ ᠵᠢ ᠣᠯᠵᠤ ᠮᠡᠳᠡᠪᠡᠯ ᠳᠠᠷᠤᠶ ᠲᠦᠷᠭᠡᠨ ᠪᠤᠷᠤᠯᠠᠭᠤᠯᠭ᠎ᠠ ᠵᠤᠬᠰᠤᠭᠠᠬᠤ ᠵᠢ ᠱᠠᠭᠠᠷᠳᠠᠵᠤ᠂ ᠠᠵᠤ ᠠᠬᠤᠢᠯᠠᠯ ᠤ᠋ᠨ ᠶᠠᠰᠤ ᠴᠢᠨᠠᠷ ᠤ᠋ᠨ ᠤᠯᠠᠭᠠᠨ ᠱᠤᠭᠤᠮ ᠢ᠋ ᠴᠢᠩᠭ᠎ᠠ ᠰᠠᠬᠢᠵᠤ᠂ ᠬᠡᠷᠡᠭ᠌ᠯᠡᠭ᠌ᠴᠢᠳ ᠤ᠋ᠨ ᠡᠷᠬᠡ ᠠᠰᠢᠭ ᠢ᠋ ᠦᠨᠡᠨ ᠬᠦ᠌ ᠪᠠᠲᠤᠯᠠᠬᠤ ᠵᠢ ᠱᠠᠯᠠᠪᠳᠠᠭᠤᠯᠤᠨ ᠵᠢᠯᠤᠭᠤᠳᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号