ᠦᠪᠡᠷᠲᠡᠬᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ ᠮᠠᠨ᠎ᠤ ᠤᠯᠤᠰ᠎ᠤᠨ ᠠᠷᠪᠠᠨ ᠬᠣᠶᠠᠳᠤᠭᠠᠷ ᠬᠤᠭᠤᠴᠠᠭᠠᠨ ᠤ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠵᠢᠴᠢ ᠶᠢᠰᠦᠳᠦᠭᠡᠷ ᠬᠤᠭᠤᠴᠠᠭᠠᠨ᠎ᠤ ᠣᠨᠴᠠᠭᠠᠶ ᠣᠯᠢᠮᠫᠢᠺ ᠤᠨ ᠪᠡᠶ᠎ᠡ᠎ᠶ᠋ᠢᠨ ᠲᠠᠮᠢᠷ ᠤᠨ ᠴᠤᠭ᠍ᠯᠠᠭᠠᠨ᠎ᠤ ᠬᠦᠷᠳᠦᠲᠦ ᠰᠠᠨᠳᠠᠯᠢ᠎ᠶ᠋ᠢᠨ ᠪᠥᠵᠢᠭ᠎ᠦᠨ ᠤᠷᠤᠯᠳᠤᠭᠠᠨ᠎ᠤ ᠲᠥᠷᠥᠯ ᠵᠦᠶ᠋ᠯ ᠲᠦᠷᠦᠬᠦᠭᠡᠨ ᠱᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ᠎ᠳᠤ ᠶᠠᠪᠤᠭ᠍ᠳᠠᠵᠦ᠂ ᠮᠠᠨ᠎ᠤ ᠤᠷᠤᠨ᠎ᠤ ᠬᠦᠷᠳᠦᠲᠦ ᠰᠠᠨᠳᠠᠯᠢ᠎ᠶ᠋ᠢᠨ ᠪᠥᠵᠢᠭ ᠦᠨ ᠠᠩᠭᠢ ᠲᠣᠭ᠍ᠯᠠᠯᠲᠠ ᠳᠤ ᠣᠷᠣᠯᠴᠠᠵᠤ᠂ ᠦᠵᠡᠭ᠌ᠴᠢᠳ᠎ᠲᠦ ᠬᠦᠴᠦᠨ ᠴᠢᠳᠠᠯ ᠪᠠ ᠭᠤᠤ᠎ᠠ ᠰᠠᠢᠬᠠᠨ ᠢ ᠭᠠᠢᠬᠠᠭᠤᠯᠪᠠ᠃
ᠣᠢᠯᠠᠭᠠᠭ᠍ᠰᠠᠨ ᠢᠶᠠᠷ᠂ ᠮᠠᠨ ᠤ ᠤᠷᠤᠨ ᠤ ᠬᠦᠷᠳᠦᠲᠦ ᠰᠠᠨᠳᠠᠯᠢ᠎ᠶ᠋ᠢᠨ ᠪᠥᠵᠢᠭ ᠦᠨ ᠲᠥᠯᠥᠭᠡᠯᠡᠭ᠌ᠴᠢᠳ᠎ᠦᠨ ᠠᠩᠭᠢ ᠨᠢ 7 ᠬᠦᠮᠦᠨ ᠵᠢᠡᠷ ᠪᠦᠷᠢᠯᠳᠦᠵᠦ᠂ ᠡᠭᠦᠨ᠎ᠳᠦ ᠯᠢ ᠬᠦᠶ ᠶᠢᠩ᠂ ᠲᠢᠶᠠᠨ ᠶᠢᠩ ᠬᠣᠶᠠᠷ ᠭᠡᠱᠢᠭᠦᠨ ᠪᠥᠬᠥ᠌ ᠤᠯᠤᠰ ᠤᠨ ᠠᠷᠪᠠᠨ ᠨᠢᠭᠡᠳᠦᠭᠡᠷ ᠬᠤᠭᠤᠴᠠᠭᠠᠨ᠎ᠤ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ ᠤᠨ ᠴᠤᠭ᠍ᠯᠠᠭᠠᠨ ᠵᠢᠴᠢ ᠨᠠᠶ᠋ᠮᠠᠳᠤᠭᠠᠷ ᠬᠤᠭᠤᠴᠠᠭᠠᠨ᠎ᠤ ᠣᠨᠴᠠᠭᠠᠶ ᠣᠯᠢᠮᠫᠢᠺ ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠬᠦᠷᠳᠦᠲᠦ ᠰᠠᠨᠳᠠᠯᠢ᠎ᠶ᠋ᠢᠨ ᠪᠥᠵᠢᠭ᠎ᠦᠨ ᠤᠷᠤᠯᠳᠤᠭᠠᠨ᠎ᠤ ᠲᠦᠷᠦᠯ ᠵᠦᠢᠯ ᠳᠤ ᠣᠷᠣᠯᠴᠠᠵᠤ᠂ ᠭᠠᠷᠮᠠᠭᠠᠶ ᠢᠯᠡᠷᠡᠯ᠎ᠢᠶᠡᠷ᠎ᠢᠶᠡᠨ ᠬᠠᠮᠲᠤ᠎ᠶ᠋ᠢᠨ ᠪᠥᠵᠢᠭ᠎ᠦᠨ ᠤᠷᠤᠯᠳᠤᠭᠠᠨ᠎ᠳᠤ ᠳᠡᠳ᠋ᠯᠡᠭ᠌ᠰᠡᠨ ᠪᠠᠢᠨ᠎ᠠ᠃ ᠡᠨᠡ ᠤᠳᠠᠭᠠᠨ ᠤ ᠬᠦᠷᠳᠦᠲᠦ ᠰᠠᠨᠳᠠᠯᠢ ᠶ᠋ᠢᠨ ᠪᠥᠵᠢᠭ ᠦᠨ ᠤᠷᠤᠯᠳᠤᠭᠠᠨ᠎ᠳᠦ ᠬᠠᠮᠤᠭ᠎ᠤᠨ ᠰᠠᠢᠨ ᠪᠠᠢᠳᠠᠯ᠎ᠢᠶᠠᠨ ᠢᠯᠡᠷᠡᠭᠦᠯᠬᠦ᠌᠎ᠶ᠋ᠢᠨ ᠲᠥᠯᠥᠭᠡ᠂ ᠲᠤᠬᠯᠠᠬᠴᠢᠳ ᠤᠷᠤᠯᠳᠤᠭᠠᠨ᠎ᠠᠴᠠ ᠡᠮᠦᠨ᠎ᠡ ᠤᠷᠲᠤ ᠬᠤᠭᠤᠴᠠᠭᠠᠨ ᠤ ᠬᠠᠲᠠᠭᠤᠵᠢᠯᠲᠠᠶ ᠪᠣᠯᠪᠠᠰᠤᠷᠠᠯ ᠬᠢᠪᠡ᠃ ᠡᠬᠦᠨ ᠳᠤ᠂ ᠪᠥᠵᠢᠭ ᠦᠨ ᠰᠠᠭᠤᠷᠢ ᠬᠥᠳᠡᠯᠭᠡᠭᠡᠨ᠎ᠡᠴᠡ ᠠᠩᠭᠢ ᠶ᠋ᠢᠨ ᠨᠥᠬᠥᠳ ᠦᠨ ᠬᠣᠭᠣᠷᠣᠨᠳᠣᠬᠢ ᠬᠠᠮᠵᠢᠯᠴᠠᠬᠤ ᠬᠦᠳᠡᠯᠬᠡᠬᠡᠨ ᠬᠦᠷᠲᠡᠯ᠎ᠡ᠂ ᠳᠠᠬᠢᠨ ᠬᠦᠷᠳᠦᠲᠦ ᠰᠠᠨᠳᠠᠯᠢ᠎ᠶ᠋ᠢ ᠡᠵᠡᠮᠳᠡᠬᠦ ᠨᠠᠷᠢᠯᠢᠭ ᠣᠨᠣᠪᠴᠢᠲᠠᠶ ᠪᠣᠯᠪᠠᠰᠤᠷᠠᠯ ᠬᠦᠷᠲᠡᠯ᠎ᠡ᠂ ᠭᠣᠭ᠍ᠴᠣᠭ᠎ᠠ ᠪᠣᠯᠭᠠᠨ ᠳᠤ ᠲᠡᠳᠡ ᠪᠦᠷ ᠡᠩ᠎ᠦᠨ ᠬᠥᠮᠦᠨ᠎ᠡᠴᠡ ᠨᠠᠩ ᠢᠯᠡᠭᠦᠦ ᠬᠦᠴᠦ᠍ ᠬᠥᠳᠡᠯᠮᠦᠷᠢ ᠵᠠᠷᠤᠴᠠᠭᠤᠯᠪᠠ᠃
ᠮᠠᠨ᠎ᠤ ᠤᠷᠤᠨ᠎ᠤ ᠲᠥᠯᠥᠭᠡᠯᠡᠭ᠌ᠴᠢᠳ᠎ᠦᠨ ᠠᠩᠭᠢ ᠥᠪᠡᠷᠲᠡᠭᠡᠨ ᠵᠠᠰᠠᠬᠤ ᠣᠷᠣᠨ᠎ᠤ ᠡᠮᠦᠨ᠎ᠡ ᠡᠴᠡ ᠪᠦᠬᠦ᠌ ᠤᠯᠤᠰ᠎ᠤᠨ ᠠᠷᠪᠠᠨ ᠬᠣᠶᠠᠳᠤᠭᠠᠷ ᠬᠤᠭᠤᠴᠠᠭᠠᠨ᠎ᠤ ᠵᠡᠮᠳᠡᠭ᠌ᠴᠦᠳ ᠦᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠵᠢᠴᠢ ᠶᠢᠰᠦᠳᠦᠭᠡᠷ ᠬᠤᠭᠤᠴᠠᠭᠠᠨ ᠤ ᠣᠨᠴᠠᠭᠠᠢ ᠣᠯᠢᠮᠫᠢᠺ᠎ᠤᠨ ᠲᠠᠮᠢᠷ ᠤᠨ ᠴᠤᠭ᠍ᠯᠠᠭᠠᠨ ᠤ ᠬᠦᠷᠳᠦᠲᠦ ᠰᠠᠨᠳᠠᠯᠢ᠎ᠶ᠋ᠢᠨ ᠪᠥᠵᠢᠭ᠎ᠦᠨ ᠤᠷᠤᠯᠳᠤᠭᠠᠨ ᠤ ᠲᠦᠷᠦᠯ ᠵᠦᠢᠯ᠎ᠳᠦ ᠣᠷᠣᠯᠴᠠᠭ᠍ᠰᠠᠨ ᠨᠢ ᠨᠢᠭᠡ ᠤᠳᠠᠭ᠎ᠠ ᠶ᠋ᠢᠨ ᠥᠪᠡᠷ ᠢ ᠪᠡᠨ ᠢᠯᠡᠷᠡᠭᠦᠯᠬᠦ᠌ ᠠᠵᠠ ᠲᠣᠬᠢᠶᠠᠯ᠎ᠢ ᠡᠵᠡᠮᠳᠡᠭᠰᠡᠨ ᠶᠠᠪᠤᠳᠠᠯ ᠪᠣᠯᠬᠤ᠎ᠪᠠᠷ ᠪᠠᠷᠠᠬᠤ ᠦᠭᠡᠢ ᠨᠡᠩ ᠴᠤ᠌ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠎ᠶᠢ ᠠᠮᠢᠳᠤᠯᠢᠭ ᠲᠠᠢᠯᠪᠤᠷᠢᠯᠠᠬᠰᠠᠨ ᠶᠠᠪᠤᠳᠠᠯ ᠪᠤᠯᠬᠤ ᠶᠤᠮ᠃ ᠡᠭᠦᠨ᠎ᠦ ᠬᠠᠮᠲᠤ᠂ ᠪᠠᠰᠠ ᠵᠡᠮᠳᠡᠭ᠌ᠴᠦᠳ᠎ᠦᠨ ᠲᠤᠬᠠᠢ ᠨᠡᠢᠭᠡᠮ᠎ᠦᠨ ᠠᠩᠬᠠᠷᠤᠯ ᠪᠠ ᠣᠢᠯᠠᠭᠠᠯᠲᠠ᠎ᠶ᠋ᠢ ᠳᠡᠭᠡᠭ᠌ᠰᠢᠯᠡᠭᠦᠯᠵᠦ᠍᠂ ᠵᠡᠮᠳᠡᠭ᠌ᠴᠦᠳ ᠪᠠ ᠡᠷᠡᠭᠦᠯ ᠬᠦᠮᠦᠰ᠎ᠤᠨ ᠠᠭᠤᠰᠤᠯᠴᠠᠯ᠎ᠢ ᠠᠬᠢᠭᠤᠯᠵᠤ᠂ ᠨᠡᠩ ᠪᠠᠭ᠍ᠲᠠᠭᠠᠮᠵᠢᠲᠠᠢ᠂ ᠨᠡᠩ ᠡᠶ᠎ᠡ ᠵᠣᠬᠢᠴᠠᠩᠭᠤᠢ ᠨᠡᠢᠭᠡᠮ᠎ᠦᠨ ᠠᠭᠤᠷ ᠠᠮᠢᠰᠭᠤᠯ᠎ᠢ ᠪᠤᠢ ᠪᠣᠯᠭᠠᠬᠤ ᠳᠤ ᠠᠱᠢᠭ᠍ᠲᠠᠢ ᠦᠢᠯᠡᠳᠦᠯ ᠦᠵᠡᠬᠦᠯᠪᠡ᠃