ᠵᠢᠷᠭᠤᠳᠤᠭᠠᠷ ᠬᠤᠭᠤᠴᠠᠭᠠᠨ᠎ᠤ 《ᠮᠣᠩᠭᠣᠯ ᠮᠣᠷᠢ ᠬᠤᠨᠳᠠᠭᠠᠲᠤ》 ᠰᠦᠯᠵᠢᠶᠡᠨ᠎ᠦ ᠠᠮᠤᠷ ᠲᠦᠪᠰᠢᠨ᠎ᠦ ᠤᠷᠤᠯᠳᠤᠭᠠᠨ ᠶᠠᠪᠤᠭᠳᠠᠪᠠ
2025-09-19 16:40:30
ᠵᠣᠬᠢᠶᠠᠭ᠍ᠴᠢ᠄
​ ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

9 ᠰᠠᠷ᠎ᠠ᠎ᠶᠢᠨ 15 ᠡᠴᠡ 16 ᠎ᠤ᠋ ᠡᠳᠦᠷ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠦᠯᠵᠢᠶᠡᠨ᠎ᠤ ᠠᠮᠤᠷ ᠲᠦᠪᠰᠢᠨ ᠪᠠ ᠮᠡᠲᠡᠭᠡ ᠵᠠᠩᠬᠢᠴᠢᠯᠡᠯᠲᠡ ᠢ᠋ᠢᠨ ᠬᠤᠷᠢᠶᠠᠨ᠎ᠤ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠠᠵᠢᠯᠴᠢᠨ᠎ᠤ ᠶᠡᠷᠦᠩᠬᠡᠢ ᠡᠪᠯᠡᠯ᠎ᠡᠴᠡ ᠬᠠᠮᠲᠤᠷᠠᠨ ᠭᠤᠤᠯᠯᠠᠨ ᠡᠷᠭᠢᠯᠡᠭᠰᠡᠨ ᠵᠢᠷᠭᠤᠳᠤᠭᠠᠷ ᠬᠤᠭᠤᠴᠠᠭᠠᠨ᠎ᠤ 《ᠮᠣᠩᠭᠣᠯ ᠮᠣᠷᠢ ᠬᠤᠨᠳᠠᠭᠠᠲᠤ》 ᠰᠦᠯᠵᠢᠶᠡᠨ᠎ᠦ ᠠᠮᠤᠷ ᠲᠦᠪᠰᠢᠨ᠎ᠦ ᠤᠷᠤᠯᠳᠤᠭᠠᠨ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶ᠎ᠡ ᠬᠢᠭᠡᠳ ᠮᠡᠳᠡᠭᠡ ᠵᠠᠩᠭᠢ᠎ᠶᠢᠨ ᠠᠮᠤᠷ ᠲᠦᠪᠰᠢᠨ᠎ᠦ ᠬᠠᠮᠢᠶᠠᠷᠤᠯᠲᠠ (ᠲᠣᠭ᠎ᠠ ᠪᠠᠷᠢᠮᠲᠠ᠎ᠶᠢᠨ ᠠᠮᠤᠷ ᠲᠦᠪᠰᠢᠨ᠎ᠦ ᠬᠠᠮᠢᠶᠠᠷᠤᠭ᠍ᠴᠢ) ᠢ᠋ᠢᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠤᠷᠤᠯᠳᠤᠭᠠᠨ ᠬᠦᠬᠡᠬᠤᠲᠠ᠎ᠳᠤ ᠶᠠᠪᠤᠬᠲᠠᠪᠠ᠃

ᠲᠤᠰ ᠤᠳᠠᠭ᠎ᠠ᠎ᠶᠢᠨ ᠤᠷᠤᠯᠳᠤᠭᠠᠨ ᠪᠣᠯ 2025 ᠣᠨ᠎ᠤ ᠤᠯᠤᠰ᠎ᠤᠨ ᠰᠦᠯᠵᠢᠶᠡᠨ᠎ᠦ ᠠᠮᠤᠷ ᠲᠦᠪᠰᠢᠨ᠎ᠦ ᠤᠬᠠᠭᠤᠯᠭ᠎ᠠ᠎ᠶᠢᠨ ᠭᠠᠷᠠᠭ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠷᠢᠰ ᠠᠵᠢᠯᠯᠠᠭ᠎ᠠ᠎ᠶᠢᠨ ᠨᠢᠭᠡ ᠪᠣᠯᠣᠨ᠎ᠠ᠃ ᠤᠷᠤᠯᠳᠤᠭᠠᠨ ᠨᠢ ᠮᠠᠨ᠎ᠤ ᠣᠷᠣᠨ᠎ᠤ ᠪᠣᠳᠠᠲᠤ ᠪᠠᠢᠯᠳᠤᠭᠠᠨ᠎ᠤ ᠬᠡᠯᠪᠡᠷᠢ᠎ᠶᠢᠨ ᠰᠦᠯᠵᠢᠶ᠎ᠡ ᠪᠣᠯᠣᠨ ᠲᠣᠭ᠎ᠠ ᠪᠠᠷᠢᠮᠲᠠ᠎ᠶᠢᠨ ᠠᠮᠤᠷ ᠲᠦᠪᠰᠢᠨ᠎ᠦ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠭᠣᠣᠯᠳᠠᠯᠭ᠎ᠠ᠎ᠲᠠᠢ ᠠᠵᠢᠯ ᠲᠦᠷᠦᠯ᠎ᠦᠨ ᠬᠦᠷᠢᠶᠡᠨ᠎ᠦ ᠰᠦᠯᠵᠢᠶ᠎ᠡ ᠪᠠ ᠲᠣᠭ᠎ᠠ ᠪᠠᠷᠢᠮᠲᠠ᠎ᠶᠢᠨ ᠠᠮᠤᠷ ᠲᠦᠪᠰᠢᠨ᠎ᠦ ᠪᠠᠲᠤᠯᠠᠭ᠎ᠠ ᠢ᠋ᠢᠨ ᠴᠢᠲᠠᠪᠤᠷᠢ ᠵᠢ ᠦᠷᠭᠦᠯᠵᠢᠯᠡᠨ ᠲᠡᠭᠡᠭᠰᠢᠯᠡᠭᠦᠯᠬᠦ ᠪᠡᠷ ᠵᠤᠷᠢᠯᠭ᠎ᠠ ᠪᠠᠨ ᠪᠤᠯᠭᠠᠵᠠᠢ᠃

ᠪᠦᠬᠦ ᠣᠷᠣᠨ᠎ᠤ ᠪᠠᠢᠭᠤᠯᠭ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠶᠡᠬᠡ ᠳᠡᠭᠡᠳᠦ ᠰᠤᠷᠭᠠᠭᠤᠯᠢ᠎ᠶᠢᠨ 122 ᠡᠩᠨᠡᠭᠡ᠎ᠶᠢᠨ 362 ᠤᠷᠤᠯᠴᠠᠬᠴᠢ ᠬᠣᠶᠠᠷ ᠡᠳᠦᠷ᠎ᠦᠨ ᠰᠢᠷᠦᠭᠦᠨ ᠥᠷᠢᠰᠦᠯᠳᠦᠭᠡᠨ ᠢ᠋ᠢᠡᠷ ᠲᠠᠮᠵᠢᠨ᠂ ᠳᠤᠮᠳᠠᠳᠤ ᠤᠯᠤᠰ᠎ᠤᠨ ᠬᠠᠮᠲᠤᠷᠠᠭᠰᠠᠨ ᠰᠦᠯᠵᠢᠶᠡᠨ᠎ᠦ ᠴᠢᠮᠡᠭᠡ ᠬᠣᠯᠪᠣᠭ᠎ᠠ᠎ᠶᠢᠨ ᠬᠢᠵᠠᠭᠠᠷᠲᠤ ᠺᠣᠮᠫᠠᠨᠢ᠎ᠶᠢᠨ ᠥᠪᠥᠷ ᠮᠣᠩᠭᠣᠯ᠎ᠳᠠᠬᠢ ᠬᠤᠪᠢᠶᠠᠷᠢ ᠺᠣᠮᠫᠠᠨᠢ᠎ᠶᠢᠨ ᠬᠠᠨ ᠵᠢᠩ ᠵᠧ ᠬᠤᠪᠢ ᠬᠥᠮᠥᠨ᠎ᠦ ᠤᠷᠤᠯᠳᠤᠭᠠᠨ᠎ᠳᠤ ᠨᠢᠭᠡᠳᠦᠭᠡᠷ᠎ᠨᠡᠷᠡᠰ ᠲᠸ᠋ ᠣᠷᠣᠵᠤ ᠂ ᠬᠥᠯᠥᠨ ᠪᠣᠶ᠋ᠢᠷ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭᠯᠡᠯ᠎ᠦᠨ ᠣᠷᠳᠣᠰ᠎ᠤᠨ ᠴᠠᠬᠢᠯᠭᠠᠨ ᠬᠠᠩᠭᠠᠬᠤ ᠺᠣᠮᠫᠠᠨᠢ (ᠨᠢᠭᠡᠳᠦᠭᠡᠷ ᠠᠩᠭᠢ)᠂ ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠲᠣᠰ ᠲᠣᠰ ᠪᠦᠯᠬᠦᠮ᠎ᠦᠨ ᠤᠷᠤᠯᠳᠤᠭᠠᠨ᠎ᠤ ᠪᠠᠢᠭᠤᠯᠭ᠎ᠠ᠎ᠶᠢᠨ ᠳᠤᠭᠤᠢᠯᠠᠩ᠂ ᠠᠵᠤ ᠠᠬᠤᠢᠯᠠᠯ᠎ᠤᠨ ᠳᠤᠭᠤᠢᠯᠠᠩ᠂ ᠰᠣᠷᠣᠭ᠍ᠴᠢ᠎ᠶᠢᠨ ᠳᠤᠭᠤᠢᠯᠠᠩ᠎ᠤᠨ ᠨᠢᠭᠡᠳᠦᠭᠡᠷ ᠳᠡᠰ᠎ᠤᠨ ᠱᠠᠩᠨᠠᠯ ᠭᠥᠷᠳᠡᠪᠡ᠃

ᠲᠣᠰ ᠤᠳᠠᠭᠠᠨ᠎ᠤ ᠤᠷᠤᠯᠳᠤᠭᠠᠨ᠎ᠨᠢ ᠣᠷᠣᠯᠴᠠᠭᠰᠠᠳ᠎ᠤᠨ ᠲᠤᠰᠬᠠᠢ ᠮᠡᠷᠭᠡᠵᠢᠯ᠎ᠦᠨ ᠮᠡᠳᠡᠯᠭᠡ ᠪᠠ ᠮᠡᠷᠭᠡᠵᠢᠯ ᠴᠢᠳᠠᠪᠤᠷᠢ᠎ᠶᠢ ᠪᠥᠬᠥ ᠲᠠᠯ᠎ᠠ᠎ᠪᠠᠷ ᠰᠢᠯᠭᠠᠨ ᠪᠠᠢᠴᠠᠭᠠᠵᠦ᠂ ᠰᠦᠯᠵᠢᠶᠡᠨ᠎ᠦ ᠠᠮᠤᠷ ᠲᠦᠪᠰᠢᠨ ᠪᠤᠯᠤᠨ ᠰᠦᠯᠵᠢᠶᠡᠨ᠎ᠦ ᠲᠣᠭ᠎ᠠ ᠪᠠᠷᠢᠮᠲᠠ᠎ᠶᠢᠨ ᠠᠮᠤᠷ ᠲᠦᠪᠰᠢᠨ᠎ᠦ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ᠎ᠤᠨ ᠪᠠᠷᠢᠮᠵᠢᠶ᠎ᠠ ᠵᠢᠴᠢ ᠲᠡᠭᠡᠲᠦ ᠬᠡᠮᠵᠢᠶᠡᠨ᠎ᠤ ᠳᠠᠭᠤᠷᠢᠶᠠᠮᠠᠯ ᠫᠤᠤᠳᠠᠯᠭ᠎ᠠ᠎ᠶᠢᠨ ᠲᠠᠯᠠᠪᠠᠢ᠎ᠶᠢᠨ ᠨᠡᠪᠴᠢᠯᠲᠡ᠂ AI ᠵᠢᠨ ᠬᠡᠷᠡᠭᠯᠡᠯᠲᠡ ᠵᠢᠨ ᠠᠮᠤᠷ ᠲᠦᠪᠰᠢᠨ᠂ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠵᠡᠷᠭᠡ ᠪᠣᠳᠠᠲᠤ ᠪᠠᠢᠯᠳᠤᠭᠠᠨ᠎ᠦ ᠴᠢᠳᠠᠪᠤᠷᠢ ᠵᠡᠷᠭᠡ ᠠᠭᠤᠯᠭ᠎ᠠ᠎ᠶᠢ ᠪᠠᠭᠲᠠᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号