《ᠠᠩᠬᠠᠳᠤᠭᠠᠷ ᠬᠤᠭᠤᠴᠠᠭᠠᠨ ᠤ᠋ ᠬᠠᠲᠤᠨ ᠭᠤᠤᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠠᠮᠲᠠᠲᠤ ᠢᠳᠡᠭᠡᠨ ᠤ᠋ ᠰᠠᠷ᠎ᠠ》 ᠤᠯᠤᠰ ᠤ᠋ᠨ ᠳᠡᠰ ᠤ᠋ᠨ ᠢᠷᠠᠭᠤ ᠠᠯᠳᠠᠷ ᠢ᠋ ᠭᠥᠷᠳᠡᠪᠡ
2025-09-19 16:44:30
ᠵᠣᠬᠢᠶᠠᠭ᠍ᠴᠢ᠄
ᠬᠦᠭᠵᠢᠯᠲᠦ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠢ᠋ᠶ᠋ᠡᠷ᠂ 《ᠠᠩᠬᠠᠳᠤᠭᠠᠷ ᠬᠤᠭᠤᠴᠠᠭᠠᠨ ᠤ᠋ ᠬᠠᠲᠤᠨ ᠭᠣᠣᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠠᠮᠲᠠᠲᠤ ᠢᠳᠡᠭᠡᠨ ᠤ᠋ ᠰᠠᠷ᠎ᠠ》 ᠨᠢ ᠲᠦᠷᠦᠬᠦᠬᠡᠨ ᠶᠠᠪᠤᠬᠳᠠᠭᠰᠠᠨ ᠭᠤᠷᠪᠠᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠪᠣᠳᠠᠰ ᠤ᠋ᠨ ᠪᠤᠰᠤ ᠰᠣᠶᠣᠯ ᠤ᠋ᠨ ᠦᠪ᠎ᠤᠨ ᠨᠡᠢᠭᠡᠮᠯᠢᠭ ᠤ᠋ᠨ ᠣᠨ ᠤ᠋ ᠬᠤᠷᠠᠯ ᠳ᠋ᠤ 《ᠬᠠᠮᠤᠭ ᠤ᠋ᠨ ᠨᠥᠯᠥᠭᠡᠯᠡᠬᠦ᠌ ᠬᠦᠴᠦᠨ ᠲᠡᠶ ᠪᠣᠳᠠᠰ ᠤ᠋ᠨ ᠪᠤᠰᠤ ᠰᠣᠶᠣᠯ ᠤ᠋ᠨ ᠥᠪ ᠢ᠋ ᠤᠯᠠᠮᠵᠢᠯᠠᠨ ᠳᠡᠯᠬᠡᠷᠡᠬᠦᠯᠬᠦ ᠠᠵᠢᠯᠯᠠᠭ᠎ᠠ》 ᠪᠡᠷ ᠰᠤᠩᠭᠤᠭᠳᠠᠪᠠ᠃

《ᠠᠩᠬᠠᠳᠤᠭᠠᠷ ᠬᠤᠭᠤᠴᠠᠭᠠᠨ ᠤ᠋ ᠬᠠᠲᠤᠨ ᠭᠣᠣᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠠᠮᠲᠠᠲᠤ ᠢᠳᠡᠭᠡᠨ ᠤ᠋ ᠰᠠᠷ᠎ᠠ》 ᠨᠢ 2024 ᠤᠨ ᠤ᠋ 8 ᠰᠠᠷ᠎ᠠ ᠶ᠋ᠢᠨ 31 ᠤ᠋ ᠡᠳᠤᠷ ᠡᠴᠡ 9 ᠰᠠᠷ᠎ᠠ ᠶ᠋ᠢᠨ 30 ᠤ᠋ ᠡᠳᠦᠷ ᠪᠤᠯᠳᠠᠯ᠎ᠠ ᠪᠤᠭᠤᠲᠤ᠎ᠬᠤᠳᠠ ᠳ᠋ᠦ ᠶᠠᠪᠤᠭ᠍ᠳᠠᠵᠤ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠶᠢᠰᠦᠨ ᠮᠤᠵᠢ ᠣᠷᠣᠨ ᠵᠢᠴᠢ ᠪᠡᠭᠡᠵᠢᠩ ᠬᠣᠲᠠ ᠡᠴᠡ ᠣᠨᠴᠠ ᠤᠷᠢᠭ᠍ᠰᠠᠨ ᠤᠯᠤᠰ ᠤ᠋ᠨ ᠲᠠᠰ ᠤ᠋ᠨ ᠪᠠ ᠮᠤᠵᠢ ᠶ᠋ᠢᠨ ᠲᠠᠰ ᠤ᠋ᠨ ᠤᠯᠠᠮᠵᠢᠯᠠᠯᠲᠤ ᠤᠷ᠎ᠠ ᠮᠡᠷᠭᠡᠵᠢᠯ ᠤ᠋ᠨ ᠲᠥᠷᠥᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠬᠤᠳᠠᠯᠳᠤᠭᠠᠴᠢᠨ᠂ ᠰᠣᠶᠣᠯ ᠤ᠋ᠨ ᠡᠭᠦᠳᠦᠯᠲᠡ ᠶ᠋ᠢᠨ ᠠᠵᠤ ᠠᠬᠤᠢᠯᠠᠯ ᠵᠢᠴᠢ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠯᠥᠭᠡᠯᠡᠬᠦ᠌ ᠴᠢᠨᠠᠷᠲᠠᠶ ᠦᠪᠯᠡᠨ ᠤᠯᠠᠮᠵᠢᠯᠠᠭᠴᠢ ᠵᠡᠷᠬᠡ 200 ᠭᠠᠷᠤᠶ ᠬᠦᠮᠦᠨ ᠠᠵᠢᠯᠯᠠᠭ᠎ᠠ ᠳ᠋ᠦ ᠤᠷᠤᠯᠴᠠᠵᠦ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ 100 ᠭᠠᠷᠤᠶ ᠲᠥᠷᠥᠯ ᠵᠦᠶ᠋ᠯ ᠢ᠋ ᠵᠡᠷᠭᠡ ᠪᠡᠷ ᠳᠡᠯᠭᠡᠨ ᠦᠵᠡᠭᠦᠯᠵᠠᠢ᠃

ᠠᠮᠲᠠᠲᠤ ᠢᠳᠡᠭᠡᠨ ᠤ᠋ ᠰᠠᠷ᠎ᠠ ᠳ᠋ᠤ  《1 + 5 + N》 ᠵᠠᠭ᠍ᠪᠤᠷ ᠢ᠋ᠶ᠋ᠡᠷ ᠪᠤᠭᠤᠳᠤ ᠶ᠋ᠢᠨ ᠮᠦᠩᠬᠦᠨ ᠡᠳ᠋ᠯᠡᠯ ᠤ᠋ᠨ ᠵᠡᠬᠡᠯᠢ ᠪᠡᠷ ᠭᠤᠤᠯᠳᠠᠭᠤᠯᠵᠤ᠂《ᠠᠮᠳᠠ᠂ ᠤᠷ᠎ᠠ᠂ ᠦᠵᠡᠮᠵᠢ᠂ ᠠᠶᠠᠯᠭᠤ᠂ ᠠᠮᠢᠳᠤᠯᠢᠭ 》 ᠲᠠᠪᠤᠨ ᠭᠤᠤᠯ ᠰᠡᠳᠦᠪ ᠢ᠋ ᠬᠣᠯᠪᠣᠨ᠂ ᠤᠯᠠᠨ ᠵᠦᠢᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠣᠨᠴᠠᠯᠢᠭ᠍ᠲᠤ ᠠᠵᠢᠯᠯᠠᠭ᠎ᠠ ᠵᠢ ᠠᠭᠤᠰᠤᠯᠴᠠᠭᠤᠯᠵᠤ᠂ ᠪᠦᠬᠦ ᠤᠯᠤᠰ ᠤ᠋ᠨ ᠡᠯ᠎ᠡ ᠭᠠᠵᠠᠷ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠠᠮᠲᠠᠲᠤ ᠢᠳᠡᠭᠡᠨ ᠪᠠᠢᠬᠤ ᠪᠠᠷ ᠪᠠᠷᠠᠬᠤ ᠥᠬᠡᠶ ᠪᠠᠰᠠ 《ᠤᠷ᠎ᠠ》 ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠬᠠᠷᠢᠯᠴᠠᠨ ᠬᠥᠳᠡᠯᠦᠯᠴᠡᠬᠦ᠌ ᠪᠡᠶᠡᠴᠢᠯᠡᠨ ᠣᠢᠯᠠᠭᠠᠬᠤ ᠲᠣᠭᠣᠷᠢᠭ᠂ 《ᠠᠶᠠᠯᠭᠤ》 ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠣᠭ᠍ᠯᠠᠯᠲᠠ ᠶ᠋ᠢᠨ ᠲᠣᠭᠣᠷᠢᠭ ᠵᠡᠷᠭᠡ ᠵᠢ ᠲᠣᠬᠢᠷᠠᠭᠤᠯᠵᠤ᠂ ᠬᠤᠯᠠ ᠤᠢᠷ᠎ᠠ ᠡᠴᠡ ᠬᠦᠷᠦᠯᠴᠡᠨ ᠢᠷᠡᠭᠰᠡᠳ ᠲᠦ᠍ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠥᠪᠡᠷᠮᠢᠴᠡ ᠷᠢᠳᠢ ᠱᠢᠳᠢ ᠵᠢ ᠮᠡᠳᠡᠷᠡᠬᠦᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号