ᠡᠮᠴᠢ ᠎ᠶ᠋ᠢᠨ ᠮᠣᠷᠠᠯ ᠰᠤᠷᠲᠠᠯ ᠎ᠢ ᠲᠥᠪᠯᠡᠷᠡᠭᠦᠯᠦᠨ ᠴᠡᠭ᠌ᠴᠡᠯᠡᠨ ᠵᠠᠰᠠᠵᠤ ᠡᠮᠴᠢᠯᠡᠭᠡᠨ᠎ᠦ ᠦᠶ᠋ᠯᠡᠴᠢᠯᠡᠭᠡ᠎ᠶ᠋ᠢ ᠨᠠᠩ ᠬᠠᠯᠠᠭᠤᠨ ᠲᠤᠳᠤᠨᠤ ᠪᠣᠯᠭᠠᠨ᠎ᠠ
2025-09-02 09:38:56
ᠵᠣᠬᠢᠶᠠᠭ᠍ᠴᠢ᠄
ᠸᠠᠩ ᠺᠦᠨ
ᠣᠩᠱᠢᠭ᠍ᠰᠠᠨ ᠣᠳᠠᠭ᠎ᠠ᠄
★★★☆☆

《ᠬᠣᠲᠠ᠎ᠶ᠋ᠢᠨ ᠡᠮᠨᠡᠯᠭᠡ᠎ᠶ᠋ᠢᠨ ᠬᠣᠷᠢᠶ᠎ᠠ᠎ᠳᠤ ᠬᠦᠷᠬᠦ ᠳ᠋ᠤ᠂ ᠬᠠᠮᠤᠭ᠎ᠤᠨ ᠲᠦᠷᠦᠭᠦᠨ᠎ᠳᠦ ᠡᠤ ᠡᠮᠴᠢ᠎ᠲᠡᠶ ᠬᠠᠷᠢᠯᠴᠠᠵᠤ ᠡᠮᠨᠡᠯᠭᠡ᠎ᠳᠦ ᠰᠠᠭᠤᠭᠰᠠᠨ ᠶᠤᠮ᠃ ᠲᠡᠭᠡᠭᠡᠳ ᠡᠯ᠎ᠡ ᠰᠠᠯᠠᠭ᠎ᠠ ᠲᠠᠰᠤᠭ᠎ᠤᠨ ᠡᠮᠴᠢ᠎ᠶ᠋ᠢᠨ ᠬᠠᠮᠲᠤᠷᠠᠭ᠍ᠰᠠᠨ ᠣᠨᠣᠱᠢᠯᠠᠯᠲᠠ᠎ᠪᠠᠷ ᠳᠠᠮᠵᠢᠨ᠂ ᠡᠮᠨᠡᠨ ᠵᠠᠰᠠᠬᠤ ᠱᠠᠲᠤᠨ᠎ᠳᠤ ᠣᠷᠣᠪᠠ᠃ ᠪᠢ ᠡᠨᠡ ᠤᠳᠠᠭ᠎ᠠ ᠭᠤᠤᠯᠳᠠᠭᠤ ᠦᠶ᠎ᠡ ᠭᠡᠰᠢᠬᠦᠦ ᠵᠢᠨ ᠡᠪᠡᠳᠴᠢᠨ᠎ᠢᠶᠡᠨ  ᠦᠵᠡᠭᠦᠯᠪᠡ ᠂ ᠬᠠᠷᠢᠨ ᠲᠠᠨ ᠤ᠋ ᠤᠨᠤᠰᠢᠯᠠᠯᠳᠠ ᠵᠢᠯᠤᠭᠤᠳᠤᠯᠭ᠎ᠠ ᠪᠡᠷ ᠪᠤᠰᠤᠳ ᠡᠪᠡᠳᠴᠢᠨ ᠎ᠢᠶᠡᠨ ᠪᠠᠰᠠ ᠦᠵᠡᠭᠦᠯᠴᠢᠭᠡᠵᠡᠢ᠃ ᠲᠠᠨ᠎ᠳᠤ ᠮᠠᠰᠢ ᠲᠠᠯᠠᠷᠬᠠᠵᠤ ᠪᠠᠢᠨ᠎ᠠ᠂ ᠲᠠ ᠪᠣᠯ ᠨᠢᠭᠡᠨ ᠰᠠᠢᠨ ᠡᠮᠴᠢ᠂ ᠪᠢ ᠡᠨᠡ ᠵᠢᠯ 71 ᠨᠠᠰᠤᠲᠠᠢ᠂ ᠴᠡᠷᠢᠭ ᠭᠠᠷᠤᠯ ᠲᠠᠶ᠂ ᠠᠵᠢᠯ ᠦᠢᠯᠡᠰ᠎ᠲᠡᠬᠡᠨ ᠬᠠᠢᠷᠠᠲᠠᠢ ᠵᠠᠯᠠᠭᠤ ᠬᠥᠮᠦᠨ᠎ᠢ ᠲᠤᠩ ᠲᠣᠭᠣᠨ᠎ᠠ᠂ ᠴᠢᠷᠮᠠᠢᠭᠠᠷᠠᠢ》᠃ ᠡᠨᠡ ᠪᠣᠯ ᠡᠨᠡ ᠵᠢᠯ᠎ᠦᠨ 8 ᠰᠠᠷ᠎ᠠ᠎ᠶ᠋ᠢᠨ 12 ᠎ᠤ᠋ᠨ ᠡᠳᠦᠷ᠂ ᠡᠪᠡᠳᠴᠢᠲᠡᠨ ᠭᠧᠩ ᠾᠧ ᠵᠠᠩ᠎ᠡᠴᠡ ᠬᠥᠬᠡᠬᠣᠲᠠ᠎ᠶ᠋ᠢᠨ ᠨᠢᠭᠡᠳᠦᠭᠡᠷ ᠡᠮᠨᠡᠯᠭᠡ᠎ᠶ᠋ᠢᠨ ᠬᠣᠷᠢᠶ᠎ᠠ ᠵᠢᠨ ᠠᠷᠠᠭ ᠶᠠᠰᠤᠨ᠎ᠤ ᠲᠠᠮᠢᠷ᠎ᠤᠨ ᠬᠥᠳᠡᠯᠭᠡᠭᠡᠨ᠎ᠦ ᠠᠨᠠᠭᠠᠬᠤ ᠤᠬᠠᠭᠠᠨ᠎ᠤ ᠰᠠᠯᠠᠭ᠎ᠠ᠎ᠶ᠋ᠢᠨ ᠦ᠋ ᠴᠢ ᠫᠢᠩ᠎ᠳᠦ ᠢᠯᠡᠭᠡᠭ᠌ᠰᠡᠨ ᠲᠠᠯᠠᠷᠬᠠᠯ᠎ᠤᠨ ᠵᠠᠬᠢᠳᠠᠯ ᠪᠣᠯᠤᠨ᠎ᠠ᠃

《ᠡᠪᠡᠳᠴᠢᠲᠡᠨ᠎ᠦ ᠨᠤᠳᠠᠯᠠᠯ ᠪᠣᠯ ᠮᠢᠨᠦ᠍ ᠬᠠᠮᠤᠭ᠎ᠤᠨ ᠶᠡᠬᠡ ᠬᠥᠳᠡᠯᠭᠡᠬᠦ᠌ ᠬᠦᠴᠦᠨ ᠪᠣᠯᠤᠨ᠎ᠠ!》  ᠭᠡᠵᠦ᠍ ᠡᠦ ᠴᠢ ᠫᠢᠩ ᠰᠡᠳᠭᠢᠯ ᠬᠥᠳᠡᠯᠦᠨ ᠬᠡᠯᠡᠨ᠎ᠠ᠃

ᠬᠡᠷᠪᠡ ᠡᠮᠴᠢᠯᠡᠭᠡᠨ ᠤ᠋ ᠮᠡᠷᠭᠡᠵᠢᠯ᠎ᠢ  ᠡᠮᠴᠢ᠎ᠶ᠋ᠢᠨ 《ᠬᠠᠲᠠᠭᠤ ᠴᠢᠳᠠᠪᠤᠷᠢ》᠂ ᠣᠨᠣᠱᠢᠯᠠᠨ ᠡᠮᠨᠡᠬᠦ᠌  ᠬᠢᠷᠢ ᠲᠦᠪᠰᠢᠨ ᠢ᠋ ᠲᠣᠭ᠍ᠲᠠᠭᠠᠵᠤ ᠪᠠᠢᠨ᠎ᠠ ᠭᠡᠵᠦ᠍ ᠬᠡᠯᠡᠪᠡᠯ᠂ ᠡᠮᠴᠢ᠎ᠶ᠋ᠢᠨ ᠮᠣᠷᠠᠯ ᠰᠤᠷᠲᠠᠯ ᠪᠣᠯ ᠳᠠᠷᠤᠶ ᠡᠮᠴᠢ᠎ᠶ᠋ᠢᠨ 《ᠵᠥᠭᠡᠯᠡᠨ ᠪᠣᠳᠠᠲᠤ ᠬᠦᠴᠦᠨ》 ᠮᠥᠨ᠂ ᠲᠡᠷᠡ ᠨᠢ ᠡᠪᠡᠳᠴᠢᠲᠡᠨ᠎ᠦ ᠢᠲᠡᠭᠡᠯ ᠪᠠ  ᠠᠵᠢᠯ ᠲᠥᠷᠥᠯ᠎ᠦᠨ ᠬᠠᠯᠠᠭᠤᠨ ᠳᠤᠯᠠᠭᠠᠨ᠎ᠢ  ᠠᠴᠢᠶᠠᠯᠠᠵᠤ ᠪᠠᠢᠳᠠᠭ᠃

ᠥᠪᠥᠷ ᠮᠣᠩᠭᠣᠯ ᠡᠮᠴᠢᠯᠡᠭᠡᠨ᠎ᠦ ᠪᠠᠢᠭᠤᠯᠤᠮᠵᠢ᠎ᠶ᠋ᠢᠨ ᠡᠮᠴᠢ᠎ᠶ᠋ᠢᠨ ᠮᠣᠷᠠᠯ ᠰᠤᠷᠲᠠᠯ᠎ᠤᠨ ᠠᠰᠠᠭᠤᠳᠠᠯ᠎ᠢ ᠢᠮᠠᠭ᠍ᠲᠠ ᠡᠮᠴᠢᠯᠡᠭᠡᠨ᠎ᠦ ᠦᠶ᠋ᠯᠡᠰ᠎ᠦᠨ ᠬᠥᠭ᠌ᠵᠢᠯᠲᠡ᠎ᠶ᠋ᠢᠨ ᠲᠣᠪᠣᠢᠮ᠎ᠠ ᠪᠠᠢᠷᠢᠨ᠎ᠳᠤ  ᠲᠠᠯᠪᠢᠭ᠍ᠰᠠᠭᠠᠷ ᠢᠷᠡᠵᠡᠶ᠃ ᠵᠢᠯ᠎ᠤᠨ ᠡᠬᠢᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠥᠪ᠎ᠦᠨ ᠨᠠᠶ᠋ᠮᠠᠨ ᠲᠣᠭ᠍ᠲᠠᠭᠠᠯ ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠎ᠦᠨ ᠨᠢᠭᠡᠳᠦᠯᠲᠡᠶ ᠪᠠᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ  ᠪᠥᠬᠥ᠌ ᠣᠷᠣᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠳᠤ ᠡᠮᠴᠢ᠎ᠶ᠋ᠢᠨ ᠮᠣᠷᠠᠯ ᠰᠤᠷᠲᠠᠯ᠎ᠤᠨ ᠬᠣᠯᠪᠣᠭ᠍ᠳᠠᠯ ᠪᠥᠬᠥᠶ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ᠎ᠢ ᠪᠠᠢᠷᠢᠯᠠᠭᠤᠯᠤᠨ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ ᠡᠮᠴᠢ ᠵᠢᠨ ᠮᠣᠷᠠᠯ ᠰᠤᠷᠲᠠᠯ᠎ᠤᠨ ᠬᠣᠯᠪᠣᠭ᠍ᠳᠠᠯ ᠪᠥᠬᠥᠶ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠠᠬᠢᠭᠤᠯᠬᠤ᠎ᠪᠠᠷ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠰᠤᠷᠲᠠᠯ᠎ᠤᠨ ᠪᠠᠢᠭᠤᠯᠤᠯᠲᠠ᠎ᠶ᠋ᠢ ᠡᠮᠴᠢᠯᠡᠭᠡᠨ᠎ᠦ ᠦᠶ᠋ᠯᠡᠴᠢᠯᠡᠭᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠲᠡᠶ ᠭᠦᠨᠵᠡᠭᠡᠶ ᠠᠭᠤᠰᠤᠯᠴᠠᠭᠤᠯᠵᠤ᠂ ᠣᠯᠠᠨ ᠠᠷᠭ᠎ᠠ ᠬᠡᠮᠵᠢᠶ᠎ᠡ ᠎ᠶ᠋ᠢ ᠵᠡᠷᠭᠡ᠎ᠪᠡᠷ ᠬᠡᠷᠡᠭ᠌ᠯᠡᠨ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠬᠦ᠌᠎ᠶ᠋ᠢ ᠬᠦᠴᠦᠲᠡᠶ ᠪᠥᠭᠡᠳ ᠡᠮᠬᠢ ᠵᠢᠷᠤᠮ᠎ᠲᠠᠶ ᠠᠬᠢᠭᠤᠯᠪᠠ᠃

ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠤᠨ ᠬᠢᠨ ᠡᠮᠴᠢ᠎ᠶ᠋ᠢᠨ ᠮᠣᠷᠠᠯ ᠰᠤᠷᠲᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ᠎ᠤᠨ ᠤᠳᠤᠷᠢᠳᠭᠤ ᠳᠤᠭᠤᠢᠯᠠᠩ ᠪᠠᠢᠭᠤᠯᠵᠤ᠂ ᠬᠡᠷᠡᠭ᠌ᠵᠢᠭᠦᠯᠬᠦ᠌ ᠲᠥᠰᠦᠯ᠎ᠢ ᠲᠣᠭ᠍ᠲᠠᠭᠠᠨ ᠳᠠᠷᠤᠮᠠᠯᠯᠠᠨ ᠲᠠᠷᠬᠠᠭᠠᠵᠤ᠂ ᠪᠥᠬᠥ᠌ ᠲᠠᠯ᠎ᠠ᠎ᠶ᠋ᠢᠨ ᠳᠠᠢᠴᠢᠯᠠᠯᠲᠠ ᠪᠠᠢᠷᠢᠯᠠᠭᠤᠯᠤᠯᠲᠠ ᠬᠢᠵᠦ᠍᠂ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠪᠠ᠃ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠣᠮ ᠤᠩᠱᠢᠬᠤ ᠠᠩᠭᠢ ᠡᠷᠭᠢᠯᠡᠬᠦ᠌᠂ ᠲᠤᠰᠭᠠᠶ ᠰᠡᠳᠦᠪ᠎ᠢᠶᠡᠷ ᠰᠤᠷᠤᠯᠴᠠᠬᠤ᠂ ᠲᠤᠰᠭᠠᠶ ᠰᠡᠳᠦᠪ᠎ᠢᠶᠡᠷ ᠰᠤᠳᠤᠯᠤᠨ ᠶᠠᠷᠢᠯᠴᠠᠬᠤ᠂  ᠰᠡᠷᠡᠮᠵᠢᠯᠡᠭᠦᠯᠬᠦ᠌ ᠬᠥᠮᠦᠵᠢᠯ ᠬᠢᠬᠦ᠌ ᠵᠡᠷᠭᠡ ᠬᠡᠯᠪᠡᠷᠢ᠎ᠪᠡᠷ ᠳᠠᠮᠵᠢᠭᠤᠯᠤᠨ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠪᠠ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠠᠵᠢᠯ᠎ᠤᠨ ᠲᠤᠬᠠᠶ ᠴᠢᠬᠤᠯᠠ ᠥᠭᠦᠯᠡᠯᠲᠡ᠂ ᠡᠮᠨᠡᠯᠭᠡ᠎ᠶ᠋ᠢᠨ ᠠᠵᠢᠯᠲᠠᠨ᠎ᠤ ᠠᠵᠢᠯ ᠮᠡᠷᠭᠡᠵᠢᠯ᠎ᠦᠨ ᠶᠣᠰᠣ ᠮᠣᠷᠠᠯ᠎ᠤᠨ  ᠪᠠᠷᠢᠮᠵᠢᠶ᠎ᠠ᠂ ᠠᠷᠢᠭᠤᠨ ᠴᠢᠬᠡᠴᠢ᠎ᠪᠡᠷ   ᠠᠵᠢᠯ  ᠡᠷᠭᠢᠯᠡᠬᠦ᠌   ᠶᠢᠰᠦᠨ   ᠪᠠᠷᠢᠮᠵᠢᠶ᠎ᠠ ᠵᠡᠷᠭᠡ ᠠᠭᠤᠯᠭ᠎ᠠ᠎ᠶ᠋ᠢ ᠭᠦᠨᠵᠡᠭᠡᠶ ᠰᠤᠷᠤᠯᠴᠠᠵᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠰᠠᠭᠤᠷᠢ᠎ᠶ᠋ᠢ ᠪᠡᠬᠢᠵᠢᠭᠦᠯᠪᠡ᠃

ᠡᠯ᠎ᠡ ᠡᠮᠴᠢᠯᠡᠭᠡᠨ᠎ᠦ ᠪᠠᠢᠭᠤᠯᠤᠮᠵᠢ 《ᠤᠯᠤᠰ ᠲᠥᠷᠥ᠎ᠶ᠋ᠢᠨ ᠴᠢᠭ᠌ᠯᠡᠯ᠎ᠢᠶᠡᠨ ᠪᠠᠲᠤᠳᠭᠠᠵᠤ᠂ ᠤᠯᠤᠰ᠎ᠢᠶᠠᠨ ᠬᠠᠢᠷᠠᠯᠠᠵᠤ ᠬᠠᠤᠯᠢ ᠰᠠᠬᠢᠯᠭ᠎ᠠ᠎ᠶ᠋ᠢ ᠵᠢᠷᠤᠮᠯᠠᠬᠤ; ᠨᠠᠮ᠎ᠤᠨ ᠰᠤᠷᠲᠠᠯ ᠵᠢᠡᠷ ᠠᠵᠢᠯ ᠲᠥᠷᠥᠯ᠎ᠦᠨ ᠰᠤᠷᠲᠠᠯ᠎ᠢ ᠬᠥᠲᠥᠯᠥᠨ ᠳᠠᠭᠠᠭᠤᠯᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ; ᠡᠷᠬᠢᠮ ᠳᠡᠭᠡᠳᠦ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠯ᠎ᠢᠶᠡᠨ ᠢᠯᠡᠷᠡᠭᠦᠯᠬᠦ; ᠠᠵᠢᠯ ᠦᠶ᠋ᠯᠡᠰ᠎ᠢᠶᠡᠨ ᠳᠡᠭᠡᠳᠦᠯᠡᠨ ᠰᠤᠳᠤᠯᠵᠤ᠂ ᠶᠣᠰᠣ  ᠰᠤᠷᠲᠠᠬᠤᠨ᠎ᠤ ᠵᠢᠷᠤᠮᠵᠢᠯ ᠎ᠢ ᠰᠠᠬᠢᠬᠤ; ᠣᠪᠣᠷ ᠰᠤᠷᠲᠠᠯ ᠲᠥᠪ ᠴᠢᠬᠡᠴᠢ ᠪᠠᠢᠬᠤ᠎ᠶ᠋ᠢ ᠪᠠᠷᠢᠮᠲᠠᠯᠠᠵᠤ᠂ ᠡᠶ᠎ᠡ ᠵᠣᠬᠢᠴᠠᠯ᠎ᠲᠠᠶ ᠬᠠᠷᠢᠴᠠᠭ᠎ᠠ᠎ᠶ᠋ᠢ ᠬᠠᠮᠲᠤ᠎ᠪᠠᠷ ᠪᠠᠢᠭᠤᠯᠬᠤ; ᠦᠨᠡᠨᠴᠢ ᠢᠲᠡᠭᠡᠮᠵᠢᠲᠡᠢ ᠪᠠᠢᠬᠤ ᠵᠠᠷᠴᠢᠮ᠎ᠢ ᠪᠠᠲᠤ ᠰᠠᠬᠢᠵᠤ᠂ ᠠᠷᠢᠭᠤᠨ ᠴᠢᠬᠡᠴᠢ᠎ᠪᠡᠷ ᠪᠡᠶ᠎ᠡ᠎ᠪᠡᠨ ᠪᠠᠷᠢᠬᠤ᠎ᠶ᠋ᠢ ᠦᠢᠯᠡᠳᠦᠯᠭᠡᠵᠢᠭᠦᠯᠬᠦ; ᠡᠪᠡᠳᠴᠢᠲᠡᠨ ᠎ᠦ ᠬᠤᠪᠢ᠎ᠶ᠋ᠢᠨ ᠨᠢᠭᠤᠴᠠ᠎ᠶ᠋ᠢ  ᠬᠠᠮᠠᠭᠠᠯᠠᠵᠤ᠂ ᠮᠡᠳᠡᠭᠡ ᠵᠠᠩᠭᠢ ᠭᠠᠳᠠᠭ᠍ᠰᠢ ᠯᠡᠪᠡᠷᠡᠬᠦ᠌ ᠎ᠶ᠋ᠢ ᠰᠡᠷᠭᠡᠢᠯᠡᠬᠦ》 ᠵᠡᠷᠭᠡ 7 ᠲᠠᠯ᠎ᠠ᠎ᠶ᠋ᠢᠨ ᠭᠤᠤᠯᠳᠠᠯᠭ᠎ᠠ᠎ᠳᠤ ᠴᠢᠭ᠌ᠯᠡᠭᠦᠯᠦᠨ᠂ ᠠᠰᠠᠭᠤᠳᠠᠯ ᠎ᠢ ᠭᠦᠨᠵᠡᠭᠡᠶ ᠪᠠᠢᠴᠠᠭᠠᠨ ᠱᠢᠨᠵᠢᠵᠦ᠍᠂ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠭᠦᠨᠵᠡᠭᠡᠶ ᠥᠷᠨᠢᠭᠦᠯᠪᠡ᠃ ᠡᠯ᠎ᠡ ᠱᠠᠲᠤᠨ᠎ᠤ ᠡᠮᠴᠢᠯᠡᠭᠡ  ᠡᠷᠡᠭᠦᠯ  ᠬᠠᠮᠠᠭᠠᠯᠠᠯ ᠎ᠤᠨ  ᠪᠠᠢᠭᠤᠯᠤᠮᠵᠢ ᠨᠤᠭᠤᠳ ᠡᠭᠦᠳᠡ᠎ᠪᠡᠨ ᠨᠡᠭᠡᠭᠡᠵᠦ᠍ ᠬᠥᠮᠦᠵᠢᠯ ᠬᠢᠬᠦ᠌᠎ᠶ᠋ᠢ ᠪᠠᠷᠢᠮᠲᠠᠯᠠᠨ᠂ ᠣᠯᠠᠨ ᠲᠦᠮᠡᠨ᠎ᠦ ᠰᠠᠨᠠᠯ᠎ᠢ ᠢᠯᠡ᠎ᠪᠡᠷ ᠬᠤᠷᠢᠶᠠᠵᠤ᠂ ᠣᠯᠠᠨ ᠲᠦᠮᠡᠨ᠎ᠦ ᠬᠢᠨᠠᠯᠲᠠ᠎ᠶ᠋ᠢ ᠬᠦᠯᠢᠶᠡᠪᠡ᠃ ᠠᠰᠠᠭᠤᠳᠠᠯ᠎ᠢ ᠵᠠᠳᠠᠯᠬᠤ᠂  ᠳᠤᠲᠠᠭᠤᠳᠠᠯ᠎ᠵᠢᠡᠨ ᠡᠷᠢᠬᠦ᠌᠂ ᠲᠦᠷᠢᠮ ᠎ᠦᠨ ᠪᠠᠢᠭᠤᠯᠤᠯᠲᠠ᠎ᠶ᠋ᠢ  ᠴᠢᠩᠭᠠᠳᠭᠠᠬᠤ᠎ᠪᠠᠷ ᠳᠠᠮᠵᠢᠭᠤᠯᠤᠨ᠂ ᠣᠷᠳᠣ ᠬᠤᠭᠤᠴᠠᠭᠠᠨ ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠬᠦ᠌᠎ᠶ᠋ᠢ ᠠᠬᠢᠭᠤᠯᠵᠤ᠂ ᠡᠮᠴᠢ᠎ᠶ᠋ᠢᠨ ᠮᠣᠷᠠᠯ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠬᠤ ᠂ ᠳᠦᠷᠢᠮᠵᠢᠭᠦᠯᠬᠦ᠌᠂ ᠵᠢᠷᠤᠮᠵᠢᠭᠤᠯᠬᠤ᠎ᠶ᠋ᠢ  ᠪᠡᠶᠡᠯᠡᠭᠦᠯᠪᠡ᠃

《ᠬᠡᠦᠬᠡᠳ᠎ᠢᠶᠡᠨ ᠡᠮᠨᠡᠬᠦᠯᠵᠦ ᠪᠠᠢᠬᠤ᠎ᠳᠠᠭᠠᠨ ᠤᠬᠢᠯᠠᠵᠤ ᠤᠨᠵᠢᠭᠠᠳ ᠵᠣᠭ᠍ᠰᠣᠬᠤ ᠥᠬᠡᠶ ᠪᠠᠢᠬᠤ᠎ᠳᠤ ᠡᠮᠴᠢ ᠰᠤᠪᠢᠯᠠᠭ᠍ᠴᠢ᠎ᠨᠠᠷ ᠴᠥᠮ ᠡᠶᠡᠯᠳᠡᠭ ᠵᠥᠭᠡᠯᠡᠨ᠎ᠢᠶᠡᠷ ᠬᠠᠪᠰᠤᠷᠤᠨ ᠲᠠᠢᠳᠭᠤᠷᠠᠭᠤᠯᠳᠠᠭ᠂ ᠡᠭᠦᠳᠡᠨ ᠡᠮᠨᠡᠯᠭᠡ᠎ᠶ᠋ᠢᠨ ᠲᠣᠮᠣ ᠠᠰᠠᠷ᠎ᠤᠨ ᠯᠠᠪᠯᠠᠨ ᠠᠰᠠᠭᠤᠬᠤ ᠵᠢᠯᠣᠭᠣᠳᠣᠯᠭ᠎ᠠ᠎ᠠᠴᠠ ᠡᠮᠴᠢᠯᠡᠭᠡᠨ᠎ᠦ ᠲᠠᠰᠤᠭ᠎ᠤᠨ ᠡᠮᠴᠢ᠎ᠨᠠᠷ᠎ᠤᠨ ᠰᠡᠳᠭᠢᠯ ᠳᠡᠯᠪᠢᠨ ᠡᠮᠴᠢᠯᠡᠬᠦ᠂ ᠳᠠᠬᠢᠭᠠᠳ ᠰᠤᠪᠢᠯᠠᠭ᠍ᠴᠢ ᠎ᠶ᠋ᠢᠨ ᠨᠠᠷᠢᠨ ᠨᠢᠮᠪᠠᠶ᠂ ᠬᠦᠯᠢᠴᠡᠩᠭᠦᠶ ᠪᠡᠷ   ᠱᠢᠶ᠋ᠳᠪᠦᠷᠢᠯᠡᠬᠦ  ᠬᠦᠷᠲᠡᠯ᠎ᠡ ᠁ ᠡᠮᠴᠢ ᠰᠤᠪᠢᠯᠠᠭ᠍ᠴᠢᠳ᠎ᠶᠣᠰᠣ ᠰᠤᠷᠲᠠᠬᠤᠨ ᠮᠡᠷᠭᠡᠵᠢᠯ ᠴᠢᠳᠠᠪᠤᠷᠢ᠎ᠶ᠋ᠢ ᠵᠡᠷᠭᠡ᠎ᠪᠡᠷ ᠴᠢᠬᠤᠯᠠᠴᠢᠯᠠᠵᠤ ᠂ ᠡᠪᠡᠳᠴᠢᠨ ᠦᠵᠡᠭᠦᠯᠬᠦ᠌᠎ᠳᠦ ᠶᠡᠬᠡᠯᠡ ᠰᠡᠳᠬᠢᠯ ᠠᠮᠤᠷ ᠪᠤᠯᠵᠠᠢ》 ᠭᠡᠵᠦ ᠥᠪᠥᠷ ᠮᠣᠩᠭᠣᠯ᠎ᠤᠨ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶᠠᠨ᠎ᠳᠤ  ᠬᠡᠦᠬᠡᠳ᠎ᠢᠶᠡᠨ ᠡᠮᠨᠡᠬᠦᠯᠵᠦ ᠪᠠᠢᠭ᠎ᠠ  ᠭᠡᠷ᠎ᠤᠨ ᠠᠬᠠᠮᠠᠳ ᠯᠢ  ᠠᠪᠠᠬᠠᠶ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ᠂ ᠲᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠬᠢᠨ ᠡᠮᠴᠢ ᠎ᠶ᠋ᠢᠨ  ᠮᠣᠷᠠᠯ  ᠰᠤᠷᠲᠠᠯ᠎ᠢ ᠲᠥᠪᠯᠡᠷᠡᠭᠦᠯᠦᠨ  ᠴᠡᠭ᠌ᠴᠡᠯᠡᠨ ᠵᠠᠰᠠᠬᠤ ᠠᠵᠢᠯ᠎ᠢ ᠵᠣᠬᠢᠶᠠᠨ ᠪᠠᠢᠭᠤᠯᠤᠨ ᠠᠬᠢᠭᠤᠯᠬᠤ᠎ᠶ᠋ᠢ ᠦᠷᠭᠦᠯᠵᠢᠯᠡᠨ ᠴᠢᠩᠭᠠᠳᠭᠠᠵᠤ᠂ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ ᠡᠷᠴᠢᠮ ᠵᠢᠨᠨ ᠴᠢᠩᠭᠠᠷᠠᠭᠤᠯᠤᠨ᠂ ᠡᠯ᠎ᠡ ᠭᠠᠵᠠᠷ᠂ ᠡᠯ᠎ᠡ ᠡᠮᠴᠢᠯᠡᠭᠡᠨ᠎ᠦ ᠪᠠᠢᠭᠤᠯᠤᠮᠵᠢ᠎ᠶ᠋ᠢᠨ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ ᠎ᠢ ᠬᠠᠨᠳᠤᠯᠭᠠᠲᠤ ᠴᠢᠨᠠᠷᠲᠠᠶ᠎ᠪᠠᠷ ᠵᠢᠯᠣᠭᠣᠳᠴᠤ᠌᠂ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠡᠮᠴᠢᠯᠡᠭᠡᠨ᠎ᠦ ᠦᠶ᠋ᠯᠡᠴᠢᠯᠡᠭᠡ᠎ᠶ᠋ᠢ ᠨᠠᠩ ᠬᠠᠯᠠᠭᠤᠨ ᠲᠤᠳᠤᠨᠤ ᠪᠣᠯᠭᠠᠨ᠎ᠠ᠃ ᠡᠮᠴᠢᠯᠡᠭᠡᠨ᠎ᠦ ᠠᠵᠢᠯ ᠲᠥᠷᠥᠯ ᠎ᠦᠨ ᠲᠥᠪ ᠴᠢᠬᠡᠴᠢ ᠰᠤᠷᠲᠠᠯ᠎ᠨᠢ 《ᠡᠷᠡᠭᠦᠯ ᠡᠩᠬᠡ ᠥᠪᠥᠷ ᠮᠣᠩᠭᠣᠯ》 ᠤ᠋ᠨ ᠪᠥᠲᠥᠭᠡᠨ ᠪᠠᠢᠭᠤᠯᠤᠯᠲᠠ ᠎ᠳᠤ  ᠨᠠᠩ  ᠴᠢᠩᠭ᠎ᠠ  ᠬᠥᠳᠡᠯᠭᠡᠬᠦ᠌  ᠡᠨᠧᠷᠭᠢ  ᠨᠡᠮᠡᠷᠢᠯᠡᠬᠦ᠌ ᠨᠢ ᠯᠠᠪᠲᠠᠶ  ᠶᠤᠮ ᠭᠡᠵᠦ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号