— ᠪᠦᠬᠦ᠌ ᠨᠠᠮ᠎ᠢᠶᠠᠷ᠎ᠢᠶᠠᠨ ᠲᠥᠪ ᠤ᠋ᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ ᠲᠤᠬᠠᠶ ᠬᠦᠤᠷᠨᠢᠯ
ᠲᠥᠪ ᠦᠨ ᠨᠠᠢ᠍ᠮᠠᠨ ᠲᠣᠭ᠍ᠲᠠᠭᠠᠯ ᠪᠣᠯ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠢᠲᠡᠭᠡᠯ ᠬᠦᠨᠳᠦ᠍ ᠵᠢ ᠱᠤᠭᠤᠬᠤ ᠠᠷᠭ᠎ᠠ ᠪᠠᠷᠢᠯ ᠪᠠᠢᠵᠤ᠂ ᠱᠢᠨ᠎ᠡ ᠴᠠᠭ ᠦᠶ᠎ᠡ᠎ᠶ᠋ᠢᠨ ᠨᠠᠮ ᠢ ᠬᠠᠮᠢᠶᠠᠷᠴᠤ᠌ ᠨᠠᠮ᠎ᠢ ᠵᠠᠰᠠᠬᠤ ᠪᠡᠯᠭᠡ ᠲᠡᠮᠳᠡᠭ᠎ᠦᠨ ᠴᠢᠨᠠᠷᠲᠠᠢ ᠠᠷᠭ᠎ᠠ ᠬᠡᠮᠵᠢᠢ᠎ᠡ ᠮᠥᠨ᠃
ᠲᠥᠪ ᠤ᠋ᠨ ᠨᠠᠢ᠍ᠮᠠᠨ ᠲᠣᠭ᠍ᠲᠠᠭᠠᠯ ᠪᠣᠯ ᠲᠠᠪᠤᠨ ᠵᠢᠯ᠂ ᠠᠷᠪᠠᠨ ᠵᠢᠯ᠎ᠦᠨ ᠲᠣᠭ᠍ᠲᠠᠭᠠᠯ ᠪᠢᠰᠢ᠂ ᠬᠠᠷᠢᠨ ᠤᠷᠳᠤ ᠬᠤᠭᠤᠴᠠᠭ᠎ᠠ᠎ᠪᠠᠷ ᠪᠦᠲᠦᠮᠵᠢᠲᠡᠢ ᠪᠠᠢᠬᠤ ᠲᠡᠮᠦᠷ ᠶᠣᠰᠣ ᠬᠠᠲᠠᠭᠤ ᠲᠣᠭ᠍ᠲᠠᠭᠠᠯ ᠮᠥᠨ᠃
ᠡᠨᠡ ᠵᠢᠯ᠎ᠦᠨ 3 ᠰᠠᠷ᠎ᠠ᠎ᠠᠴᠠ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠨᠠᠮ᠎ᠢᠶᠠᠷ᠎ᠢᠶᠠᠨ ᠲᠥᠪ᠎ᠦᠨ ᠨᠠᠢ᠍ᠮᠠᠨ ᠲᠣᠭ᠍ᠲᠠᠭᠠᠯ ᠤᠨ ᠵᠣᠷᠢᠭ ᠰᠠᠨᠠᠭ᠎ᠠ ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠍᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠶᠡᠷᠦᠩᠬᠡᠢ ᠱᠦᠵᠢ ᠰᠢ ᠵᠢᠨ ᠫᠢᠩ ᠦᠨ ᠨᠠᠮ ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠴᠢᠬᠤᠯᠠ ᠥᠭᠦᠯᠡᠯᠲᠡ᠎ᠶ᠋ᠢ ᠬᠢᠨᠠᠮᠠᠭᠠᠢ ᠰᠤᠷᠤᠯᠴᠠᠵᠤ᠂ ᠲᠥᠪ᠎ᠦᠨ ᠨᠠᠢ᠍ᠮᠠᠨ ᠲᠣᠭ᠍ᠲᠠᠭᠠᠯ ᠵᠢᠴᠢ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶ᠋ᠢ ᠴᠥᠬᠥᠷᠡᠰᠢ ᠦᠭᠡᠢ ᠲᠤᠭᠤᠱᠢᠯᠠᠭᠤᠯᠵᠤ᠂ ᠨᠠᠮ᠎ᠤᠨ ᠰᠤᠷᠲᠠᠯ᠎ᠤᠨ ᠦᠷᠭᠦᠯᠵᠢᠯᠡᠨ ᠰᠠᠢᠵᠢᠷᠠᠬᠤ᠎ᠶ᠋ᠢ ᠠᠬᠢᠭᠤᠯᠵᠤ᠂ ᠨᠠᠮ ᠤᠨ ᠲᠥᠪ ᠬᠣᠷᠢᠶ᠎ᠠ ᠵᠢᠨ ᠡᠯ᠎ᠡ ᠵᠦᠢᠯ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠂ ᠦᠨᠳᠦᠰᠦᠲᠡᠨ ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠲᠦ ᠲᠠᠰᠤᠷᠠᠯᠳᠠ ᠦᠭᠡᠢ ᠬᠦᠴᠦᠷᠬᠡᠭ ᠶᠡᠬᠡ ᠬᠦᠴᠦᠨ ᠴᠢᠳᠠᠯ ᠨᠡᠮᠡᠷᠢᠯᠡᠪᠡ᠃
ᠨᠢᠮᠪᠠᠶ ᠲᠥᠯᠥᠪᠯᠡᠨ ᠣᠨᠣᠴᠠᠲᠠᠶ ᠵᠢᠯᠣᠭᠣᠳᠴᠤ᠌᠂ ᠰᠤᠷᠤᠯᠴᠠᠯᠭ᠎ᠠ ᠬᠥᠮᠦᠵᠢᠯ᠎ᠢ ᠪᠥᠬᠥ᠌ ᠨᠠᠮ᠎ᠤᠨ ᠬᠡᠪᠴᠢᠶᠡᠨ᠎ᠳᠦ ᠯᠠᠪᠳᠠᠭᠤᠨ ᠪᠠᠲᠤᠲᠠᠶ ᠥᠷᠨᠢᠭᠦᠯᠬᠦ᠌᠎ᠶ᠋ᠢ ᠠᠬᠢᠭᠤᠯᠪᠠ
ᠲᠥᠪ ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠌ ᠪᠣᠯ ᠶᠡᠷᠦᠩᠬᠡᠢ ᠱᠦᠵᠢ ᠰᠢ ᠵᠢᠨ ᠫᠢᠩ ᠦᠨ ᠪᠡᠶ᠎ᠡ᠎ᠪᠡᠷ᠎ᠢᠶᠡᠨ ᠲᠥᠯᠥᠪᠯᠡᠭ᠌ᠰᠡᠨ ᠡᠨᠡ ᠵᠢᠯ᠎ᠦᠨ ᠨᠠᠮ᠎ᠤᠨ ᠪᠠᠢᠭᠤᠯᠤᠯᠲᠠ᠎ᠶ᠋ᠢᠨ ᠠᠵᠢᠯ ᠤᠨ ᠭᠣᠣᠯᠳᠠᠯᠭ᠎ᠠ᠎ᠲᠠᠶ ᠡᠭᠦᠷᠭᠡ ᠪᠣᠯᠤᠨ᠎ᠠ᠃
ᠪᠦᠬᠦ᠌ ᠤᠯᠤᠰ᠎ᠤᠨ ᠬᠣᠶᠠᠷ ᠬᠤᠷᠠᠯ ᠲᠡᠭᠦᠰᠦᠭᠡᠳ ᠨᠢᠭᠡ ᠭᠠᠷᠠᠭ ᠪᠣᠯᠤᠭ᠎ᠠ ᠦᠭᠡᠢ᠂ ᠲᠥᠪ᠎ᠦᠨ ᠨᠠᠢ᠍ᠮᠠᠨ ᠲᠣᠭ᠍ᠲᠠᠭᠠᠯ ᠤᠨ ᠵᠣᠷᠢᠭ ᠰᠠᠨᠠᠭ᠎ᠠ ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠰᠠᠶᠢᠬᠠᠨ ᠡᠬᠢᠯᠡᠮᠡᠭᠴᠡ᠂ ᠶᠡᠷᠦᠩᠬᠡᠢ ᠱᠦᠵᠢ ᠰᠢ ᠵᠢᠨ ᠫᠢᠩ ᠭᠦᠢᠵᠧᠦ᠂ ᠶᠦᠨᠨᠠᠨ᠎ᠳᠤ ᠬᠦᠷᠴᠦ᠍ ᠱᠢᠨᠵᠢᠯᠡᠨ ᠪᠠᠢᠴᠠᠭᠠᠪᠠ᠃
ᠱᠢᠨᠵᠢᠯᠡᠨ ᠪᠠᠢᠴᠠᠭᠠᠬᠤ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠣᠷᠢᠢ᠎ᠠ᠎ᠠᠴᠠ ᠡᠨᠡ ᠤᠳᠠᠭ᠎ᠠ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠪᠡᠷ ᠲᠣᠭ᠍ᠲᠠᠭ᠍ᠰᠠᠨ ᠲᠤᠬᠠᠢ ᠠᠯᠤᠰ᠎ᠤᠨ ᠪᠣᠳᠣᠯᠬᠢᠯᠠᠯ᠎ᠢ ᠣᠯᠠᠨᠲᠠ ᠶᠠᠷᠢᠪᠠ ——
《ᠡᠳᠡᠭᠡᠷ ᠵᠢᠯ᠎ᠦᠳ᠎ᠲᠦ ᠲᠦᠪ ᠤ᠋ᠨ ᠨᠠᠢ᠍ᠮᠠᠨ ᠲᠣᠭ᠍ᠲᠠᠭᠠᠯ ᠦᠨᠳᠦᠰᠦᠨ ᠴᠢᠨᠠᠷᠲᠠᠶ ᠬᠤᠪᠢᠷᠠᠯᠲᠠ ᠭᠠᠷᠬᠤ᠎ᠶ᠋ᠢ ᠠᠬᠢᠭᠤᠯᠵᠤ᠂ ᠬᠡᠪ ᠰᠤᠷᠲᠠᠯ ᠱᠢᠨᠡᠳᠴᠦ᠍᠂ ᠥᠩᠭᠡᠷᠡᠭ᠌ᠰᠡᠨ᠎ᠦ ᠵᠠᠰᠠᠬᠤᠶ᠎ᠠ ᠪᠡᠷᠬᠡ ᠪᠠᠢᠭᠰᠠᠨ ᠠᠷᠬᠠᠭ ᠬᠡᠮ᠎ᠦᠨ ᠣᠯᠠᠩᠬᠢ ᠨᠢ ᠠᠷᠢᠯᠵᠠᠶ᠃ ᠡᠭᠦᠨ᠎ᠦ ᠬᠠᠮᠳᠤ᠂ ᠵᠠᠷᠢᠮ ᠭᠠᠵᠠᠷ᠎ᠲᠤ ᠰᠤᠯᠠᠷᠠᠭ᠍ᠰᠠᠨ ᠪᠠᠢᠳᠠᠯ ᠭᠠᠷᠴᠤ᠂ ᠵᠠᠷᠢᠮ ᠲᠠᠯ᠎ᠠ᠎ᠪᠠᠷ ᠲᠦᠭᠡᠮᠡᠯᠵᠢᠭᠰᠡᠨ ᠦᠭᠡᠢ ᠦᠵᠡᠭᠳᠡᠯ ᠤᠷᠤᠰᠢᠵᠤ᠂ ᠵᠠᠷᠢᠮ ᠮᠠᠭᠤ ᠬᠡᠪ ᠰᠤᠷᠲᠠᠯ ᠲᠠᠬᠢᠨ ᠢᠯᠡᠷᠡᠬᠦ᠌ ᠪᠠᠢᠳᠠᠯ ᠭᠠᠷᠤᠭ᠍ᠰᠠᠨᠢ ᠣᠯᠵᠤ ᠬᠠᠷᠠᠬᠤ ᠬᠡᠷᠡᠭ᠌ᠲᠡᠢ᠃ ᠬᠠᠳᠠᠭᠠᠰᠤ ᠬᠠᠳᠠᠬᠤ ᠳ᠋ᠤ ᠬᠡᠳᠦᠨᠳᠡ ᠠᠯᠤᠬᠠᠳᠠᠳᠠᠭ ᠤᠳᠠᠭᠠᠨ ᠳᠠᠭᠠᠭᠠᠮᠠᠭᠠᠶ ᠵᠢᠳᠬᠦᠵᠦ᠍᠂ ᠬᠡᠪ ᠰᠤᠷᠳᠠᠯ᠎ᠢ ᠦᠭᠡᠷᠡᠴᠢᠯᠡᠬᠦ ᠵᠢ ᠵᠠᠩᠰᠢᠯ ᠲᠠᠳᠬᠠᠯ ᠪᠣᠯᠭᠠᠬᠤ ᠬᠡᠷᠡᠭ᠌ᠲᠡᠶ》᠃
ᠱᠢᠨ᠎ᠡ ᠴᠠᠭ ᠦᠶ᠎ᠡ᠎ᠶ᠋ᠢᠨ ᠠᠭᠤᠤ ᠶᠡᠬᠡ ᠱᠢᠨ᠎ᠡ ᠬᠠᠭᠤᠳᠠᠰᠤ᠎ᠶ᠋ᠢ ᠶᠠᠭ ᠰᠠᠢᠬᠠᠨ ᠪᠢᠴᠢᠭ᠌ᠯᠡᠵᠦ᠍ ᠪᠤᠢ᠃ 2025 ᠣᠨ᠎ᠳᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠬᠦᠯᠭᠡ ᠤᠳᠠᠯ ᠥᠬᠡᠶ ᠰᠡᠭᠦᠯ ᠬᠤᠷᠢᠶᠠᠵᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠬᠦᠯᠭᠡ ᠵᠢ ᠶᠠᠭ ᠲᠥᠯᠥᠪᠯᠡᠵᠦ᠍ ᠪᠠᠢᠨ᠎ᠠ᠃
ᠡᠨᠡ ᠬᠦ᠌ ᠵᠠᠩᠭᠢᠯᠠᠭ᠎ᠠ᠎ᠶ᠋ᠢᠨ ᠴᠠᠭ ᠦᠶ᠎ᠡ᠎ᠳᠦ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠪᠣᠯ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠭᠣᠣᠯ ᠰᠡᠳᠦᠪᠲᠦ ᠬᠥᠮᠦᠵᠢᠯ ᠪᠣᠯᠤᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢᠷᠡᠭᠦᠯᠬᠦ᠂ ᠪᠦᠬᠦ᠌ ᠲᠠᠯ᠎ᠠ᠎ᠪᠠᠷ ᠨᠠᠮ ᠢ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠮ ᠪᠠ ᠤᠯᠠᠨ ᠲᠦᠮᠡᠨ ᠺᠠᠳ᠋ᠷ ᠪᠠ ᠤᠯᠠᠨ ᠲᠦᠮᠡᠨ᠎ᠦ ᠬᠠᠷᠢᠴᠠᠭ᠎ᠠ ᠶ᠋ᠢ ᠨᠢᠭ᠍ᠲᠠᠷᠠᠭᠤᠯᠬᠤ᠂ ᠨᠠᠮ᠎ᠤᠨ ᠲᠦᠷᠦ᠍ ᠪᠠᠷᠢᠬᠤ ᠰᠠᠭᠤᠷᠢ᠎ᠶ᠋ᠢ ᠪᠡᠬᠢᠵᠢᠭᠦᠯᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠬᠦᠴᠦᠲᠡᠢ ᠪᠠᠲᠤᠯᠠᠭ᠎ᠠ ᠮᠥᠨ᠃
ᠶᠡᠷᠦᠩᠬᠡᠢ ᠱᠦᠵᠢ ᠰᠢ ᠵᠢᠨ ᠫᠢᠩ ᠡᠨᠡ ᠤᠳᠠᠭ᠎ᠠ᠎ᠶ᠋ᠢᠨ ᠰᠤᠷᠤᠯᠴᠠᠯᠭ᠎ᠠ ᠬᠥᠮᠦᠵᠢᠯ᠎ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠪᠦᠬᠦ᠌ ᠶᠠᠪᠤᠴᠠ᠎ᠶ᠋ᠢ ᠵᠢᠯᠣᠭᠣᠳᠴᠤ᠌᠂ ᠪᠡᠶ᠎ᠡ᠎ᠪᠡᠷ᠎ᠢᠶᠡᠨ ᠠᠬᠢᠭᠤᠯᠵᠤ᠂ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠤᠯᠠᠨ ᠤᠳᠠᠭ᠎ᠠ ᠴᠢᠬᠤᠯᠠ ᠵᠢᠭᠠᠪᠤᠷᠢ ᠴᠣᠬᠣᠯᠠᠪᠤᠷᠢ ᠥᠭ᠌ᠴᠦ᠂ ᠪᠦᠬᠦ᠌ ᠨᠠᠮ᠎ᠤᠨ ᠰᠤᠷᠤᠯᠴᠠᠯᠭ᠎ᠠ ᠬᠥᠮᠦᠵᠢᠯ᠎ᠢ ᠰᠠᠢᠲᠤᠷ ᠥᠷᠨᠢᠭᠦᠯᠬᠦ᠌᠎ᠳᠦ ᠴᠢᠭ᠌ᠯᠡᠯ᠎ᠢ ᠲᠣᠳᠣᠷᠬᠠᠢ ᠵᠢᠭᠠᠵᠤ ᠥᠭ᠌ᠪᠡ ——
ᠭᠦᠢᠵᠧᠦ᠍᠂ ᠶᠦᠨᠨᠠᠨ᠎ᠳᠤ ᠱᠢᠨᠵᠢᠯᠡᠨ ᠪᠠᠢᠴᠠᠭᠠᠬᠤ᠎ᠳᠠᠭᠠᠨ᠂ 《ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠲᠥᠪ ᠬᠣᠷᠢᠶ᠎ᠠ ᠵᠢᠨ ᠡᠨᠡ ᠬᠦ᠌ ᠲᠣᠭ᠍ᠲᠠᠭᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ ᠭᠣᠣᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠦᠨ᠂ ᠰᠤᠷᠤᠯᠴᠠᠯᠭ᠎ᠠ ᠬᠥᠮᠦᠵᠢᠯ᠎ᠢ ᠳᠥᠭᠥᠮ ᠳᠥᠲᠡ ᠪᠣᠳᠠᠲᠠᠢ ᠰᠠᠢᠲᠤᠷ ᠵᠣᠬᠢᠶᠠᠨ ᠪᠠᠢᠭᠤᠯᠬᠤ ᠬᠡᠷᠡᠭ᠌ᠲᠡᠢ᠂ ᠬᠡᠯᠪᠡᠷᠢᠴᠢ ᠦᠵᠡᠯ ᠲᠠᠢ ᠪᠠᠢᠵᠤ ᠪᠣᠯᠬᠤ ᠦᠭᠡᠢ᠂ ᠬᠡᠯᠪᠡᠷᠢᠴᠢ ᠦᠵᠡᠯ᠎ᠢ ᠲᠦᠪ ᠤ᠋ᠨ ᠨᠠᠢ᠍ᠮᠠᠨ ᠲᠣᠭ᠍ᠲᠠᠭᠠᠯ ᠡᠰᠡᠷᠭᠦᠴᠡᠳᠡᠭ》 ᠭᠡᠵᠦ᠍ ᠵᠠᠬᠢᠪᠠ;
ᠾᠧᠨᠠᠨ᠎ᠳᠤ ᠱᠢᠨᠵᠢᠯᠡᠨ ᠪᠠᠢᠴᠠᠭᠠᠬᠤ᠎ᠳᠠᠭᠠᠨ᠂ 《ᠰᠤᠷᠲᠠᠯ ᠤᠨ ᠲᠠᠯ᠎ᠠ ᠵᠢᠨ ᠴᠢᠡᠭᠭ᠎ᠠ ᠱᠠᠭᠠᠷᠳᠠᠯᠭ᠎ᠠ᠎ᠶ᠋ᠢ ᠦᠨᠡᠨ ᠬᠦ᠌ ᠬᠠᠲᠠᠭᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠪᠠᠳᠤ ᠴᠢᠩᠭ᠎ᠠ ᠶᠣᠰᠣ ᠳᠦᠷᠢᠮ ᠢ ᠦᠨᠡᠨ ᠬᠦ᠌ ᠪᠠᠷᠢᠮᠳᠠᠯᠠᠵᠤ᠂ ᠰᠤᠷᠤᠯᠴᠠᠬᠤ᠎ᠳᠤ ᠶᠠᠰᠤ ᠴᠢᠨᠠᠷᠲᠠᠶ᠂ ᠪᠠᠢᠴᠠᠭᠠᠬᠤ᠎ᠳᠤ ᠡᠷᠴᠢᠮᠲᠡᠶ᠂ ᠰᠠᠢᠵᠢᠷᠠᠭᠤᠯᠬᠤ᠎ᠳᠦ ᠦᠷ᠎ᠡ ᠪᠦᠲᠦᠮᠵᠢᠲᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ 》 ᠭᠡᠵᠦ᠍ ᠴᠢᠬᠤᠯᠠᠴᠢᠯᠠᠪᠠ;
ᠱᠠᠨ ᠰᠢᠳᠦ ᠱᠢᠨᠵᠢᠯᠡᠨ ᠪᠠᠢᠴᠠᠭᠠᠬᠤ᠎ᠳᠠᠭᠠᠨ᠂ 《ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠳᠠᠷᠠᠭᠠᠴᠢ᠎ᠶ᠋ᠢᠨ ᠠᠵᠢᠯ ᠢ ᠴᠢᠩᠭ᠎ᠠ ᠨᠠᠷᠢᠯᠢᠭ ᠠᠳᠭᠤᠵᠤ᠂ ᠠᠰᠠᠭᠤᠳᠠᠯ ᠢ ᠦᠨᠡᠨ ᠬᠦ᠌ ᠪᠠᠢᠴᠠᠭᠠᠨ ᠳᠡᠯᠭᠡᠵᠦ᠍᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠢ᠎ᠡ᠎ᠶ᠋ᠢ ᠪᠣᠳᠠᠲᠠᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠢ》 ᠭᠡᠵᠦ᠍ ᠵᠢᠭᠠᠵᠤ ᠭᠠᠷᠭᠠᠪᠠ;
᠁ ᠁
ᠡᠨᠡ ᠵᠢᠯ᠎ᠦᠨ 《7·1》 ᠡᠴᠡ ᠡᠮᠦᠨᠡᠬᠡᠨ᠂ 6 ᠰᠠᠷ᠎ᠠ᠎ᠶᠢᠨ 30 ᠤ᠋ ᠡᠳᠦᠷ᠂ ᠪᠡᠭᠡᠵᠢᠩ᠎ᠦᠨ ᠵᠥᠩ ᠨᠠᠨ ᠬᠠᠢ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ᠎ᠶᠢᠨ ᠲᠣᠪᠴᠢᠶ᠎ᠠ ᠲᠥᠪ᠎ᠤᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠪᠦᠷᠢᠨᠰᠢᠭᠦᠯᠦᠨ ᠨᠠᠢᠳᠠᠪᠤᠷᠢᠵᠢᠭᠤᠯᠬᠤ᠂ 《ᠳᠥᠷᠪᠡᠨ ᠰᠤᠷᠲᠠᠯ》 ᠢ᠋ ᠵᠠᠯᠠᠷᠠᠭᠤᠯᠤᠨ ᠵᠠᠰᠠᠬᠤ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢᠨ ᠲᠤᠬᠠᠢ ᠬᠣᠷᠢᠨ ᠨᠢᠭᠡᠳᠦᠭᠡᠷ ᠤᠳᠠᠭᠠᠨ᠎ᠤ ᠬᠠᠮᠲᠤ᠎ᠶᠢᠨ ᠰᠤᠷᠤᠯᠴᠠᠯᠭ᠎ᠠ ᠬᠢᠪᠡ ᠃
ᠲᠣᠰ ᠤᠳᠠᠭ᠎ᠠ ᠵᠢᠨ ᠬᠠᠮᠲᠤ᠎ᠶᠢᠨ ᠰᠤᠷᠤᠯᠴᠠᠯᠭ᠎ᠠ ᠳᠡᠭᠡᠷ᠎ᠡ᠂ ᠶᠡᠷᠦᠩᠬᠡᠢ ᠱᠦᠵᠢ ᠰᠢ᠎ᠶᠢᠨ ᠫᠢᠩ᠂ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ ᠪᠣᠯ ᠮᠠᠨ᠎ᠤ ᠨᠠᠮ᠎ᠤᠨ ᠰᠠᠮᠠᠭᠤᠷᠠᠯ᠎ᠢ ᠵᠠᠰᠠᠵᠤ ᠮᠠᠨᠳᠤᠯ ᠪᠠᠭᠤᠷᠠᠯ᠎ᠤᠨ ᠲᠡᠦᠬᠡᠨ ᠦᠶᠡᠯᠡᠯ᠎ᠢ ᠲᠤᠭᠤᠯᠬᠤ ᠬᠣᠶᠠᠳᠤᠭᠠᠷ ᠬᠠᠷᠢᠭᠤᠯᠲᠠ ᠮᠥᠨ᠂ ᠰᠤᠷᠲᠠᠯ᠎ᠢ ᠠᠳᠬᠤᠬᠤ᠎ᠠᠴᠠ ᠭᠠᠷᠳᠠᠵᠤ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠬᠤ ᠪᠣᠯ ᠰᠢᠨ᠎ᠡ ᠴᠠᠭ ᠦᠶ᠎ᠡ᠎ᠶᠢᠨ ᠨᠠᠮ ᠤᠨ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ ᠨᠢᠭᠡᠨ ᠴᠢᠬᠤᠯᠠ ᠲᠤᠷᠰᠢᠯᠭ᠎ᠠ ᠮᠥᠨ ᠬᠡᠵᠦ ᠴᠢᠬᠤᠯᠠᠴᠢᠯᠠᠪᠠ᠃
《ᠮᠠᠨ᠎ᠤ ᠨᠠᠮ᠎ᠤᠨ ᠡᠭᠦᠷᠭᠡᠯᠡᠵᠦ ᠪᠠᠢᠭ᠎ᠠ ᠳᠤᠮᠳᠠᠳᠤ ᠤᠯᠤᠰ ᠤᠨ ᠮᠠᠶᠢᠭ᠋᠎ᠤᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ ᠶ᠋ᠢᠨ ᠡᠭᠦᠷᠭᠡ ᠲᠤᠢᠯ᠎ᠤᠨ ᠨᠦᠰᠡᠷ ᠬᠦᠨᠳᠦ᠂ ᠲᠤᠯᠭᠠᠷᠠᠵᠤ ᠪᠠᠢᠭ᠎ᠠ ᠲᠥᠷᠥ ᠪᠠᠷᠢᠬᠤ ᠣᠷᠴᠢᠨ ᠨᠥᠬᠥᠴᠡᠯ ᠲᠤᠢᠯ᠎ᠤᠨ ᠪᠤᠳᠤᠯᠢᠶᠠᠨᠲᠠᠢ ᠪᠣᠯᠬᠣᠷ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ ᠡᠨᠡ ᠬᠦ᠌ ᠬᠥᠪᠴᠢ ᠶ᠋ᠢ ᠡᠷᠬᠡᠪᠰᠢ ᠨᠡᠩ ᠴᠢᠩᠭᠠᠯᠠᠬᠤ ᠬᠡᠷᠡᠭᠲᠡᠢ》᠃ ᠰᠤᠷᠲᠠᠯ᠎ᠤᠨ ᠪᠠᠢᠭᠤᠯᠤᠯᠲᠠ ᠠ᠋ᠴᠠ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ ᠲᠤᠬᠠᠢ ᠶᠠᠷᠢᠬᠤ᠎ᠳᠠᠭᠠᠨ᠂ ᠶᠡᠷᠦᠩᠬᠡᠢ ᠱᠦᠵᠢ ᠰᠢ᠎ᠶᠢᠨ ᠫᠢᠩ 《ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ᠎ᠶᠢ ᠠᠬᠢᠭᠤᠯᠬᠤ᠎ᠳᠤ᠂ ᠲᠠᠨᠢᠯᠲᠠ᠎ᠪᠠᠨ ᠳᠡᠭᠡᠭᠰᠢᠯᠡᠭᠦᠯᠬᠦ᠂ ᠨᠠᠮᠴᠢ ᠴᠢᠨᠠᠷ᠎ᠢᠶᠠᠨ ᠴᠢᠩᠭᠠᠳᠬᠠᠬᠤ᠂ ᠡᠷᠬᠡ᠎ᠶᠢᠨ ᠠᠵᠢᠯᠯᠠᠭ᠎ᠠ᠎ᠨᠢ ᠵᠢᠷᠤᠮᠵᠢᠭᠤᠯᠬᠤ᠂ ᠰᠠᠬᠢᠯᠭ᠎ᠠ ᠪᠠᠲᠤ᠎ᠶᠢᠨ ᠬᠡᠷᠡᠭᠵᠢᠭᠦᠯᠦᠯᠲᠡ᠎ᠳᠦ ᠴᠢᠩᠭ᠎ᠠ ᠬᠢᠨᠠᠯᠲᠠ ᠲᠠᠯᠪᠢᠬᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠪᠠᠨ ᠭᠦᠢᠴᠡᠳᠬᠡᠬᠦ ᠵᠡᠷᠭᠡ ᠲᠠᠯ᠎ᠠ᠎ᠪᠠᠷ ᠤᠯᠠᠮ ᠨᠢᠭᠡ ᠠᠯᠬᠤᠮ ᠪᠣᠳᠠᠲᠠᠢ ᠨᠠᠢᠳᠠᠪᠤᠷᠢᠵᠢᠭᠤᠯᠬᠤ ᠬᠡᠷᠡᠭᠲᠡᠢ》 ᠭᠡᠰᠡᠨ ᠲᠣᠳᠣᠷᠬᠠᠢ ᠱᠠᠭᠠᠷᠳᠠᠯᠭ᠎ᠠ᠎ᠶᠢ ᠳᠤᠷᠠᠳᠤᠨ ᠭᠠᠷᠭᠠᠵᠤ᠂ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ᠎ᠶᠢ ᠡᠴᠦᠰ ᠲᠦ᠍ᠨᠢ ᠲᠤᠯᠲᠠᠯ᠎ᠠ ᠬᠢᠬᠦ ᠢᠯᠡ ᠲᠣᠳᠣ᠌ ᠳᠣᠬᠢᠶ᠎ᠠ᠎ᠶᠢ ᠳᠠᠮᠵᠢᠭᠤᠯᠤᠭᠰᠠᠨ ᠪᠠᠢᠨ᠎ᠠ᠃
ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ ᠲᠠᠢ ᠮᠥᠷᠲᠡᠭᠡᠨ ᠪᠠᠰᠠ ᠬᠠᠨᠳᠤᠯᠭᠠᠲᠤ ᠴᠢᠨᠠᠷ᠂ ᠵᠢᠯᠤᠭᠣᠳᠬᠤ ᠴᠢᠨᠠᠷ ᠲᠠᠢ ᠪᠠᠢᠬᠤ ᠬᠡᠷᠡᠭᠳᠡᠢ᠃ ᠶᠡᠷᠦᠩᠬᠡᠢ ᠱᠦᠵᠢ ᠰᠢ᠎ᠶᠢᠨ ᠫᠢᠩ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠮᠥᠷᠲᠡᠭᠡᠨ ᠪᠠᠰᠠ ᠪᠡᠶ᠎ᠡ᠎ᠪᠡᠷ᠎ᠢᠶᠡᠨ ᠬᠡᠪ ᠳᠦᠷᠢᠮ ᠪᠣᠯᠵᠤ ᠲᠥᠪ᠎ᠤᠨ ᠨᠠᠢ᠍ᠮᠠᠨ ᠲᠣᠭᠲᠠᠭᠠᠯ ᠢ ᠲᠦᠷᠦᠭᠦᠯᠡᠨ ᠲᠤᠭᠤᠰᠢᠯᠠᠭᠤᠯᠵᠤ᠂ ᠪᠦᠬᠦ ᠨᠠᠮ᠎ᠤᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ᠎ᠳᠦ ᠦᠨᠳᠦᠰᠦᠨ ᠵᠢᠷᠤᠮᠯᠠᠯ ᠬᠠᠩᠭᠠᠵᠤ᠂ ᠭᠡᠷᠡᠯ ᠰᠠᠴᠤᠷᠠᠩᠭᠤᠢ ᠦᠯᠢᠭᠡᠷ ᠳᠠᠭᠤᠷᠢᠶᠠᠯ᠎ᠢ ᠪᠤᠢ ᠪᠣᠯᠭᠠᠭᠰᠠᠨ ᠪᠠᠢᠨ᠎ᠠ᠃
ᠨᠠᠷᠢᠨ ᠨᠢᠮᠪᠠᠢ ᠪᠠᠢᠷᠢᠯᠠᠭᠤᠯᠵᠤ᠂ ᠪᠤᠰᠢᠭᠤ ᠱᠠᠯᠠᠮᠠᠭᠠᠢ ᠬᠦᠳᠡᠯᠦᠯᠴᠡᠪᠠ᠃
ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠨᠠᠮ᠎ᠢᠶᠠᠷ᠎ᠢᠶᠠᠨ ᠰᠤᠷᠤᠯᠴᠠᠯᠭ᠎ᠠ ᠬᠥᠮᠦᠵᠢᠯ᠎ᠦᠨ ᠬᠠᠷᠠᠯᠲᠠ ᠡᠭᠦᠷᠭᠡ᠂ ᠠᠷᠭ᠎ᠠ ᠵᠠᠮ ᠪᠠ ᠠᠵᠢᠯ ᠤᠨ ᠱᠠᠭᠠᠷᠳᠠᠯᠭ᠎ᠠ᠎ᠶᠢ ᠪᠠᠲᠤ ᠡᠵᠡᠮᠳᠡᠵᠦ᠂ ᠤᠯᠤᠰ ᠲᠦᠷᠦ᠎ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ᠎ᠢᠶᠠᠨ ᠴᠢᠩᠭᠠᠳᠬᠠᠵᠤ᠂ ᠰᠤᠷᠤᠯᠴᠠᠬᠤ ᠪᠠᠢᠴᠠᠭᠠᠬᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠭᠦᠨᠵᠡᠭᠡᠢᠷᠡᠨ ᠪᠣᠳᠠᠲᠠᠢᠵᠢᠬᠤ᠎ᠶᠢ ᠠᠬᠢᠭᠤᠯᠪᠠ᠃
2025 ᠣᠨ ᠤ 3 ᠰᠠᠷ᠎ᠠ᠎ᠶᠢᠨ 2᠎ᠤ᠋ᠨ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ ᠤ ᠠᠯᠪᠠᠨ ᠲᠢᠩᠬᠢᠮ 《 ᠪᠥᠬᠥ ᠨᠠᠮ᠎ᠤᠨ ᠬᠡᠪᠴᠢᠶᠡᠨ᠎ᠳᠦ ᠲᠥᠪ᠎ᠤᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ》 ᠢ᠋ ᠳᠠᠷᠤᠮᠠᠯᠯᠠᠨ ᠲᠠᠷᠬᠠᠭᠠᠵᠤ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠤ᠂ ᠬᠠᠷᠠᠯᠲᠠ ᠡᠭᠦᠷᠭᠡ᠎ᠵᠢ ᠲᠣᠳᠣᠷᠬᠠᠢᠯᠠᠪᠠ᠃
3 ᠰᠠᠷ᠎ᠠ᠎ᠶᠢᠨ 12᠎ᠤ᠋ᠨ ᠡᠳᠦᠷ᠂ ᠲᠥᠪ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ᠎ᠰᠢ᠎ᠶᠢᠨ ᠫᠢᠩ ᠤ᠋ᠨ ᠰᠤᠷᠤᠯᠴᠠᠯᠭ᠎ᠠ ᠬᠥᠮᠦᠵᠢᠯ᠎ᠦᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠰᠤᠷᠤᠯᠴᠠᠯᠭ᠎ᠠ ᠬᠥᠮᠦᠵᠢᠯ᠎ᠦᠨ ᠪᠡᠯᠡᠳᠬᠡᠯ ᠠᠵᠢᠯ᠎ᠤᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠰᠤᠷᠤᠯᠴᠠᠯᠭ᠎ᠠ ᠬᠥᠮᠦᠵᠢᠯ᠎ᠦᠨ ᠠᠵᠢᠯ᠎ᠢ ᠰᠤᠳᠤᠯᠤᠨ ᠪᠠᠢᠷᠢᠯᠠᠭᠤᠯᠪᠠ᠃
ᠲᠥᠪ᠎ᠦᠨ ᠨᠠᠮ ᠤᠨ ᠪᠠᠢᠭᠤᠯᠤᠯᠲᠠ ᠶᠢᠨ ᠠᠵᠢᠯ᠎ᠤᠨ ᠤᠳᠤᠷᠢᠳᠬᠤ ᠳᠤᠭᠤᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠲᠥᠪ᠎ᠦᠨ ᠵᠣᠬᠢᠶᠠᠨ ᠪᠠᠶ᠋ᠢᠭᠤᠯᠬᠤ ᠬᠡᠯᠲᠡᠰ᠎ᠡᠴᠡ ᠲᠥᠪ ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ᠎ᠲᠠᠢ ᠬᠠᠮᠲᠤᠷᠠᠨ ᠲᠥᠪ᠎ᠦᠨ ᠲᠡᠰ ᠳᠠᠪᠬᠤᠷᠭ᠎ᠠ᠎ᠶᠢᠨ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠤᠰᠬᠠᠢ ᠠᠩᠭᠢ᠎ᠶᠢ ᠪᠠᠢᠭᠤᠯᠵᠤ᠂ ᠪᠣᠳᠠᠲᠠᠢ ᠠᠵᠢᠯ᠎ᠢ ᠡᠭᠦᠷᠭᠡᠯᠡᠭᠦᠯᠪᠡ᠃
ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠭᠣᠣᠯ ᠠᠵᠢᠯ᠎ᠲᠠᠢ᠎ᠪᠠᠨ ᠨᠢᠭ᠍ᠲᠠ ᠤᠶᠠᠯᠳᠤᠭᠤᠯᠵᠤ᠂ ᠬᠠᠷᠠᠯᠲᠠ ᠱᠠᠭᠠᠷᠳᠠᠯᠭ᠎ᠠ᠎ᠶᠢ ᠡᠵᠡᠮᠳᠡᠨ᠂ ᠨᠠᠷᠢᠨ ᠨᠢᠮᠪᠠᠢ ᠲᠥᠯᠥᠪᠵᠢᠭᠦᠯᠦᠨ ᠪᠠᠢᠷᠢᠯᠠᠭᠤᠯᠵᠤ᠂ ᠴᠠᠭ ᠲᠤᠬᠠᠢ ᠳ᠋ᠤᠨᠢ ᠲᠣᠬᠢᠷᠠᠭᠤᠯᠤᠨ ᠠᠬᠢᠭᠤᠯᠵᠤ᠂ ᠨᠠᠮ᠎ᠤᠨ ᠬᠣᠷᠢᠶ᠎ᠠ(ᠨᠠᠮ᠎ᠤᠨ ᠤᠳᠤᠷᠢᠳᠬᠤ ᠳᠤᠭᠤᠢᠯᠠᠩ) ᠵᠢᠨ ᠱᠦᠵᠢ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠎ᠪᠠᠨ ᠦᠨᠡᠨᠬᠦ ᠡᠭᠦᠷᠭᠡᠯᠡᠵᠦ᠂ ᠤᠳᠤᠷᠢᠳᠬᠤ ᠪᠠᠭ᠎ᠤᠨ ᠪᠤᠰᠤᠳ ᠪᠦᠷᠢᠯᠳᠦᠭᠦᠨ 《ᠨᠢᠭᠡ ᠠᠵᠢᠯ᠎ᠤᠨ ᠪᠠᠢᠷᠢ ᠬᠣᠶᠠᠷ ᠬᠠᠷᠢᠭᠤᠴᠠᠯᠭ᠎ᠠ》 ᠶ᠋ᠢ ᠭᠦᠢᠴᠡᠳᠬᠡᠵᠦ᠂ ᠱᠠᠲᠤ ᠱᠠᠲᠤ᠎ᠪᠠᠷ ᠨᠠᠢᠳᠠᠪᠤᠷᠢᠵᠢᠭᠤᠯᠬᠤ᠎ᠶᠢ ᠠᠳᠬᠤᠵᠤ᠂ ᠰᠤᠷᠤᠯᠴᠠᠯᠭ᠎ᠠ ᠬᠥᠮᠦᠵᠢᠯ᠎ᠢ ᠲᠤᠭᠤᠰᠢᠳᠠᠢ ᠪᠡᠶᠡᠯᠡᠭᠦᠯᠬᠦ᠎ᠶᠢ ᠠᠬᠢᠭᠤᠯᠪᠠ᠃
ᠱᠠᠯᠠᠪᠳᠠᠭᠤᠯᠤᠨ ᠵᠢᠯᠤᠭᠣᠳᠬᠤ᠎ᠶᠢ ᠴᠢᠩᠭᠠᠳᠬᠠᠬᠤ ᠪᠣᠯ ᠰᠤᠷᠤᠯᠴᠠᠯᠭ᠎ᠠ ᠬᠥᠮᠦᠵᠢᠯ᠎ᠦᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ᠎ᠶᠢᠨ ᠴᠢᠬᠤᠯᠠ ᠪᠠᠲᠤᠯᠠᠭ᠎ᠠ ᠮᠥᠨ᠃ ᠶᠡᠷᠦᠩᠬᠡᠢ ᠱᠦᠵᠢ ᠰᠢ᠎ᠶᠢᠨ ᠫᠢᠩ ᠵᠢᠯᠤᠭᠣᠳᠬᠤ ᠳᠤᠭᠤᠢᠯᠠᠩ ᠱᠠᠯᠠᠪᠳᠠᠭᠤᠯᠤᠨ ᠵᠢᠯᠤᠭᠣᠳᠬᠤ ᠳᠤᠭᠤᠢᠯᠠᠩ ᠲᠣᠮᠢᠯᠠᠵᠤ᠂ ᠲᠣᠭᠲᠠᠭᠠᠯ᠎ᠠᠴᠠ ᠵᠥᠷᠢᠴᠡᠨ ᠢᠳᠡᠵᠦ ᠤᠤᠭᠤᠬᠤ᠎ᠶᠢ ᠴᠡᠭᠴᠡᠯᠡᠨ ᠵᠠᠰᠠᠬᠤ ᠵᠡᠷᠭᠡ ᠲᠠᠯ᠎ᠠ᠎ᠪᠠᠷ ᠠᠯᠢ ᠤᠯᠠᠨ ᠴᠢᠬᠤᠯᠠ ᠵᠢᠭᠠᠪᠤᠷᠢ ᠴᠣᠬᠣᠯᠠᠪᠤᠷᠢ ᠥᠭᠴᠦ᠂ ᠬᠣᠯᠪᠣᠭᠳᠠᠯ ᠪᠦᠬᠦᠢ ᠠᠵᠢᠯ᠎ᠢ ᠨᠠᠢᠳᠠᠪᠤᠷᠢᠵᠢᠭᠤᠯᠬᠤ᠎ᠶᠢ ᠠᠬᠢᠭᠤᠯᠪᠠ᠃
ᠰᠤᠷᠤᠯᠴᠠᠯᠭ᠎ᠠ ᠬᠥᠮᠦᠵᠢᠯ᠎ᠦᠨ ᠬᠤᠭᠤᠴᠠᠭᠠᠨ᠎ᠳᠤ᠂ ᠲᠥᠪ᠎ᠡᠴᠡ ᠲᠡᠰ ᠲᠠᠪᠬᠤᠷᠭ᠎ᠠ ᠡᠴᠡ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠤᠰᠬᠠᠢ ᠠᠩᠭᠢ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠯᠪᠠᠨ ᠲᠢᠩᠬᠢᠮ ᠡᠴᠡ 3 ᠪᠦᠯᠦᠭ 4 ᠤᠳᠠᠭ᠎ᠠ ᠵᠢᠨ ᠲᠣᠭᠲᠠᠭᠠᠯ᠎ᠢ ᠵᠥᠷᠢᠴᠡᠨ ᠢᠳᠡᠵᠦ ᠤᠤᠭᠤᠵᠤ ᠲᠥᠪ᠎ᠦᠨ ᠨᠠᠢ᠍ᠮᠠᠨ ᠵᠦᠢᠯ᠎ᠦᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ᠎ᠢ ᠢᠯᠡ ᠨᠡᠢᠲᠡᠯᠡᠵᠦ᠂ ᠬᠦᠴᠦᠷᠬᠡᠭ ᠶᠡᠬᠡ ᠰᠦᠷ ᠬᠦᠴᠦᠨ᠎ᠢ ᠪᠤᠢ ᠪᠣᠯᠭᠠᠪᠠ᠃
ᠴᠢᠩᠭ᠎ᠠ ᠱᠠᠯᠠᠪᠳᠠᠭᠤᠯᠤᠨ ᠪᠣᠳᠠᠲᠠᠢ ᠵᠢᠯᠤᠭᠣᠳᠴᠤ᠂ ᠠᠰᠠᠭᠤᠳᠠᠯ᠎ᠢ ᠰᠢᠢᠳᠪᠦᠷᠢᠯᠡᠪᠡ᠃ ᠨᠠᠮ᠎ᠤᠨ ᠲᠥᠪ ᠬᠣᠷᠢᠶ᠎ᠠ ᠤᠷᠢᠳ ᠬᠣᠵᠢᠳ ᠬᠣᠶᠠᠷ ᠪᠦᠯᠦᠭ ᠬᠤᠪᠢᠶᠠᠨ 11 ᠲᠥᠪ᠎ᠦᠨ ᠵᠢᠯᠤᠭᠣᠳᠬᠤ ᠳᠤᠭᠤᠢᠯᠠᠩ ᠲᠣᠮᠢᠯᠠᠵᠤ᠂ 30 ᠣᠷᠣᠨ ᠨᠤᠲᠤᠭ ᠪᠠ ᠨᠢᠭᠡᠴᠢ᠎ᠶᠢ ᠵᠢᠯᠣᠭᠣᠳᠤᠨ ᠱᠠᠯᠠᠪᠳᠠᠭᠤᠯᠤᠨ ᠵᠢᠯᠣᠭᠣᠳᠪᠠ᠃ ᠡᠭᠦᠨ᠎ᠦ ᠬᠠᠮᠳᠤ ᠡᠯ᠎ᠡ ᠭᠠᠵᠠᠷ ᠪᠣᠯᠣᠨ ᠬᠣᠯᠪᠣᠭᠳᠠᠯ ᠪᠦᠬᠦᠢ ᠨᠢᠭᠡᠴᠢ ᠨᠡᠶ᠋ᠢᠲᠡ 8513 ᠱᠠᠯᠠᠪᠳᠠᠭᠤᠯᠤᠨ ᠵᠢᠯᠤᠭᠣᠳᠬᠤ ᠳᠤᠭᠤᠢᠯᠠᠩ ᠲᠣᠮᠢᠯᠠᠵᠤ᠂ 2.1 ᠲᠦᠮᠡ ᠰᠢᠬᠠᠮ ᠭᠠᠵᠠᠷ ᠣᠷᠣᠨ ᠪᠣᠯᠣᠨ ᠨᠢᠭᠡᠴᠢ᠎ᠳᠦ ᠱᠠᠯᠠᠪᠳᠠᠭᠤᠯᠤᠨ ᠵᠢᠯᠤᠭᠣᠳᠬᠤ ᠠᠵᠢᠯ ᠥᠷᠨᠢᠭᠦᠯᠪᠡ᠃
ᠲᠥᠪ ᠦᠨ ᠵᠢᠯᠤᠭᠣᠳᠬᠤ ᠳᠤᠭᠤᠢᠯᠠᠩ ᠪᠣᠯᠣᠨ ᠱᠠᠯᠠᠪᠳᠠᠭᠤᠯᠤᠨ ᠵᠢᠯᠤᠭᠣᠳᠬᠤ ᠳᠤᠭᠤᠢᠯᠠᠩ ᠠᠳᠠᠯᠢ ᠰᠡᠳᠦᠪ᠎ᠢ ᠬᠠᠮᠲᠤ᠎ᠪᠠᠷ ᠬᠠᠷᠢᠭᠤᠯᠬᠤ᠎ᠶᠢ ᠪᠠᠷᠢᠮᠲᠠᠯᠠᠵᠤ᠂ ᠴᠢᠩᠭ᠎ᠠ ᠬᠢᠨᠠᠨ ᠪᠠᠢᠴᠠᠭᠠᠵᠤ᠂ ᠠᠰᠠᠭᠤᠳᠠᠯ ᠢ ᠰᠢᠢᠳᠪᠦᠷᠢᠯᠡᠬᠦ᠎ᠶᠢ ᠠᠬᠢᠭᠤᠯᠵᠤ᠂ 《ᠬᠤᠷᠴᠠ ᠰᠡᠯᠡᠮ᠎ᠡ》ᠵᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠡᠢᠲᠡᠯᠢᠭ ᠬᠡᠷᠡᠭ᠎ᠦᠨ ᠵᠢᠱ᠌ᠢᠶ᠎ᠡ ᠶᠢ ᠭᠦᠨᠵᠡᠭᠡᠢ ᠵᠠᠳᠠᠯᠤᠨ ᠰᠢᠨᠵᠢᠯᠡᠬᠦ᠎ᠶᠢ ᠴᠢᠩᠭᠠᠳᠬᠠᠵᠤ᠂ ᠨᠠᠷᠢᠨ ᠨᠢᠭᠳᠠ ᠵᠠᠳᠠᠯᠬᠤ ᠮᠠᠶᠢᠭ᠋ ᠤᠨ ᠪᠠᠢᠴᠠᠭᠠᠨ ᠰᠤᠳᠤᠯᠤᠯᠲᠠ᠎ᠶᠢ ᠥᠷᠨᠢᠭᠦᠯᠵᠦ᠂ 《ᠨᠢᠭᠡ ᠠᠰᠠᠭᠤᠳᠠᠯ》 ᠢ᠋ ᠰᠢᠢᠳᠪᠦᠷᠢᠯᠡᠬᠦ᠎ᠡᠴᠡ 《ᠨᠢᠭᠡ ᠲᠦᠷᠦᠯ᠎ᠦᠨ ᠠᠰᠠᠭᠤᠳᠠᠯ》 ᠢ᠋ ᠰᠢᠢᠳᠪᠦᠷᠢᠯᠡᠬᠦ ᠬᠦᠷᠲᠡᠯ᠎ᠡ᠂ ᠴᠡᠭ᠎ᠢᠶᠡᠷ ᠨᠡᠢᠳᠡᠮ᠎ᠢ ᠠᠬᠢᠭᠤᠯᠵᠤ ᠰᠤᠷᠤᠯᠴᠠᠯᠭ᠎ᠠ ᠬᠥᠮᠦᠵᠢᠯ᠎ᠦᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ᠎ᠶᠢ ᠠᠬᠢᠭᠤᠯᠪᠠ᠃
ᠱᠠᠲᠤ ᠱᠠᠲᠤ᠎ᠪᠠᠷ ᠨᠠᠢᠳᠠᠪᠤᠷᠢᠵᠢᠭᠤᠯᠵᠤ᠂ ᠠᠯᠬᠤᠮ ᠠᠯᠬᠤᠮ᠎ᠢᠶᠠᠷ ᠭᠦᠨᠵᠡᠭᠡᠢᠷᠡᠭᠦᠯᠪᠡ᠃
ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠯᠠᠪᠳᠠᠭᠤᠨ ᠪᠠᠲᠤᠲᠠᠢ ᠪᠠᠢᠷᠢᠯᠠᠭᠤᠯᠤᠯᠲᠠ ᠪᠠ ᠠᠬᠢᠭᠤᠯᠤᠯᠲᠠ ᠳᠣᠣᠷ᠎ᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ ᠬᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ᠌᠎ᠶ᠋ᠢ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ᠎ᠲᠠᠶ ᠨᠢᠭ᠍ᠲᠠ ᠤᠶᠠᠯᠳᠤᠭᠤᠯᠵᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠠ ᠢᠯᠵᠢᠷᠠᠯ᠎ᠢ ᠡᠰᠡᠷᠭᠦᠴᠡᠬᠦ᠌᠎ᠲᠡᠶ ᠬᠠᠷᠢᠯᠴᠠᠨ ᠨᠡᠪᠲᠡᠷᠡᠯᠴᠡᠭᠦᠯᠬᠦ᠌᠎ᠶ᠋ᠢ ᠪᠠᠷᠢᠮᠲᠠᠯᠠᠵᠤ᠂ ᠠᠰᠠᠭᠤᠳᠠᠯ᠎ᠳᠤ ᠴᠢᠭ᠌ᠯᠡᠭᠦᠯᠦᠨ᠂ ᠠᠰᠠᠭᠤᠳᠠᠯ ᠢ ᠠᠡᠭᠬᠠᠷᠤᠨ ᠴᠡᠭ᠌ᠴᠡᠯᠡᠨ ᠰᠠᠢᠵᠢᠷᠠᠭᠤᠯᠵᠤ᠂ ᠰᠠᠬᠢᠯᠭ᠎ᠠ ᠪᠠᠲᠤ᠎ᠶ᠋ᠢ ᠥᠱᠢᠯᠳᠦᠨ ᠵᠥᠷᠢᠴᠡᠭ᠌ᠰᠡᠳᠢ ᠴᠢᠩᠭ᠎ᠠ ᠪᠠᠢᠴᠠᠭᠠᠨ ᠲᠦᠷᠭᠡᠨ ᠱᠢᠢᠳᠪᠦᠷᠢᠯᠡᠵᠦ᠍᠂ ᠨᠡᠢᠲᠡᠯᠢᠭ ᠠᠰᠠᠭᠤᠳᠠᠯ᠎ᠢ ᠢᠯᠡ᠎ᠪᠡᠷ ᠵᠠᠷᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠲᠡᠮᠤᠷ ᠮᠡᠲᠦ ᠶᠣᠰᠣ ᠲᠦᠷᠢᠮ᠎ᠢ ᠨᠡᠩ ᠴᠢᠡᠭᠭ᠎ᠠ ᠨᠡᠩ ᠬᠠᠲᠠᠭᠤ ᠪᠣᠯᠭᠠᠪᠠ᠃
ᠭᠤᠤᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠦᠨ᠂ ᠪᠣᠳᠠᠲᠤ ᠦᠷ᠎ᠡ ᠪᠦᠲᠦᠮᠵᠢ᠎ᠶ᠋ᠢ ᠴᠢᠬᠤᠯᠠᠴᠢᠯᠠᠠ᠂ ᠰᠤᠷᠤᠯᠴᠠᠬᠤ ᠪᠠ ᠪᠠᠢᠴᠠᠭᠠᠨ ᠵᠠᠯᠠᠷᠠᠭᠤᠯᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠪᠠ
ᠨᠠᠢ᠍ᠮᠠᠨ ᠲᠣᠭ᠍ᠲᠠᠭᠠᠯ᠎ᠢ ᠨᠢᠭᠡ ᠯᠡ ᠲᠡᠭᠡᠷ᠎ᠡ ᠨᠠᠢᠳᠠᠪᠤᠷᠢᠵᠢᠭᠤᠯᠵᠤ᠂ ᠰᠤᠷᠲᠠᠯ᠎ᠤᠨ ᠪᠠᠢᠭᠤᠯᠤᠯᠲᠠ ᠶ᠋ᠢ ᠪᠦᠬᠦ᠌ ᠲᠠᠯ᠎ᠠ᠎ᠪᠠᠷ ᠠᠮᠢᠳᠤᠯᠢᠭ᠍ᠵᠢᠭᠤᠯᠪᠠ᠃
ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠠ᠂ ᠨᠠᠷᠢᠨ ᠨᠢᠮᠪᠠᠶ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠡᠳᠦᠷ ᠲᠤᠲᠤᠮ᠎ᠤᠨ ᠠᠵᠢᠯ᠎ᠳᠠᠭᠠᠨ ᠠᠭᠤᠰᠤᠯᠴᠠᠭᠤᠯᠤᠠ᠂ ᠪᠠᠢᠩᠭᠤ ᠠᠳᠭᠤᠵᠤ᠂ ᠰᠤᠷᠤᠯᠴᠠᠬᠤ ᠪᠠᠢᠴᠠᠭᠠᠨ ᠵᠠᠯᠠᠷᠠᠭᠤᠯᠬᠤ ᠶ᠋ᠢ ᠨᠢᠭᠡ ᠴᠤᠭ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠬᠠᠲᠠᠭᠤ᠎ᠲᠠᠶ᠎ᠨᠢ ᠬᠠᠯᠳᠠᠵᠤ ᠲᠣᠪᠣᠢᠮ᠎ᠠ ᠠᠰᠠᠭᠤᠳᠠᠯ᠎ᠢ ᠱᠢᠶ᠋ᠳᠪᠦᠷᠢᠯᠡᠵᠦ᠍᠂ ᠰᠤᠷᠤᠯᠴᠠᠯᠭ᠎ᠠ ᠬᠥᠮᠦᠵᠢᠯ᠎ᠢ ᠡᠮᠬᠢ ᠵᠢᠷᠤᠮ᠎ᠲᠠᠶ ᠪᠦᠲᠦᠮᠵᠢᠲᠡᠶ ᠥᠷᠨᠢᠭᠦᠯᠬᠦ᠌᠎ᠶ᠋ᠢ ᠠᠬᠢᠭᠤᠯᠵᠠᠢ᠃
ᠭᠤᠤᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ᠎ᠶ᠋ᠢ ᠭᠦᠨᠵᠡᠭᠡᠢᠷᠡᠭᠦᠯᠪᠠ —
ᠡᠯ᠎ᠡ ᠨᠠᠮ᠎ᠤᠨ ᠡᠭᠦᠷ᠎ᠲᠦ ᠲᠦᠱᠢᠭ᠌ᠯᠡᠨ᠂ 151 ᠵᠠᠯᠠᠭᠤ ᠺᠠᠳ᠋ᠷ᠎ᠢ 4 ᠣᠨᠣᠯ᠎ᠤᠨ ᠳᠤᠭᠤᠢᠯᠠᠩ ᠬᠤᠪᠢᠶᠠᠵᠤ᠂ ᠲᠥᠪ᠎ᠦᠨ ᠨᠠᠶ᠋ᠮᠠᠨ ᠲᠣᠭ᠍ᠲᠠᠭᠠᠯ ᠵᠢᠴᠢ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠰᠤᠷᠤᠯᠴᠠᠬᠤ ᠲᠥᠯᠥᠪᠯᠡᠭᠡ ᠲᠣᠭ᠍ᠲᠠᠭᠠᠵᠤ ᠂ 《ᠳᠠᠭᠠᠭᠤᠯᠤᠨ ᠰᠤᠷᠤᠯᠴᠠᠬᠤ + ᠲᠠᠢᠯᠤᠮᠵᠢ ᠬᠢᠬᠦ + ᠶᠠᠷᠢᠯᠴᠠᠬᠤ》 ᠬᠡᠯᠪᠡᠷᠢ ᠪᠠᠷ ᠭᠠᠷᠠᠭ ᠪᠦᠷᠢ ᠨᠢᠭᠡ ᠭᠤᠤᠯ ᠰᠡᠳᠦᠪ ᠲᠤᠭᠳᠠᠭᠠᠵᠤ᠂ ᠰᠠᠷ᠎ᠠ ᠪᠦᠷᠢ ᠨᠢᠭᠡ ᠤᠳᠠᠭ᠎ᠠ ᠰᠤᠳᠤᠯᠤᠨ ᠶᠠᠷᠢᠯᠴᠠᠵᠠᠢ ᠁
ᠰᠸᠴᠤᠸᠠᠨ᠎ᠤ ᠴᠧᠩᠳᠦ᠋ ᠳ᠋ᠤ᠂ ᠬᠣᠲᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠵᠠᠯᠠᠭᠤ ᠺᠠᠳ᠋ᠷᠴᠤᠳ᠎ᠤᠨ ᠰᠤᠷᠤᠯᠴᠠᠯᠭ᠎ᠠ ᠬᠥᠮᠦᠵᠢᠯ᠎ᠢ ᠲᠣᠪᠣᠢᠮ᠎ᠠ ᠰᠠᠢᠲᠤᠷ ᠠᠳᠭᠤᠵᠤ᠂ ᠡᠯᠪᠡᠭ ᠪᠠᠶᠠᠯᠢᠭ ᠣᠯᠠᠨ ᠶᠠᠩᠵᠤ ᠶ᠋ᠢᠨ ᠣᠨᠣᠯ᠎ᠤᠨ ᠰᠤᠷᠤᠯᠴᠠᠯᠭ᠎ᠠ᠎ᠶ᠋ᠢᠨ ᠠᠵᠢᠯᠯᠠᠭ᠎ᠠ᠎ᠪᠠᠷ ᠵᠠᠯᠠᠭᠤ ᠺᠠᠳ᠋ᠷᠴᠤᠳ᠎ᠤᠨ ᠳᠠᠬᠢᠨ ᠰᠤᠷᠤᠯᠴᠠᠬᠤ᠂ ᠳᠠᠬᠢᠨ ᠣᠢᠯᠠᠭᠠᠬᠤ ᠂ ᠳᠠᠬᠢᠨ ᠭᠦᠨᠵᠡᠭᠡᠢᠷᠡᠭᠦᠯᠬᠦ ᠵᠢ ᠠᠬᠢᠭᠤᠯᠪᠠ᠃
ᠡᠨᠡ ᠪᠣᠯ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ ᠬᠢᠨ 《ᠦᠵᠡᠯ ᠰᠠᠨᠠᠭᠠᠨ᠎ᠤ ᠰᠤᠷᠤᠯᠴᠠᠯᠭ᠎ᠠ》 ᠵᠢ ᠲᠡᠷᠢᠭᠦᠨ ᠴᠢᠬᠤᠯᠠ ᠡᠭᠦᠷᠭᠡ ᠪᠠ ᠢᠮᠠᠭ᠍ᠲᠠ ᠲᠤᠭᠤᠱᠢᠯᠠᠭᠤᠯᠬᠤ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠭᠣᠣᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠦᠨ ᠰᠤᠷᠤᠯᠴᠠᠵᠦ᠍ ᠰᠤᠳᠤᠯᠤᠨ ᠶᠠᠷᠢᠯᠴᠠᠬᠤ᠎ᠶ᠋ᠢ ᠭᠦᠨᠵᠡᠭᠡᠢᠷᠡᠭᠦᠯᠵᠦ᠍᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠰᠡᠳᠭᠢᠯ ᠵᠢᠷᠦᠬᠡᠨ᠎ᠳᠡᠭᠡᠨ ᠬᠠᠳᠠᠩᠰᠢᠭᠤᠯᠵᠤ ᠂ ᠦᠢᠯᠡ ᠠᠵᠢᠯᠯᠠᠭ᠎ᠠ᠎ᠳᠠᠭᠠᠨ ᠢᠯᠡᠷᠡᠭᠦᠯᠬᠦ᠌᠎ᠶ᠋ᠢ ᠠᠬᠢᠭᠤᠯᠤᠭ᠍ᠰᠠᠨ ᠬᠤᠷᠢᠶᠠᠩᠭᠤᠢ ᠳᠦᠷᠰᠦ ᠪᠣᠯᠤᠨ᠎ᠠ᠃
ᠲᠡᠷᠡ ᠬᠡᠪ᠎ᠢᠶᠡᠷ ᠨᠢ ᠰᠤᠷᠤᠯᠴᠠᠪᠠ᠃ ᠲᠥᠪ ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ᠂ ᠲᠥᠪ᠎ᠦᠨ ᠠᠯᠪᠠᠨ ᠲᠢᠩᠬᠢᠮ᠂ ᠲᠥᠪ᠎ᠦᠨ ᠵᠣᠬᠢᠶᠠᠨ ᠪᠠᠢᠭᠤᠯᠬᠤ ᠬᠡᠯᠲᠡᠰ᠂ ᠲᠥᠪ᠎ᠦᠨ ᠤᠬᠠᠭᠤᠯᠬᠤ ᠬᠡᠯᠲᠡᠰ ᠣᠨᠣᠯ ᠰᠤᠷᠤᠯᠴᠠᠬᠤ ᠭᠤᠤᠯ ᠳᠤᠭᠤᠢᠯᠠᠩ ᠤᠨ ᠰᠤᠷᠤᠯᠴᠠᠯᠭ᠎ᠠ ᠵᠡᠷᠭᠡ ᠬᠡᠯᠪᠡᠷᠢ᠎ᠪᠡᠷ ᠦᠵᠡᠯ ᠰᠠᠨᠠᠭᠠᠨ᠎ᠤ ᠲᠠᠯ᠎ᠠ᠎ᠪᠠᠷ ᠡᠬᠢ ᠦᠨᠳᠦᠰᠦ᠎ᠡᠴᠡ᠎ᠨᠢ ᠴᠡᠭ᠌ᠴᠡᠯᠡᠨ ᠵᠠᠰᠠᠵᠤ᠂ ᠰᠠᠭᠤᠷᠢ᠎ᠶ᠋ᠢ ᠪᠡᠬᠢᠵᠢᠭᠦᠯᠬᠦ᠌᠎ᠪᠡᠷ ᠬᠦᠴᠦᠯᠡᠨ ᠴᠢᠷᠮᠠᠢᠪᠠ; ᠲᠥᠪ ᠦᠨ ᠨᠢᠭᠡᠳᠦᠮᠡᠯ ᠹᠷᠣᠨᠲ ᠤᠨ ᠬᠡᠯᠲᠡᠰ᠂ ᠲᠥᠪ ᠦᠨ ᠬᠣᠯᠪᠣᠭ᠎ᠠ ᠠᠪᠬᠤ ᠬᠡᠯᠲᠡᠰ᠂ ᠲᠥᠪ ᠦᠨ ᠨᠡᠢᠭᠡᠮ᠎ᠦᠨ ᠠᠵᠢᠯ᠎ᠤᠨ ᠬᠡᠯᠲᠡᠰ᠂ ᠲᠥᠪ ᠤᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠣᠷᠢᠶ᠎ᠠ ᠡᠯ᠎ᠡ ᠲᠦᠷᠦᠯ᠎ᠦᠨ ᠰᠤᠷᠤᠯᠴᠠᠯᠭ᠎ᠠ᠎ᠶ᠋ᠢᠨ ᠲᠠᠪᠴᠠᠩ᠎ᠢ ᠰᠠᠢᠲᠤᠷ ᠠᠱᠢᠭ᠍ᠯᠠᠵᠤ᠂ ᠤᠬᠠᠭᠤᠯᠤᠨ ᠲᠠᠢᠯᠪᠤᠷᠢᠯᠠᠵᠤ ᠬᠠᠪᠰᠤᠷᠤᠨ ᠵᠢᠯᠣᠭᠣᠳᠭᠤ᠂ ᠨᠠᠮ᠎ᠤᠨ ᠭᠡᠱᠢᠭᠦᠨ᠎ᠢ ᠡᠭᠡᠯᠵᠢᠯᠡᠨ ᠪᠣᠯᠪᠠᠰᠤᠷᠠᠭᠤᠯᠬᠤ ᠵᠡᠷᠭᠡ ᠠᠷᠭ᠎ᠠ ᠬᠡᠯᠪᠡᠷᠢ᠎ᠪᠡᠷ ᠰᠤᠷᠤᠯᠴᠠᠯᠭ᠎ᠠ ᠬᠥᠮᠦᠵᠢᠯ᠎ᠢ ᠪᠦᠲᠦᠮᠵᠢᠲᠡᠢ ᠪᠦᠷᠬᠦᠬᠦᠯᠬᠦ᠌᠎ᠶ᠋ᠢ ᠠᠬᠢᠭᠤᠯᠪᠠ; ᠱᠠᠩᠬᠠᠢ᠂ ᠯᠢᠶᠣᠤᠨᠢᠩ᠂ ᠬᠢᠷᠢ ᠂ ᠭᠠᠨᠰᠦ ᠨᠠᠮ᠎ᠤᠨ ᠡᠭᠦᠷ᠎ᠦᠨ《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷ ᠵᠡᠷᠭᠡ ᠬᠡᠯᠪᠡᠷᠢ ᠪᠠᠷ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠭᠦᠨᠵᠡᠭᠡᠢ ᠰᠤᠳᠤᠯᠤᠨ ᠶᠠᠷᠢᠯᠴᠠᠵᠤ ᠰᠣᠯᠢᠯᠴᠠᠨ᠂ ᠰᠤᠷᠤᠯᠴᠠᠯᠭ᠎ᠠ ᠵᠢ ᠭᠦᠨᠵᠡᠭᠡᠢᠷᠡᠭᠦᠯᠦᠨ ᠰᠤᠷᠳᠠᠯ ᠵᠢᠡᠨ ᠬᠤᠪᠢᠷᠠᠭᠤᠯᠬᠤ᠎ᠶ᠋ᠢ ᠠᠬᠢᠭᠤᠯᠪᠠ᠃
ᠬᠡᠷᠡᠭ᠎ᠦᠨ ᠵᠢᠱ᠌ᠢᠶ᠎ᠡ ᠲᠠᠢ ᠤᠶᠠᠯᠲᠤᠭᠤᠯᠤᠨ ᠰᠤᠷᠤᠯᠴᠠᠪᠠ᠃ ᠪᠡᠭᠡᠵᠢᠩ᠂ ᠲᠢᠶᠠᠨᠵᠢᠨ᠂ ᠠᠨᠾᠦ᠋ᠢ᠂ ᠾᠧᠨᠠᠨ᠂ ᠬᠤᠪᠸᠢ ᠵᠢᠨ ᠬᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠡᠮᠬᠢᠯᠡᠨ ᠳᠠᠷᠤᠮᠠᠯᠯᠠᠨ ᠲᠠᠷᠬᠠᠭᠠᠵᠤ᠂ ᠲᠥᠪᠯᠡᠷᠡᠭᠦᠯᠦᠨ ᠤᠩᠰᠢᠨ ᠦᠵᠡᠬᠦ᠌᠂ ᠰᠣᠯᠢᠯᠴᠠᠨ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶᠢᠭ᠎ᠢᠶᠠᠷ ᠨᠠᠮ᠎ᠤᠨ ᠭᠡᠱᠢᠭᠦᠨ ᠺᠠᠳ᠋ᠷᠴᠤᠳ᠎ᠤᠨ ᠬᠡᠷᠡᠭ᠎ᠢᠶᠡᠷ ᠲᠣᠯᠢ ᠪᠣᠯᠭᠠᠵᠤ᠂ ᠥᠪᠡᠷ᠎ᠦᠨ ᠪᠡᠶ᠎ᠡ᠎ᠪᠡᠨ ᠲᠤᠩᠭᠠᠨ ᠡᠷᠬᠢᠴᠡᠬᠦᠯᠬᠦ᠎ᠶ᠋ᠢ ᠬᠥᠲᠥᠯᠥᠨ ᠵᠢᠯᠣᠭᠣᠳᠪᠠ; ᠵᠢᠶᠠᠩᠰᠦ᠂ ᠵᠧᠵᠢᠶᠠᠩ᠂ ᠱᠠᠨᠰᠢ᠂ ᠱᠢᠨᠵᠢᠶᠠᠩ ᠤᠨ ᠦᠶ᠋ᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠵᠥᠷᠢᠴᠡᠭ᠌ᠰᠡᠨ ᠺᠠᠳ᠋ᠷ᠎ᠤᠨ ᠰᠡᠷᠡᠮᠵᠢᠪᠤᠯᠭᠠᠬᠤ ᠲᠡᠮᠳᠡᠭ᠌ᠯᠡᠯ᠂ ᠭᠡᠮᠱᠢᠯᠦᠨ ᠲᠡᠮᠳᠡᠭ᠌ᠯᠡᠯ᠂ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ ᠪᠠ ᠰᠡᠷᠡᠮᠵᠢᠯᠡᠭᠦᠯᠬᠦ᠌ ᠬᠥᠮᠦᠵᠢᠯ ᠦᠨ ᠰᠠᠭᠤᠷᠢᠨ ᠵᠡᠷᠭᠡ ᠡᠬᠢ ᠪᠠᠶᠠᠯᠢᠭ᠎ᠢ ᠠᠱᠢᠭ᠍ᠯᠠᠨ ᠰᠡᠷᠡᠮᠵᠢᠯᠡᠭᠦᠯᠬᠦ᠌ ᠬᠥᠮᠦᠵᠢᠯ ᠥᠷᠨᠢᠭᠦᠯᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ ᠲᠥᠪ᠎ᠤ᠋ᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ᠎ᠢᠶᠠᠨ ᠴᠢᠩᠭᠠᠳᠭᠠᠬᠤ᠎ᠶ᠋ᠢ ᠬᠥᠲᠥᠯᠥᠨ ᠵᠢᠯᠣᠭᠣᠳᠴᠠᠢ᠃
ᠲᠦᠷᠦᠯ ᠬᠤᠪᠢᠶᠠᠨ ᠵᠢᠯᠣᠭᠤᠲᠤᠨ ᠰᠤᠷᠤᠯᠴᠠᠪᠠ᠃ ᠭᠤᠸᠠᠩᠳᠦ᠋᠂ ᠶᠦᠨᠨᠠᠨ ᠂ ᠲᠥᠪᠡᠳ᠂ ᠱᠢᠨᠵᠢᠶᠠᠩ᠎ᠳᠤ ᠱᠢᠨ᠎ᠡ᠎ᠪᠡᠷ ᠳᠡᠪᠱᠢᠭᠦᠯᠦᠭ᠌ᠰᠡᠨ ᠺᠠᠳ᠋ᠷ᠂ ᠵᠠᠯᠠᠭᠤ ᠺᠠᠳ᠋ᠷ᠂ ᠵᠠᠩᠭᠢᠯᠠᠭ᠎ᠠ᠎ᠶ᠋ᠢᠨ ᠠᠵᠢᠯ᠎ᠤᠨ ᠪᠠᠢᠷᠢ᠎ᠶ᠋ᠢᠨ ᠺᠠᠳ᠋ᠷ ᠵᠡᠷᠭᠡ ᠭᠣᠣᠯᠳᠠᠯᠭ᠎ᠠ᠎ᠲᠠᠶ ᠡᠲᠠᠬᠡᠳᠤᠨ ᠰᠤᠷᠤᠯᠴᠠᠯᠭ᠎ᠠ᠎ᠶ᠋ᠢ ᠲᠤᠪᠤᠢ᠌ᠮ᠎ᠠ ᠰᠠᠢᠲᠤᠷ ᠠᠳᠭᠤᠵᠠᠢ; ᠲᠥᠪ᠎ᠦᠨ ᠨᠠᠮ᠎ᠤᠨ ᠰᠤᠷᠭᠠᠭᠤᠯᠢ(ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠰᠤᠷᠤᠯᠴᠠᠯᠭ᠎ᠠ ᠬᠥᠮᠦᠵᠢᠯ᠎ᠦᠨ ᠬᠠᠮᠢᠶ᠎ᠠ ᠪᠥᠬᠥᠶ ᠠᠭᠤᠯᠭ᠎ᠠ᠎ᠶ᠋ᠢ ᠵᠠᠪᠠᠯ ᠰᠤᠷᠬᠤ ᠬᠢᠴᠢᠶᠡᠯ ᠪᠣᠯᠭᠠᠨ ᠵᠢᠭᠠᠨ ᠰᠤᠷᠭᠠᠬᠤ ᠲᠥᠯᠥᠪᠯᠡᠭᠡ ᠳ᠋ᠡᠭᠡᠨ ᠣᠷᠣᠭᠤᠯᠵᠤ᠂ ᠪᠣᠶ ᠪᠥᠬᠥᠶ ᠠᠩᠭᠢ᠎ᠶ᠋ᠢ ᠬᠠᠮᠤᠷᠤᠭᠤᠯᠪᠠ; ᠤᠯᠤᠰ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠪᠠᠩᠬᠢ᠂ ᠳᠤᠮᠳᠠᠳᠤ ᠤᠯᠤᠰ᠎ᠤᠨ ᠡᠯᠸᠺᠲ᠋ᠷᠤᠨ ᠱᠢᠨᠵᠢᠯᠡᠬᠦ᠌ ᠤᠬᠠᠭᠠᠨ ᠲᠸᠭᠨᠢᠭ ᠮᠡᠷᠬᠡᠵᠢᠯ᠂ ᠤᠯᠤᠰ᠎ᠤᠨ ᠴᠠᠬᠢᠯᠭᠠᠨ ᠲᠣᠣᠷ᠎ᠤᠨ ᠺᠣᠮᠫᠠᠨᠢ᠂ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠂ ᠳᠤᠮᠳᠠᠳᠤ ᠤᠯᠤᠰ᠎ᠤᠨ ᠱᠢᠯᠵᠢᠭᠡ ᠬᠣᠯᠪᠣᠭ᠎ᠠ᠎ᠶ᠋ᠢᠨ ᠬᠢᠨ ᠠᠳᠠᠯᠢ ᠪᠤᠰᠤ ᠬᠥᠮᠦᠰ᠎ᠦᠨ ᠣᠨᠴᠠᠯᠢᠭᠲᠤ ᠴᠢᠭ᠌ᠯᠡᠭᠦᠯᠦᠨ᠂ ᠡᠯ᠎ᠡ ᠲᠦᠷᠦᠯ᠎ᠦᠨ ᠰᠤᠷᠤᠯᠴᠠᠯᠭ᠎ᠠ᠎ᠶ᠋ᠢᠨ ᠲᠠᠪᠴᠠᠩ ᠢ ᠰᠠᠢᠲᠤᠷ ᠠᠱᠢᠭ᠍ᠯᠠᠵᠤ᠂ ᠤᠬᠠᠭᠤᠯᠤᠨ ᠲᠠᠢᠯᠪᠤᠷᠢᠯᠠᠵᠤ ᠬᠠᠪᠰᠤᠷᠤᠨ ᠵᠢᠯᠣᠭᠣᠳᠭᠤ᠂ ᠨᠠᠮ ᠤᠨ ᠭᠡᠱᠢᠭᠦᠨ ᠢ ᠡᠭᠡᠯᠵᠢᠯᠡᠨ ᠪᠣᠯᠪᠠᠰᠤᠷᠠᠭᠤᠯᠬᠤ᠂ ᠰᠤᠷᠭᠠᠭᠤᠯᠢ᠎ᠳᠤ ᠬᠦᠷᠭᠡᠬᠦ᠌ ᠵᠡᠷᠭᠡ ᠠᠷᠭ᠎ᠠ ᠬᠡᠯᠪᠡᠷᠢ᠎ᠪᠡᠷ ᠰᠤᠷᠤᠯᠴᠠᠯᠭ᠎ᠠ ᠬᠥᠮᠦᠵᠢᠯ᠎ᠢ ᠪᠦᠲᠦᠮᠵᠢᠲᠡᠢ ᠪᠦᠷᠬᠦᠬᠦᠯᠬᠦ᠌᠎ᠶ᠋ᠢ ᠠᠬᠢᠭᠤᠯᠵᠠᠢ᠃
ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ ᠬᠢᠨ ᠶᠡᠷᠦᠩᠬᠡᠢ ᠱᠦᠵᠢ ᠰᠢ ᠵᠢᠨ ᠫᠢᠩ ᠤ᠋ᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ᠎ᠦᠨ ᠨᠠᠢ᠍ᠮᠠᠨ ᠲᠣᠭ᠍ᠲᠠᠭᠠᠯ ᠵᠢᠴᠢ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ ᠪᠦᠬᠦ᠌ ᠶᠠᠪᠤᠴᠠ᠎ᠳᠤ ᠲᠤᠭᠤᠱᠢᠯᠠᠭᠤᠯᠵᠤ᠂ 《ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢᠬᠢ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠭ᠍ᠰᠠᠨ ᠦᠷ᠎ᠡ ᠪᠦᠲᠦᠮᠵᠢ ᠪᠣᠯᠤᠨ ᠲᠤᠷᠱᠢᠯᠭ᠎ᠠ》᠂《ᠨᠠᠢ᠍ᠮᠠᠨ ᠲᠣᠭ᠍ᠲᠠᠭᠠᠯ ᠳᠤᠮᠳᠠᠳᠤ ᠤᠯᠤᠰ᠎ᠢ ᠬᠤᠪᠢᠷᠠᠭᠤᠯᠤᠨ᠎ᠠ》᠂ 《ᠨᠠᠮ ᠵᠠᠰᠠᠭ᠎ᠤᠨ ᠪᠠᠢᠭᠤᠯᠭ᠎ᠠ᠎ᠶ᠋ᠢᠨ ᠠᠷᠪᠢᠯᠠᠨ ᠭᠠᠮᠨᠠᠵᠤ ᠪᠦᠷᠢᠯᠭᠡᠨ ᠰᠦᠢᠳᠭᠡᠬᠦ᠌᠎ᠶ᠋ᠢ ᠡᠰᠡᠷᠭᠦᠴᠡᠬᠦ᠌ ᠲᠦᠷᠢᠮ》 ᠵᠡᠷᠭᠡ ᠡᠷᠬᠡ ᠰᠦᠷᠲᠦ ᠰᠤᠷᠤᠯᠴᠠᠯᠭ᠎ᠠ᠎ᠶ᠋ᠢᠨ ᠮᠠᠲ᠋ᠧᠷᠢᠶᠠᠯ᠎ᠢ ᠰᠠᠢᠲᠤᠷ ᠰᠤᠷᠤᠯᠴᠠᠨ ᠰᠠᠢᠲᠤᠷ ᠬᠡᠷᠡᠭ᠌ᠯᠡᠵᠦ᠍᠂ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠤᠯᠠᠮ ᠳᠡᠭᠡᠭ᠌ᠰᠢᠯᠡᠭᠦᠯᠦᠨ᠂ ᠦᠵᠡᠯ ᠰᠠᠨᠠᠭ᠎ᠠ ᠲᠠᠨᠢᠯᠲᠠ᠎ᠪᠠᠨ ᠴᠢᠩᠭᠠᠳᠭᠠᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠠ ᠣᠢᠯᠠᠭᠠᠬᠤ ᠳᠡᠭᠡᠷ᠎ᠡ ᠬᠦᠴᠦ᠍ ᠲᠠᠯᠪᠢᠨ ᠪᠣᠳᠠᠲᠤ ᠦᠷ᠎ᠡ ᠪᠦᠲᠦᠮᠵᠢ ᠭᠠᠷᠭᠠᠪᠠ᠃
ᠪᠠᠷᠢᠮᠵᠢᠶᠠᠯᠠᠨ ᠬᠠᠷᠭᠤᠭᠤᠯᠵᠤ ᠠᠰᠠᠭᠤᠳᠠᠯ᠎ᠢ ᠭᠦᠨᠵᠡᠭᠡᠶ ᠪᠠᠢᠴᠠᠭᠠᠨ ᠳᠡᠯᠭᠡᠪᠠ —
ᠨᠠᠮ᠎ᠤᠨ ᠭᠡᠱᠢᠭᠦᠨ ᠺᠠᠳ᠋ᠷ ᠠᠵᠤ ᠠᠬᠤᠢᠯᠠᠯ᠎ᠤᠨ ᠲᠦᠷᠦᠯ ᠵᠦᠢᠯ᠂ ᠬᠥᠳᠡᠭᠡ ᠲᠣᠰᠭᠣᠨ ᠨᠡᠢᠭᠡᠮ ᠲᠣᠭᠣᠷᠢᠭ᠎ᠲᠤ ᠬᠦᠷᠴᠦ᠍ ᠰᠠᠨᠠᠯ ᠰᠠᠨᠠᠭᠤᠯᠭ᠎ᠠ ᠰᠣᠨᠣᠰᠴᠤ᠌᠂ 《ᠬᠠᠮ ᠵᠠᠭᠤᠴᠢᠯᠠᠭᠤᠷ᠎ᠢᠶᠡᠷ ᠵᠠᠰᠠᠭ᠎ᠤᠨ ᠶᠠᠪᠤᠳᠠᠯ᠎ᠢ ᠠᠰᠠᠭᠤᠬᠤ》᠂ 12345 ᠬᠠᠯᠠᠮᠱᠢᠯ ᠤᠲᠠᠰᠤ ᠵᠢ ᠨᠡᠪᠳᠡᠷᠡᠬᠦᠯᠬᠦ ᠵᠡᠷᠭᠡ ᠠᠷᠭ᠎ᠠ ᠵᠠᠮ᠎ᠢᠶᠠᠷ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠬᠤᠷᠢᠶᠠᠪᠠ ᠁
ᠭᠦᠶ᠋ᠵᠧᠸ᠋ ᠮᠤᠵᠢ᠎ᠶ᠋ᠢᠨ ᠭᠦᠶ᠋ᠶᠠᠩ ᠬᠣᠲᠠ᠎ᠳᠤ᠂ ᠲᠤᠬᠠᠶ᠎ᠶ᠋ᠢᠨ ᠭᠠᠵᠠᠷ᠎ᠤᠨ᠎ᠬᠢᠨ ᠣᠯᠠᠨ ᠵᠦᠶ᠋ᠯ᠎ᠦᠨ ᠬᠡᠯᠪᠡᠷᠢ ᠪᠠ ᠠᠷᠭ᠎ᠠ ᠪᠠᠷᠢᠯ᠎ᠢ ᠶᠡᠷᠦᠩᠬᠡᠢᠯᠡᠨ ᠬᠡᠷᠡᠭ᠌ᠯᠡᠵᠦ᠍᠂ ᠬᠡᠯᠪᠡᠷᠢᠴᠢ ᠦᠵᠡᠯ᠂ ᠲᠣᠭ᠍ᠲᠠᠭᠠᠯ᠎ᠠᠴᠠ ᠵᠥᠷᠢᠴᠡᠨ ᠬᠤᠷᠢᠮ ᠨᠠᠢᠷ ᠪᠡᠯᠪᠡᠰᠦᠷᠡᠯ ᠬᠢᠬᠦ᠌ ᠵᠡᠷᠭᠡ ᠲᠠᠯ᠎ᠠ ᠵᠢᠨ ᠲᠤᠭᠤᠷᠢᠨ ᠳ᠋ᠤ ᠠᠰᠠᠭᠤᠳᠠᠯ ᠢ ᠪᠠᠢᠴᠠᠭᠠᠨ ᠳᠡᠯᠭᠡᠵᠦ᠍᠂ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠵᠤ᠂ ᠢᠯᠡᠳᠲᠡ ᠦᠷ᠎ᠡ ᠪᠦᠲᠦᠮᠵᠢ ᠤᠯᠪᠠ᠃
ᠰᠤᠷᠤᠯᠴᠠᠯᠭ᠎ᠠ ᠬᠥᠮᠦᠵᠢᠯ᠎ᠦᠨ ᠶᠠᠪᠤᠴᠠ᠎ᠳᠤ᠂ ᠭᠦᠶ᠋ᠵᠧᠸ᠋ ᠮᠤᠵᠢ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ᠂ ᠲᠣᠭᠣᠷᠢᠨ ᠪᠠᠢᠴᠠᠭᠠᠬᠤ ᠴᠠᠭ᠍ᠳᠠᠨ ᠪᠠᠢᠴᠠᠭᠠᠬᠤ᠂ ᠵᠠᠬᠢᠳᠠᠯ ᠰᠤᠷᠪᠤᠯᠵᠢᠯᠠᠯ ᠦᠨ ᠲᠤᠰᠭᠠᠯ ᠵᠢᠴᠢ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠵᠡᠷᠭᠡ ᠲᠡᠶ ᠤᠶᠠᠯᠳᠤᠭᠤᠯᠤᠨ ᠢᠯᠡᠷᠡᠭᠦᠯᠦᠭ᠌ᠰᠡᠨ ᠠᠰᠠᠭᠤᠳᠠᠯ᠎ᠢ ᠵᠤᠷᠪᠤᠰ ᠳᠠᠷᠠᠭᠠᠯᠠᠨ ᠬᠠᠷᠭᠤᠭᠤᠯᠤᠨ ᠪᠠᠢᠴᠠᠭᠠᠵᠤ᠂ 《ᠱᠢᠭ᠌ᠰᠢᠨ ᠪᠠᠢᠴᠠᠭᠠᠵᠤ》᠂ ᠴᠠᠭ ᠲᠤᠬᠠᠶ᠎ᠳᠤᠨᠢ ᠪᠠᠢᠴᠠᠭᠠᠨ᠂ ᠬᠥᠳᠡᠯᠦᠩᠭᠦᠶ᠎ᠪᠡᠷ ᠱᠢᠨᠡᠴᠢᠯᠡᠵᠦ᠍᠂ ᠡᠯ᠎ᠡ ᠭᠠᠵᠠᠷ ᠡᠯ᠎ᠡ ᠨᠢᠭᠡᠴᠢ᠎ᠶ᠋ᠢᠨ ᠠᠰᠠᠭᠤᠳᠠᠯ᠎ᠢ ᠪᠠᠢᠴᠠᠭᠠᠨ ᠳᠡᠯᠭᠡᠬᠦ᠌᠎ᠳᠡᠭᠡᠨ ᠬᠡᠢᠰᠪᠦᠷᠢ᠎ᠡᠴᠡ ᠪᠣᠳᠠᠲᠠᠶ ᠲᠡᠢᠰᠢ᠂ ᠭᠦᠶ᠋ᠬᠡᠨᠡᠴᠡ ᠭᠦᠨ ᠲᠡᠢᠰᠢ ᠠᠬᠢᠵᠤ᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠴᠢᠩᠭ᠎ᠠ ᠰᠠᠢᠲᠤᠷ ᠠᠳᠭᠤᠬᠤ᠎ᠶ᠋ᠢ ᠠᠬᠢᠭᠤᠯᠪᠠ᠃
ᠠᠰᠠᠭᠤᠳᠠᠯ᠎ᠢ ᠪᠠᠢᠴᠠᠭᠠᠨ ᠳᠡᠯᠭᠡᠬᠦ᠌ ᠶᠠᠪᠤᠴᠠ ᠪᠣᠯ ᠳᠠᠷᠤᠢ ᠱᠢᠨ᠎ᠡ ᠴᠠᠭ ᠦᠶ᠎ᠡ᠎ᠶ᠋ᠢᠨ ᠨᠠᠮ᠎ᠤᠨ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠬᠤ ᠶᠠᠪᠤᠴᠠ ᠮᠥᠨ᠃
ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠪᠠᠢᠭᠤᠯᠭ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠭᠤᠯᠭ᠎ᠠ᠂ ᠲᠥᠪ᠎ᠦᠨ ᠮᠥᠩᠭᠥᠨ ᠭᠦᠶ᠋ᠯᠭᠡᠭᠡᠨ᠎ᠦ ᠠᠵᠢᠯ᠎ᠤᠨ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠡᠴᠡ ᠲᠥᠪ᠎ᠦᠨ ᠨᠠᠶ᠋ᠮᠠᠨ ᠲᠣᠭ᠍ᠲᠠᠭᠠᠯ ᠵᠢᠴᠢ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ ᠶ᠋ᠢ ᠵᠥᠷᠢᠴᠡᠭ᠌ᠰᠡᠨ ᠠᠰᠠᠭᠤᠳᠠᠯ᠎ᠤᠨ ᠨᠠᠷᠢᠨ ᠲᠠᠩᠰᠠ᠂ ᠳᠠᠯᠳᠠ ᠤᠨᠳᠤᠤᠱᠢᠮᠠᠯ ᠰᠤᠷᠲᠠᠯ᠎ᠤᠨ ᠠᠰᠠᠭᠤᠳᠠᠯ᠎ᠤᠨ ᠨᠠᠷᠢᠨ ᠲᠠᠩᠰᠠ᠎ᠲᠠᠶ ᠬᠠᠷᠭᠤᠭᠤᠯᠵᠤ᠂ ᠣᠷᠣᠱᠢᠵᠤ ᠪᠠᠢᠭ᠎ᠠ ᠠᠰᠠᠭᠤᠳᠠᠯ᠎ᠢ ᠪᠥᠬᠥ᠌ ᠲᠠᠯ᠎ᠠ᠎ᠪᠠᠷ ᠭᠦᠨᠵᠡᠭᠡᠶ ᠡᠷᠢᠵᠦ᠍᠂ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ ᠲᠦᠷᠦᠭᠦᠯᠡᠨ ᠭᠦᠨᠵᠡᠭᠡᠶ ᠪᠠᠢᠴᠠᠭᠠᠨ ᠦᠵᠡᠪᠡ ;
ᠲᠥᠪ ᠦᠨ ᠲᠦᠷᠦ᠍ ᠶ᠋ᠢᠨ ᠪᠤᠳᠤᠯᠭ᠎ᠠ ᠰᠤᠳᠤᠯᠬᠤ ᠲᠠᠰᠤᠭ᠂ ᠲᠥᠪ᠎ᠦᠨ ᠥᠭᠡᠷᠡᠴᠢᠯᠡᠯᠲᠡ᠎ᠶ᠋ᠢᠨ ᠠᠯᠪᠠᠨ ᠭᠡᠷ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠠᠵᠢᠯ᠎ᠤᠨ ᠬᠣᠷᠢᠢ᠎ᠠ ᠂ ᠭᠠᠳᠠᠭᠠᠳᠤ ᠶᠠᠪᠤᠳᠠᠯ᠎ᠤᠨ ᠶᠠᠮᠤᠨ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠢ᠎ᠠ᠂ ᠪᠦᠬᠦ᠌ ᠤᠯᠤᠰ᠎ᠤᠨ ᠡᠮᠡᠭ᠌ᠲᠡᠢᠴᠦᠳ᠎ᠦᠨ ᠬᠣᠯᠪᠣᠭ᠎ᠠ ᠰᠤᠷᠤᠯᠴᠠᠬᠤ᠎ᠶ᠋ᠢᠨ ᠳᠠᠭᠠᠤ ᠪᠠᠢᠴᠠᠭᠠᠨ ᠦᠵᠡᠬᠦ᠌᠎ᠶ᠋ᠢ ᠪᠠᠷᠢᠮᠲᠠᠯᠠᠵᠤ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢ ᠵᠣᠬᠢᠶᠠᠨ ᠪᠠᠢᠭᠤᠯᠵᠤ ᠠᠰᠠᠭᠤᠳᠠᠯ ᠢ ᠭᠦᠨᠵᠡᠭᠡᠢ ᠪᠠᠢᠴᠠᠭᠠᠨ ᠳᠡᠯᠭᠡᠵᠦ᠍᠂ ᠠᠰᠠᠭᠤᠳᠠᠯ ᠢ ᠣᠨᠣᠪᠴᠢᠲᠠᠢ ᠡᠷᠢᠵᠦ᠍ ᠣᠯᠤᠭ᠍ᠰᠠᠨ ᠪ ᠰᠠᠭᠤᠷᠢᠨ ᠳᠡᠭᠡᠷ᠎ᠡ ᠨᠠᠷᠢᠨ ᠲᠠᠩᠰᠠ ᠭᠠᠷᠭᠠᠵᠤ᠂ ᠮᠡᠳᠡᠭ᠌ᠰᠡᠨ ᠳᠠᠷᠤᠢᠬᠠᠨ ᠴᠡᠭ᠌ᠴᠡᠯᠡᠨ ᠰᠠᠢᠵᠢᠷᠠᠭᠤᠯᠵᠤ᠂ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠪᠠ;
ᠴᠦᠩᠴᠢᠩ᠂ ᠭᠤᠸᠠᠩᠰᠢ᠂ ᠬᠥᠬᠡᠨᠠᠭᠤᠷ᠂ ᠨᠢᠩᠱᠢᠶᠠ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ᠎ᠢ ᠴᠡᠭ᠌ᠴᠡᠯᠡᠨ ᠵᠠᠰᠠᠬᠤ᠎ᠲᠠᠶ ᠤᠶᠠᠯᠳᠤᠭᠤᠯᠵᠤ᠂ ᠬᠡᠯᠪᠡᠷᠢᠴᠢ ᠦᠵᠡᠯ᠎ᠢᠶᠡᠷ ᠦᠨᠳᠦᠰᠦᠨ ᠱᠠᠲᠤᠨ ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠴᠡᠭ᠌ᠴᠡᠯᠡᠨ ᠵᠠᠰᠠᠵᠤ᠂ ᠪᠠᠭ᠍ᠰᠢ᠎ᠶ᠋ᠢᠨ ᠮᠣᠷᠠᠯ ᠪᠠᠭ᠍ᠰᠢ᠎ᠶ᠋ᠢᠨ ᠰᠤᠷᠲᠠᠯ᠂ ᠡᠮᠴᠢ᠎ᠶ᠋ᠢᠨ ᠮᠣᠷᠠᠯ ᠡᠮᠴᠢ᠎ᠶ᠋ᠢᠨ ᠰᠤᠷᠲᠠᠯ᠎ᠤᠨ ᠪᠠᠢᠭᠤᠯᠤᠯᠲᠠ ᠵᠡᠷᠭᠡ ᠠᠵᠢᠯ᠎ᠢ ᠴᠢᠩᠭᠠᠳᠭᠠᠵᠤ᠂ ᠠᠰᠠᠭᠤᠳᠠᠯ᠎ᠢ ᠤᠯᠠᠮ ᠨᠢᠭᠡ ᠠᠯᠬᠤᠮ ᠣᠨᠣᠪᠴᠢᠲᠠᠢ ᠦᠨᠡᠨ᠎ᠢᠶᠡᠷ ᠡᠷᠢᠵᠦ᠍᠂ ᠠᠰᠠᠭᠤᠳᠠᠯ᠎ᠦᠨ ᠨᠠᠷᠢᠨ ᠲᠠᠨᠭᠰᠠ ᠵᠢ ᠬᠥᠳᠡᠯᠦᠩᠭᠦᠢ᠎ᠪᠡᠷ ᠱᠢᠨᠡᠴᠢᠯᠡᠨ ᠠᠰᠠᠭᠤᠳᠠᠯ᠎ᠢ ᠪᠠᠢᠴᠠᠭᠠᠨ ᠳᠡᠯᠭᠡᠪᠠ ;
᠁ ᠁
ᠢᠳᠡᠪᠬᠢᠲᠡᠶ ᠪᠠᠷᠢᠮᠵᠢᠶᠠᠯᠠᠨ ᠬᠠᠷᠭᠤᠭᠤᠯᠵᠤ᠂ ᠠᠰᠠᠭᠤᠳᠠᠯ᠎ᠤᠨ ᠦᠨᠳᠦᠰᠦ ᠰᠤᠷᠪᠤᠯᠵᠢ᠎ᠶ᠋ᠢ ᠭᠦᠨᠵᠡᠭᠡᠶ ᠠᠭᠤᠳᠠᠯᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ ᠬᠢᠨ ᠪᠦᠬᠦ᠌ ᠲᠠᠯ᠎ᠠ᠎ᠪᠡᠷ ᠪᠠᠢᠴᠠᠭᠠᠬᠤ᠂ ᠭᠦᠨᠵᠡᠭᠡᠢ ᠪᠠᠢᠴᠠᠭᠠᠬᠤ᠂ ᠪᠣᠳᠠᠲᠠᠢ ᠪᠠᠢᠴᠠᠭᠠᠬᠤ ᠱᠠᠭᠠᠷᠳᠠᠯᠭ᠎ᠠ ᠶᠣᠰᠣᠭᠠᠷ᠂ ᠪᠠᠢᠳᠠᠯ᠎ᠢ ᠲᠣᠳᠣᠷᠬᠠᠢ ᠣᠢᠯᠠᠭᠠᠬᠤ᠂ ᠠᠰᠠᠭᠤᠳᠠᠯ᠎ᠢ ᠣᠨᠣᠪᠴᠢᠲᠠᠢ ᠡᠷᠢᠬᠦ᠌᠂ ᠠᠷᠭ᠎ᠠ ᠪᠤᠳᠤᠯᠭ᠎ᠠ᠎ᠶ᠋ᠢ ᠪᠣᠳᠠᠲᠠᠢ ᠳᠤᠷᠠᠳᠭᠤ᠎ᠪᠠᠷ ᠬᠦᠴᠦᠯᠡᠨ ᠴᠢᠷᠮᠠᠢᠪᠠ᠃
ᠦᠨᠡᠨᠬᠦ ᠵᠠᠰᠠᠵᠤ ᠬᠠᠲᠠᠭᠤ ᠲᠠᠢ ᠨᠢ ᠬᠠᠯᠳᠠᠵᠤ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠠᠬᠢᠭᠤᠯᠪᠠ —
《ᠰᠠᠭᠤᠭᠠᠯᠢ ᠠᠷᠠᠳ᠎ᠤᠨ ᠲᠣᠭᠣᠷᠢᠭ᠎ᠤᠨ ᠢᠵᠢ ᠪᠦᠷᠢᠳᠦᠭᠰᠡᠨ ᠲᠥᠬᠥᠭᠡᠷᠦᠮᠵᠢ ᠬᠦᠷᠦᠯᠴᠡᠬᠦ᠌ ᠥᠬᠡᠶ᠂ ᠤᠰᠤ ᠴᠠᠬᠢᠯᠭᠠᠨ ᠲᠣᠭ᠍ᠲᠠᠭᠤᠨ ᠪᠤᠰᠤ ᠂ ᠪᠡᠶ᠎ᠡ ᠴᠢᠭᠢᠷᠠᠭ᠍ᠵᠢᠭᠤᠯᠬᠤ ᠪᠠᠭᠠᠵᠢ ᠬᠡᠷᠡᠭ᠌ᠰᠡᠯ ᠳᠤᠲᠠᠭ᠍ᠳᠠᠵᠤ᠂ ᠵᠠᠰᠠᠭ᠎ᠤᠨ ᠣᠷᠳᠣᠨ᠎ᠤ ᠬᠠᠪᠰᠤᠷᠤᠨ ᠱᠢᠶ᠋ᠳᠪᠦᠷᠢᠯᠡᠬᠦ᠌᠎ᠶ᠋ᠢ ᠬᠦᠰᠡᠵᠦ᠍ ᠪᠠᠢᠨ᠎ᠠ 》᠃ ᠱᠠᠨ ᠰᠢ ᠮᠤᠵᠢ᠎ᠶ᠋ᠢᠨ ᠯᠢᠦᠶ ᠯᠢᠶᠠᠩ ᠬᠣᠲᠠ᠎ᠳᠤ ᠥᠷᠨᠢᠭᠦᠯᠦᠭ᠌ᠰᠡᠨ ᠬᠣᠲᠠ ᠱᠢᠶᠠᠨ᠎ᠤ ᠤᠳᠤᠷᠢᠳᠤᠯᠭ᠎ᠠ ᠲᠣᠭ᠍ᠲᠠᠮᠠᠯ ᠬᠤᠭᠤᠴᠠᠭ᠎ᠠ᠎ᠲᠠᠶ᠎ᠪᠠᠷ ᠨᠡᠢᠭᠡᠮ ᠲᠣᠭᠣᠷᠢᠭ᠎ᠲᠤ ᠭᠦᠨᠵᠡᠭᠡᠢᠷᠡᠨ ᠣᠯᠠᠨ ᠲᠦᠮᠡᠨ᠎ᠲᠡᠶ ᠨᠢᠭᠤᠷᠳᠠᠨ ᠶᠠᠷᠢᠯᠴᠠᠬᠤ ᠠᠵᠢᠯᠯᠠᠭ᠎ᠠ ᠳᠤᠮᠳᠠ᠂ ᠯᠢ ᠱ᠌ᠢ ᠲᠣᠭᠣᠷᠢᠭ᠎ᠤᠨ ᠰᠢ ᠱᠸ᠋ ᠪᠠ ᠵᠡᠭᠡᠯᠢ ᠭᠤᠳᠤᠮᠵᠢ᠎ᠶ᠋ᠢᠨ ᠱᠢᠤᠸᠠᠢ ᠹᠦ᠋ ᠨᠡᠢᠭᠡᠮ ᠲᠣᠭᠣᠷᠢᠭ᠎ᠲᠤ ᠰᠠᠭᠤᠭᠠᠯᠢ ᠠᠷᠠᠳ ᠡᠢᠨᠬᠦ ᠲᠤᠰᠬᠠᠵᠤ ᠪᠠᠢᠯ᠎ᠠ᠃ ᠪᠠᠢᠴᠠᠭᠠᠨ ᠰᠤᠳᠤᠯᠤᠯᠲᠠ᠎ᠶ᠋ᠢᠨ ᠤᠳᠤᠷᠢᠳᠤᠯᠭ᠎ᠠ ᠲᠡᠷᠡ ᠳᠠᠷᠤᠶᠳᠤᠨᠢ ᠬᠣᠲᠠ᠎ᠶ᠋ᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ᠎ᠢ ᠴᠤᠭ᠍ᠯᠠᠭᠤᠯᠤᠨ ᠲᠤᠬᠠᠶ᠎ᠶ᠋ᠢᠨ ᠭᠠᠵᠠᠷ᠎ᠲᠤᠨᠢ ᠠᠵᠢᠯᠯᠠᠵᠤ᠂ ᠬᠠᠷᠢᠭᠤᠴᠠᠯᠭ᠎ᠠ᠎ᠶ᠋ᠢᠨ ᠭᠤᠤᠯ ᠴᠣᠭ᠍ᠴᠠ ᠬᠢᠭᠡᠳ ᠱᠢᠶ᠋ᠳᠪᠦᠷᠢᠯᠡᠬᠦ᠌ ᠴᠠᠭ ᠬᠤᠭᠤᠴᠠᠭ᠎ᠠ ᠶ᠋ᠢ ᠵᠦᠶ᠋ᠯ ᠳᠠᠷᠠᠭᠠᠯᠠᠨ ᠲᠣᠳᠣᠷᠬᠠᠢᠯᠠᠪᠠ᠃
ᠠᠰᠠᠭᠤᠳᠠᠯ᠎ᠳᠤ ᠠᠩᠬᠠᠷᠤᠯ ᠢᠶᠠᠨ ᠲᠥᠪᠯᠡᠷᠡᠭᠦᠯᠵᠦ᠍᠂ ᠠᠰᠠᠭᠤᠳᠠᠯ᠎ᠢ ᠦᠨᠡᠨ ᠬᠦ᠌ ᠱᠢᠢᠳᠪᠦᠷᠢᠯᠡᠬᠦ᠌ ᠪᠣᠯ ᠰᠤᠷᠤᠯᠴᠠᠯᠭ᠎ᠠ ᠬᠥᠮᠦᠵᠢᠯ ᠦᠨ ᠭᠣᠣᠯ ᠠᠭᠤᠯᠭ᠎ᠠ ᠪᠣᠯᠤᠨ᠎ᠠ᠃
ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠂ ᠰᠤᠷᠭᠠᠨ ᠬᠥᠮᠦᠵᠢᠯ᠎ᠦᠨ ᠶᠠᠮᠤᠨ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠰᠠᠭᠤᠳᠠᠯ ᠳ᠋ᠤ ᠳ᠋ᠤᠭᠠᠷᠯᠠᠨ ᠬᠠᠰᠤᠬᠤ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠠᠰᠠᠭᠤᠳᠠᠯ᠎ᠢ ᠨᠢᠭᠡ ᠱᠢᠢᠳᠪᠦᠷᠢᠯᠡᠪᠡᠯ ᠨᠢᠭᠡ ᠵᠢ ᠬᠠᠰᠤᠵᠤ᠂ ᠠᠷᠭ᠎ᠠ ᠬᠡᠮᠵᠢᠢ᠎ᠡ ᠨᠢ ᠬᠦᠴᠦᠨ ᠦᠭᠡᠢ᠂ ᠠᠬᠢᠴᠠ ᠤᠳᠠᠭᠠᠨ ᠪᠠᠢᠬᠤ ᠠᠰᠠᠭᠤᠳᠠᠯ᠎ᠢ ᠰᠠᠨᠠᠭᠤᠯᠤᠨ ᠱᠠᠯᠠᠪᠳᠠᠭᠤᠯᠵᠤ᠂ ᠦᠨᠭ᠌ᠭᠡᠨ ᠲᠠᠯ᠎ᠠ᠎ᠶ᠋ᠢᠨ ᠠᠵᠢᠯ ᠬᠢᠬᠦ᠌᠂ ᠬᠡᠯᠪᠡᠷᠢ᠎ᠶ᠋ᠢᠨ ᠲᠡᠳᠦᠢ ᠶᠤᠰᠤ ᠵᠢᠨ ᠲᠡᠳᠤᠢ ᠠᠵᠢᠯ ᠬᠢᠬᠦ᠌᠎ᠶ᠋ᠢ ᠴᠢᠩᠭ᠎ᠠ ᠱᠢᠭᠦᠮᠵᠢᠯᠡᠵᠦ᠍᠂ ᠴᠠᠭ ᠲᠤᠬᠠᠢᠳᠤᠨᠢ ᠵᠠᠯᠠᠷᠠᠭᠤᠯᠪᠠ᠃
ᠪᠡᠭᠡᠵᠢᠩ ᠶᠡᠬᠡ ᠰᠤᠷᠭᠠᠭᠤᠯᠢ᠂ ᠴᠢᠩᠬᠤᠸᠠ ᠶᠡᠬᠡ ᠰᠤᠷᠭᠠᠭᠤᠯᠢ᠂ ᠬᠤᠧᠨᠵᠦ᠋ᠩ ᠪᠠᠭ᠍ᠰᠢ᠎ᠶ᠋ᠢᠨ ᠶᠡᠬᠡ ᠰᠤᠷᠭᠠᠭᠤᠯᠢ ᠪᠠᠷᠢᠨ ᠬᠡᠷᠡᠭ᠌ᠵᠢᠭᠦᠯᠵᠦ᠍ ᠪᠠᠷᠢᠨ ᠥᠭᠡᠷᠡᠴᠢᠯᠡᠬᠦ᠌᠎ᠶ᠋ᠢ ᠬᠦᠴᠦᠯᠡᠨ ᠰᠠᠢᠲᠤᠷ ᠠᠳᠭᠤᠵᠤ ᠂ ᠨᠠᠷᠢᠨ ᠲᠠᠩᠰᠠ᠎ᠶ᠋ᠢ ᠦᠷᠭᠦᠯᠵᠢᠯᠡᠨ ᠡᠮᠬᠢᠯᠡᠨ ᠱᠢᠨᠡᠳᠭᠡᠵᠦ᠍᠂ ᠪᠠᠭ᠍ᠰᠢ ᠰᠤᠷᠤᠭ᠍ᠴᠢᠳ᠎ᠤᠨ ᠲᠤᠰ ᠪᠡᠶ᠎ᠡ᠎ᠶ᠋ᠢᠨ ᠠᠱᠢᠭ ᠲᠤᠰᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠠᠨ᠎ᠤ ᠲᠤᠰᠭᠠᠯ ᠲᠥᠪᠯᠡᠷᠡᠭ᠌ᠰᠡᠨ ᠪᠠ ᠬᠠᠯᠠᠮᠵᠢᠯᠠᠨ ᠠᠩᠬᠠᠷᠴᠤ᠌ ᠪᠠᠢᠭ᠎ᠠ ᠠᠰᠠᠭᠤᠳᠠᠯ᠎ᠢ ᠪᠣᠳᠠᠲᠠᠢ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠪᠠ᠃
ᠬᠠᠷᠠᠮᠥ᠋ᠷᠡᠨ᠎ᠦ ᠶᠡᠬᠡ ᠬᠢᠩᠭᠠᠨ ᠳᠠᠪᠠᠭ᠎ᠠ᠎ᠶ᠋ᠢᠨ ᠭᠠᠵᠠᠷ ᠣᠷᠣᠨ᠎ᠳᠤ 《ᠴᠡᠭ᠎ᠲᠦ ᠰᠠᠭᠤᠵᠤ ᠲᠤᠤᠷᠵᠢᠯ᠎ᠳᠤ ᠣᠷᠣᠬᠤ》᠂《ᠬᠣᠲᠠ ᠵᠢᠨ ᠲᠣᠭᠣᠷᠢᠭ᠎ᠢᠶᠠᠷ ᠶᠠᠪᠠᠭᠠᠨ ᠶᠠᠪᠤᠬᠤ》ᠵᠡᠷᠭᠡ ᠪᠠᠢᠴᠠᠭᠠᠨ ᠰᠤᠳᠤᠯᠬᠤ ᠠᠵᠢᠯ᠎ᠤᠨ ᠠᠷᠭ᠎ᠠ᠎ᠶ᠋ᠢ ᠬᠡᠷᠡᠭ᠌ᠵᠢᠭᠦᠯᠵᠦ᠍᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠤᠢᠯᠠᠭᠠᠨ ᠡᠵᠡᠮᠱᠢᠵᠦ᠍᠂ ᠵᠠᠮ᠎ᠤᠨ ᠭᠠᠳᠠᠷᠭᠤ ᠡᠪᠳᠡᠭ᠌ᠳᠡᠭ᠌ᠰᠡᠨ᠂ ᠳᠤᠷ᠎ᠠ᠎ᠪᠠᠷ᠎ᠢᠶᠠᠨ ᠪᠠᠢᠭᠤᠯᠤᠭᠰᠠᠨ ᠵᠡᠷᠭᠡ ᠠᠰᠠᠭᠤᠳᠠᠯ᠎ᠢ ᠱᠢᠶ᠋ᠳᠪᠦᠷᠢᠯᠡᠪᠡ ; ᠹᠦᠵᠢᠶᠠᠨ᠎ᠤ ᠵᠢᠨᠵᠢᠶᠠᠩ ᠣᠯᠠᠨ ᠵᠦᠶ᠋ᠯ᠎ᠦᠨ ᠠᠷᠭ᠎ᠠ ᠬᠡᠮᠵᠢᠶ᠎ᠡ ᠠᠪᠴᠤ᠌᠂ ᠭᠠᠵᠠᠷ ᠱᠢᠷᠣᠶ᠎ᠶ᠋ᠢᠨ ᠡᠬᠢ ᠪᠠᠶᠠᠯᠢᠭ᠎ᠢ ᠥᠨᠳᠥᠷ ᠪᠦᠲᠦᠮᠵᠢᠲᠡᠶ ᠪᠡᠷ ᠠᠱᠢᠭ᠍ᠯᠠᠬᠤ ᠵᠡᠷᠭᠡ᠎ᠳᠦ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠬᠠᠩᠭᠠᠵᠤ᠂ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠪᠡ; ᠬᠠᠢᠨᠠᠨ ᠮᠤᠵᠢ᠎ᠶ᠋ᠢᠨ ᠪᠦᠦ ᠲᠢᠩ᠎ᠦᠨ ᠯᠢ ᠦᠨᠳᠦᠰᠦᠲᠡᠨ ᠮᠢᠶᠣᠣ ᠦᠨᠳᠦᠰᠦᠲᠡᠨ᠎ᠦ ᠥᠪᠡᠷᠲᠡᠭᠡᠨ ᠵᠠᠰᠠᠬᠤ ᠱᠢᠶᠠᠨ 《ᠺᠠᠳ᠋ᠷ ᠤᠯᠠᠨ ᠲᠦᠮᠡᠨ ᠶᠠᠷᠢᠯᠴᠠᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌ 》ᠠᠵᠢᠯᠯᠠᠭ᠎ᠠ᠎ᠪᠠᠷ ᠭᠠᠷᠳᠠᠴᠠ ᠪᠣᠯᠭᠠᠵᠤ᠂ ᠤᠰᠤᠨ ᠠᠱᠢᠭ᠍ᠯᠠᠯᠲᠠ᠎ᠶ᠋ᠢᠨ ᠭᠤᠤ ᠰᠤᠪᠠᠭ᠎ᠤᠨ ᠨᠦᠯᠦᠮᠡᠯ ᠱᠢᠪᠠᠷ ᠪᠥᠭ᠌ᠯᠡᠷᠡᠬᠦ᠌᠂ ᠤᠰᠤᠨ ᠰᠤᠪᠠᠭ ᠡᠪᠳᠡᠭ᠌ᠳᠡᠵᠦ᠍ ᠤᠰᠤᠯᠠᠯᠲᠠ᠎ᠶ᠋ᠢ ᠨᠥᠯᠥᠭᠡᠯᠡᠬᠦ᠌ ᠵᠡᠷᠭᠡ ᠤᠯᠠᠨ ᠲᠦᠮᠡᠨ᠎ᠦ ᠪᠠᠴᠢᠮᠳᠡᠵᠤ ᠬᠦᠴᠢᠷᠳᠡᠵᠤ ᠵᠣᠪᠠᠨᠢᠵᠤᠲᠦ᠋ᠪᠡᠭᠳᠡᠵᠤ ᠪᠠᠢᠬᠤ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠪᠠ ᠁ ᠁
ᠶᠠᠮᠠᠷ ᠠᠰᠠᠭᠤᠳᠠᠯ ᠪᠠᠢᠪᠠᠯ ᠲᠡᠷᠡ ᠠᠰᠠᠭᠤᠳᠠᠯ᠎ᠢ ᠱᠢᠢᠳᠪᠦᠷᠢᠯᠡᠵᠦ᠍᠂ ᠶᠠᠮᠠᠷ ᠠᠰᠠᠭᠤᠳᠠᠯ ᠲᠤᠪᠤᠢ᠌ᠮ᠎ᠠ ᠪᠠᠢᠪᠠᠯ ᠲᠡᠷᠡ ᠠᠰᠠᠭᠤᠳᠠᠯ᠎ᠢ ᠭᠣᠣᠯᠳᠠᠯᠭ᠎ᠠ᠎ᠲᠠᠶ ᠴᠡᠭ᠌ᠴᠡᠯᠡᠨ ᠵᠠᠰᠠᠪᠠ᠃
ᠰᠤᠷᠤᠯᠴᠠᠯᠭ᠎ᠠ ᠬᠥᠮᠦᠵᠢᠯ ᠢ᠋ ᠥᠷᠨᠢᠭᠦᠯᠦᠭ᠌ᠰᠡᠨ ᠡᠴᠡ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠵᠢᠨ ᠬᠢᠨ ᠲᠣᠭ᠍ᠲᠠᠭᠠᠯ ᠡᠴᠡ ᠵᠥᠷᠢᠴᠡᠨ ᠢᠳᠡᠵᠦ᠍ ᠤᠤᠭᠤᠬᠤ ᠵᠡᠷᠭᠡ 11 ᠲᠠᠯ᠎ᠠ ᠵᠢᠨ ᠲᠤᠪᠤᠢ᠌ᠮ᠎ᠠ ᠠᠰᠠᠭᠤᠳᠠᠯ ᠢ᠋ ᠦᠨᠡᠨ ᠬᠦ᠌ ᠴᠢᠩᠭ᠎ᠠ ᠠᠳᠭᠤᠵᠤ᠂ ᠲᠤᠪᠤᠢ᠌ᠮ᠎ᠠ ᠠᠰᠠᠭᠤᠳᠠᠯ ᠢ᠋ ᠦᠨᠡᠨ ᠬᠦ᠌ ᠰᠢᠢᠳᠪᠤᠷᠢᠯᠡᠨ᠂ ᠤᠳᠤ ᠵᠢᠨ ᠬᠡᠷᠡᠭ᠌ᠵᠢᠭᠦᠯᠵᠦ᠍ ᠪᠠᠢᠭ᠎ᠠ ᠠᠰᠠᠭᠤᠳᠠᠯ ᠢ᠋ ᠠᠳᠭᠤᠵᠤ᠂ ᠨᠡᠢᠲᠡᠯᠢᠭ ᠵᠢᠱ᠌ᠢᠢ᠎ᠡ ᠶ᠋ᠢ ᠠᠳᠭᠤᠵᠤ᠂ ᠵᠠᠷᠯᠠᠨ ᠨᠡᠢᠳᠡᠯᠡᠬᠦ ᠵᠢ ᠠᠳᠭᠤᠵᠤ᠂ ᠦᠨᠡᠨ ᠡᠴᠡ ᠵᠥᠪ ᠢ᠋ ᠡᠷᠢᠬᠦ᠌ ᠶ᠋ᠢ ᠲᠡᠷᠢᠭᠦᠨ ᠳ᠋ᠤ ᠲᠠᠯᠪᠢᠵᠤ᠂ ᠲᠦᠷᠢᠮ ᠲᠣᠭ᠍ᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠢᠨᠠᠯᠲᠠ ᠪᠠᠢᠴᠠᠭᠠᠯᠲᠠ ᠥᠷᠨᠢᠭᠦᠯᠦᠨ᠂ ᠦᠯᠦ ᠬᠦᠯᠢᠶᠡᠵᠦ ᠦᠯᠦ ᠲᠦᠰᠢᠭᠯᠡᠬᠦ᠂ ᠢᠯᠡᠷᠡᠭᠦᠯᠦᠭᠰᠡᠨ ᠳᠠᠷᠤᠢ᠎ᠳᠠᠭᠠᠨ ᠴᠡᠭ᠌ᠴᠡᠯᠡᠨ ᠰᠠᠢᠵᠢᠷᠠᠭᠤᠯᠬᠤ᠂ ᠪᠠᠷᠢᠨ ᠴᠡᠭ᠌ᠴᠡᠯᠡᠨ ᠰᠠᠢᠵᠢᠷᠠᠭᠤᠯᠵᠤ ᠪᠠᠷᠢᠨ ᠦᠷ᠎ᠡ ᠪᠦᠲᠦᠮᠵᠢ ᠭᠠᠷᠭᠠᠬᠤ ᠵᠢ ᠪᠡᠶᠡᠯᠡᠬᠦᠯᠵᠦ᠂ ᠲᠦᠷ ᠴᠠᠭ ᠤ᠋ᠨ ᠠᠵᠢᠯᠯᠠᠭ᠎ᠠ ᠪᠡᠷ ᠦᠵᠡᠭᠰᠡᠨ ᠪᠢᠰᠢ᠂ ᠨᠡᠩ ᠴᠦ᠍ ᠨᠢᠭᠡ ᠯᠡ ᠪᠠᠷᠢᠮᠵᠢᠶ᠎ᠡ ᠪᠡᠷ ᠠᠯᠢᠪᠠ ᠠᠰᠠᠭᠤᠳᠠᠯ᠎ᠢ ᠰᠢᠢᠳᠪᠦᠷᠢᠯᠡᠭᠰᠡᠨ ᠪᠢᠰᠢ᠃
ᠡᠭᠦᠳᠡ ᠪᠡᠨ ᠨᠡᠭᠡᠭᠡᠨ ᠰᠤᠷᠭᠠᠨ ᠬᠥᠮᠦᠵᠢᠭᠦᠯᠵᠤ ᠣᠯᠠᠨ ᠲᠦᠮᠡᠨ ᠤ᠋ ᠰᠡᠳᠭᠢᠯ ᠳ᠋ᠤ ᠭᠦᠨ ᠬᠠᠳᠠᠡᠭᠰᠢᠭᠤᠯᠪᠠ —
ᠬᠤᠨᠠᠨ᠎ᠤ ᠴᠠᠩ ᠳ᠋ᠸ ᠵᠢᠨ ᠦ᠋ ᠯᠢᠩ ᠲᠣᠭᠣᠷᠢᠭ ᠤ᠋ᠨ ᠯᠦ᠍ ᠳ᠋ᠢ ᠱᠠᠨ ᠱᠢᠶᠠᠩ ᠤ᠋ᠨ ᠵᠢᠨ ᠱ᠌ᠢ ᠳ᠋ᠢ ᠨᠡᠢᠭᠡᠮ ᠲᠣᠭᠣᠷᠢᠭ ᠲᠤ᠌᠂ ᠲᠣᠭᠣᠭᠠᠨ ᠭᠡᠷ᠎ᠲᠡᠭᠡᠨ ᠨᠣᠭᠣᠭ᠎ᠠ ᠤᠬᠢᠶᠠᠵᠤ ᠪᠠᠢᠭ᠍ᠰᠠᠨ ᠰᠦᠨ ᠵᠢᠶᠠ ᠱᠦᠨ ᠨᠠᠰᠤᠲᠠᠨ ᠤᠰᠤᠨ ᠨᠡᠭᠡᠭᠡᠯᠭᠡ ᠪᠠᠨ ᠮᠤᠰᠬᠢᠮᠠᠭᠴᠠ ᠴᠡᠪᠡᠷ ᠲᠤᠩᠭᠠᠯᠠᠭ ᠲᠦᠭᠡᠭᠡᠯ ᠤᠰᠤ ᠴᠤᠷᠬᠢᠨ ᠭᠠᠷᠴᠤ᠂ ᠴᠢᠷᠠᠢ ᠳ᠋ᠤᠨᠢ ᠪᠠᠶᠠᠷ ᠤ᠋ᠨ ᠮᠦᠰᠢᠶᠡᠯ ᠲᠤᠳᠤᠷᠠᠨ᠎ᠠ᠃
ᠥᠩᠭᠡᠷᠡᠭ᠌ᠰᠡᠨ ᠳ᠋ᠤ᠂ ᠵᠢᠨ ᠱ᠌ᠢ ᠳ᠋ᠢ ᠨᠡᠢᠭᠡᠮ ᠲᠣᠭᠣᠷᠢᠭ ᠵᠢᠴᠢ ᠡᠷᠬᠢᠨ ᠲᠣᠭᠣᠷᠢᠨ᠎ᠤ ᠤᠰᠤ ᠳᠠᠮᠵᠢᠭᠤᠯᠬᠤ ᠬᠣᠭᠣᠯᠠᠶ ᠲᠤᠤᠷ ᠬᠠᠭᠤᠴᠢᠷᠠᠵᠤ᠂ ᠤᠰᠤ ᠯᠡᠪᠡᠷᠡᠬᠦ᠂ ᠤᠰᠤ ᠭᠣᠭᠣᠵᠢᠬᠤ᠂ ᠤᠰᠤ ᠳᠤᠰᠤᠯᠠᠬᠤ ᠵᠡᠷᠭᠡ ᠠᠰᠠᠭᠤᠳᠠᠯ ᠬᠦᠨᠳᠦ ᠨᠣᠴᠢᠲᠠᠶ ᠪᠣᠯᠵᠣ᠂ ᠤᠰᠤ ᠬᠡᠷᠡᠭ᠌ᠯᠡᠬᠦ᠌ ᠣᠷᠭᠢᠯ ᠤ᠋ᠨ ᠬᠤᠭᠤᠴᠠᠭᠠᠨ ᠳ᠋ᠤ ᠤᠰᠤᠨ᠎ᠤ ᠳᠠᠷᠤᠯᠲᠠ ᠬᠦᠷᠦᠯᠴᠡᠬᠦ᠌ ᠥᠬᠡᠶ᠂ ᠤᠰᠤᠨ᠎ᠤ ᠬᠡᠮᠵᠢᠶ᠎ᠡ ᠪᠠᠭ᠎ᠠ ᠵᠡᠷᠭᠡ ᠠᠰᠠᠭᠤᠳᠠᠯ ᠪᠠᠢᠨ ᠳᠠᠬᠢᠨ ᠡᠭᠦᠰᠴᠦ᠍᠂ ᠰᠠᠭᠤᠭᠠᠯᠢ ᠠᠷᠠᠳ ᠤ᠋ᠨ ᠡᠳᠦᠷ ᠲᠤᠲᠤᠮ ᠤ᠋ᠨ ᠠᠮᠢᠳᠤᠷᠠᠯ ᠢ᠋ ᠶᠡᠬᠡ ᠪᠡᠷ ᠨᠥᠯᠥᠭᠡᠯᠡᠵᠦ᠍ ᠪᠠᠢᠪᠠ᠃ ᠰᠤᠷᠤᠯᠴᠠᠯᠭ᠎ᠠ ᠬᠥᠮᠦᠵᠢᠯ ᠤ᠋ᠨ ᠳᠤᠮᠳᠠ᠂ ᠲᠤᠬᠠᠢ ᠵᠢᠨ ᠭᠠᠵᠠᠷ ᠤ᠋ᠨ ᠬᠢᠨ ᠤᠯᠠᠨ ᠲᠦᠮᠡᠨ ᠤ᠋ ᠬᠦᠰᠡᠯ ᠱᠠᠭᠠᠷᠳᠠᠯᠭ᠎ᠠ ᠶ᠋ᠢ ᠢᠳᠡᠪᠬᠢᠲᠡᠢ ᠰᠣᠨᠣᠰᠴᠤ᠌᠂ ᠰᠠᠨᠠᠯ ᠰᠠᠨᠠᠭᠤᠯᠭ᠎ᠠ ᠬᠤᠷᠢᠶᠠᠵᠤ᠂ ᠬᠣᠭᠣᠯᠠᠢ ᠲᠣᠣᠷ ᠤ᠋ᠨ ᠥᠭᠡᠷᠡᠴᠢᠯᠡᠯᠲᠡ ᠶ᠋ᠢ ᠳᠠᠷᠤᠢ ᠲᠦᠷᠭᠡᠨ ᠡᠬᠢᠯᠡᠭᠦᠯᠦᠨ᠂ ᠨᠡᠢᠭᠡᠮ ᠲᠣᠭᠣᠷᠢᠭ ᠵᠢᠴᠢ ᠡᠷᠬᠢᠨ ᠲᠣᠭᠣᠷᠢᠨ᠎ᠤ 600 ᠭᠠᠷᠤᠢ ᠡᠷᠦᠬᠡ ᠰᠠᠭᠤᠭᠠᠯᠢ ᠠᠷᠠᠳ ᠤ᠋ᠨ ᠤᠰᠤ ᠬᠡᠷᠡᠭ᠌ᠯᠡᠬᠦ᠌ ᠠᠰᠠᠭᠤᠳᠠᠯ ᠢ᠋ ᠲᠤᠢᠯᠪᠤᠷᠢᠲᠠᠢ ᠱᠢᠢᠳᠪᠦᠷᠢᠯᠡᠪᠡ᠃
ᠲᠥᠪ ᠤ᠋ᠨ ᠨᠠᠢ᠍ᠮᠠᠨ ᠲᠣᠭ᠍ᠲᠠᠭᠠᠯ ᠤ᠋ᠨ ᠵᠣᠷᠢᠭ ᠰᠠᠨᠠᠭ᠎ᠠ ᠶ᠋ᠢ ᠭᠤᠢᠪᠢᠰᠢ ᠦᠭᠡᠢ ᠨᠠᠢᠳᠠᠪᠤᠷᠢᠵᠢᠭᠤᠯᠵᠤ᠂ ᠬᠤᠳᠠᠯ ᠬᠠᠭᠤᠷᠮᠠᠬ ᠭᠡᠢ ᠬᠤᠭᠤᠰᠤᠨ ᠦᠷ᠎ᠡ ᠳ᠋ᠦᠩ᠎ᠢ ᠬᠦᠭᠡᠭᠡᠴᠡᠯᠳᠦᠵᠦ ᠤᠭᠳᠤ ᠪᠤᠯᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠵᠢᠨ ᠬᠢᠨ ᠡᠭᠦᠳᠡ ᠪᠡᠨ ᠨᠡᠭᠡᠭᠡᠬᠦ᠌ ᠬᠥᠮᠦᠵᠢᠯ ᠬᠢᠬᠦ ᠶ᠋ᠢᠰᠤᠷᠤᠯᠴᠠᠯᠭᠠ ᠬᠥᠮᠦᠵᠢᠯ ᠢ᠋ ᠭᠦᠨᠵᠡᠭᠡᠢᠷᠡᠭᠦᠯᠦᠨ ᠪᠣᠳᠠᠲᠠᠢᠵᠢᠭᠤᠯᠬᠤ ᠶ᠋ᠢ ᠠᠬᠢᠭᠤᠯᠬᠤ ᠪᠦᠲᠦᠮᠵᠢᠲᠡᠢ ᠠᠷᠭ᠎ᠠ ᠵᠠᠮ ᠪᠣᠯᠭᠠᠨ᠂ ᠥᠷᠭᠡᠨ ᠤᠯᠠᠨ ᠨᠠᠮ ᠤ᠋ᠨ ᠭᠡᠱᠢᠭᠦᠨ ᠺᠠᠳ᠋ᠷ ᠤᠯᠠᠨ ᠲᠦᠮᠡᠨᠴᠢ ᠱᠤᠭᠤᠮ ᠵᠢᠡᠷ ᠰᠠᠢᠲᠤᠷ ᠵᠠᠮᠨᠠᠬᠤ ᠶ᠋ᠢ ᠪᠠᠷᠢᠮᠲᠠᠯᠠᠵᠤ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠡᠮᠦᠨ᠎ᠡ ᠹᠷᠣᠨᠲ᠂ ᠪᠣᠳᠠᠲᠤ ᠴᠣᠭ᠍ᠴᠠ ᠵᠢᠨ ᠠᠵᠤ ᠠᠬᠤᠢ ᠵᠢᠨ ᠡᠮᠦᠨ᠎ᠡ ᠹᠷᠣᠨᠲ᠂ ᠨᠡᠢᠭᠡᠮ ᠤ᠋ᠨ ᠵᠠᠰᠠᠯᠲᠠ ᠵᠢᠨ ᠡᠮᠦᠨ᠎ᠡ ᠹᠷᠣᠨᠲ ᠲᠤ᠌ ᠭᠦᠨᠵᠡᠭᠡᠢᠷᠡᠨ᠂ ᠤᠯᠠᠨ ᠲᠦᠮᠡᠨ ᠤ᠋ ᠲᠤᠯᠭᠠᠮ ᠱᠠᠭᠠᠷᠳᠠᠭᠳᠠᠵᠤ ᠪᠠᠢᠭ᠎ᠠ ᠬᠦᠴᠢᠷ ᠠᠰᠠᠭᠤᠳᠠᠯ ᠢ᠋ ᠲᠣᠳᠣᠷᠬᠠᠢ ᠣᠢᠯᠠᠭᠠᠵᠤ᠂ ᠤᠯᠠᠨ ᠲᠦᠮᠡᠨ᠎ᠲᠡᠶ ᠪᠤᠳᠤᠯ ᠵᠢᠡᠨ ᠨᠢᠭᠡᠳᠭᠡᠨ ᠬᠦᠴᠦ᠍ ᠪᠡᠨ ᠬᠠᠮᠲᠤᠳᠭᠠᠬᠤ ᠬᠡᠷᠡᠭ᠌ᠲᠡᠢ᠃
ᠦᠷᠦᠭᠡ ᠭᠡᠷ᠎ᠤᠨ ᠭᠤᠭᠤᠵᠢᠬᠤ ᠶ᠋ᠢ ᠭᠡᠷ ᠲᠦ᠍ ᠰᠠᠭᠤᠭᠰᠠᠨ ᠬᠦᠮᠦᠨ ᠮᠡᠳᠡᠮᠤᠢ᠂ ᠵᠠᠰᠠᠭ ᠲᠦᠷᠦ ᠵᠢᠨ ᠠᠯᠳᠠᠭ᠎ᠠ ᠶ᠋ᠢ ᠡᠭᠡᠯ ᠢᠷᠭᠡᠳ ᠮᠡᠳᠡᠮᠤᠢ᠃ ᠰᠤᠷᠲᠠᠯ ᠤ᠋ᠨ ᠪᠠᠢᠭᠤᠯᠤᠯᠲᠠ ᠵᠢᠨ ᠦᠷ᠎ᠡ ᠪᠦᠲᠦᠮᠵᠢ ᠬᠢᠷᠢ ᠵᠡᠷᠭᠡ ᠪᠠᠢᠬᠤ ᠲᠤᠬᠠᠶ ᠣᠯᠠᠨ ᠲᠦᠮᠡᠨ ᠤ᠋ ᠲᠥᠷᠥᠭ᠌ᠳᠡᠯ ᠬᠠᠮᠤᠭ ᠤ᠋ᠨ ᠦᠨᠡᠨ ᠪᠣᠳᠠᠲᠠᠶ ᠪᠠᠢᠳᠠᠭ᠃ ᠠᠮᠢ ᠠᠬᠤᠶ ᠣᠷᠴᠢᠨ ᠲᠣᠭᠣᠷᠢᠨ᠎ᠤ ᠶᠠᠮᠤᠨ ᠨᠠᠮ ᠤ᠋ᠨ ᠭᠡᠱᠢᠭᠦᠨ ᠺᠠᠳ᠋ᠷ ᠢ᠋ ᠵᠣᠬᠢᠶᠠᠨ ᠪᠠᠢᠭᠤᠯᠵᠤ ᠡᠮᠦᠨ᠎ᠡ ᠹᠷᠣᠨᠲ ᠲᠤ᠌ ᠭᠦᠨᠵᠡᠭᠡᠢᠷᠡᠨ᠂ ᠣᠷᠣᠨ ᠨᠤᠲᠤᠭ ᠤ᠋ᠨ ᠠᠮᠢ ᠠᠬᠤᠶ ᠣᠷᠴᠢᠨ ᠲᠣᠭᠣᠷᠢᠨ᠎ᠤ ᠰᠠᠯᠠᠭ᠎ᠠ ᠮᠥᠴᠢᠷ᠂ ᠠᠵᠤ ᠠᠬᠤᠢᠯᠠᠯ ᠤ᠋ᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠵᠢᠨ ᠠᠵᠢᠯ ᠢ᠋ ᠤᠯᠠᠮ ᠰᠠᠢᠵᠢᠷᠠᠭᠤᠯᠬᠤ ᠲᠤᠬᠠᠶ ᠰᠠᠨᠠᠯ ᠰᠠᠨᠠᠭᠤᠯᠭ᠎ᠠ ᠶ᠋ᠢ ᠨᠠᠷᠢᠨ ᠬᠢᠨᠠᠮᠠᠭᠠᠶ ᠰᠣᠨᠣᠰᠴᠤ᠌᠂ ᠣᠯᠠᠨ ᠲᠦᠮᠡᠨ ᠤ᠋ ᠠᠩᠬᠠᠷᠴᠤ᠌ ᠪᠠᠢᠭ᠎ᠠ ᠲᠠᠭᠤ ᠱᠤᠤᠬᠢᠶᠠᠨ᠂ ᠣᠲᠣᠭ᠎ᠠ ᠲᠤᠭᠤᠰᠤ᠂ ᠪᠣᠬᠢᠷ ᠦᠮᠡᠬᠡᠶ ᠤᠰᠤᠨ ᠴᠣᠭ᠍ᠴᠠ᠂ ᠬᠠᠤᠯᠢ ᠪᠤᠰᠤ᠎ᠪᠠᠷ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠴᠢᠳᠭᠤᠬᠤ ᠵᠡᠷᠭᠡ ᠠᠰᠠᠭᠤᠳᠠᠯ ᠢ᠋ ᠬᠦᠴᠦᠯᠡᠨ ᠰᠠᠢᠲᠤᠷ ᠱᠢᠶ᠋ᠳᠪᠦᠷᠢᠯᠡᠪᠠ;
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ᠎ᠤ ᠱᠢᠯᠢ ᠵᠢᠨ ᠭᠤᠤᠯ ᠠᠢᠮᠠᠭᠨᠠᠮ ᠤ᠋ᠨ ᠭᠡᠱᠢᠭᠦᠨ ᠺᠠᠳ᠋ᠷ ᠢ᠋ ᠬᠥᠲᠥᠯᠥᠨ ᠵᠢᠯᠣᠭᠣᠳᠴᠤ᠌ ᠮᠠᠯᠴᠢᠨ ᠲᠠᠷᠢᠶᠠᠴᠢᠨ ᠳ᠋ᠤ ᠠᠱᠢᠭ ᠬᠦᠷᠲᠡᠭᠡᠬᠦ᠌ ᠠᠵᠤ ᠠᠬᠤᠢᠯᠠᠯ ᠳ᠋ᠤ ᠠᠱᠢᠭ ᠬᠦᠷᠲᠡᠭᠡᠬᠦ᠌ ᠲᠥᠷᠥ ᠵᠢᠨ ᠪᠣᠳᠣᠯᠭ᠎ᠠ ᠶ᠋ᠢ ᠨᠠᠢᠳᠠᠪᠤᠷᠢᠵᠢᠭᠤᠯᠬᠤ ᠶ᠋ᠢ ᠠᠬᠢᠭᠤᠯᠬᠤ ᠲᠠᠯ᠎ᠠ᠎ᠪᠠᠷ ᠠᠷᠭ᠎ᠠ ᠰᠦᠪᠡᠭ᠌ᠴᠢᠯᠡᠨ ᠪᠣᠳᠠᠲᠠᠶ ᠠᠷᠭ᠎ᠠ ᠬᠡᠮᠵᠢᠶ᠎ᠡ ᠠᠪᠴᠤ᠌᠂ 《ᠨᠠᠮ ᠤ᠋ᠨ ᠭᠡᠱᠢᠭᠦᠨ ᠤ᠋ ᠭᠤᠤᠯᠳᠠᠯᠭᠠᠲᠤ ᠡᠷᠦᠬᠡ》᠂《ᠬᠣᠶᠠᠷ ᠲᠤ᠌ ᠣᠷᠣᠭᠤᠯᠬᠤ ᠬᠣᠶᠠᠷ ᠲᠤ᠌ ᠦᠶ᠋ᠯᠡᠴᠢᠯᠡᠬᠦ᠌》 ᠵᠡᠷᠭᠡ ᠠᠴᠢᠶᠠᠯᠠᠪᠤᠷᠢ᠎ᠲᠠᠶ ᠤᠶᠠᠯᠳᠤᠭᠤᠯᠤᠨ᠂ ᠨᠠᠮ ᠤ᠋ᠨ ᠭᠡᠱᠢᠭᠦᠨ ᠺᠠᠳ᠋ᠷ ᠢ᠋ ᠵᠣᠬᠢᠶᠠᠨ ᠪᠠᠢᠭᠤᠯᠤᠨ ᠠᠷᠠᠳ ᠤ᠋ᠨ ᠪᠠᠢᠳᠠᠯ ᠢ᠋ ᠥᠷᠭᠡᠨ ᠭᠦᠨᠵᠡᠭᠡᠶ ᠪᠠᠢᠴᠠᠭᠠᠨ᠂ ᠠᠷᠠᠳ ᠤ᠋ᠨ ᠰᠠᠨᠠᠭ᠎ᠠ ᠶ᠋ᠢ ᠰᠣᠨᠣᠰᠴᠤ᠌᠂ ᠠᠵᠢᠯ ᠤ᠋ᠨ ᠪᠠᠢᠷᠢ᠎ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠪᠡ;
ᠱᠠᠨᠳᠦ᠋ᠩ ᠮᠤᠵᠢ ᠵᠢᠨ ᠵᠢᠨᠠᠨ ᠬᠣᠲᠠ ᠵᠢᠨ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ ᠲᠤᠬᠠᠢᠯᠠᠭ᠍ᠰᠠᠨ ᠠᠵᠢᠯ ᠤ᠋ᠨ ᠶᠠᠪᠤᠴᠠ᠎ᠪᠠᠨ ᠱᠢᠯᠢᠳᠡᠭ᠌ᠵᠢᠭᠦᠯᠬᠦ᠌ ᠳ᠋ᠤ ᠰᠠᠭᠤᠷᠢᠯᠠᠨ ᠣᠯᠠᠨ ᠲᠦᠮᠡᠨ ᠤ᠋ ᠬᠡᠷᠡᠭ᠌ᠴᠡᠭᠡ ᠳ᠋ᠤ ᠨᠡᠢᠴᠡᠭᠦᠯᠦᠨ᠂ ᠭᠠᠷᠲᠠᠨ ᠭᠦᠶ᠋ᠴᠡᠳᠭᠡᠬᠦ᠌ ᠦᠶ᠋ᠯᠡᠴᠢᠯᠡᠭᠡᠨ ᠤ᠋ ᠵᠠᠭ᠍ᠪᠤᠷ ᠲᠤ᠌ ᠥᠭᠡᠷᠡᠴᠢᠯᠡᠯᠲᠡ ᠬᠢᠵᠦ᠍ ᠱᠢᠨ᠎ᠡ ᠶ᠋ᠢ ᠡᠭᠦᠳᠦᠨ᠂ ᠦᠷᠡᠵᠢᠯ ᠤ᠋ᠨ ᠨᠦᠬᠦᠪᠦᠷᠢ ᠮᠦᠩᠬᠦ ᠶ᠋ᠢ ᠲᠦᠷᠭᠡᠨ ᠪᠥᠭᠡᠳ ᠤᠨᠤᠪᠴᠢᠲᠠᠢ ᠣᠯᠭᠣᠬᠤ ᠶ᠋ᠢ ᠪᠡᠶᠡᠯᠡᠭᠦᠯᠪᠡ᠃ 2025 ᠣᠨ᠎ᠤ ᠳᠡᠭᠡᠳᠦ ᠬᠠᠭᠠᠰ ᠵᠢᠯ ᠪᠣᠯᠲᠠᠯ᠎ᠠ᠂ ᠪᠥᠬᠥ᠌ ᠬᠣᠲᠠ ᠳ᠋ᠤ ᠨᠡᠢᠲᠡ 2.57 ᠲᠦᠮᠡᠨ ᠬᠥᠮᠦᠨ ᠤᠳᠠᠭ᠎ᠠ《ᠭᠤᠶᠤᠴᠢᠯᠠᠬᠤ ᠥᠬᠡᠶ᠎ᠪᠡᠷ ᠳᠠᠷᠤᠶ ᠭᠥᠷᠳᠡᠬᠦ᠌》 ᠭᠡᠯᠪᠡᠷᠢ ᠪᠡᠷ ᠦᠷᠡᠵᠢᠯ ᠤ᠋ᠨ ᠨᠦᠬᠦᠪᠦᠷᠢ ᠮᠦᠩᠬᠦ ᠵᠢ ᠭᠥᠷᠳᠡᠪᠡ;
᠁ ᠁
ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠳᠤᠮᠳᠠ ᠦᠨᠡᠨ ᠬᠦ᠌ ᠴᠢᠷᠮᠠᠢᠵᠤ᠂ ᠣᠯᠠᠨ ᠲᠦᠮᠡᠨ ᠳ᠋ᠤ ᠦᠶ᠋ᠯᠡᠴᠢᠯᠡᠬᠦ᠌ ᠳᠤᠮᠳᠠ ᠪᠣᠳᠠᠲᠤ ᠦᠷ᠎ᠡ ᠪᠦᠲᠦᠮᠵᠢ ᠤᠯᠪᠠ᠃
ᠰᠤᠷᠤᠯᠴᠠᠯᠭ᠎ᠠ ᠬᠥᠮᠦᠵᠢᠯ ᠢ᠋ ᠥᠷᠨᠢᠭᠦᠯᠦᠭ᠌ᠰᠡᠨ ᠡᠴᠡ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠵᠢᠨ ᠬᠢᠨ《ᠵᠣᠷᠢᠭ᠍ᠲᠠᠢ᠎ᠪᠠᠷ ᠡᠭᠦᠳᠡ ᠪᠡᠨ ᠨᠡᠭᠡᠭᠡᠵᠦ᠍》᠂ 《ᠦᠨᠡᠨ ᠬᠦ᠌ ᠡᠭᠦᠳᠡ ᠪᠡᠨ ᠨᠡᠭᠡᠭᠡᠵᠦ᠍》᠂ ᠪᠠᠢᠴᠠᠭᠠᠬᠤ ᠪᠠ ᠴᠡᠭ᠌ᠴᠡᠯᠡᠨ ᠰᠠᠢᠵᠢᠷᠠᠭᠤᠯᠬᠤ ᠶᠠᠪᠤᠴᠠ ᠳ᠋ᠤ ᠤᠯᠠᠨ ᠲᠦᠮᠡᠨ ᠤ᠋ ᠣᠷᠣᠯᠴᠠᠬᠤ ᠶ᠋ᠢ ᠴᠢᠬᠤᠯᠠᠴᠢᠯᠠᠨ ᠂ ᠤᠯᠠᠨ ᠲᠦᠮᠡᠨ ᠤ᠋ ᠬᠢᠨᠠᠯᠲᠠ ᠶ᠋ᠢ ᠬᠦᠯᠢᠶᠡᠵᠦ᠍᠂ ᠤᠯᠠᠨ ᠲᠦᠮᠡᠨ ᠤ᠋ ᠲᠤᠯᠭᠠᠮ ᠱᠠᠭᠠᠷᠳᠠᠭᠳᠠᠵᠤ ᠪᠠᠢᠭ᠎ᠠ ᠬᠦᠴᠢᠷ ᠠᠰᠠᠭᠤᠳᠠᠯ ᠢ᠋ ᠰᠠᠢᠲᠤᠷ ᠱᠢᠢᠳᠪᠦᠷᠢᠯᠡᠪᠡ᠃ ᠰᠤᠷᠤᠯᠴᠠᠯᠭ᠎ᠠ ᠬᠥᠮᠦᠵᠢᠯ ᠵᠢᠡᠷ ᠳᠠᠮᠵᠢᠨ᠂ ᠨᠠᠮ ᠤ᠋ᠨ ᠭᠡᠱᠢᠭᠦᠨ ᠺᠠᠳ᠋ᠷ ᠤ᠋ᠨ ᠰᠤᠷᠲᠠᠯ ᠤ᠋ᠨ ᠬᠤᠪᠢᠷᠠᠯᠲᠠ ᠶ᠋ᠢ ᠣᠯᠵᠤ ᠬᠠᠷᠠᠨ᠂ ᠡᠪ ᠬᠠᠮᠲᠤᠴᠤᠳ ᠤ᠋ᠨ 《ᠬᠠᠮᠤᠭ ᠡᠴᠡ ᠢᠯᠡᠭᠦᠦ ᠨᠠᠷᠢᠨ ᠬᠢᠨᠠᠮᠠᠭᠠᠢ ᠶ᠋ᠢ ᠡᠷᠬᠢᠮᠯᠡᠬᠦ᠌》 ᠣᠪᠣᠷ ᠢ᠋ ᠣᠯᠵᠤ ᠬᠠᠷᠠᠨ᠂ ᠨᠠᠮ ᠤ᠋ᠨ ᠲᠥᠪ ᠬᠣᠷᠢᠶᠠᠨ᠎ᠤ ᠲᠥᠪ ᠤ᠋ᠨ ᠨᠠᠢ᠍ᠮᠠᠨ ᠲᠣᠭ᠍ᠲᠠᠭᠠᠯ ᠤ᠋ᠨ ᠵᠣᠷᠢᠭ ᠰᠠᠨᠠᠭ᠎ᠠ ᠶ᠋ᠢ ᠨᠠᠢᠳᠠᠪᠤᠷᠢᠵᠢᠭᠤᠯᠬᠤ᠂ ᠰᠤᠷᠲᠠᠯ ᠤ᠋ᠨ ᠪᠠᠢᠭᠤᠯᠤᠯᠲᠠ ᠶ᠋ᠢ ᠴᠢᠩᠭ᠎ᠠ ᠠᠳᠭᠤᠬᠤ ᠡᠷᠡᠰ ᠵᠣᠷᠢᠭ ᠢ᠋ ᠣᠯᠵᠤ ᠬᠠᠷᠠᠵᠠᠢ ᠭᠡᠵᠦ᠍ ᠤᠯᠠᠨ ᠲᠦᠮᠡᠨ ᠬᠡᠯᠡᠵᠦ᠍ ᠪᠠᠢᠯ᠎ᠠ᠃
ᠱᠢᠨ᠎ᠡ ᠴᠠᠭ ᠦᠶ᠎ᠡ ᠱᠢᠨ᠎ᠡ ᠠᠶᠠᠨ ᠳ᠋ᠤ ᠨᠠᠮ ᠤ᠋ᠨ ᠡᠭᠦᠷᠭᠡ ᠬᠠᠷᠢᠭᠤᠴᠠᠯᠭ᠎ᠠ ᠶ᠋ᠢ ᠪᠡᠶᠡᠯᠡᠭᠦᠯᠬᠦ᠌ ᠳ᠋ᠤ ᠪᠠᠲᠤ ᠴᠢᠩᠭ᠎ᠠ ᠰᠤᠷᠲᠠᠯ ᠤ᠋ᠨ ᠪᠠᠲᠤᠯᠠᠭ᠎ᠠ ᠬᠠᠩᠭᠠᠪᠠ
ᠲᠥᠪ ᠤ᠋ᠨ ᠨᠠᠢ᠍ᠮᠠᠨ ᠲᠣᠭ᠍ᠲᠠᠭᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠪᠣᠯ ᠨᠢᠭᠡ ᠤᠳᠠᠭ᠎ᠠ ᠵᠢᠨ ᠪᠦᠬᠦ᠌ ᠲᠠᠯ᠎ᠠ ᠵᠢᠨ ᠭᠦᠨᠵᠡᠭᠡᠢ᠂ 《ᠰᠦᠭ ᠰᠦᠨᠡᠰᠤ ᠳ᠋ᠤ ᠠᠰᠠᠭᠤᠯᠲᠠ ᠲᠠᠯᠪᠢᠬᠤ》 ᠰᠡᠭᠤᠷᠢ ᠶ᠋ᠢ ᠪᠡᠬᠢᠵᠢᠭᠦᠯᠵᠤ ᠰᠤᠷᠳᠠᠯ ᠴᠡᠭᠴᠡᠯᠡᠬᠦ ᠠᠵᠢᠯᠯᠠᠭ᠎ᠠ ᠪᠠᠢᠵᠤ᠂ ᠥᠷᠭᠡᠨ ᠤᠯᠠᠨ ᠨᠠᠮ ᠤ᠋ᠨ ᠭᠡᠱᠢᠭᠦᠨ ᠺᠠᠳ᠋ᠷ ᠨᠡᠢᠳᠡᠮ᠎ᠳᠡᠭᠡᠨ ᠨᠢᠭᠡ ᠤᠳᠠᠭ᠎ᠠ ᠵᠢᠨ ᠲᠥᠪᠯᠡᠷᠡᠩᠭᠦᠢ ᠦᠵᠡᠯ ᠰᠠᠨᠠᠭᠠᠨ᠎ᠤ ᠳᠠᠪᠲᠠᠯᠲᠠ᠂ ᠨᠠᠮᠴᠢ ᠴᠢᠨᠠᠷ ᠤ᠋ᠨ ᠳᠠᠪᠲᠠᠯᠲᠠ᠂ ᠤᠯᠤᠰ ᠲᠦᠷᠦ᠍ ᠵᠢᠨ ᠳᠠᠪᠲᠠᠯᠲᠠ ᠶ᠋ᠢ ᠥᠩᠭᠡᠷᠡᠭᠡᠵᠦ᠍᠂ ᠨᠡᠢᠳᠡᠮ᠎ᠳᠡᠭᠡᠨ ᠨᠠᠮ ᠤ᠋ᠨ ᠥᠪᠡᠷ ᠤ᠋ᠨ ᠪᠡᠶ᠎ᠡ᠎ᠳᠡᠭᠡᠨ ᠬᠤᠪᠢᠰᠭᠠᠯ ᠬᠢᠬᠦ᠌ ᠲᠤᠬᠠᠢ ᠲᠠᠬᠢᠨ ᠲᠠᠨᠢᠵᠤ ᠲᠠᠬᠢᠨ ᠭᠦᠨᠵᠡᠭᠡᠢᠷᠡᠭᠦᠯᠬᠦ᠌ ᠲᠠᠬᠢᠨ ᠠᠵᠢᠯᠯᠠᠭ᠎ᠠ ᠬᠢᠵᠦ᠍᠂ ᠨᠠᠮ ᠤ᠋ᠨ ᠰᠤᠷᠲᠠᠯ ᠪᠦᠬᠦᠯᠢ ᠴᠣᠭ᠍ᠴᠠ ᠵᠢᠨ ᠴᠢᠨᠠᠷᠲᠠᠢ ᠳᠡᠭᠡᠭ᠌ᠰᠢᠯᠡᠯᠲᠡ᠎ᠲᠡᠶ ᠪᠣᠯᠵᠠᠢ᠃ ᠭᠡᠪᠡᠴᠦ᠍ 《ᠳᠥᠷᠪᠡᠨ ᠰᠤᠷᠲᠠᠯ》 ᠤ᠋ᠨ ᠠᠰᠠᠭᠤᠳᠠᠯ ᠤ᠋ᠨ ᠮᠣᠳᠣ ᠨᠢ ᠤᠨᠠᠭ᠍ᠰᠠᠨ ᠴᠤ᠌ ᠦᠨᠳᠦᠰᠦ ᠨᠢ ᠦᠯᠡᠳᠡᠨ᠂ ᠬᠥᠷᠥᠰᠥ᠍ ᠱᠢᠷᠣᠶ ᠨᠢ ᠪᠠᠢᠭ᠍ᠰᠠᠭᠠᠷ᠂ ᠲᠥᠪ ᠪᠤᠰᠤ ᠰᠤᠷᠲᠠᠯ ᠪᠠ ᠢᠯᠵᠢᠷᠠᠯ ᠤ᠋ᠨ ᠦᠵᠡᠭ᠌ᠳᠡᠯ ᠬᠠᠷᠠᠬᠠᠨ ᠠᠷᠢᠯᠤᠭᠠᠳᠤᠶ᠂ ᠨᠡᠮᠡᠭ᠌ᠳᠡᠯ ᠤ᠋ᠨ ᠬᠡᠮᠵᠢᠶ᠎ᠡ ᠨᠢ ᠮᠥᠨ ᠬᠦ᠌ ᠠᠮᠠᠷᠬᠠᠨ ᠡᠭᠦᠰᠴᠦ᠍ ᠣᠯᠠᠨ ᠡᠭᠦᠰᠴᠦ᠍ ᠪᠠᠢᠨ᠎ᠠ᠂ ᠲᠥᠪ ᠤ᠋ᠨ ᠨᠠᠢ᠍ᠮᠠᠨ ᠲᠣᠭ᠍ᠲᠠᠭᠠᠯ ᠤ᠋ᠨ ᠵᠣᠷᠢᠭ ᠰᠠᠨᠠᠭ᠎ᠠ ᠶ᠋ᠢ ᠲᠤᠭᠤᠰᠢᠯᠠᠭᠤᠯᠵᠤ᠂ ᠰᠤᠷᠲᠠᠯ ᠢ᠋ ᠴᠡᠭ᠌ᠴᠡᠯᠡᠨ ᠰᠠᠬᠢᠯᠭ᠎ᠠ ᠪᠠᠲᠤ ᠶ᠋ᠢ ᠴᠢᠩᠳᠠᠯᠠᠵᠤ ᠢᠯᠵᠢᠷᠠᠯ ᠢ᠋ ᠡᠰᠡᠷᠭᠦᠴᠡᠬᠦ᠌ ᠳ᠋ᠤ ᠤᠳᠠᠭᠠᠨ ᠳᠠᠭᠠᠭᠠᠮᠠᠭᠠᠶ ᠲᠡᠢᠨ ᠬᠢᠬᠦ᠌ ᠬᠡᠷᠡᠭ᠌ᠲᠡᠶ ᠭᠡᠳᠡᠭ ᠢ᠋ ᠡᠷᠬᠡᠪᠰᠢ ᠲᠣᠳᠣᠷᠬᠠᠶ ᠣᠯᠵᠤ ᠬᠠᠷᠠᠬᠤ ᠬᠡᠷᠡᠭ᠌ᠲᠡᠶ᠃
《ᠴᠢᠩᠭ᠎ᠠ》 ᠪᠠᠢᠬᠤ ᠶ᠋ᠢ ᠲᠡᠷᠢᠭᠦᠨ ᠳ᠋ᠤ ᠲᠠᠯᠪᠢᠬᠤ ᠶ᠋ᠢ ᠪᠠᠷᠢᠮᠲᠠᠯᠠᠵᠤ᠂ ᠠᠷᠢᠭᠤᠨ ᠴᠢᠬᠡᠴᠢ ᠤᠯᠤᠰ ᠲᠦᠷᠦ᠍ ᠵᠢᠨ ᠠᠮᠢ ᠠᠬᠤᠢ ᠶ᠋ᠢ ᠦᠷᠭᠦᠯᠵᠢᠯᠡᠨ ᠪᠡᠬᠢᠵᠢᠭᠦᠯᠬᠦ᠌ ᠬᠡᠷᠡᠭ᠌ᠲᠡᠢ —
《ᠲᠣᠭ᠍ᠲᠠᠭᠠᠯ ᠢ᠋ ᠵᠥᠷᠢᠴᠡᠨ ᠪᠡᠯᠡᠭ ᠤ᠋ᠨ ᠡᠳ᠋᠂ ᠪᠡᠯᠡᠭ ᠤ᠋ᠨ ᠵᠣᠭᠣᠰ᠂ ᠬᠡᠷᠡᠭ᠌ᠯᠡᠭᠡᠨ ᠤ᠋ ᠺᠠᠷᠲ ᠭᠥᠯᠢᠶᠡᠨ ᠠᠪᠬᠤ》 《ᠲᠣᠭ᠍ᠲᠠᠭᠠᠯ ᠢ᠋ ᠵᠥᠷᠢᠴᠡᠨ ᠬᠠᠮᠢᠶᠠᠷᠬᠤ ᠪᠠ ᠦᠶ᠋ᠯᠡᠴᠢᠯᠡᠬᠦ᠌ ᠡᠲᠡᠭᠡᠳ ᠤ᠋ᠨ ᠵᠢᠡᠨ ᠲᠡᠷᠭᠡ ᠬᠥᠰᠭᠡ ᠶ᠋ᠢ ᠵᠢᠭᠡᠯᠡᠵᠤ ᠬᠡᠷᠡᠭᠯᠡᠬᠦ》《ᠠᠯᠪᠠᠨ ᠶᠠᠪᠤᠳᠠᠯ ᠢ᠋ ᠭᠤᠤᠯᠴᠢ ᠭᠦᠶ᠋ᠴᠡᠳᠭᠡᠬᠦ᠌ ᠶ᠋ᠢ ᠨᠥᠯᠥᠭᠡᠯᠡᠵᠦ᠍ ᠮᠡᠳᠡᠬᠦ᠌ ᠳᠠᠢᠯᠠᠯᠭ᠎ᠠ ᠶ᠋ᠢ ᠬᠦᠯᠢᠶᠠᠵᠤ ᠠᠪᠬᠤ》 ᠁
ᠡᠨᠡ ᠵᠢᠯ ᠤ᠋ᠨ 《5·1》 ᠤ᠋ ᠠᠮᠠᠷᠠᠯᠳᠠ᠂ ᠲᠠᠪᠤᠨ ᠰᠠᠷ᠎ᠠ ᠵᠢᠨ ᠱᠢᠨ᠎ᠡ ᠵᠢᠨ ᠲᠠᠪᠤᠨ᠎ᠤ ᠠᠮᠠᠷᠠᠯᠲᠠ ᠡᠴᠡ ᠡᠮᠦᠨ᠎ᠡ᠂ ᠾᠧᠪᠧᠶ ᠮᠤᠵᠢ ᠵᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠲᠥᠪ ᠤ᠋ᠨ ᠨᠠᠶ᠋ᠮᠠᠨ ᠲᠣᠭ᠍ᠲᠠᠭᠠᠯ ᠤ᠋ᠨ ᠵᠣᠷᠢᠭ ᠰᠠᠨᠠᠭ᠎ᠠ ᠶ᠋ᠢ ᠵᠥᠷᠢᠴᠡᠭ᠌ᠰᠡᠨ 8 ᠨᠡᠢᠲᠡᠯᠢᠭ ᠭᠡᠷᠡᠭ ᠢ᠋ ᠵᠠᠷᠯᠠᠨ ᠨᠡᠢᠲᠡᠯᠡᠵᠦ᠍᠂ ᠨᠠᠮ ᠤ᠋ᠨ ᠭᠡᠱᠢᠭᠦᠨ ᠺᠠᠳ᠋ᠷᠴᠤᠳ ᠲᠤ᠌ ᠰᠡᠷᠡᠮᠵᠢ ᠵᠢᠨ ᠳᠣᠬᠢᠶ᠎ᠠ ᠥᠭ᠌ᠴᠦ᠂ ᠰᠤᠷᠲᠠᠯ ᠤ᠋ᠨ ᠠᠰᠠᠭᠤᠳᠠᠯ ᠢ᠋ 《ᠥᠴᠦᠬᠡᠨ ᠴᠦ᠍ ᠠᠭᠤᠴᠢᠯᠠᠬᠤ ᠥᠬᠡᠶ》 ᠪᠠᠢᠵᠤ᠂ ᠴᠤᠬᠤᠢᠮᠠᠭ᠍ᠴᠠ ᠴᠣᠬᠢᠯᠲᠠ ᠥᠭ᠌ᠴᠦ᠂ ᠡᠴᠦᠰ᠎ᠲᠦᠨᠢ ᠲᠤᠯᠲᠠᠯ᠎ᠠ ᠴᠢᠩᠳᠠᠯᠠᠬᠤ ᠲᠣᠳᠣᠷᠬᠠᠶ ᠳᠣᠬᠢᠶ᠎ᠠ ᠭᠠᠷᠭᠠᠪᠠ᠃
ᠰᠤᠷᠤᠯᠴᠠᠯᠭ᠎ᠠ ᠬᠥᠮᠦᠵᠢᠯ ᠢ᠋ ᠥᠷᠨᠢᠭᠦᠯᠦᠭ᠌ᠰᠡᠨ᠎ᠡᠴᠡ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠢ᠋ᠢᠨ ᠬᠢᠨ ᠡᠷᠴᠢ ᠵᠤᠷᠢᠭ ᠢ᠋ᠢᠡᠨ ᠬᠥᠪᠴᠢᠯᠡᠨ᠂ ᠲᠣᠭ᠍ᠲᠠᠭᠠᠯ᠎ᠠᠴᠠ ᠵᠥᠷᠢᠴᠡᠨ ᠢᠳᠡᠵᠦ᠍ ᠤᠤᠭᠤᠭ᠍ᠰᠠᠨ᠂ ᠲᠣᠭ᠍ᠲᠠᠭᠠᠯ᠎ᠠᠴᠠ ᠵᠥᠷᠢᠴᠡᠨ ᠪᠡᠯᠡᠭ ᠰᠡᠯᠲᠡ ᠪᠡᠯᠡᠭ ᠤ᠋ᠨ ᠵᠣᠭᠣᠰ ᠬᠤᠷᠢᠶᠠᠵᠤ ᠬᠦᠷᠭᠡᠭ᠌ᠰᠡᠨ᠂ ᠤᠯᠠᠨ ᠲᠦᠮᠡᠨ ᠤ᠋ ᠠᠱᠢᠭ ᠲᠤᠰᠠ ᠢ᠋ᠢ ᠬᠣᠬᠢᠷᠠᠭᠤᠯᠤᠭ᠍ᠰᠠᠨ᠂ ᠬᠠᠷᠢᠭᠤᠴᠠᠯᠭ᠎ᠠ ᠡᠭᠦᠷᠭᠡᠯᠡᠬᠦ᠌ ᠦᠭᠡᠢ ᠵᠢᠳᠬᠦᠯ ᠴᠢᠷᠮᠠᠢᠯᠭ᠎ᠠ ᠭᠠᠷᠭᠠᠬᠤ ᠦᠭᠡᠢ ᠵᠡᠷᠭᠡ ᠲᠤᠪᠤᠢ᠌ᠮ᠎ᠠ ᠠᠰᠠᠭᠤᠳᠠᠯ ᠢ᠋ ᠴᠡᠭ᠌ᠴᠡᠯᠡᠨ ᠵᠠᠰᠠᠵᠤ᠂ 《ᠲᠦᠷᠪᠡᠨ ᠰᠤᠷᠲᠠᠯ》 ᠤ᠋ᠨ ᠨᠢᠭᠤᠭ᠍ᠳᠠᠮᠠᠯ ᠬᠤᠪᠢᠷᠠᠯᠲᠠ ᠢ᠋ᠢ ᠴᠢᠩᠭ᠎ᠠ ᠬᠣᠷᠢᠭ᠍ᠯᠠᠨ ᠵᠣᠭ᠍ᠰᠣᠭᠠᠵᠤ᠂ ᠲᠥᠪ ᠤ᠋ᠨ ᠨᠠᠢ᠍ᠮᠠᠨ ᠲᠣᠭ᠍ᠲᠠᠭᠠᠯ ᠤ᠋ᠨ ᠵᠣᠷᠢᠭ ᠰᠠᠨᠠᠭ᠎ᠠ ᠡᠴᠡ ᠵᠥᠷᠢᠴᠡᠭ᠌ᠰᠡᠨ ᠨᠢᠭᠡ ᠪᠦᠯᠦᠭ ᠨᠡᠢᠲᠡᠯᠢᠭ ᠵᠢᠱ᠌ᠢᠢ᠎ᠡ ᠢ᠋ᠢ ᠴᠢᠩᠭ᠎ᠠ ᠪᠠᠢᠴᠠᠭᠠᠨ ᠲᠦᠷᠭᠡᠨ ᠱᠢᠢᠳᠪᠦᠷᠢᠯᠡᠵᠦ᠍ ᠢᠯᠡ ᠨᠡᠢᠲᠡᠯᠡᠵᠦ᠍᠂ ᠴᠢᠩᠭ᠎ᠠ ᠠᠭᠤᠷ ᠠᠮᠢᠰᠭᠤᠯ᠂ ᠲᠥᠪ ᠰᠤᠷᠲᠠᠯ ᠢ᠋ ᠦᠨᠡᠨ ᠬᠦ᠌ ᠪᠤᠢ ᠪᠣᠯᠭᠠᠵᠤ᠂ ᠥᠷᠭᠡᠨ ᠤᠯᠠᠨ ᠨᠠᠮ ᠤ᠋ᠨ ᠭᠡᠱᠢᠭᠦᠨ ᠺᠠᠳ᠋ᠷ ᠤ᠋ᠨ ᠤᠯᠤᠰ ᠲᠦᠷᠦ᠍ ᠢ᠋ᠢᠨ ᠤᠬᠠᠮᠰᠠᠷ ᠢ᠋ ᠴᠢᠩᠭᠠᠳᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍ ᠢ᠋ᠢᠨ ᠠᠮᠢ ᠠᠬᠤᠢ ᠢ᠋ᠢ ᠤᠯᠠᠮ ᠴᠢᠨᠠᠭ᠍ᠰᠢᠳᠠ ᠪᠡᠬᠢᠵᠢᠭᠦᠯᠬᠦ᠌ ᠢ᠋ᠢ ᠠᠬᠢᠭᠤᠯᠪᠠ᠃
ᠲᠣᠭ᠎ᠠ ᠪᠠᠷᠢᠮᠲᠠ ᠳ᠋ᠤ ᠢᠯᠡᠷᠡᠭᠦᠯᠦᠭ᠌ᠰᠡᠨ ᠢ᠋ᠢᠡᠷ᠂ 2025 ᠣᠨ ᠤ᠋ 3 ᠰᠠᠷ᠎ᠠ᠎ᠠᠴᠠ 7 ᠰᠠᠷ᠎ᠠ ᠪᠣᠯᠲᠠᠯ᠎ᠠ ᠡᠯ᠎ᠡ ᠱᠠᠲᠤᠨ ᠤ᠋ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠲᠥᠪ ᠤ᠋ᠨ ᠨᠠᠶ᠋ᠮᠠᠨ ᠲᠣᠭ᠍ᠲᠠᠭᠠᠯ ᠤ᠋ᠨ ᠵᠣᠷᠢᠭ ᠰᠠᠨᠠᠭ᠎ᠠ ᠡᠴᠡ ᠵᠥᠷᠢᠴᠡᠭ᠌ᠰᠡᠨ 11.1 ᠲᠦᠮᠡᠨ ᠠᠰᠠᠭᠤᠳᠠᠯ ᠢ᠋ ᠪᠠᠢᠴᠠᠭᠠᠨ ᠱᠢᠶ᠋ᠳᠪᠦᠷᠢᠯᠡᠵᠦ᠍᠂ 14.5 ᠲᠦᠮᠡᠨ ᠬᠥᠮᠦᠨ ᠢ᠋ ᠱᠢᠭᠦᠮᠵᠢᠯᠡᠨ ᠰᠤᠷᠭᠠᠭᠰᠠᠨ ᠪᠠ ᠱᠢᠶ᠋ᠳᠪᠦᠷᠢᠯᠡᠵᠦ᠍᠂ ᠦᠨᠡᠨ ᠬᠠᠮᠢᠶᠠᠷᠴᠤ᠌ ᠦᠨᠡᠨ ᠴᠢᠩᠭ᠎ᠠ ᠪᠠᠢᠬᠤ᠂ ᠵᠣᠷᠢᠭ᠍ᠲᠠᠶ ᠬᠠᠮᠢᠶᠠᠷᠴᠤ᠌ ᠵᠣᠷᠢᠭ᠍ᠲᠠᠶ ᠴᠢᠩᠭ᠎ᠠ ᠪᠠᠢᠬᠤ᠂ ᠣᠷᠳᠣ ᠬᠤᠭᠤᠴᠠᠭ᠎ᠠ ᠬᠠᠮᠢᠶᠠᠷᠴᠤ᠌ ᠣᠷᠳᠣ ᠬᠤᠭᠤᠴᠠᠭ᠎ᠠ ᠴᠢᠩᠭᠠᠳᠬᠠᠬᠤ ᠠᠭᠤᠷ ᠠᠮᠢᠰᠭᠤᠯ ᠢ᠋ ᠤᠯᠠᠮ ᠦᠳᠬᠡᠨ ᠵᠤᠵᠠᠭᠠᠨ ᠪᠣᠯᠭᠠᠪᠠ᠃
ᠱᠢᠨ᠎ᠡ ᠠᠶᠠᠨ ᠳ᠋ᠤ ᠮᠣᠷᠳᠠᠬᠤᠶ᠎ᠠ᠂ ᠡᠷᠬᠡᠪᠰᠢ ᠶᠡᠷᠦᠩᠬᠡᠢ ᠱᠦᠵᠢ ᠰᠢ ᠵᠢᠨ ᠫᠢᠩ ᠤ᠋ᠨ ᠨᠠᠮ ᠤ᠋ᠨ ᠪᠠᠢᠭᠤᠯᠤᠯᠲᠠ ᠢ᠋ᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤ᠋ᠨ ᠥᠪᠡᠷ ᠤ᠋ᠨ ᠪᠡᠶ᠎ᠡ᠎ᠳᠡᠭᠡᠨ ᠬᠤᠪᠢᠰᠭᠠᠯ ᠬᠢᠬᠦ᠌ ᠲᠤᠬᠠᠢ ᠴᠢᠬᠤᠯᠠ ᠦᠵᠡᠯ ᠰᠠᠨᠠᠭ᠎ᠠ ᠢ᠋ᠢ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠢᠯᠠᠭᠠᠵᠤ᠂ ᠢᠮᠠᠭ᠍ᠲᠠ ᠴᠢᠩᠭ᠎ᠠ ᠦᠨᠳᠦᠰᠦᠨ ᠬᠦᠭ ᠠᠶᠠᠰ ᠢ᠋ ᠴᠢᠪᠬᠠᠳᠠᠵᠤ᠂ ᠰᠤᠷᠲᠠᠯ ᠢ᠋ ᠲᠥᠪ ᠪᠣᠯᠭᠠᠨ ᠰᠠᠬᠢᠯᠭ᠎ᠠ ᠪᠠᠲᠤ ᠢ᠋ᠢ ᠴᠢᠩᠳᠠᠯᠠᠵᠤ ᠢᠯᠵᠢᠷᠡᠯ ᠢ᠋ ᠡᠰᠡᠷᠭᠦᠴᠡᠬᠦ᠌ ᠢ᠋ᠢ ᠠᠭᠤᠰᠤᠯᠴᠠᠭᠤᠯᠵᠤ᠂《ᠪᠠᠢᠴᠠᠭᠠᠬᠤ》᠎ᠪᠡᠷ ᠰᠤᠷᠲᠠᠯ ᠢᠯᠵᠢᠷᠡᠯ ᠢ᠋ ᠰᠣᠯᠪᠢᠴᠠᠭᠤᠯᠤᠭ᠍ᠰᠠᠨ ᠠᠰᠠᠭᠤᠳᠠᠯ ᠢ᠋ ᠴᠢᠩᠭ᠎ᠠ ᠱᠢᠢᠳᠭᠡᠵᠦ᠍᠂《ᠵᠠᠰᠠᠬᠤ》 ᠪᠡᠷ ᠰᠤᠷᠲᠠᠯ ᠢᠯᠵᠢᠷᠡᠯ ᠤ᠋ᠨ ᠨᠡᠢᠲᠡᠯᠢᠭ ᠴᠢᠨᠠᠷ ᠤ᠋ᠨ ᠦᠨᠳᠦᠰᠦ ᠰᠤᠷᠪᠤᠯᠵᠢ ᠢ᠋ᠢ ᠠᠷᠢᠯᠭᠠᠵᠤ᠂《ᠪᠠᠢᠴᠠᠭᠠᠬᠤ》᠂ 《ᠵᠠᠰᠠᠬᠤ》 ᠪᠡᠷ ᠢᠯᠵᠢᠷᠡᠯ ᠤ᠋ᠨ ᠬᠤᠪᠢᠷᠠᠯᠲᠠ ᠢ᠋ᠢ ᠵᠤᠭᠰᠤᠭᠠᠵᠤ᠂ ᠨᠠᠮ ᠤ᠋ᠨ ᠭᠡᠱᠢᠭᠦᠨ ᠺᠠᠳ᠋ᠷᠴᠤᠳ ᠤ᠋ᠨ ᠤᠬᠠᠮᠰᠠᠷ᠎ᠠᠴᠠ᠎ᠪᠠᠨ ᠲᠦᠷᠢᠮ ᠲᠣᠭ᠍ᠲᠠᠭᠠᠯ ᠢ᠋ ᠵᠢᠷᠤᠮᠯᠠᠨ ᠰᠠᠬᠢᠯᠭ᠎ᠠ ᠪᠠᠲᠤ ᠢ᠋ᠢ ᠰᠠᠬᠢᠵᠤ᠂ ᠵᠣᠷᠢᠭ᠍ᠲᠠᠢ ᠪᠡᠷ ᠠᠵᠢᠯ ᠬᠢᠵᠦ᠍ ᠦᠢᠯᠡᠰ ᠪᠤᠰᠭᠠᠬᠤ ᠢ᠋ᠢ ᠠᠬᠢᠭᠤᠯᠬᠤ ᠬᠡᠷᠡᠭ᠌ᠲᠡᠢ᠃
《ᠪᠠᠢᠩᠭᠤ》 ᠬᠢᠭᠡᠳ《ᠣᠷᠳᠣ》ᠳᠡᠭᠡᠷ᠎ᠡ ᠬᠦᠴᠦ᠍ ᠣᠷᠣᠭᠤᠯᠵᠤ᠂ ᠰᠤᠷᠤᠯᠴᠠᠯᠭ᠎ᠠ ᠬᠥᠮᠦᠵᠢᠯ ᠢ᠋ ᠪᠠᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠪᠣᠯᠭᠠᠬᠤ ᠬᠡᠷᠡᠭ᠌ᠲᠡᠶ᠃ ᠣᠨᠳᠣᠣ ᠨᠣᠭᠣᠭ᠎ᠠ ᠲᠤᠬᠢᠷᠠᠭᠤᠯᠬᠤ ᠦᠭᠡᠢ᠂ ᠭᠠᠷ ᠤᠲᠠᠰᠤ ᠪᠡᠷ ᠬᠣᠶᠠᠷ ᠬᠡᠮᠵᠢᠯᠳᠦ ᠺᠣᠳ᠋ ᠢ᠋ ᠱᠢᠷᠪᠢᠨᠠ ᠁ ᠵᠢᠶᠠᠩᠰᠢ ᠳ᠋ᠤ᠂ 《ᠵᠢᠶᠠᠩᠰᠢ ᠢ᠋ᠢᠨ ᠬᠣᠭᠣᠯᠠᠨ ᠤ᠋ ᠺᠣᠳ᠋》 ᠤ᠋ᠨ ᠲᠠᠪᠴᠠᠩ ᠢ᠋ ᠳᠡᠯᠭᠡᠷᠡᠭᠦᠯᠦᠨ ᠬᠡᠷᠡᠭ᠌ᠯᠡᠭ᠌ᠰᠡᠨ ᠨᠢ ᠮᠤᠵᠢ ᠬᠣᠲᠠ ᠱᠢᠶᠠᠨ ᠱᠢᠶᠠᠩ ᠲᠦᠷᠪᠡᠨ ᠱᠠᠲᠤᠨ ᠤ᠋ 5291 ᠪᠠᠢᠭᠤᠯᠭ᠎ᠠ ᠢ᠋ᠢᠨ ᠬᠣᠭᠣᠯᠠᠨ ᠭᠡᠷ ᠤ᠋ᠨ ᠣᠨᠳᠣᠣ ᠭᠠᠵᠠᠷ᠎ᠲᠤ ᠬᠣᠭᠣᠯᠠ ᠢᠳᠡᠵᠤ ᠵᠣᠭᠣᠰ ᠥᠭ᠌ᠬᠦ ᠵᠢᠴᠢ ᠳ᠋ᠦᠩᠨᠡᠨ ᠪᠤᠳᠤᠬᠤ ᠲᠤᠬᠠᠢᠯᠠᠭ᠍ᠰᠠᠨ ᠠᠵᠢᠯ ᠢ᠋ ᠨᠡᠪᠲᠡᠷᠡᠭᠦᠯᠵᠦ᠍᠂ ᠪᠦᠬᠦ᠌ ᠮᠤᠵᠢ ᠢ᠋ᠢᠨ ᠠᠯᠪᠠᠨ ᠶᠠᠪᠤᠳᠠᠯ ᠢ᠋ᠢᠡᠷ ᠬᠣᠭᠣᠯᠠ ᠢᠳᠡᠬᠦ᠌ ᠳ᠋ᠤ 《ᠨᠢᠭᠡ ᠺᠣᠳ᠋ ᠢ᠋ ᠨᠡᠢᠳᠡᠮ ᠬᠡᠷᠡᠭ᠌ᠯᠡᠬᠦ᠌᠂ ᠨᠢᠭᠡ ᠰᠦᠯᠵᠢᠢ᠎ᠡ ᠢ᠋ᠢ ᠨᠡᠢᠳᠡᠮ ᠪᠦᠷᠬᠦᠬᠦᠯᠬᠦ᠌᠂ ᠨᠢᠭᠡ ᠴᠤᠭ᠍ᠴᠠᠵᠢᠭᠤᠯᠤᠨ ᠬᠢᠨᠠᠨ ᠬᠠᠮᠢᠶᠠᠷᠬᠤ》 ᠵᠢ ᠦᠨᠳᠦᠰᠦᠨ ᠳ᠋ᠡᠭᠡᠨ ᠪᠡᠶᠡᠯᠡᠭᠦᠯᠵᠦ᠍᠂ ᠦᠨᠳᠦᠰᠦᠨ ᠱᠠᠲᠤᠨ ᠤ᠋ ᠳᠠᠷᠤᠭᠠᠰᠤ ᠢ᠋ᠢ ᠪᠦᠲᠦᠮᠵᠢᠲᠡᠢ ᠬᠥᠩᠭᠡᠷᠡᠭᠦᠯᠵᠡᠢ᠃
《ᠣᠲᠣ ᠺᠣᠳ᠋ ᠱᠢᠷᠪᠢᠵᠦ᠍ ᠬᠣᠭᠣᠯᠠ ᠢᠳᠡᠬᠦ᠌ ᠳ᠋ᠤ ᠥᠪᠡᠷ ᠥᠪᠡᠷ ᠤ᠋ᠨ ᠬᠢ ᠪᠡᠨ ᠪᠤᠳᠤᠵᠤ᠂ ᠲᠤᠡᠭ ᠲᠥᠬᠥᠮ ᠪᠤᠯᠵᠠᠢ》᠂ ᠦᠨᠳᠦᠰᠦᠨ ᠱᠠᠲᠤᠨ ᠤ᠋ ᠺᠠᠳ᠋ᠷᠴᠤᠳ ᠤ᠋ᠨ ᠰᠡᠳᠭᠢᠯ ᠤ᠋ᠨ ᠲᠠᠭᠤᠨ ᠪᠣᠯ ᠥᠭᠡᠷᠡᠴᠢᠯᠡᠯᠲᠡ ᠢ᠋ᠢᠨ ᠦᠷ᠎ᠡ ᠪᠦᠲᠦᠮᠵᠢ ᠢ᠋ᠢᠨ ᠬᠠᠮᠤᠭ ᠤ᠋ᠨ ᠱᠢᠭᠤᠳ ᠢᠯᠡᠷᠡᠯ ᠮᠥᠨ᠃
ᠰᠤᠷᠤᠯᠴᠠᠯᠭ᠎ᠠ ᠬᠥᠮᠦᠵᠢᠯ ᠢ᠋ ᠥᠷᠨᠢᠭᠦᠯᠦᠭ᠌ᠰᠡᠨ᠎ᠡᠴᠡ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠢ᠋ᠢᠨ ᠬᠢᠨ《ᠣᠳᠣᠬᠠᠨ ᠳ᠋ᠤ ᠰᠠᠢᠵᠢᠷᠠᠭᠤᠯᠬᠤ》 ᠪᠠ 《ᠤᠷᠳᠤ ᠬᠤᠭᠤᠴᠠᠭ᠎ᠠ ᠪᠡᠷ ᠲᠣᠭ᠍ᠲᠠᠭᠠᠬᠤ》 ᠵᠢ ᠬᠠᠷᠢᠯᠴᠠᠨ ᠤᠶᠠᠯᠳᠤᠭᠤᠯᠵᠤ᠂ ᠲᠥᠪ ᠤ᠋ᠨ ᠨᠠᠢ᠍ᠮᠠᠨ ᠲᠣᠭ᠍ᠲᠠᠭᠠᠯ ᠤ᠋ᠨ ᠵᠣᠷᠢᠭ ᠰᠠᠨᠠᠭ᠎ᠠ ᠢ᠋ᠢ ᠵᠥᠷᠢᠴᠡᠭ᠌ᠰᠡᠨ ᠳᠤᠪᠤᠢ᠌ᠮ᠎ᠠ ᠠᠰᠠᠭᠤᠳᠠᠯ ᠳ᠋ᠤ ᠴᠢᠭ᠌ᠯᠡᠭᠦᠯᠦᠨ᠂ ᠳᠦᠷᠢᠮ ᠤ᠋ᠨ ᠳᠤᠲᠠᠭᠤᠳᠠᠯ ᠢ᠋ ᠨᠥᠬᠥᠪᠥᠷᠢᠯᠡᠵᠦ᠍᠂ ᠡᠷᠬᠡ ᠢ᠋ᠢᠨ ᠬᠢᠵᠠᠭᠠᠷᠯᠠᠯ ᠪᠠ ᠬᠢᠨᠠᠯᠲᠠ ᠢ᠋ᠢ ᠴᠢᠩᠭᠠᠳᠭᠠᠵᠤ᠂ ᠡᠷᠬᠡ ᠢ᠋ᠢᠨ ᠠᠵᠢᠯᠯᠠᠭᠠᠨ ᠢ᠋ ᠤᠯᠠᠮ ᠵᠢᠷᠤᠮᠵᠢᠭᠤᠯᠪᠠ᠃
ᠱᠢᠨ᠎ᠡ ᠠᠶᠠᠨ ᠳ᠋ᠤ ᠮᠣᠷᠳᠠᠬᠤᠶ᠎ᠠ᠂ ᠡᠷᠬᠡᠪᠰᠢ ᠰᠤᠷᠲᠠᠯ ᠤ᠋ᠨ ᠪᠠᠢᠭᠤᠯᠤᠯᠲᠠ ᠢ᠋ᠢᠨ ᠪᠠᠢ᠌ᠩᠭᠤᠵᠢᠬ᠍ᠰᠠᠠ ᠤᠷᠳᠤ ᠬᠤᠭᠤᠴᠠᠭᠠᠨ ᠤ᠋ ᠪᠦᠲᠦᠮᠵᠢᠲᠡᠢ ᠲᠦᠷᠢᠮ ᠲᠣᠭ᠍ᠲᠠᠴᠠ ᠢ᠋ᠢ ᠴᠢᠨᠠᠭ᠍ᠰᠢᠳᠠ ᠲᠡᠭᠦᠯᠳᠡᠷᠵᠢᠭᠦᠯᠵᠦ᠍᠂ ᠰᠤᠷᠲᠠᠯ ᠤ᠋ᠨ ᠪᠠᠢᠭᠤᠯᠤᠯᠲᠠ ᠢ᠋ᠢᠨ ᠵᠠᠰᠠᠯᠲᠠ ᠢ᠋ᠢᠨ ᠦᠷ᠎ᠡ ᠪᠦᠲᠦᠮᠵᠢ ᠢ᠋ᠢ ᠳᠡᠭᠡᠭ᠌ᠰᠢᠯᠡᠭᠦᠯᠵᠦ᠍᠂ ᠨᠠᠮᠴᠢ ᠴᠢᠨᠠᠷ᠂ ᠨᠠᠮ ᠤ᠋ᠨ ᠰᠤᠷᠲᠠᠯ ᠨᠠᠮ ᠤ᠋ᠨ ᠰᠠᠬᠢᠯᠭ᠎ᠠ ᠪᠠᠲᠤ ᠢ᠋ᠢ ᠵᠡᠷᠭᠡ ᠪᠡᠷ ᠠᠳᠭᠤᠬᠤ ᠢ᠋ᠢ ᠪᠠᠷᠢᠮᠲᠠᠯᠠᠵᠤ᠂ 《ᠲᠦᠷᠪᠡᠨ ᠰᠤᠷᠲᠠᠯ》 ᠢ᠋ ᠵᠠᠯᠠᠷᠠᠭᠤᠯᠬᠤ ᠱᠢᠨ᠎ᠡ ᠰᠤᠷᠲᠠᠯ ᠢ᠋ ᠪᠤᠢ ᠪᠣᠯᠭᠠᠬᠤ ᠢ᠋ᠢ ᠵᠡᠷᠭᠡ ᠪᠡᠷ ᠠᠳᠬᠤᠵᠤ᠂ ᠦᠨᠡᠨ ᠢ᠋ ᠪᠠᠷᠢᠮᠲᠠᠯᠠᠵᠤ ᠪᠣᠳᠠᠲᠠᠢ ᠢ᠋ᠢ ᠡᠷᠬᠢᠮᠯᠡᠭ᠌ᠰᠡᠨ᠂ ᠲᠥᠪ ᠭᠣᠣᠯᠴᠢ ᠠᠷᠢᠭᠤᠨ ᠴᠢᠬᠡᠴᠢ ᠱᠢᠨ᠎ᠡ ᠰᠤᠷᠲᠠᠯ ᠲᠥᠪ ᠰᠤᠷᠲᠠᠯ ᠢ᠋ ᠲᠠᠰᠤᠷᠠᠯᠳᠠ ᠦᠭᠡᠢ ᠲᠡᠭᠦᠯᠳᠡᠷᠵᠢᠭᠦᠯᠬᠦ᠌ ᠬᠡᠷᠡᠭ᠌ᠲᠡᠢ᠃
《ᠠᠵᠢᠯᠯᠠᠬᠤ》 ᠵᠢ ᠲᠡᠷᠢᠭᠦᠨ ᠳ᠋ᠤ ᠲᠠᠯᠪᠢᠬᠤ ᠢ᠋ᠢ ᠪᠠᠷᠢᠮᠲᠠᠯᠠᠵᠤ᠂ ᠥᠷᠭᠡᠨ ᠤᠯᠠᠨ ᠨᠠᠮ ᠤ᠋ᠨ ᠭᠡᠱᠢᠭᠦᠨ ᠺᠠᠳ᠋ᠷ ᠢ᠋ ᠬᠥᠮᠦᠵᠢᠭᠦᠯᠦᠨ ᠬᠦᠳᠦᠯᠥᠨ ᠳᠠᠭᠠᠭᠤᠯᠵᠤ ᠳᠤᠮᠳᠠᠳᠤ ᠤᠯᠤᠰ ᠤ᠋ᠨ ᠮᠠᠶᠢᠭ᠎ᠤᠨ ᠣᠳᠣᠬᠢᠴᠢᠯᠠᠯᠲᠠ ᠢ᠋ᠢᠨ ᠪᠦᠳᠦᠭᠡᠨ ᠪᠠᠢᠭᠤᠯᠤᠯᠲᠠ ᠳᠤᠮᠳᠠ ᠵᠣᠷᠢᠭ᠍ᠲᠠᠢ ᠪᠡᠷ ᠬᠠᠷᠢᠭᠤᠴᠠᠯᠭ᠎ᠠ ᠡᠭᠦᠷᠭᠡᠯᠡᠭᠦᠯᠪᠡ᠃ ᠨᠠᠮ ᠤ᠋ᠨ ᠭᠡᠱᠢᠭᠦᠨ ᠤ᠋ ᠭᠠᠪᠱᠢᠭᠠᠢ ᠠᠩᠭᠢ ᠢ᠋ᠢ ᠵᠣᠬᠢᠶᠠᠨ ᠪᠠᠢᠭᠤᠯᠵᠤ᠂ ᠡᠳᠦᠷ ᠰᠥᠨᠢ ᠡᠭᠡᠯᠵᠢᠯᠡᠨ ᠰᠠᠬᠢᠵᠤ ᠴᠠᠭ᠍ᠳᠠᠨ ᠪᠠᠢᠴᠠᠭᠠᠪᠠ; ᠰᠥᠨᠢ ᠢ᠋ᠢᠨ ᠪᠣᠷᠣᠭᠠᠨ ᠳ᠋ᠤ ᠳᠠᠯᠳᠠ ᠭᠡᠮ ᠢ᠋ ᠪᠠᠢᠴᠠᠭᠠᠵᠤ᠂ ᠣᠯᠠᠨ ᠲᠦᠮᠡᠨ ᠢ᠋ ᠱᠢᠯᠵᠢᠭᠦᠯᠪᠡ; ᠰᠡᠷᠭᠦᠭᠡᠨ ᠳᠠᠬᠢᠨ ᠪᠠᠢᠭᠤᠯᠬᠤ ᠠᠵᠢᠯ ᠢ᠋ ᠪᠥᠬᠥ᠌ ᠬᠦᠴᠦᠨ ᠢ᠋ᠢᠡᠷ ᠢ᠋ᠢᠡᠨ ᠥᠷᠨᠢᠭᠦᠯᠵᠦ᠍᠂ ᠣᠯᠠᠨ ᠲᠦᠮᠡᠨ ᠤ᠋ ᠦᠨᠳᠦᠰᠦᠨ ᠠᠮᠢᠳᠤᠷᠠᠯ ᠢ᠋ ᠪᠠᠲᠤᠯᠠᠪᠠ ᠁
ᠡᠨᠡ ᠵᠢᠯ ᠦᠶᠡᠷ ᠤ᠋ᠨ ᠬᠤᠭᠤᠴᠠᠭᠠᠨ ᠳ᠋ᠤ ᠤᠷᠤᠭ᠍ᠰᠠᠨ᠎ᠠᠴᠠ ᠨᠠᠭᠠᠰᠢ᠂ ᠮᠠᠨ ᠤ᠋ ᠤᠯᠤᠰ ᠤ᠋ᠨ ᠣᠯᠠᠨ ᠭᠠᠵᠠᠷ᠎ᠲᠤ ᠦᠷᠭᠦᠯᠵᠢᠯᠡᠭ᠌ᠰᠡᠨ ᠴᠢᠨᠠᠷᠲᠠᠶ ᠱᠢᠷᠦᠭᠦᠨ ᠪᠣᠷᠣᠭᠠᠨ ᠣᠷᠣᠵᠤ᠂ ᠠᠷᠠᠳ ᠣᠯᠠᠨ ᠤ᠋ ᠠᠮᠤᠷ ᠲᠦᠪᠱᠢᠨ ᠬᠦᠨᠳᠦ ᠨᠣᠴᠢᠲᠠᠶ ᠰᠦᠷᠳᠡᠭᠦᠯᠦᠯ ᠳ᠋ᠤ ᠤᠴᠠᠷᠠᠪᠠ᠃ ᠳᠣᠭ᠍ᠰᠢᠨ ᠱᠢᠷᠦᠭᠦᠨ ᠦᠶᠡᠷ ᠤ᠋ᠨ ᠭᠠᠮᠱᠢᠭ ᠤ᠋ᠨ ᠡᠮᠦᠨ᠎ᠡ ᠨᠠᠮ ᠤ᠋ᠨ ᠭᠡᠱᠢᠭᠦᠨ ᠺᠠᠳ᠋ᠷᠴᠤᠳ ᠢᠳᠡᠪᠬᠢᠳᠠᠢ ᠬᠦᠳᠡᠯᠤᠯᠴᠠᠨ ᠦᠶᠡᠷ ᠡᠴᠡ ᠰᠡᠷᠭᠡᠢᠯᠡᠬᠦ ᠠᠵᠢᠯᠯᠠᠭ᠎ᠠ᠎ᠳᠤ ᠢᠳᠡᠪᠬᠢᠳᠠᠢ ᠤᠷᠤᠯᠴᠠᠵᠤ᠂ ᠠᠷᠠᠳ ᠲᠦᠮᠡᠨ ᠤ᠋ ᠠᠮᠢ ᠨᠠᠰᠤ ᠪᠠ ᠡᠳ᠋ ᠬᠥᠷᠥᠩᠭᠡ ᠢ᠋ᠢᠨ ᠠᠮᠤᠷ ᠲᠦᠪᠱᠢᠨ ᠢ᠋ ᠬᠠᠮᠠᠭᠠᠯᠠᠬᠤ ᠢ᠋ᠢᠨ ᠲᠥᠯᠥᠭᠡ ᠴᠡᠭᠡᠵᠢ ᠳᠦᠷᠢᠨ ᠤᠷᠤᠭ᠍ᠰᠢᠯᠠᠵᠤ᠂ ᠡᠳᠦᠷ ᠰᠥᠨᠢ ᠥᠬᠡᠶ ᠶᠠᠭᠠᠷᠠᠯᠲᠠᠶ ᠠᠵᠢᠯᠯᠠᠵᠠᠭᠠᠪᠠ᠃
ᠨᠢᠭᠡ ᠨᠠᠮ ᠤ᠋ᠨ ᠡᠭᠦᠷ ᠪᠣᠯ ᠨᠢᠭᠡ ᠪᠡᠬᠢᠯᠡᠯᠲᠡ ᠮᠥᠨ᠂ ᠨᠢᠭᠡ ᠨᠠᠮ ᠤ᠋ᠨ ᠭᠡᠱᠢᠭᠦᠨ ᠪᠣᠯ ᠨᠢᠭᠡ ᠲᠤᠬ ᠲᠡᠮᠳᠡᠭ ᠮᠥᠨ᠃ ᠰᠤᠷᠤᠯᠴᠠᠯᠭ᠎ᠠ ᠬᠥᠮᠦᠵᠢᠯ ᠤ᠋ᠨ ᠳᠤᠮᠳᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠢ᠋ᠢᠨ ᠬᠢᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠤ᠋ᠨ ᠠᠰᠠᠭᠤᠳᠠᠯ ᠢ᠋ ᠴᠡᠭ᠌ᠴᠡᠯᠡᠨ ᠵᠠᠰᠠᠬᠤ ᠢ᠋ᠢ ᠲᠤᠪᠤᠢ᠌ᠮ᠎ᠠ ᠪᠠᠢᠷᠢᠨ ᠳ᠋ᠤ ᠲᠠᠯᠪᠢᠵᠤ᠂ ᠨᠠᠮ ᠤ᠋ᠨ ᠭᠡᠱᠢᠭᠦᠨ ᠺᠠᠳ᠋ᠷᠴᠤᠳ ᠤ᠋ᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠂ ᠠᠵᠢᠯ ᠬᠢᠵᠦ᠍ ᠦᠢᠯᠡᠰ ᠪᠤᠰᠭᠠᠬᠤ ᠡᠷᠴᠢ ᠵᠤᠷᠢᠭ᠎ᠢ ᠬᠦᠪᠴᠢᠯᠠᠵᠤ᠂ ᠰᠤᠷᠤᠯᠴᠠᠯᠭ᠎ᠠ ᠬᠥᠮᠦᠵᠢᠯ ᠤ᠋ᠨ ᠦᠷ᠎ᠡ ᠪᠦᠲᠦᠭᠡᠯ ᠢ᠋ ᠴᠢᠨᠠᠷ ᠰᠠᠢᠲᠠᠢ ᠬᠥᠭ᠌ᠵᠢᠯᠲᠡ ᠢ᠋ᠢ ᠠᠬᠢᠭᠤᠯᠬᠤ᠂ ᠦᠨᠳᠦᠰᠦᠨ ᠱᠠᠲᠤᠨ ᠤ᠋ ᠵᠠᠰᠠᠯᠲᠠ ᠢ᠋ᠢ ᠴᠢᠩᠭᠠᠳᠭᠠᠬᠤ᠂ ᠪᠠᠴᠢᠮ ᠬᠦᠴᠢᠷ ᠠᠶᠤᠯᠲᠠᠢ ᠬᠦᠨᠳᠦ ᠡᠭᠦᠷᠭᠡ ᠢ᠋ᠢ ᠪᠡᠶᠡᠯᠡᠭᠦᠯᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠪᠠ᠃
ᠡᠨᠡ ᠵᠢᠯ ᠤ᠋ᠨ 10 ᠰᠠᠷ᠎ᠠ ᠳ᠋ᠤ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠳᠥᠷᠪᠡᠳᠦᠭᠡᠷ ᠪᠦᠭᠦᠳᠡ ᠬᠤᠷᠠᠯ ᠪᠡᠭᠡᠵᠢᠩ ᠳ᠋ᠤ ᠬᠤᠷᠠᠯᠳᠤᠵᠤ᠂ ᠤᠯᠤᠰ ᠠᠷᠠᠳ ᠤ᠋ᠨ ᠠᠵᠤ ᠠᠬᠤᠢ ᠪᠠ ᠨᠡᠢᠭᠡᠮ ᠤ᠋ᠨ ᠬᠥᠭ᠌ᠵᠢᠯᠲᠡ ᠢ᠋ᠢᠨ ᠠᠷᠪᠠᠨ ᠲᠠᠪᠤᠳᠤᠭᠠᠷ ᠲᠠᠪᠤᠨ ᠵᠢᠯ ᠤ᠋ᠨ ᠲᠥᠯᠥᠪᠵᠢᠭᠦᠯᠭᠡ ᠢ᠋ᠢ ᠲᠣᠭ᠍ᠲᠠᠭᠠᠬᠤ ᠲᠤᠬᠠᠢ ᠰᠠᠨᠠᠭᠤᠯᠭ᠎ᠠ ᠢ᠋ᠢ ᠰᠤᠳᠤᠯᠬᠤ ᠪᠣᠯᠤᠨ᠎ᠠ᠃
ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠳᠣᠲᠣᠭᠠᠳᠤ ᠭᠠᠳᠠᠭᠠᠳᠤ ᠣᠷᠴᠢᠨ ᠨᠥᠬᠥᠴᠡᠯ᠂ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭ᠌ᠵᠢᠯᠲᠡ ᠢ᠋ᠢᠨ ᠡᠭᠦᠷᠭᠡ ᠢ᠋ᠢᠨ ᠡᠮᠦᠨ᠎ᠡ᠂ ᠨᠠᠮ ᠤ᠋ᠨ ᠭᠡᠱᠢᠭᠦᠨ ᠺᠠᠳ᠋ᠷᠴᠤᠳ ᠤ᠋ᠨ ᠱᠢᠯᠢᠳᠡᠭ ᠰᠤᠷᠲᠠᠯ᠂ ᠴᠤᠭ ᠪᠠᠳᠠᠷᠠᠩᠭᠤᠢ ᠤᠶᠤᠨ ᠰᠠᠨᠠᠭᠠᠨ ᠤ᠋ ᠪᠠᠢᠳᠠᠯ ᠪᠣᠯ ᠬᠦᠴᠢᠷ ᠢ᠋ ᠲᠤᠭᠤᠯᠤᠨ ᠪᠡᠷᠬᠡ ᠢ᠋ᠢ ᠳᠠᠪᠠᠬᠤ ᠴᠢᠬᠤᠯᠠ ᠪᠠᠲᠤᠯᠠᠭ᠎ᠠ ᠮᠥᠨ᠃
ᠱᠢᠨ᠎ᠡ ᠠᠶᠠᠨ᠎ᠳᠤ ᠮᠣᠷᠳᠠᠬᠤᠶ᠎ᠠ᠂ ᠰᠢ ᠵᠢᠨ ᠫᠢᠩ ᠨᠥᠬᠥᠷ ᠢ᠋ᠢᠡᠷ ᠭᠣᠣᠯ ᠪᠣᠯᠭᠠᠭ᠍ᠰᠠᠨ ᠨᠠᠮ ᠤ᠋ᠨ ᠲᠥᠪ ᠬᠣᠷᠢᠶᠠᠨ ᠤ᠋ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠣᠭ᠍ᠲᠠᠯ ᠬᠦᠴᠦᠨ ᠢ᠋ᠢᠡᠨ ᠪᠠᠲᠤᠯᠠᠵᠤ᠂ ᠴᠢᠩᠭ᠎ᠠ ᠬᠠᠮᠢᠶᠠᠷᠤᠨ ᠴᠢᠩᠭ᠎ᠠ ᠵᠠᠰᠠᠵᠤ᠂ ᠲᠥᠪ ᠤ᠋ᠨ ᠨᠠᠢ᠍ᠮᠠᠨ ᠲᠣᠭ᠍ᠲᠠᠭᠠᠯ ᠤ᠋ᠨ ᠵᠣᠷᠢᠭ ᠰᠠᠨᠠᠭ᠎ᠠ ᠢ᠋ᠢ ᠴᠥᠬᠥᠷᠡᠰᠢ ᠦᠭᠡᠢ ᠨᠠᠢᠳᠠᠪᠤᠷᠢᠵᠢᠭᠤᠯᠵᠤ᠂ ᠲᠤᠢᠯᠪᠤᠷᠢᠲᠠᠢ ᠥᠪᠡᠷ ᠤ᠋ᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ ᠪᠡᠷ ᠰᠤᠷᠲᠠᠯ ᠤ᠋ᠨ ᠪᠠᠢᠭᠤᠯᠤᠯᠲᠠ ᠢ᠋ᠢ ᠭᠦᠨᠵᠡᠭᠡᠢᠷᠡᠭᠦᠯᠪᠡᠯ ᠱᠢᠨ᠎ᠡ ᠴᠠᠭ ᠦᠶ᠎ᠡ ᠢ᠋ᠢᠨ ᠳᠤᠮᠳᠠᠳᠤ ᠤᠯᠤᠰ ᠤ᠋ᠨ ᠡᠪ ᠬᠠᠮᠲᠤᠴᠤᠳ ᠯᠠᠪᠲᠠᠢ 《ᠳᠤᠮᠳᠠᠳᠤ ᠤᠯᠤᠰ ᠨᠡᠷᠡᠮᠵᠢᠲᠦ》 ᠲᠤᠮᠤ ᠬᠥᠯᠭᠡ ᠣᠩᠭᠣᠴᠠ ᠢ᠋ᠢ ᠳᠠᠭᠠᠭᠤᠯᠤᠨ ᠦᠷᠭᠦᠯᠵᠢᠯᠡᠨ ᠰᠠᠯᠬᠢ ᠳᠠᠪᠠᠯᠭᠠᠨ ᠢ᠋ ᠰᠦᠷᠦᠨ ᠤᠷᠤᠭ᠍ᠰᠢᠯᠠᠵᠤ᠂ ᠳᠠᠷᠪᠠᠭᠤᠯ ᠬᠡᠢᠰᠭᠡᠨ ᠬᠤᠯᠠ ᠠᠶᠠᠯᠠᠬᠤ ᠪᠣᠯᠤᠨ᠎ᠠ!
(ᠱᠢᠨᠬᠤᠸᠠ ᠬᠣᠷᠢᠶ᠎ᠠ ᠵᠢᠨ ᠪᠡᠭᠡᠵᠢᠩ ᠤ᠋ᠨ 8 ᠰᠠᠷ᠎ᠠ ᠢ᠋ᠢᠨ 29 ᠤ᠋ ᠴᠠᠬᠢᠯᠭᠠᠨ ᠮᠡᠳᠡᠭᠡ )