— ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠡᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠲᠡᠢᠨ᠎ᠤ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢᠨ ᠲᠠᠱᠢᠷᠠᠮ᠎ᠳᠤ
(ᠨᠢᠭᠡ)
ᠲᠡᠷᠢᠭᠦᠯᠡᠭ᠌ᠴᠢ ᠰᠢ ᠵᠢᠨ ᠫᠢᠩ᠄ 《ᠲᠡᠦᠬᠡ᠎ᠶ᠋ᠢ ᠪᠠᠲᠤ ᠴᠡᠭᠡᠵᠢᠯᠡᠬᠦ᠌ ᠨᠢ ᠥᠱᠢᠢᠡ ᠬᠣᠷᠣᠰᠤᠯᠢ ᠦᠷᠭᠦᠯᠵᠢᠯᠡᠭᠦᠯᠬᠦ᠌᠎ᠶ᠋ᠢᠨ ᠲᠥᠯᠥᠭᠡ ᠪᠢᠰᠢ᠂ ᠬᠠᠷᠢᠨ ᠢᠷᠡᠭᠡᠳᠦᠢ᠎ᠶ᠋ᠢ ᠨᠡᠩ ᠰᠠᠢ᠌ᠨ᠎ᠢᠶᠠᠷ ᠡᠭᠦᠳᠦᠨ ᠨᠡᠭᠡᠭᠡᠬᠦ᠌᠎ᠶ᠋ᠢᠨ ᠲᠥᠯᠥᠭᠡ ᠶᠤᠮ》 ᠭᠡᠵᠦ ᠵᠢᠭᠠᠵᠤ ᠭᠠᠷᠭᠠᠪᠠ᠃
2025 ᠣᠨ᠎ᠤ 9 ᠰᠠᠷ᠎ᠠ᠎ᠶ᠋ᠢᠨ 3᠎ᠤ᠋ ᠡᠳᠦᠷ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠡᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠲᠡᠢᠨ᠎ᠤ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠪᠡᠭᠡᠵᠢᠩ᠎ᠦᠨ ᠲᠢᠶᠠᠨ ᠠᠨ ᠮᠸᠨ ᠠᠭᠤᠳᠠᠮ ᠲᠠᠯᠠᠪᠠᠶ᠎ᠳᠤ ᠦᠪᠡᠳᠡᠭ᠌ᠰᠢ ᠶᠡᠬᠡᠪᠡᠷ ᠶᠠᠪᠤᠭ᠍ᠳᠠᠬᠤ ᠪᠣᠯᠤᠨ᠎ᠠ᠃ ᠲᠡᠦᠬᠡ᠎ᠶ᠋ᠢ ᠬᠠᠮᠲᠤ᠎ᠪᠠᠷ ᠪᠠᠲᠤ ᠴᠡᠭᠡᠵᠢᠯᠡᠬᠦ᠌ ᠨᠢ ᠶᠠᠭ ᠡᠬᠡ ᠤᠯᠤᠰ᠎ᠢᠶᠡᠨ ᠬᠠᠢᠷᠠᠯᠠᠬᠤ ᠦᠵᠡᠯ᠎ᠦᠨ ᠠᠭᠤᠤ ᠶᠡᠬᠡ ᠵᠣᠷᠢᠭ ᠰᠠᠨᠠᠭ᠎ᠠ᠂ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠡᠭᠦᠨ᠎ᠦ ᠳᠤᠮᠳᠠ᠎ᠡᠴᠡ ᠢᠷᠡᠭᠡᠳᠦᠢ᠎ᠶ᠋ᠢ ᠡᠭᠦᠳᠦᠨ ᠨᠡᠭᠡᠭᠡᠬᠦ᠌ ᠤᠶᠤᠨ ᠤᠬᠠᠭᠠᠨ ᠪᠠ ᠬᠦᠴᠦᠨ ᠴᠢᠳᠠᠯ᠎ᠢ ᠱᠢᠩᠭᠡᠭᠡᠨ ᠠᠪᠬᠤ ᠶᠠᠪᠤᠳᠠᠯ ᠪᠣᠯᠤᠨ᠎ᠠ᠃
ᠲᠡᠦᠬᠡ ᠪᠣᠯ ᠤᠯᠤᠰ ᠪᠠ ᠬᠥᠮᠦᠨ ᠲᠥᠷᠥᠯᠬᠢᠲᠡᠨ᠎ᠦ ᠨᠠᠮᠲᠠᠷ ᠮᠥᠨ᠂ ᠨᠡᠩ ᠴᠤ᠌ ᠬᠠᠮᠤᠭ᠎ᠤᠨ ᠰᠠᠢ᠌ᠨ ᠰᠤᠷᠬᠤ ᠪᠢᠴᠢᠭ ᠮᠥᠨ᠃
1945 ᠣᠨ᠎ᠤ 9 ᠰᠠᠷ᠎ᠠ᠎ᠶ᠋ᠢᠨ 2 ᠤ᠋ᠨ ᠡᠳᠦᠷ᠂ ᠳᠤᠮᠳᠠᠳᠤ ᠤᠯᠤᠰ ᠵᠡᠷᠭᠡ ᠪᠠᠭᠤᠵᠤ ᠥᠭ᠌ᠭᠦ ᠵᠢ ᠬᠦᠯᠢᠶᠠᠨ ᠠᠪᠬᠤ 9 ᠤᠯᠤᠰ᠎ᠤᠨ ᠲᠥᠯᠥᠭᠡᠯᠡᠭ᠌ᠴᠢ᠎ᠶ᠋ᠢᠨ ᠠᠩᠬᠠᠷᠤᠯ ᠳᠣᠣᠷ᠎ᠠ᠂ ᠶᠠᠫᠣᠨ᠎ᠤ ᠲᠥᠯᠥᠭᠡᠯᠡᠭ᠌ᠴᠢ ᠪᠠᠭᠤᠵᠤ ᠥᠭ᠌ᠬᠦ ᠪᠢᠴᠢᠭ ᠳᠡᠭᠡᠷ᠎ᠡ ᠭᠠᠷᠤᠨ ᠦᠰᠦᠭ ᠵᠢᠷᠤᠪᠠ᠃ 9 ᠰᠠᠷ᠎ᠠ᠎ᠶ᠋ᠢᠨ 3᠎ᠤ᠋ ᠡᠳᠦᠷ᠎ᠢ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢᠨ᠎ᠦ ᠢᠯᠠᠯᠲᠠ᠎ᠶ᠋ᠢᠨ ᠳᠤᠷᠠᠰᠭᠠᠯ᠎ᠤᠨ ᠡᠳᠦᠷ᠎ᠢᠶᠡᠷ ᠲᠤᠭᠲᠠᠭᠠᠵᠤ᠂ ᠪᠠᠰᠠ ᠴᠤ᠌ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ᠎ᠦ ᠢᠯᠠᠯᠲᠠ᠎ᠶ᠋ᠢᠨ ᠳᠤᠷᠠᠰᠭᠠᠯ᠎ᠤᠨ ᠡᠳᠦᠷ ᠪᠤᠯᠤᠨ᠎ᠠ᠃
ᠡᠨᠡ ᠬᠦ᠌ ᠴᠠᠭ ᠮᠥᠴᠡ ᠵᠢᠨ ᠲᠦᠯᠦᠭᠡ᠂ ᠳᠤᠮᠳᠠᠳᠤ ᠤᠯᠤᠰ᠎ᠤᠨ ᠠᠷᠠᠳ ᠲᠦᠮᠡᠨ 3500 ᠲᠦᠮᠡ ᠭᠠᠷᠤᠢ ᠬᠥᠮᠦᠨ ᠦᠬᠦᠵᠦ᠍ ᠱᠢᠷᠬᠠᠲᠤᠭ᠍ᠰᠠᠨ ᠦᠨᠳᠦᠰᠦᠲᠡᠨ᠎ᠦ ᠯᠤᠲᠤ ᠶᠡᠬᠡ ᠦᠷᠡᠭ᠌ᠳᠡᠯ᠎ᠢᠶᠡᠷ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢ᠌ᠨ᠎ᠦ ᠳᠣᠷᠣᠨᠠᠳᠠᠬᠢᠨ᠎ᠤ ᠭᠣᠣᠯ ᠳᠠᠢ᠌ᠨ᠎ᠦ ᠲᠠᠯᠠᠪᠤᠷ᠎ᠢ ᠲᠤᠯᠭᠠᠭᠤᠷᠢᠯᠠᠵᠤ᠂ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢ᠌ᠨ᠎ᠦ ᠢᠯᠠᠯᠲᠠ ᠵᠢ ᠤᠯᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠵᠦ᠍ ᠂ ᠬᠥᠮᠦᠨ ᠲᠥᠷᠥᠯᠬᠢᠲᠡᠨ᠎ᠦ ᠱᠢᠳᠤᠷᠭᠤ ᠶᠣᠰᠣ ᠪᠣᠯᠤᠨ ᠡᠩᠬᠡ ᠲᠠᠢᠪᠤᠩ᠎ᠤ᠋ᠨ ᠠᠭᠤᠤ ᠶᠡᠬᠡ ᠦᠢᠯᠡᠰ᠎ᠢ ᠬᠠᠮᠠᠭᠠᠯᠠᠵᠤ᠂ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢ᠌ᠨ᠎ᠦ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ ᠪᠠᠢᠨ᠎ᠠ᠃
ᠠᠮᠢ ᠨᠠᠰᠤ᠎ᠪᠠᠷ᠎ᠢᠶᠠᠨ ᠠᠮᠢ ᠨᠠᠰᠤ᠎ᠵᠢ ᠬᠠᠮᠠᠭᠠᠯᠠᠵᠤ᠂ ᠢᠲᠡᠭᠡᠯ ᠪᠢᠱᠢᠷᠡᠯᠢᠶᠡᠷᠢᠶᠡᠨ ᠢᠲᠡᠭᠡᠯ ᠪᠢᠱᠢᠷᠡᠯ᠎ᠢ ᠬᠦᠭᠵᠢᠭᠡᠪᠡ᠃ ᠳᠤᠮᠳᠠᠳᠤ ᠤᠯᠤᠰ᠎ᠤᠨ ᠠᠷᠠᠳ ᠲᠦᠮᠡᠨ ᠳᠡᠯᠡᠬᠡᠢ᠎ᠶ᠋ᠢᠨ ᠠᠷᠠᠳ ᠲᠦᠮᠡᠨ᠎ᠲᠡᠶ ᠲᠠᠢ᠌ᠨ᠎ᠦ ᠭᠠᠯ ᠳᠤᠮᠳᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠭᠦᠨ ᠵᠤᠵᠠᠭᠠᠨ ᠨᠥᠬᠥᠷᠯᠡᠯ᠎ᠢ ᠳᠠᠪᠲᠠᠨ ᠪᠣᠯᠪᠠᠰᠤᠷᠠᠭᠤᠯᠵᠤ᠂ ᠳᠡᠯᠡᠬᠡᠢ ᠳ᠋ᠠᠬᠢᠨ᠎ᠤ ᠱᠢᠳᠤᠷᠭᠤ ᠶᠣᠰᠣ᠎ᠶ᠋ᠢ ᠡᠷᠬᠢᠮᠯᠡᠬᠦ᠌᠂ ᠡᠩᠬᠡ ᠲᠠᠢᠪᠤᠩ᠎ᠢ ᠡᠷᠬᠢᠮᠯᠡᠬᠦ᠌ ᠠᠷᠠᠳ ᠲᠦᠮᠡᠨ᠎ᠦ ᠬᠦᠨᠳᠦᠳᠭᠡᠯ᠎ᠢ ᠣᠯᠵᠤ᠂ ᠳᠤᠮᠳᠠᠳᠤ ᠤᠯᠤᠰ᠎ᠤᠨ ᠳᠡᠯᠡᠬᠡᠢ ᠳᠡᠭᠡᠷᠡᠬᠢ ᠲᠤᠮᠤ ᠤᠯᠤᠰ᠎ᠤᠨ ᠪᠠᠢᠷᠢ ᠰᠠᠭᠤᠷᠢ᠎ᠶ᠋ᠢ ᠲᠠᠬᠢᠨ ᠲᠣᠭ᠍ᠲᠠᠭᠠᠭ᠍ᠰᠠᠨ ᠪᠠᠢᠨ᠎ᠠ᠃
ᠡᠨᠡ ᠬᠦ᠌ ᠴᠠᠭ ᠮᠥᠴᠡ ᠵᠢᠨ ᠲᠦᠯᠦᠭᠡ᠂ ᠳᠤᠮᠳᠠᠳᠤ ᠤᠯᠤᠰ᠎ᠤᠨ ᠠᠷᠠᠳ ᠲᠦᠮᠡᠨ 14 ᠵᠢᠯ᠎ᠦᠨ ᠨᠤᠭᠤᠷᠠᠰᠢ ᠦᠭᠡᠢ ᠲᠡᠮᠡᠴᠡᠯ᠎ᠢ ᠥᠩᠭᠡᠷᠡᠭᠡᠵᠦ᠍᠂ ᠲᠤᠢᠯ᠎ᠤᠨ ᠬᠠᠷᠭᠢᠰ ᠬᠡᠷᠴᠡᠭᠡᠢ ᠶᠠᠫᠣᠨ᠎ᠤ ᠴᠡᠷᠢᠭ᠌ᠯᠡᠬᠦ᠌ ᠦᠵᠡᠯ᠎ᠦᠨ ᠲᠦᠷᠢᠮᠡᠬᠡᠢᠯᠡᠭ᠌ᠴᠢᠳ᠎ᠢ ᠲᠤᠢᠯᠪᠤᠷᠢᠲᠠᠢ ᠢᠯᠠᠵᠤ᠂ ᠤᠷᠴᠢᠨ ᠦᠶ᠎ᠡ᠎ᠡᠴᠡ ᠨᠠᠭᠠᠱᠢᠬᠢ ᠭᠠᠳᠠᠭᠠᠳᠤ᠎ᠶ᠋ᠢᠨ ᠲᠦᠷᠢᠮᠡᠬᠡᠢᠯᠡᠯ᠎ᠢ ᠡᠰᠡᠷᠭᠦᠴᠡᠭᠡᠳ ᠤᠳᠠᠭ᠎ᠠ ᠳᠠᠷᠠᠭᠠᠯᠠᠨ ᠢᠯᠠᠭ᠍ᠳᠠᠭ᠍ᠰᠠᠨ ᠦᠨᠳᠦᠰᠦᠲᠡᠨ᠎ᠦ ᠢᠴᠢᠭᠦᠷᠢ ᠭᠤᠲᠤᠮᠱᠢᠭ᠎ᠢ ᠲᠤᠢᠯᠪᠤᠷᠢᠲᠠᠢ ᠠᠷᠢᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ 5000 ᠭᠠᠷᠤᠢ ᠵᠢᠯ᠎ᠦᠨ ᠬᠥᠭ᠌ᠵᠢᠯᠲᠡ᠎ᠶ᠋ᠢᠨ ᠪᠣᠯᠪᠠᠰᠤᠨ᠎ᠤ ᠦᠷ᠎ᠡ ᠪᠦᠲᠦᠭᠡᠯ᠎ᠢ ᠬᠠᠮᠠᠭᠠᠯᠠᠪᠠ᠃
ᠠᠭᠤᠯᠠ ᠤᠰᠤᠨ᠎ᠤ ᠦᠨᠴᠦᠭ ᠪᠤᠯᠤᠩ ᠪᠦᠬᠦᠨ ᠳ᠋ᠦ ᠴᠢᠰᠤ ᠤᠷᠤᠰᠬᠠᠨ ᠪᠠᠢᠯᠳᠤᠭᠰᠠᠨ ᠲᠡᠮᠡᠴᠡᠯ ᠪᠠᠢᠵᠤ᠂ ᠬᠠᠯᠠᠭᠤᠨ ᠬᠥᠷᠥᠰᠥ᠍ᠨᠳᠤ ᠪᠠᠭᠠᠲᠤᠷᠴᠤᠳ᠎ᠤᠨ ᠠᠷᠢᠭᠤᠨ ᠰᠦᠨᠡᠰᠦ ᠦᠨᠢᠳᠡ ᠤᠷᠤᠰᠢᠨ᠎ᠡ᠃ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ ᠲᠩᠷᠢ ᠭᠠᠵᠠᠷ᠎ᠢ ᠳᠣᠩᠰᠣᠯᠭᠠᠮ᠎ᠠ᠂ ᠴᠢᠳᠬᠥᠷ ᠰᠠᠬᠢᠭᠤᠯᠰᠤᠨ᠎ᠢ ᠤᠶᠠᠷᠠᠭᠤᠯᠤᠮ᠎ᠠ ᠰᠦᠷ ᠵᠢᠪᠬᠤᠯᠠᠩᠲᠤ ᠲᠤᠤᠯᠢᠰ᠎ᠢ ᠬᠠᠮᠲᠤ᠎ᠪᠠᠷ ᠪᠢᠴᠢᠭ᠌ᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠤᠷᠴᠢᠨ ᠦᠶ᠎ᠡ᠎ᠡᠴᠡ ᠨᠠᠭᠠᠱᠢᠬᠢ ᠬᠦᠨᠳᠦ ᠨᠣᠴᠢᠲᠠᠢ ᠬᠢᠮᠤᠷᠠᠯ᠎ᠳᠤ ᠲᠤᠯᠭᠠᠷᠠᠭᠰᠠᠨ᠎ᠡᠴᠡ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠭ᠍ᠰᠠᠨ ᠲᠡᠦᠬᠡ᠎ᠶ᠋ᠢᠨ ᠡᠷᠭᠢᠯᠲᠡ᠎ᠶ᠋ᠢ ᠪᠡᠶᠡᠯᠡᠭᠦᠯᠵᠦ᠍᠂ ᠡᠷᠲᠡᠨ᠎ᠦ ᠳᠤᠮᠳᠠᠳᠤ ᠤᠯᠤᠰ᠎ᠤᠨ ᠲᠠᠬᠢᠨ ᠠᠮᠢᠯᠠᠭᠰᠠᠨ ᠲᠡᠦᠬᠡ᠎ᠶ᠋ᠢᠨ ᠱᠢᠨ᠎ᠡ ᠠᠶᠠᠨ᠎ᠢ ᠡᠬᠢᠯᠡᠭᠦᠯᠦᠭ᠌ᠰᠡᠨ ᠪᠠᠢᠨ᠎ᠠ᠃
ᠳᠤᠮᠳᠠᠳᠤ ᠤᠯᠤᠰ ᠶᠠᠭᠠᠬᠢᠭᠠᠳ ᠣᠷᠴᠢᠨ ᠦᠶ᠎ᠡ᠎ᠡᠴᠡ ᠨᠠᠭᠠᠱᠢᠬᠢ ᠭᠠᠳᠠᠭᠠᠳᠤ᠎ᠶ᠋ᠢᠨ ᠳᠠᠢᠰᠤᠨ᠎ᠤ ᠲᠦᠷᠢᠮᠡᠬᠡᠢᠯᠡᠯ᠎ᠢ ᠡᠰᠡᠷᠭᠦᠴᠡᠭ᠌ᠰᠡᠨ ᠠᠩᠬᠠᠳᠠᠭ᠍ᠴᠢ ᠪᠦᠷᠢᠨ ᠢᠯᠠᠯᠲᠠ᠎ᠶ᠋ᠢ ᠣᠯᠵᠤ ᠴᠢᠳᠠᠭ᠍ᠰᠠᠨ ᠪᠤᠢ?
ᠶᠠᠭᠠᠬᠢᠭᠠᠳ 《ᠰᠢᠳᠤᠷᠭᠤ ᠶᠣᠰᠣ ᠯᠠᠪᠲᠠᠢ ᠢᠯᠠᠨ᠎ᠠ! ᠡᠩᠬᠡ ᠲᠠᠢᠪᠤᠩ ᠯᠠᠪᠲᠠᠶ ᠢᠯᠠᠨ᠎ᠠ! ᠠᠷᠠᠳ ᠲᠦᠮᠡᠨ ᠯᠠᠪᠲᠠᠶ ᠢᠯᠠᠨ᠎ᠠ!》 ᠭᠡᠳᠡᠭ ᠨᠢ ᠲᠡᠦᠬᠡ᠎ᠡᠴᠡ ᠵᠠᠷᠯᠠᠭᠰᠠᠨ ᠠᠭᠤᠤ ᠶᠡᠬᠡ ᠦᠨᠡᠨ ᠶᠣᠰᠣ ᠮᠥᠨ ᠪᠤᠢ?
ᠢᠯᠠᠯᠲᠠ᠎ᠡᠴᠡ ᠱᠢᠨ᠎ᠡ ᠢᠯᠠᠯᠲᠠ᠎ᠳᠤ ᠬᠦᠷᠬᠦ᠌᠎ᠳᠦ᠂ ᠲᠡᠦᠬᠡ ᠵᠢᠨ ᠲᠤᠮᠳᠠ ᠭᠦᠨ ᠭᠦᠨᠵᠡᠭᠡᠢ ᠬᠠᠷᠢᠭᠤᠯᠲᠠ ᠪᠤᠢ᠃
(ᠬᠣᠶᠠᠷ)
ᠳᠤᠮᠳᠠᠳᠤ ᠤᠯᠤᠰ ᠲᠤᠬᠠᠢ᠎ᠶ᠋ᠢᠨ ᠦᠶ᠎ᠡ᠎ᠳᠤ ᠪᠣᠯ ᠨᠢᠭᠡᠨ ᠶᠠᠳᠠᠭᠤ ᠪᠠᠭᠤᠷᠠᠢ ᠤᠯᠤᠰ ᠪᠠᠢᠭ᠍ᠰᠠᠨ ᠶᠤᠮ᠂ ᠶᠠᠭᠠᠬᠢᠭᠠᠤᠨ ᠨᠢᠭᠡ ᠦᠶᠡᠪᠦᠬᠦᠨᠢ ᠤᠢᠰᠢᠶᠠᠬᠤ ᠦᠭᠡᠢ ᠰᠠᠭᠰᠠᠭᠤᠷᠠᠵᠤ ᠪᠠᠢᠭᠰᠠᠨ ᠶᠠᠫᠣᠨ᠎ᠤ ᠴᠡᠷᠢᠭ᠌ᠯᠡᠬᠦ᠌ ᠦᠵᠡᠯ᠎ᠢ ᠢᠯᠠᠵᠤ᠂ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠢᠯᠠᠯᠲᠠ᠎ᠶ᠋ᠢ ᠲᠡᠮᠡᠴᠡᠨ ᠣᠯᠵᠤ ᠴᠢᠳᠠᠭᠰᠠᠨ ᠪᠤᠢ? ᠲᠣᠭ᠎ᠠ ᠲᠣᠮᠰᠢ ᠦᠭᠡᠢ ᠬᠥᠮᠦᠨ ᠲᠡᠦᠬᠡ᠎ᠡᠴᠡ ᠢᠩᠭᠢᠵᠦ᠍ ᠠᠰᠠᠭᠤᠨ᠎ᠠ᠃
《ᠳᠤᠮᠳᠠᠳᠤ ᠤᠯᠤᠰ᠎ᠤᠨ ᠡᠪ ᠬᠠᠮᠲᠤᠴᠤᠳ ᠶᠠᠫᠣᠨ᠎ᠢ ᠡᠰᠡᠷᠭᠦᠴᠡᠬᠦ᠌ ᠳᠠᠢ᠌ᠨ᠎ᠦ ᠬᠠᠮᠤᠭ᠎ᠤᠨ ᠡᠮᠦᠨ᠎ᠡ ᠹᠷᠣᠨᠲ᠎ᠲᠤ ᠡᠷᠡᠯᠬᠡᠭ ᠪᠠᠭᠠᠲᠤᠷᠯᠢᠭ᠎ᠢᠶᠠᠷ ᠪᠠᠢᠯᠳᠤᠵᠤ᠂ ᠳᠤᠮᠳᠠᠳᠤ᠎ᠶ᠋ᠢᠨ ᠦᠨᠳᠦᠰᠦᠲᠡᠨ᠎ᠦ ᠤᠯᠤᠰ ᠣᠷᠣᠨ᠎ᠢᠶᠠᠨ ᠮᠥᠬᠥᠯ᠎ᠡᠴᠡ ᠠᠪᠤᠷᠠᠬᠤ ᠬᠦᠰᠡᠯ ᠡᠷᠡᠮᠡᠯᠵᠡᠯ᠎ᠢ ᠲᠤᠯᠭᠠᠭᠤᠷᠢᠯᠠᠵᠤ᠂ ᠪᠦᠬᠦ᠌ ᠦᠨᠳᠦᠰᠦᠲᠡᠨ᠎ᠦ ᠶᠠᠫᠣᠨ᠎ᠢ ᠡᠰᠡᠷᠭᠦᠴᠡᠬᠦ᠌ ᠳᠠᠢ᠌ᠨ᠎ᠦ ᠭᠣᠣᠯ ᠲᠤᠯᠭᠠᠭᠤᠷᠢ ᠪᠣᠯᠪᠠ!》 ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠥᠭᠦᠯᠡᠯᠲᠡ ᠪᠣᠯ ᠪᠢᠳᠠᠨᠦ ᠤᠷᠴᠢᠨ ᠦᠶ᠎ᠡ᠎ᠡᠴᠡ ᠨᠠᠭᠠᠱᠢᠬᠢ ᠳᠤᠮᠳᠠᠳᠤ ᠤᠯᠤᠰ᠎ᠤᠨ ᠲᠡᠦᠬᠡ᠎ᠶ᠋ᠢ ᠡᠵᠡᠮᠳᠡᠬᠦ᠌ ᠵᠦᠭ᠌ᠯᠡᠭᠦᠷ ᠮᠥᠨ᠃
1840 ᠣᠨ᠎ᠤ ᠬᠠᠷ᠎ᠠ ᠲᠠᠮᠠᠬᠢ᠎ᠶ᠋ᠢᠨ ᠲᠠᠢ᠌ᠨ᠎ᠦ ᠲᠠᠷᠠᠭ᠎ᠠ᠂ ᠤᠯᠤᠰ ᠣᠷᠣᠨ ᠭᠤᠲᠤᠭᠠᠯ ᠲᠤᠷᠤᠮᠵᠢᠯᠠᠯ᠎ᠳᠤ ᠤᠴᠠᠷᠠᠵᠤ᠂ ᠠᠷᠠᠳ ᠲᠦᠮᠡᠨ ᠭᠠᠢ ᠵᠣᠪᠠᠯᠠᠩ ᠠᠮᠰᠠᠵᠤ᠂ ᠪᠣᠯᠪᠠᠰᠤᠨ ᠴᠤ᠌ ᠰᠠᠯᠬᠢ ᠲᠣᠭᠣᠰᠣᠨ᠎ᠳᠤ ᠳᠠᠷᠤᠭ᠍ᠳᠠᠵᠤ᠂ ᠳᠤᠮᠳᠠᠳᠤ᠎ᠶ᠋ᠢᠨ ᠦᠨᠳᠦᠰᠦᠲᠡᠨ ᠤᠷᠢᠳ ᠡᠮᠦᠨ᠎ᠡ ᠭᠠᠷᠤᠭ᠎ᠠ ᠦᠭᠡᠢ ᠭᠠᠢ ᠵᠣᠪᠠᠯᠠᠩ᠎ᠳᠤ ᠤᠴᠠᠷᠠᠪᠠ᠃ ᠲᠠᠶ ᠫᠢᠩ ᠲᠢᠶᠠᠨ ᠭᠦᠸᠧ᠎ᠶ᠋ᠢᠨ ᠬᠥᠳᠡᠯᠭᠡᠭᠡᠨ᠎ᠡᠴᠡ ᠴᠠᠭᠠᠭ᠍ᠴᠢᠨ ᠭᠠᠬᠠᠶ ᠵᠢᠯ᠎ᠦᠨ ᠬᠤᠪᠢᠰᠭᠠᠯ ᠬᠦᠷᠲᠡᠯ᠎ᠡ᠂ ᠬᠡᠴᠢᠨᠡᠨ ᠤᠳᠠᠭ᠎ᠠ ᠰᠦᠪᠡᠭ᠌ᠴᠢᠯᠡᠵᠦ᠍᠂ ᠬᠡᠴᠢᠨᠡᠨ ᠤᠳᠠᠭ᠎ᠠ ᠵᠤᠷᠢᠭᠰᠠᠨ ᠵᠤᠷᠢᠭ ᠵᠠᠭᠤᠷᠮᠠᠭ ᠪᠤᠯᠤᠭᠰᠠᠨ ᠪᠤᠢ! ᠳᠤᠮᠳᠠᠳᠤ ᠤᠯᠤᠰ᠎ᠲᠤ ᠡᠪ ᠬᠠᠮᠲᠤ ᠨᠠᠮ ᠪᠤᠢ ᠪᠣᠯᠪᠠ᠂ ᠡᠨᠡ ᠪᠣᠯ ᠭᠠᠯᠪᠠ ᠶᠢᠷᠲᠢᠨᠴᠦ ᠵᠢ ᠪᠦᠲᠦᠭᠡᠭᠰᠡᠨ ᠶᠡᠬᠡ ᠬᠡᠷᠡᠭ ᠬᠤᠪᠢᠰᠤᠯ ᠮᠥᠨ᠂ ᠳᠤᠮᠳᠠᠳᠤ ᠤᠯᠤᠰ᠎ᠤᠨ ᠬᠤᠪᠢᠰᠭᠠᠯ᠎ᠤᠨ ᠳᠦᠷᠰᠦ ᠪᠠᠢᠳᠠᠯ ᠡᠭᠦᠨ᠎ᠡᠴᠡ ᠡᠬᠢᠯᠡᠨ ᠴᠣ ᠱᠢᠨ᠎ᠡ ᠪᠠᠢᠳᠠᠯ᠎ᠲᠠᠶ ᠪᠣᠯᠵᠠᠢ᠃ ᠠᠶᠠᠨ᠎ᠳᠠᠭᠠᠨ ᠪᠤᠢ ᠪᠤᠯᠤᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠂ ᠲᠤᠭᠲᠠᠭᠤᠨ ᠪᠤᠰᠤ ᠴᠠᠭ ᠦᠶ᠎ᠡ ᠵᠢ ᠬᠦᠴᠦᠯᠡᠨ ᠬᠤᠪᠢᠷᠠᠭᠤᠯᠵᠤ᠂ ᠨᠤᠷᠠᠮᠠᠷ ᠪᠠᠢᠭᠰᠠᠨ ᠲᠤᠮᠤ ᠠᠰᠠᠷ᠎ᠢ ᠲᠤᠯᠵᠤ ᠪᠤᠰᠬᠠᠭᠰᠠᠨ ᠵᠠᠩᠭᠢᠯᠠᠭ᠎ᠠ᠎ᠶ᠋ᠢᠨ ᠬᠦᠴᠦᠨ ᠪᠣᠯᠪᠠ᠃
— ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶ᠋ᠢᠨ ᠦᠨᠳᠦᠰᠦᠲᠡᠨ᠎ᠦ ᠲᠦᠱᠢᠭ ᠲᠤᠯᠭᠠᠭᠤᠷᠢ ᠮᠥᠨ᠂ ᠶᠠᠫᠣᠨ᠎ᠢ ᠡᠰᠡᠷᠭᠦᠴᠡᠬᠦ᠌ ᠳᠠᠢ᠌ᠨ᠎ᠦ ᠢᠯᠠᠯᠲᠠ᠎ᠶ᠋ᠢ ᠲᠡᠮᠡᠴᠡᠨ ᠤᠯᠤᠭᠰᠠᠨ ᠦᠨᠳᠦᠰᠦᠲᠡᠨ᠎ᠦ ᠬᠣᠱᠢᠭᠤᠴᠢ ᠮᠥᠨ᠃
《9·18》᠎ᠤ᠋ ᠬᠡᠷᠡᠭ ᠬᠤᠪᠢᠰᠤᠯ᠎ᠤᠨ ᠳᠠᠷᠠᠭᠠᠬᠢ ᠭᠤᠷᠪᠠᠳᠤᠭᠠᠷ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠢ᠎ᠠ ᠲᠤᠩᠬᠠᠭ ᠨᠡᠢᠲᠡᠯᠡᠵᠦ᠍᠂ ᠪᠦᠬᠦ᠌ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ ᠶᠠᠳᠠᠭᠤ ᠵᠦᠳᠡᠭᠦᠦ ᠠᠷᠠᠳ ᠤᠯᠠᠨ᠎ᠢ 《ᠨᠢᠭᠡᠳᠦᠯᠳᠡᠢ ᠲᠠᠢ᠌ᠴᠢᠯᠠᠨ ᠵᠡᠪᠰᠡᠭ᠌ᠯᠡᠵᠦ᠍᠂ ᠶᠠᠫᠣᠨ ᠳᠡᠭᠡᠷᠡᠮᠴᠢᠳ ᠪᠠ ᠠᠯᠢᠪᠠ ᠡᠵᠡᠷᠬᠡᠭ ᠲᠦᠷᠢᠮᠡᠭᠡᠢ᠌ᠳᠡᠨᠳᠦ ᠴᠢᠩᠭ᠎ᠠ ᠬᠠᠷᠢᠭᠤᠯᠲᠠ ᠥᠭ᠌ᠬᠦ ᠬᠡᠷᠡᠭ᠌ᠲᠡᠢ》 ᠭᠡᠵᠦ᠍ ᠤᠷᠢᠶᠠᠯᠠᠪᠠ᠃ 《9·18》᠎ᠤ᠋ ᠬᠡᠷᠡᠭ ᠬᠤᠪᠢᠰᠤᠯ ᠨᠢ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢᠨ᠎ᠦ ᠡᠬᠢᠯᠡᠯᠲᠡ ᠪᠣᠯᠤᠭ᠍ᠰᠠᠨ ᠪᠥᠭᠡᠳ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ᠎ᠦ ᠬᠥᠱᠢᠭᠡ᠎ᠶ᠋ᠢ ᠢᠷᠠᠭᠰᠡᠨ ᠪᠠᠢᠨ᠎ᠠ᠃
ᠤᠷᠳᠤ ᠵᠠᠮ᠎ᠤᠨ ᠠᠶᠠᠨ ᠲᠠᠢ᠌ᠨ᠎ᠦ ᠵᠠᠮ ᠳᠡᠭᠡᠷ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 《ᠤᠮᠠᠷᠠᠰᠢ ᠮᠣᠷᠳᠠᠨ ᠶᠠᠫᠣᠨ᠎ᠢ ᠡᠰᠡᠷᠭᠦᠴᠡᠬᠦ᠌》 ᠡᠷᠡᠰ ᠪᠠᠲᠤ ᠪᠠᠢᠯᠳᠤᠬᠤ ᠪᠤᠳᠤᠯᠭ᠎ᠠ᠎ᠶ᠋ᠢᠨ ᠴᠢᠭ᠌ᠯᠡᠯᠲᠡ᠂ 《ᠶᠠᠫᠣᠨ᠎ᠢ ᠡᠰᠡᠷᠭᠦᠴᠡᠪᠡᠯ ᠤᠷᠤᠰᠢᠨ ᠲᠤᠭᠳᠠᠨᠢᠨᠠ᠂ ᠶᠠᠫᠣᠨ᠎ᠢ ᠡᠰᠡᠷᠭᠦᠴᠡᠬᠦ᠌ ᠦᠭᠡᠢ ᠪᠣᠯ ᠲᠠᠷᠤᠢ ᠮᠦᠬᠦᠵᠦ ᠰᠦᠨᠦᠨᠠ》 ᠭᠡᠬᠦ᠌ 《ᠨᠠᠢ᠍ᠮᠠᠨ ᠰᠠᠷ᠎ᠠ᠎ᠶ᠋ᠢᠨ ᠨᠢᠭᠡᠨ᠎ᠦ ᠲᠤᠩᠬᠠᠭ》 ᠨᠢ ᠶᠠᠫᠣᠨ᠎ᠢ ᠡᠰᠡᠷᠭᠦᠴᠡᠨ ᠮᠥᠬᠥᠯ᠎ᠡᠴᠡ ᠠᠪᠤᠷᠠᠬᠤ ᠬᠥᠳᠡᠯᠭᠡᠭᠡᠨ᠎ᠦ ᠬᠥᠭ᠌ᠵᠢᠯᠲᠡ᠎ᠶ᠋ᠢ ᠬᠦᠴᠦᠲᠡᠢ ᠵᠣᠷᠢᠭ᠍ᠵᠢᠭᠤᠯᠤᠨ ᠠᠬᠢᠭᠤᠯᠤᠭᠰᠠᠨ ᠪᠠᠢᠨ᠎ᠠ᠃
《7·7》᠎ᠤ᠋ ᠬᠡᠷᠡᠭ ᠬᠤᠪᠢᠰᠤᠯ᠎ᠤᠨ ᠲᠠᠷᠠᠭᠠᠬᠢ ᠬᠤᠶᠠᠳᠤᠭᠠᠷ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠢ᠎ᠠ ᠪᠦᠬᠦ᠌ ᠤᠯᠤᠰ᠎ᠲᠤ ᠴᠠᠬᠢᠯᠭᠠᠨ ᠮᠡᠳᠡᠭᠡ ᠶᠠᠪᠤᠭᠤᠯᠵᠤ᠂ 《ᠦᠨᠳᠦᠰᠦᠲᠡᠨ᠎ᠦ ᠨᠢᠭᠡᠳᠦᠮᠡᠯ ᠹᠷᠣᠨᠲ᠎ᠤᠨ ᠪᠠᠲᠤ ᠪᠡᠬᠢ ᠤᠷᠲᠤ ᠴᠠᠭᠠᠨ ᠬᠡᠷᠡᠮ᠎ᠢ ᠪᠠᠢᠭᠤᠯᠵᠤ᠂ ᠶᠠᠫᠣᠨ ᠳᠡᠭᠡᠷᠡᠮᠴᠢᠳ᠎ᠦᠨ ᠲᠦᠷᠢᠮᠡᠬᠡᠢᠯᠡᠯ᠎ᠢ ᠡᠰᠡᠷᠭᠦᠴᠡᠲᠦᠭᠡᠢ》 ᠭᠡᠵᠦ᠍ ᠤᠷᠢᠶᠠᠯᠠᠪᠠ᠃ 《7·7》᠎ᠤ᠋ ᠬᠡᠷᠡᠭ ᠬᠤᠪᠢᠰᠤᠯ ᠨᠢ ᠳᠤᠮᠳᠠᠳᠤ ᠤᠯᠤᠰ᠎ᠤᠨ ᠪᠦᠬᠦ᠌ ᠦᠨᠳᠦᠰᠦᠲᠡᠨ᠎ᠦ ᠶᠠᠫᠣᠨ᠎ᠢ ᠡᠰᠡᠷᠭᠦᠴᠡᠬᠦ᠌ ᠳᠠᠢᠨ᠎ᠦ ᠡᠬᠢᠯᠡᠯᠲᠡ ᠪᠣᠯᠵᠤ᠂ ᠡᠭᠦᠨ ᠡᠴᠡ ᠡᠬᠢᠯᠡᠨ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ᠎ᠦ ᠳᠣᠷᠣᠨᠠᠳᠠᠬᠢᠨ᠎ᠤ ᠭᠣᠣᠯ ᠳᠠᠢᠨ᠎ᠦ ᠲᠠᠯᠠᠪᠤᠷ᠎ᠢ ᠨᠡᠭᠡᠭᠡᠭ᠌ᠰᠡᠨ ᠪᠠᠢᠨ᠎ᠠ᠃
ᠶᠠᠨ ᠮᠸᠨ ᠭᠤᠸᠠᠨ ᠪᠣᠭᠣᠮᠲᠠ᠎ᠳᠠᠬᠢ ᠪᠦᠭ᠌ᠭᠦᠨ ᠲᠠᠭᠠᠷᠢᠬᠤ ᠪᠠᠢᠯᠳᠤᠭᠠᠨ᠎ᠡᠴᠡ ᠬᠤᠸᠠᠩ ᠲᠥ ᠯᠢᠩ᠎ᠦᠨ ᠪᠠᠢᠯᠳᠤᠭᠠᠨ ᠬᠦᠷᠲᠡᠯ᠎ᠡ᠂ ᠵᠠᠭᠤᠨ ᠬᠣᠷᠢᠶ᠎ᠠ ᠵᠢᠨ ᠶᠡᠬᠡ ᠪᠠᠢᠯᠳᠤᠭᠠᠨ᠎ᠡᠴᠡ ᠴᠧ ᠴᠢᠶᠤᠤ ᠵᠢᠨ ᠳᠠᠢᠯᠠᠯᠳᠤᠭᠠᠨ ᠬᠦᠷᠲᠡᠯ᠎ᠡ᠂ ᠪᠦᠬᠦ᠌ ᠤᠯᠤᠰᠢᠶᠡᠷᠢᠶᠡᠨ ᠶᠠᠫᠣᠨ᠎ᠢ ᠡᠰᠡᠷᠭᠦᠴᠡᠬᠦ᠌ ᠳᠠᠢᠨ᠎ᠦ ᠦᠶ᠎ᠡ᠎ᠳᠦ᠂ ᠳᠠᠢᠰᠤᠨ᠎ᠲᠠᠶ ᠨᠡᠢᠲᠡ 12.5 ᠲᠦᠮᠡ ᠭᠠᠷᠤᠶ ᠤᠳᠠᠭ᠎ᠠ ᠪᠠᠢᠯᠳᠤᠵᠤ᠂ ᠶᠠᠫᠣᠨ᠎ᠤ ᠬᠠᠭᠤᠷᠮᠠᠭ ᠴᠡᠷᠢᠭ᠎ᠢ 171.4 ᠲᠦᠮᠡ ᠭᠠᠷᠤᠶ ᠰᠥᠨᠥᠭᠡᠵᠦ᠍᠂ ᠶᠠᠫᠣᠨ᠎ᠢ ᠡᠰᠡᠷᠭᠦᠴᠡᠬᠦ᠌ ᠠᠷᠠᠳᠴᠢᠯᠠᠭ᠍ᠰᠠᠨ ᠰᠠᠭᠤᠷᠢᠨ ᠭᠠᠵᠠᠷ᠎ᠢ 19 ᠪᠠᠢᠭᠤᠯᠵᠤ᠂ ᠪᠠᠷᠤᠭ 1 ᠳ᠋ᠦᠩᠱᠢᠭᠤᠷ ᠬᠥᠮᠦᠨ ᠠᠮᠠ᠎ᠶ᠋ᠢ ᠴᠢᠯᠥᠭᠡᠯᠡᠵᠡᠶ᠂ ᠳᠠᠢᠨ᠎ᠦ ᠰᠡᠭᠦᠯᠴᠢ᠎ᠶ᠋ᠢᠨ ᠬᠤᠭᠤᠴᠠᠭᠠᠨ᠎ᠳᠤ ᠳᠤᠮᠳᠠᠳᠤ ᠤᠯᠤᠰ᠎ᠢ ᠲᠦᠷᠢᠮᠡᠬᠡᠢᠯᠡᠭ᠌ᠰᠡᠨ 60% ᠱᠢᠬᠠᠮ ᠶᠠᠫᠣᠨ ᠴᠡᠷᠢᠭ ᠪᠠ 95% ᠱᠢᠬᠠᠮ ᠬᠠᠭᠤᠷᠮᠠᠭ ᠴᠡᠷᠢᠭ᠎ᠢ ᠡᠰᠡᠷᠭᠦᠴᠡᠨ ᠴᠣᠬᠢᠵᠠᠶ ᠁ ᠡᠷᠡᠯᠬᠡᠭ ᠪᠠᠭᠠᠲᠤᠷᠯᠢᠭ ᠲᠡᠮᠡᠴᠡᠯ᠎ᠦᠨ ᠳᠤᠮᠳᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠶᠠᠫᠣᠨ᠎ᠢ ᠡᠰᠡᠷᠭᠦᠴᠡᠬᠦ᠌ ᠵᠡᠪᠰᠡᠭ᠌ᠲᠦ ᠬᠦᠴᠦᠨ ᠬᠥᠭ᠌ᠵᠢᠭᠡᠳ ᠶᠠᠫᠣᠨ᠎ᠢ ᠡᠰᠡᠷᠭᠦᠴᠡᠬᠦ᠌ ᠳᠠᠢᠨ᠎ᠦ ᠲᠤᠯᠭᠠᠭᠤᠷᠢ ᠬᠦᠴᠦᠨ ᠪᠠ ᠭᠣᠣᠯ ᠬᠦᠴᠦᠨ ᠪᠣᠯᠵᠤ᠂ ᠨᠡᠭᠡᠭᠡᠭ᠌ᠰᠡᠨ ᠳᠠᠢᠰᠤᠨ᠎ᠤ ᠠᠷᠤ ᠲᠠᠯ᠎ᠠ᠎ᠶ᠋ᠢᠨ ᠳᠠᠢᠨ᠎ᠦ ᠲᠠᠯᠠᠪᠤᠷ ᠨᠢ ᠶᠠᠫᠣᠨ᠎ᠢ ᠡᠰᠡᠷᠭᠦᠴᠡᠬᠦ᠌ ᠳᠠᠢᠨ᠎ᠦ ᠭᠣᠣᠯ ᠲᠠᠯᠠᠪᠤᠷ ᠪᠣᠯᠵᠠᠢ᠃
《ᠬᠠᠮᠤᠭ᠎ᠤᠨ ᠡᠷᠡᠰ ᠪᠠᠲᠤ ᠪᠡᠷ ᠦᠨᠳᠦᠰᠦᠲᠡᠨ᠎ᠦ ᠲᠤᠰᠠᠭᠠᠷ ᠲᠣᠭ᠍ᠲᠠᠨᠢᠯ᠎ᠢ ᠬᠠᠮᠠᠭᠠᠯᠠᠵᠤ᠂ ᠬᠠᠮᠤᠭ᠎ᠤᠨ ᠡᠷᠡᠰ ᠱᠢᠭᠤᠷᠬᠠᠢ ᠪᠡᠷ ᠦᠨᠳᠦᠰᠦᠲᠡᠨ᠎ᠦ ᠠᠱᠢᠭ ᠲᠤᠰᠠ᠎ᠶ᠋ᠢ ᠬᠠᠮᠠᠭᠠᠯᠠᠵᠤ᠂ ᠬᠠᠮᠤᠭ᠎ᠤᠨ ᠡᠷᠡᠯᠬᠡᠭ ᠪᠠᠭᠠᠲᠤᠷᠯᠢᠭ᠎ᠢᠶᠡᠷ ᠭᠠᠳᠠᠭᠠᠳᠤ᠎ᠶ᠋ᠢᠨ ᠲᠦᠷᠢᠮᠡᠬᠡᠢᠯᠡᠯ᠎ᠢ ᠡᠰᠡᠷᠭᠦᠴᠡᠪᠡ》᠂ ᠳᠤᠮᠳᠠᠳᠤ ᠤᠯᠤᠰ᠎ᠤᠨ ᠡᠪ ᠬᠠᠮᠲᠤ ᠨᠠᠮ ᠨᠢ ᠶᠠᠫᠣᠨ᠎ᠢ ᠡᠰᠡᠷᠭᠦᠴᠡᠬᠦ᠌ ᠲᠠᠢ᠌ᠨ᠎ᠢ ᠪᠠᠷᠢᠮᠲᠠᠯᠠᠬᠤ ᠭᠣᠣᠯᠯᠠᠭ᠍ᠴᠢ ᠬᠦᠴᠦᠨ ᠪᠣᠯᠪᠠ; 《ᠪᠦᠬᠦ᠌ ᠦᠨᠳᠦᠰᠦᠲᠡᠨ᠎ᠦ ᠶᠠᠫᠣᠨ᠎ᠢ ᠡᠰᠡᠷᠭᠦᠴᠡᠬᠦ᠌ ᠲᠠᠢ᠌ᠨ᠂ ᠪᠦᠯᠬᠦᠮᠳᠡᠯ᠂ ᠲᠠᠪᠱᠢᠯᠳᠠ᠎ᠶ᠋ᠢ ᠪᠠᠷᠢᠮᠲᠠᠯᠠᠬᠤ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠡᠪᠰᠡᠬᠦ᠌᠂ ᠬᠠᠭᠠᠴᠡᠬᠤ᠂ ᠤᠬᠤᠷᠢᠬᠤ᠎ᠶ᠋ᠢ ᠡᠰᠡᠷᠭᠦᠴᠡᠪᠡ》᠂ ᠳᠤᠮᠳᠠᠳᠤ ᠤᠯᠤᠰ᠎ᠤᠨ ᠡᠪ ᠬᠠᠮᠲᠤ ᠨᠠᠮ ᠨᠢ ᠪᠦᠬᠦ᠌ ᠦᠨᠳᠦᠰᠦᠲᠡᠨ᠎ᠢᠶᠡᠷ᠎ᠢᠶᠡᠨ ᠪᠦᠯᠬᠦᠮᠳᠡᠨ ᠶᠠᠫᠣᠨ᠎ᠢ ᠡᠰᠡᠷᠭᠦᠴᠡᠭᠰᠡᠨ ᠭᠣᠣᠯᠯᠠᠭ᠍ᠴᠢ ᠪᠣᠯᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠨᠠᠭᠠᠴᠢᠯᠠᠨ ᠪᠠᠢᠭᠤᠯᠤᠭ᠍ᠰᠠᠨ ᠭᠣᠮᠢᠨᠳᠠᠩ ᠡᠪ ᠬᠠᠮᠲᠤ ᠨᠠᠮ ᠬᠠᠮᠲᠤᠷᠠᠨ ᠠᠵᠢᠯᠯᠠᠬᠤ᠎ᠪᠠᠷ ᠰᠠᠭᠤᠷᠢ ᠪᠣᠯᠭᠠᠭ᠍ᠰᠠᠨ ᠶᠠᠫᠣᠨ᠎ᠢ ᠡᠰᠡᠷᠭᠦᠴᠡᠬᠦ᠌ ᠦᠨᠳᠦᠰᠦᠲᠡᠨ᠎ᠦ ᠨᠢᠭᠡᠳᠦᠮᠡᠯ ᠹᠷᠣᠨᠲ᠎ᠤᠨ ᠲᠤᠭ᠎ᠤᠨ ᠳᠣᠣᠷ᠎ᠠ᠂ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠦᠨ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠭᠢᠯᠭᠡ ᠨᠢ ᠭᠠᠯᠲᠤ ᠠᠭᠤᠯᠠ ᠮᠡᠲᠦ ᠣᠷᠭᠢᠯᠵᠤ᠂ ᠬᠠᠳᠠᠨ ᠪᠠᠲᠤ ᠵᠣᠷᠢᠭ᠎ᠢᠶᠠᠷ ᠬᠦᠴᠦᠷᠬᠡᠭ ᠳᠠᠢᠰᠤᠨ᠎ᠲᠠᠶ ᠪᠠᠢᠯᠳᠤᠵᠤ᠂ ᠬᠠᠯᠠᠭᠤᠨ ᠠᠮᠢ ᠪᠦᠯᠢᠶᠡᠨ ᠴᠢᠰᠤ᠎ᠪᠠᠷ᠎ᠢᠶᠠᠨ ᠤᠷᠳᠤ ᠴᠠᠭᠠᠨ ᠬᠡᠷᠡᠮ᠎ᠢ ᠪᠤᠰᠬᠠᠵᠤ᠂ ᠡᠮᠦᠨᠡᠬᠢ ᠨᠢ ᠤᠨᠠᠪᠠᠯ ᠬᠣᠢᠨᠠᠬᠢ ᠨᠢ ᠵᠠᠯᠭᠠᠮᠵᠢᠯᠠᠨ ᠤᠯᠤᠰ᠎ᠢᠶᠡᠨ ᠠᠪᠤᠷᠠᠬᠤ ᠦᠢᠯᠡᠰ ᠲᠤ᠌ ᠤᠷᠤᠯᠴᠠᠵᠤ᠂ ᠶᠠᠫᠣᠨ᠎ᠤ ᠲᠦᠷᠢᠮᠡᠬᠡᠢᠯᠡᠯ᠎ᠢ ᠡᠰᠡᠷᠭᠦᠴᠡᠭ᠌ᠰᠡᠨ ᠰᠦᠷ ᠵᠢᠪᠬᠤᠯᠠᠩᠲᠤ ᠪᠠᠭᠠᠲᠤᠷᠯᠢᠭ ᠢᠯᠠᠯᠲᠠ᠎ᠶ᠋ᠢᠨ ᠳᠠᠭᠤᠤ᠎ᠶ᠋ᠢ ᠬᠠᠩᠭᠢᠨᠠᠭᠤᠯᠪᠠ᠃
ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ᠎ᠡᠴᠡ ᠨᠠᠭᠠᠰᠢ᠂ 《ᠳᠤᠮᠳᠠᠳᠤ ᠤᠯᠤᠰ᠎ᠤᠨ ᠠᠷᠠᠳ ᠲᠦᠮᠡᠨ ᠤᠶᠤᠨ ᠰᠠᠨᠠᠭᠠᠨ᠎ᠤ ᠲᠠᠯ᠎ᠠ᠎ᠪᠠᠷ ᠰᠠᠨᠠᠭᠠᠴᠢᠯᠠᠭ᠎ᠠ ᠦᠭᠡᠢ ᠪᠠᠢᠭ᠍ᠰᠠᠨ᠎ᠡᠴᠡ᠎ᠪᠠᠨ ᠰᠠᠨᠠᠭᠠᠴᠢᠯᠠᠭ᠎ᠠ᠎ᠲᠠᠶ ᠪᠣᠯᠪᠠ》᠃ ᠶᠠᠫᠣᠨ᠎ᠢ ᠡᠰᠡᠷᠭᠦᠴᠡᠬᠦ᠌ ᠲᠠᠢ᠌ᠨ᠎ᠦ ᠳᠤᠮᠳᠠ ᠳᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠦ ᠦᠨᠳᠦᠰᠦᠲᠡᠨ᠎ᠦ ᠲᠤᠰᠠᠭᠠᠷ ᠲᠣᠭ᠍ᠲᠠᠨᠢᠯ ᠪᠠ ᠴᠢᠯᠥᠭᠡᠯᠡᠯᠲᠡ᠎ᠪᠡᠨ ᠲᠡᠮᠡᠴᠡᠨ ᠤᠯᠬᠤ᠎ᠶ᠋ᠢᠨ ᠲᠥᠯᠥᠭᠡ ᠬᠢᠭ᠌ᠰᠡᠨ ᠲᠡᠮᠡᠴᠡᠯ ᠲᠦᠱᠢᠭ ᠲᠤᠯᠭᠠᠭᠤᠷᠢ᠎ᠲᠠᠶ ᠪᠤᠯᠵᠤ᠂ ᠦᠨᠳᠦᠰᠦᠲᠡᠨ᠎ᠦ ᠰᠡᠬᠡᠭᠡᠷᠡᠯᠲᠡ ᠪᠠ ᠦᠨᠳᠦᠰᠦᠲᠡᠨ᠎ᠦ ᠵᠣᠷᠢᠭ ᠰᠠᠨᠠᠭ᠎ᠠ ᠳᠡᠭᠡᠭ᠌ᠰᠢᠯᠡᠭᠡᠳ ᠴᠣ ᠱᠢᠨ᠎ᠡ ᠦᠨᠳᠤᠷᠴᠠ ᠳ᠋ᠦ᠍ ᠬᠦᠷᠦᠭᠰᠡᠨ ᠲᠡᠭᠡᠷ᠎ᠡ ᠢᠯᠡᠷᠡᠵᠦ᠂ ᠤᠷᠴᠢᠨ ᠦᠶ᠎ᠡ᠎ᠡᠴᠡ ᠬᠤᠢᠰᠢᠬᠢ 《ᠳᠤᠮᠳᠠᠳᠤ ᠤᠯᠤᠰ᠎ᠤᠨ ᠠᠷᠠᠳ ᠲᠦᠮᠡᠨ᠎ᠦ ᠠᠯᠢᠪᠠ ᠠᠭᠤᠤ ᠶᠡᠬᠡ ᠲᠡᠮᠡᠴᠡᠯ᠎ᠤᠨ ᠠᠯᠢ ᠨᠢᠭᠡ ᠤᠳᠠᠭ᠎ᠠ ᠨᠢ ᠴᠤ᠌ ᠲᠡᠬᠦᠨ᠎ᠢ ᠬᠦᠷᠬᠦ᠌ ᠦᠭᠡᠢ ᠶᠤᠮ》᠃
— ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠵᠢ ᠪᠠᠷᠢᠮᠲᠠᠯᠠᠵᠤ᠂ ᠶᠠᠫᠣᠨ᠎ᠢ ᠡᠰᠡᠷᠭᠦᠴᠡᠬᠦ᠌ ᠲᠠᠢ᠌ᠨ᠎ᠦ ᠢᠯᠠᠯᠲᠠ᠎ᠶ᠋ᠢ ᠲᠡᠮᠡᠴᠡᠨ ᠤᠯᠬᠤ ᠵᠥᠪ ᠴᠢᠭ᠌ᠯᠡᠯ᠎ᠢ ᠬᠦᠳᠦᠯᠥᠨ ᠳᠠᠭᠠᠭᠤᠯᠤᠭᠰᠠᠨ ᠪᠠᠢᠨ᠎ᠠ᠃
ᠣᠷᠴᠢᠨ ᠦᠶ᠎ᠡ᠎ᠶ᠋ᠢᠨ ᠳᠤᠮᠳᠠᠳᠤ ᠤᠯᠤᠰ᠎ᠤᠨ ᠲᠦᠨᠡᠷ ᠬᠠᠷᠠᠩᠭᠤᠶ ᠴᠠᠭ ᠮᠥᠴᠡ᠎ᠳᠦ᠂ ᠮᠠᠷᠺᠰ᠎ᠤᠨ ᠦᠵᠡᠯ ᠶᠠᠭ ᠰᠦᠷ ᠵᠢᠪᠬᠤᠯᠠᠩᠲᠤ ᠨᠡᠷᠡᠨ ᠮᠠᠨᠳᠤᠬᠤ ᠮᠡᠲᠦ᠍᠃ ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠎ᠶ᠋ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠵᠤ᠂ ᠦᠨᠡᠨ ᠶᠣᠰᠣᠨ᠎ᠤ ᠭᠡᠷᠡᠯ ᠭᠢᠯᠪᠠᠭ᠎ᠠ᠎ᠪᠠᠷ ᠳᠤᠮᠳᠠᠳᠤ᠎ᠶ᠋ᠢᠨ ᠪᠣᠯᠪᠠᠰᠤᠨ᠎ᠤ ᠭᠸᠨ᠎ᠢ ᠬᠥᠭ᠌ᠵᠢᠭᠡᠵᠦ᠍᠂ ᠳᠤᠮᠳᠠᠳᠤ ᠤᠯᠤᠰ᠎ᠤᠨ ᠬᠤᠪᠢᠰᠭᠠᠯ᠎ᠤᠨ ᠢᠯᠠᠯᠲᠠ᠎ᠶ᠋ᠢᠨ ᠵᠠᠮ᠎ᠢ ᠭᠡᠷᠡᠯᠲᠦᠭᠦᠯᠪᠡ᠃
《ᠵᠦᠩᠶᠤᠸᠠᠨ ᠣᠷᠣᠨ᠎ᠢ ᠪᠠᠷᠠᠯᠠᠬᠤᠶ᠎ᠠ ᠲᠠᠢᠨ᠎ᠤ ᠭᠠᠯ ᠳᠦᠷᠡᠯᠵᠡᠵᠦ᠍᠂ ᠳᠣᠭ᠍ᠰᠢᠨ ᠤᠷᠤᠰᠭᠠᠯ ᠶᠠᠨ ᠠᠨ᠎ᠳᠤ ᠴᠢᠳᠭᠤᠯᠠᠨᠠ》᠃ ᠱᠠᠨᠰᠢ᠎ᠶ᠋ᠢᠨ ᠶᠠᠨ ᠠᠨ᠎ᠳᠤ᠂ ᠹᠸᠩ ᠬᠤᠸᠠᠩ ᠱᠠᠨ ᠠᠭᠤᠯᠠᠨ᠎ᠤ ᠬᠣᠷᠮᠣᠢ᠎ᠳᠤ᠂ ᠨᠢᠭᠡ ᠮᠥᠷ ᠨᠦᠬᠡᠨ ᠭᠡᠷ᠂ ᠨᠢᠭᠡ ᠲᠠᠰᠤᠯᠭ᠎ᠠ ᠵᠢᠵᠢᠭ ᠪᠠᠢᠱᠢᠩ᠂ ᠨᠢᠭᠡ ᠱᠢᠷᠡᠭᠡ ᠨᠢ ᠲᠡᠦᠬᠡ᠎ᠶ᠋ᠢ ᠭᠡᠷᠡᠴᠢᠯᠡᠵᠦ᠍ ᠪᠤᠢ᠃
ᠳᠥᠭᠥᠮ ᠪᠦᠳᠦᠭᠦᠯᠢᠭ ᠨᠦᠬᠡᠨ ᠭᠡᠷ᠎ᠲᠦ᠂ ᠮᠠᠤ ᠽᠸ ᠳ᠋ᠦᠩ ᠨᠥᠬᠥᠷ 《ᠤᠳᠠᠭᠠᠨ ᠳᠠᠭᠠᠭᠠᠮᠠᠭᠠᠢ ᠲᠠᠢ᠌ᠨ᠎ᠦ ᠲᠤᠬᠠᠢ ᠥᠭᠦᠯᠡᠬᠦ᠌ ᠨᠢ》 ᠭᠡᠬᠦ᠌ ᠠᠯᠳᠠᠷᠲᠤ ᠵᠣᠬᠢᠶᠠᠯ᠎ᠢ ᠪᠢᠴᠢᠵᠦ᠍᠂ ᠶᠠᠫᠣᠨ᠎ᠢ ᠡᠰᠡᠷᠭᠦᠴᠡᠬᠦ᠌ ᠲᠠᠢ᠌ᠨ ᠨᠢ ᠪᠠᠢᠯᠳᠤᠬᠤ ᠪᠤᠳᠤᠯᠭ᠎ᠠ᠎ᠶ᠋ᠢᠨ ᠰᠡᠷᠭᠡᠢᠯᠡᠯᠲᠡ᠂ ᠪᠠᠢᠯᠳᠤᠬᠤ ᠪᠤᠳᠤᠯᠭ᠎ᠠ᠎ᠶ᠋ᠢᠨ ᠲᠡᠩᠴᠡᠯᠳᠦᠯ᠂ ᠪᠠᠢᠯᠳᠤᠬᠤ ᠪᠤᠳᠤᠯᠭ᠎ᠠ᠎ᠶ᠋ᠢᠨ ᠬᠡᠳᠡᠷᠬᠦ᠌ ᠲᠠᠭᠠᠷᠢᠯᠳᠠ ᠵᠡᠷᠭᠡ ᠭᠤᠷᠪᠠᠨ ᠱᠠᠳᠤ᠎ᠶ᠋ᠢ ᠥᠩᠭᠡᠷᠡᠭᠡᠬᠦ᠌ᠶ᠋ᠢ ᠱᠢᠨᠵᠢᠯᠡᠬᠦ᠌ ᠤᠬᠠᠭᠠᠨᠴᠢ᠎ᠪᠠᠷ ᠤᠷᠢᠳᠴᠢᠯᠠᠨ ᠮᠡᠳᠡᠵᠦ᠂ ᠡᠴᠦᠰ᠎ᠦᠨ ᠢᠯᠠᠯᠲᠠ ᠨᠢ ᠳᠤᠮᠳᠠᠳᠤ ᠤᠯᠤᠰ᠎ᠤᠨ ᠬᠢ ᠪᠣᠯᠤᠨ᠎ᠠ ᠭᠡᠵᠦ᠍ ᠲᠣᠳᠣᠷᠬᠠᠢ ᠵᠢᠭᠠᠨ ᠭᠠᠷᠭᠠᠵᠤ᠂ ᠥᠷ ᠴᠠᠢᠬᠤ ᠡᠴᠡ ᠡᠮᠦᠨᠡᠬᠢ ᠦᠨᠡᠬᠡᠨ ᠬᠠᠷᠠᠩᠭᠤᠢ᠎ᠶ᠋ᠢ ᠡᠪᠳᠡᠪᠡ᠃
ᠶᠠᠫᠣᠨ᠎ᠤ ᠲᠠᠯ᠎ᠠ᠎ᠶ᠋ᠢᠨ ᠲᠡᠦᠬᠡᠨ ᠮᠠᠲ᠋ᠧᠷᠢᠶᠠᠯ᠎ᠳᠤ ᠢᠯᠡᠷᠡᠭᠦᠯᠦᠭ᠌ᠰᠡᠨ᠎ᠢᠶᠡᠷ᠂ ᠲᠤᠬᠠᠶ᠎ᠶ᠋ᠢᠨ ᠵᠢᠯ᠎ᠳᠦ ᠳᠤᠮᠳᠠᠳᠤ ᠤᠯᠤᠰ᠎ᠢ ᠲᠦᠷᠢᠮᠡᠬᠡᠢᠯᠡᠭ᠌ᠰᠡᠨ ᠶᠠᠫᠣᠨ ᠴᠡᠷᠢᠭ᠎ᠦᠨ ᠵᠠᠳᠠᠯᠤᠭ᠍ᠰᠠᠨ᠎ᠢᠶᠠᠷ᠂ 《ᠳᠤᠮᠳᠠᠳᠤ ᠤᠯᠤᠰ᠎ᠤᠨ ᠦᠵᠡᠯ ᠰᠠᠨᠠᠭᠠᠨ᠎ᠤ ᠳᠠᠢᠨ᠎ᠢ ᠤᠳᠤᠷᠢᠳᠭᠤ ᠭᠣᠣᠯ ᠴᠣᠭ᠍ᠴᠠ ᠪᠣᠯ ᠡᠪ ᠬᠠᠮᠲᠤ ᠨᠠᠮ ᠮᠥᠨ》᠂ 《ᠡᠪ ᠬᠠᠮᠲᠤ ᠨᠠᠮ (ᠴᠡᠷᠢᠭ) ᠤᠷᠠᠨ ᠳᠡᠮᠲᠡᠶᠪᠡᠷ ᠠᠷᠠᠳ ᠣᠯᠠᠨ᠎ᠢ ᠲᠠᠲᠠᠨ ᠠᠪᠴᠤ᠌᠂ ᠨᠡᠩ ᠴᠤ᠌ ᠶᠠᠫᠣᠨ ᠴᠡᠷᠢᠭ᠎ᠲᠦ ᠦᠵᠡᠯ ᠰᠠᠨᠠᠭᠠᠨ᠎ᠤ ᠨᠤᠷᠠᠭᠠᠯᠳᠠ ᠵᠢᠨ ᠠᠵᠢᠯ᠎ᠢ ᠲᠠᠰᠤᠷᠠᠯᠲᠠ ᠦᠭᠡᠶ ᠬᠢᠵᠦ᠍ ᠪᠠᠢᠭ᠎ᠠ ᠨᠢ ᠢᠷᠡᠭᠡᠳᠦᠶ᠎ᠳᠦ ᠦᠨᠡᠬᠡᠷ ᠰᠠᠨᠠᠭᠠᠱᠢᠷᠠᠭᠤᠱᠢᠲᠠᠶ ᠶᠠᠪᠤᠳᠠᠯ ᠪᠣᠯᠤᠨ᠎ᠠ》 ᠭᠡᠵᠦ ᠦᠵᠡᠪᠡ ᠁
《ᠶᠠᠫᠣᠨ᠎ᠢ ᠡᠰᠡᠷᠭᠦᠴᠡᠬᠦ᠌ ᠫᠠᠷᠲ᠋ᠢᠽᠠᠨ ᠳᠠᠢ᠌ᠨ᠎ᠦ ᠪᠠᠢᠯᠳᠤᠬᠤ ᠪᠤᠳᠤᠯᠭ᠎ᠠ᠎ᠶ᠋ᠢᠨ ᠠᠰᠠᠭᠤᠳᠠᠯ》᠎ᠢ᠋ ᠨᠡᠢᠲᠡᠯᠡᠭ᠌ᠰᠡᠨ᠎ᠡᠴᠡ ᠠᠪᠤᠭᠠᠳ 《ᠳᠠᠢ᠌ᠨ᠎ᠦ ᠠᠭᠤᠤ ᠶᠡᠬᠡ ᠬᠦᠴᠦᠨ᠎ᠦ ᠬᠠᠮᠤᠭ᠎ᠤᠨ ᠭᠦᠨ ᠵᠤᠵᠠᠭᠠᠨ ᠦᠨᠳᠦᠰᠦ ᠰᠤᠷᠪᠤᠯᠵᠢ ᠨᠢ ᠠᠷᠠᠳ ᠤᠯᠠᠨ᠎ᠤ ᠳᠤᠮᠳᠠ ᠣᠷᠣᠱᠢᠵᠤ ᠪᠠᠢᠬᠤ》 ᠶ᠋ᠢ ᠲᠣᠳᠣᠷᠬᠠᠢᠯᠠᠬᠤ ᠬᠦᠷᠲᠡᠯ᠎ᠡ᠂ ᠪᠦᠬᠦ᠌ ᠲᠠᠯ᠎ᠠ᠎ᠶ᠋ᠢᠨ ᠶᠠᠫᠣᠨ᠎ᠢ ᠡᠰᠡᠷᠭᠦᠴᠡᠬᠦ᠌ ᠳᠠᠢ᠌ᠨ᠎ᠦ ᠱᠤᠭᠤᠮ᠎ᠢ ᠲᠣᠭ᠍ᠲᠠᠭᠠᠬᠤ᠎ᠡᠴᠡ ᠠᠪᠤᠭᠠᠳ ᠤᠳᠠᠭᠠᠨ ᠳᠠᠭᠠᠭᠠᠮᠠᠭᠠᠢ ᠳᠠᠢ᠌ᠨ᠎ᠦ ᠪᠠᠢᠯᠳᠤᠬᠤ ᠪᠤᠳᠤᠯᠭ᠎ᠠ᠎ᠶ᠋ᠢᠨ ᠶᠡᠷᠦᠩᠬᠡᠢ ᠴᠢᠭ᠌ᠯᠡᠯᠲᠡ᠎ᠶ᠋ᠢ ᠲᠣᠳᠣᠷᠬᠠᠢᠯᠠᠬᠤ ᠬᠦᠷᠲᠡᠯ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠭᠠᠷᠮᠠᠭᠠᠢ ᠤᠯᠤᠰ ᠲᠦᠷᠦ᠍᠎ᠶ᠋ᠢᠨ ᠤᠳᠤᠷᠢᠳᠭᠤ ᠬᠦᠴᠦᠨ ᠪᠠ ᠵᠥᠪ ᠪᠠᠢᠯᠳᠤᠬᠤ ᠪᠤᠳᠤᠯᠭ᠎ᠠ᠎ᠶ᠋ᠢᠨ ᠠᠷᠭ᠎ᠠ ᠪᠤᠳᠤᠯᠭ᠎ᠠ᠎ᠪᠠᠷ ᠳᠤᠮᠳᠠᠳᠤ ᠤᠯᠤᠰ᠎ᠤᠨ ᠶᠠᠫᠣᠨ᠎ᠢ ᠡᠰᠡᠷᠭᠦᠴᠡᠬᠦ᠌ ᠳᠠᠢ᠌ᠨ᠎ᠦ ᠤᠷᠤᠭ᠍ᠰᠢᠯᠠᠬᠤ ᠴᠢᠭ᠌ᠯᠡᠯ᠎ᠢ ᠵᠢᠭᠠᠭ᠍ᠰᠠᠨ ᠶᠤᠮ᠃
《ᠰᠠᠯᠬᠢ ᠢᠰᠭᠢᠷᠴᠦ᠂ ᠮᠣᠷᠢᠳ ᠦᠤᠷᠰᠡᠵᠦ᠂ ᠬᠠᠳᠤᠨ ᠭᠣᠣᠯ ᠴᠠᠯᠬᠢᠯᠠᠵᠤ᠂ ᠬᠠᠳᠤᠨ ᠭᠣᠣᠯ ᠴᠠᠯᠭᠢᠯᠠᠵᠤ ᠪᠠᠢᠨ᠎ᠠ ᠁》᠂ 《ᠬᠠᠳᠤᠨ ᠭᠣᠣᠯ᠎ᠤᠨ ᠨᠠᠢᠷᠠᠯ ᠳᠠᠭᠤᠤ》 ᠵᠢᠨ ᠬᠦᠭ ᠠᠶᠠᠰ ᠨᠢ ᠶᠠᠨ ᠠᠨ᠎ᠤ ᠨᠦᠬᠡᠨ ᠭᠡᠷ᠎ᠡᠴᠡ ᠤᠯᠠᠮᠵᠢᠯᠠᠭ᠍ᠳᠠᠨ ᠭᠠᠷᠴᠤ᠌᠂ ᠲᠠᠷᠠᠭ᠎ᠠ ᠨᠢ ᠤᠯᠤᠰ ᠲᠠᠶᠠᠭᠠᠷ ᠴᠤᠤᠷᠢᠶᠠᠲᠤᠪᠠ᠃ 《ᠵᠢᠷᠤᠮ᠎ᠤᠨ ᠴᠡᠷᠢᠭ᠎ᠦᠨ ᠤᠷᠤᠭ᠍ᠰᠢᠯᠠᠯᠲᠠ᠎ᠶ᠋ᠢᠨ ᠲᠠᠭᠤᠤ》 ᠡᠴᠡ 《ᠰᠤᠩᠭᠠᠷᠢ ᠮᠥᠷᠡᠨ ᠳᠡᠭᠡᠷ᠎ᠡ》᠂ 《ᠤᠷᠳᠤ ᠴᠠᠭᠠᠨ ᠬᠡᠷᠡᠮ᠎ᠦᠨ ᠳᠠᠭᠤᠤ》 ᠬᠦᠷᠲᠡᠯ᠎ᠡ ᠁ ᠨᠢᠭᠡ ᠪᠦᠯᠦᠭ ᠨᠠᠮ᠎ᠤᠨ ᠶᠠᠫᠣᠨ᠎ᠢ ᠡᠰᠡᠷᠭᠦᠴᠡᠬᠦ᠌ ᠵᠣᠷᠢᠯᠲᠠ᠎ᠶ᠋ᠢ ᠲᠤᠰᠭᠠᠭ᠍ᠰᠠᠨ᠂ ᠦᠨᠳᠦᠰᠦᠲᠡᠨ᠎ᠦ ᠵᠣᠷᠢᠭ ᠰᠠᠨᠠᠭ᠎ᠠ᠎ᠶ᠋ᠢ ᠢᠯᠡᠷᠡᠭᠦᠯᠦᠭ᠌ᠰᠡᠨ᠂ ᠬᠥᠮᠦᠰ᠎ᠢ ᠪᠦᠯᠬᠦᠮᠳᠡᠭᠦᠯᠵᠦ᠍ ᠵᠣᠷᠢᠭ᠍ᠵᠢᠭᠤᠯᠤᠭ᠍ᠰᠠᠨ ᠳᠠᠭᠤᠤ ᠬᠦᠭᠵᠢᠮ᠂ ᠺᠢᠨᠣ᠋᠂ ᠰᠢ ᠵᠦᠴᠦᠭᠡ ᠪᠤᠢ ᠪᠤᠯᠵᠤ᠂ ᠤᠯᠠᠨ ᠲᠦᠮᠡᠨ᠎ᠢ ᠳᠠᠢᠴᠢᠯᠠᠬᠤ᠂ ᠳᠠᠢᠰᠤᠨ᠎ᠳᠤ ᠴᠣᠬᠢᠯᠲᠠ ᠥᠭ᠌ᠬᠦ ᠳᠤᠮᠳᠠ ᠬᠦᠴᠦᠷᠬᠡᠭ ᠶᠡᠬᠡ ᠦᠢᠯᠡᠳᠦᠯ ᠦᠵᠡᠭᠦᠯᠪᠡ᠃
《ᠳᠤᠮᠳᠠᠳᠤ᠎ᠶ᠋ᠢᠨ ᠦᠨᠳᠦᠰᠦᠲᠡᠨ᠎ᠦ ᠱᠢᠨ᠎ᠡ ᠰᠣᠶᠣᠯ᠎ᠢ ᠪᠠᠢᠭᠤᠯᠬᠤ ᠪᠣᠯ ᠲᠠᠷᠤᠢ ᠪᠢᠳᠡᠨ᠎ᠤ ᠰᠣᠶᠣᠯ᠎ᠤᠨ ᠬᠦᠷᠢᠶᠡᠨ᠎ᠳᠡᠬᠢ ᠵᠣᠷᠢᠯᠭ᠎ᠠ ᠮᠥᠨ》᠃ ᠶᠠᠨ ᠠᠨ᠎ᠤ ᠤᠳᠭ᠎ᠠ ᠤᠷᠠᠯᠢᠭ᠎ᠤᠨ ᠬᠥᠳᠡᠯᠭᠡᠭᠡᠨ ᠥᠷᠨᠢᠨ ᠬᠥᠭ᠌ᠵᠢᠭ᠌ᠰᠡᠨ᠎ᠡᠴᠡ ᠶᠠᠫᠣᠨ᠎ᠢ ᠡᠰᠡᠷᠭᠦᠴᠡᠬᠦ᠌ ᠰᠣᠶᠣᠯ᠎ᠤᠨ ᠨᠢᠭᠡᠳᠦᠮᠡᠯ ᠹᠷᠣᠨᠲ ᠪᠠᠢᠭᠤᠯᠤᠭ᠍ᠳᠠᠭ᠍ᠰᠠᠨ ᠬᠦᠷᠲᠡᠯ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠦᠨᠳᠦᠰᠦᠲᠡᠨ᠎ᠦ᠂ ᠱᠢᠨᠵᠢᠯᠡᠬᠦ᠌ ᠤᠬᠠᠭᠠᠨᠴᠢ᠂ ᠤᠯᠠᠨ ᠲᠦᠮᠡᠨ᠎ᠦ ᠱᠢᠨ᠎ᠡ ᠠᠷᠠᠳᠴᠢᠯᠠᠭ᠍ᠰᠠᠨ ᠰᠣᠶᠣᠯ᠎ᠢ ᠬᠦᠴᠦᠯᠡᠨ ᠪᠠᠢᠭᠤᠯᠵᠤ᠂ ᠠᠷᠠᠳ ᠲᠦᠮᠡᠨ᠎ᠦ ᠬᠦᠴᠦᠨ᠎ᠢ ᠲᠤᠢᠯ᠎ᠤᠨ ᠶᠡᠬᠡᠪᠡᠷ ᠴᠢᠩᠭᠠᠷᠠᠭᠤᠯᠵᠤ᠂ ᠦᠨᠳᠦᠰᠦᠲᠡᠨ᠎ᠦ ᠵᠣᠷᠢᠭ ᠰᠠᠨᠠᠭ᠎ᠠ᠎ᠶ᠋ᠢ ᠬᠥᠭ᠌ᠵᠢᠭᠡᠪᠡ᠃
ᠪᠣᠰᠴᠠᠭ᠎ᠠ! ᠤᠷᠤᠭ᠍ᠰᠢᠯᠠᠵᠠᠭᠠᠶᠠ!
ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ᠎ᠡᠴᠡ ᠨᠠᠭᠠᠰᠢ᠂ 《ᠳᠤᠮᠳᠠᠳᠤ᠎ᠶᠢᠨ ᠦᠨᠳᠦᠰᠦᠲᠡᠨ ᠬᠦᠴᠢᠷ ᠪᠡᠷᠬᠡᠰᠢᠶᠡᠯ᠎ᠲᠠᠢ ᠪᠣᠯᠪᠠᠴᠤ ᠪᠤᠴᠠᠰᠢ ᠦᠭᠡᠢ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭᠰᠢᠯᠠᠵᠤ ᠡᠬᠢᠯᠡᠪᠡ》᠃ ᠶᠠᠫᠤᠨ᠎ᠢ ᠡᠰᠡᠷᠭᠦᠴᠡᠬᠦ ᠲᠠᠢ᠍ᠢᠨ᠎ᠦ ᠳᠤᠮᠳᠠ ᠳᠠᠷᠤᠢ ᠮᠠᠷᠺᠰ᠎ᠤᠨ ᠦᠵᠡᠯ᠎ᠦᠨ ᠦᠨᠡᠨ ᠶᠣᠰᠣᠨ᠎ᠤ ᠬᠦᠴᠦᠨ᠎ᠲᠠᠢ ᠪᠣᠯᠵᠤ ᠂ ᠳᠤᠮᠳᠠᠳᠤ ᠤᠯᠤᠰ᠎ᠤᠨ ᠠᠷᠠᠳ ᠲᠦᠮᠡᠨ ᠨᠠᠮ᠎ᠤᠨ ᠤᠳᠤᠷᠢᠳᠤᠯᠭ᠎ᠠ ᠳᠣᠣᠷ᠎ᠠ ᠲᠡᠦᠬᠡ᠎ᠶᠢᠨ ᠰᠠᠨᠠᠭᠠᠴᠢᠯᠠᠭᠠᠲᠤ ᠡᠷᠬᠡ᠎ᠶᠢ ᠡᠵᠡᠮᠳᠡᠵᠦ᠂ ᠪᠡᠶ᠎ᠡ᠎ᠪᠡᠨ ᠳᠠᠭᠠᠭᠠᠵᠤ ᠡᠵᠡᠨ ᠮᠡᠳᠡᠨ ᠤᠷᠤᠭᠰᠢᠯᠠᠯᠲᠠ᠎ᠶᠢᠨ ᠵᠠᠮ᠎ᠢ ᠨᠡᠭᠡᠭᠡᠵᠦ᠂ ᠤᠯᠤᠰ ᠣᠷᠣᠨ ᠪᠠ ᠦᠨᠳᠦᠰᠦᠲᠡᠨ᠎ᠦ ᠢᠷᠡᠭᠡᠳᠦᠢ ᠬᠤᠪᠢ ᠵᠠᠶᠠᠭ᠎ᠠ᠎ᠶᠢ ᠥᠪᠡᠷ᠎ᠦᠨ ᠭᠠᠷ᠎ᠲᠠᠭᠠᠨ ᠪᠠᠲᠤ ᠡᠵᠡᠮᠰᠢᠭᠰᠡᠨ ᠳᠡᠭᠡᠷ᠎ᠡ ᠢᠯᠡᠷᠡᠵᠦ ᠪᠠᠢᠨ᠎ᠠ᠃
ᠬᠥᠬᠡ ᠮᠣᠷᠢᠨ ᠵᠢᠯ᠎ᠦᠨ ᠲᠠᠢᠨ᠎ᠤ ᠢᠯᠠᠭᠳᠠᠯ᠎ᠡᠴᠡ ᠶᠠᠫᠤᠨ᠎ᠢ ᠡᠰᠡᠷᠭᠦᠴᠡᠬᠦ ᠳᠠᠶ᠋ᠢᠨ᠎ᠦ ᠢᠯᠠᠯᠲᠠ ᠬᠦᠷᠲᠡᠯ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠣᠣᠯ ᠲᠤᠯᠭᠠᠭᠤᠷᠢ ᠪᠣᠯᠬᠤ ᠦᠢᠯᠡᠳᠦᠯ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ᠎ᠦ ᠢᠯᠠᠯᠲᠠ᠎ᠶᠢ ᠲᠡᠮᠡᠴᠡᠨ ᠣᠯᠤᠭᠰᠠᠨ᠎ᠤ ᠵᠠᠩᠭᠢᠯᠠᠭ᠎ᠠ ᠮᠦᠨ ᠪᠠᠢᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠳ᠋ᠤ ᠬᠦᠴᠦᠷᠬᠡᠭ ᠶᠡᠬᠡ ᠣᠶᠤᠨ ᠰᠠᠨᠠᠭᠠᠨ᠎ᠤ ᠲᠦᠰᠢᠭ ᠲᠤᠯᠭᠠᠭᠤᠷᠢ ᠪᠠ ᠬᠥᠳᠡᠯᠭᠡᠬᠦ ᠬᠦᠴᠦᠨ᠎ᠦ ᠡᠬᠢ ᠪᠤᠯᠠᠭ ᠬᠠᠩᠭᠠᠭᠰᠠᠨ ᠶᠤᠮ ᠭᠡᠳᠡᠭ᠎ᠢ ᠬᠤᠶᠠᠷ ᠲᠠᠯᠠᠪᠤᠷ ᠳᠠᠢᠨ᠂ ᠬᠤᠶᠠᠷ ᠵᠦᠢᠯ᠎ᠤᠨ ᠬᠤᠪᠢ ᠵᠠᠶᠠᠭ᠎ᠠ ᠭᠦᠨᠵᠡᠭᠡᠢ ᠰᠡᠨᠭᠬᠡᠷᠡᠭᠦᠯᠪᠡ᠃
ᠳᠠᠢ᠍ᠢᠨ᠎ᠦ ᠭᠠᠯ ᠳᠡᠭᠳᠡᠭᠰᠡᠨ ᠬᠤᠪᠢᠰᠬᠠᠯᠲᠤ ᠣᠨ ᠰᠠᠷ᠎ᠠ᠎ᠳᠤ᠂ 《ᠳᠦᠷᠪᠡᠨ ᠳ᠋ᠦᠨᠭᠰᠢᠭᠤᠷ ᠬᠦᠮᠦᠨ ᠰᠡᠳᠭᠢᠯ ᠨᠢᠭᠡᠲᠦᠨ ᠤᠮᠤᠭ ᠲᠡᠭᠦᠯᠳᠡᠷ ᠤᠷᠤᠭᠰᠢᠯᠠᠪᠠ》; ᠬᠦᠷ ᠬᠥᠭᠵᠢᠶᠡᠨ᠎ᠲᠠᠢ ᠪᠦᠲᠦᠭᠡᠨ ᠪᠠᠢᠭᠤᠯᠤᠯᠲᠠ᠎ᠶᠢᠨ ᠴᠠᠭ ᠦᠶ᠎ᠡ᠎ᠳᠦ᠂ 《ᠨᠡᠷᠡᠨ ᠰᠠᠷᠠᠨ᠎ᠢ ᠵᠢᠭᠠᠨ ᠵᠠᠬᠢᠷᠴᠤ᠌ ᠱᠢᠨ᠎ᠡ ᠣᠷᠴᠢᠯᠠᠩ ᠪᠣᠯᠭᠠᠪᠠ》; ᠣᠷᠭᠢᠯᠤᠮ᠎ᠠ ᠰᠡᠳᠬᠢᠯᠭᠡ ᠪᠠᠳᠠᠷᠠᠭᠰᠠᠨ ᠲᠡᠦᠬᠡ᠎ᠶᠢᠨ ᠰᠢᠨ᠎ᠡ ᠴᠠᠭ ᠦᠶ᠎ᠡ᠎ᠳᠦ᠂ 《ᠬᠡᠳᠦᠢ ᠶᠡᠬᠡ ᠬᠦᠴᠢᠷ ᠪᠡᠷᠬᠡᠰᠢᠶᠡᠯ ᠲᠤᠯᠭᠠᠷᠠᠬᠤ ᠳᠤᠲᠤᠮ ᠲᠡᠳᠦᠢ ᠵᠤᠷᠢᠭᠲᠠᠢ ᠪᠡᠷ ᠤᠷᠤᠭᠰᠢᠯᠠᠪᠡ》; ᠰᠦᠷ ᠳᠠᠯᠠᠢᠴᠠᠲᠠᠢ ᠰᠢᠨ᠎ᠡ ᠴᠠᠭ ᠦᠶ᠎ᠡ᠎ᠳᠦ᠂ 《ᠡᠩᠬᠦᠯ ᠳᠤᠩᠬᠤᠯ ᠵᠠᠮ᠎ᠢᠶᠠᠷ ᠵᠠᠮᠨᠠᠵᠦ ᠳᠠᠷᠳᠠᠩ ᠵᠠᠮ ᠪᠣᠯᠭᠠᠪᠠ》 ᠁ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠳᠤᠮᠳᠠᠳᠤ᠎ᠶᠢᠨ ᠦᠨᠳᠦᠰᠦᠲᠡᠨ ᠪᠣᠰᠴᠤ ᠵᠣᠭᠰᠣᠭᠰᠠᠨ᠂ ᠪᠠᠶᠠᠵᠢᠭ᠍ᠰᠠᠨ᠎ᠡᠴᠡ᠎ᠪᠠᠨ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ᠎ᠶᠢ ᠤᠭᠲᠤᠨ ᠠᠪᠴᠢᠷᠠᠵᠠᠢ᠃
ᠲᠡᠦᠬᠡ᠎ᠶᠢᠨ ᠤᠷᠢᠶᠠᠮᠠᠯ ᠲᠡᠨᠭᠭᠡᠯᠢᠭ ᠡᠷᠡᠮᠡᠬᠡᠢᠯᠡᠨ ᠤᠷᠤᠭᠰᠢᠯᠠᠬᠤ ᠳᠤᠮᠳᠠ ᠳᠡᠯᠭᠡᠭᠳᠡᠵᠦ᠂ ᠬᠥᠮᠥᠰ᠎ᠲᠦ ᠭᠦᠨ ᠰᠡᠩᠬᠡᠷᠡᠭᠦᠯᠦᠯ ᠪᠣᠯᠪᠠ᠃
ᠳᠤᠮᠳᠠᠳᠤ ᠤᠯᠤᠰ᠎ᠤᠨ ᠠᠷᠠᠳ ᠲᠦᠮᠡᠨ ᠪᠣᠯᠣᠨ ᠳᠤᠮᠳᠠᠳᠤ᠎ᠶᠢᠨ ᠦᠨᠳᠦᠰᠦᠲᠡᠨ ᠶᠠᠭᠠᠬᠢᠭᠠᠳ ᠣᠷᠴᠢᠨ ᠦᠶ᠎ᠡ᠎ᠡᠴᠡ ᠨᠠᠭᠠᠰᠢᠬᠢ ᠲᠡᠦᠬᠡᠨ ᠬᠤᠪᠢ ᠵᠠᠶᠠᠭ᠎ᠠ᠎ᠪᠠᠨ ᠬᠤᠪᠢᠷᠠᠭᠤᠯᠵᠤ᠂ ᠥᠨᠥᠳᠥᠷ᠎ᠦᠨ ᠠᠭᠤᠤ ᠶᠡᠬᠡ ᠠᠮᠵᠢᠯᠲᠠ ᠪᠦᠲᠦᠮᠵᠢ᠎ᠶᠢ ᠣᠯᠵᠤ ᠴᠢᠳᠠᠭᠰᠠᠨ ᠪᠤᠢ? ᠶᠠᠭᠠᠬᠢᠭᠠᠳ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠤᠳᠤᠷᠢᠳᠤᠨ ᠤᠳᠠᠭ᠎ᠠ ᠳᠠᠷᠠᠭᠠᠯᠠᠨ ᠬᠠᠢᠨ ᠰᠦᠪᠡᠭᠴᠢᠯᠡᠵᠦ᠂ ᠤᠳᠠᠭ᠎ᠠ ᠳᠠᠷᠠᠭᠠᠯᠠᠨ ᠨᠤᠭᠤᠷᠠᠯ ᠪᠦᠳᠦᠷᠢᠯ᠎ᠳᠦ ᠤᠴᠠᠷᠠᠵᠤ᠂ ᠤᠳᠠᠭ᠎ᠠ ᠳᠠᠷᠠᠭᠠᠯᠠᠨ ᠵᠠᠮ ᠨᠡᠭᠡᠭᠡᠬᠦ ᠶᠠᠪᠤᠴᠠ᠎ᠳᠤ ᠳᠤᠮᠳᠠᠳᠤ ᠤᠯᠤᠰ᠎ᠤᠨ ᠪᠤᠰᠤᠳ ᠡᠯ᠎ᠡ ᠵᠦᠢᠯ᠎ᠦᠨ ᠤᠯᠤᠰ ᠲᠦᠷᠦ᠎ᠶᠢᠨ ᠬᠦᠴᠦᠨ᠎ᠦ ᠪᠡᠶᠡᠯᠡᠭᠦᠯᠵᠦ ᠴᠢᠳᠠᠰᠢ ᠦᠭᠡᠢ ᠪᠡᠷᠬᠡ ᠬᠠᠲᠠᠭᠤᠵᠢᠯᠲᠠᠢ ᠡᠭᠦᠷᠭᠡ᠎ᠶᠢ ᠪᠡᠶᠡᠯᠡᠭᠦᠯᠵᠦ ᠴᠢᠳᠠᠭᠰᠠᠨ ᠪᠤᠢ?
《ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠨ ᠲᠡᠭᠦᠯᠳᠡᠷᠵᠢᠭᠦᠯᠬᠦ ᠪᠣᠯ ᠨᠠᠮ ᠪᠤᠯᠤᠨ ᠤᠯᠤᠰ᠎ᠤᠨ ᠦᠨᠳᠦᠰᠦ ᠪᠠ ᠠᠮᠢᠨ ᠰᠤᠳᠠᠰᠤ ᠮᠥᠨ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠰᠢᠭ᠋ ᠲᠤᠰᠠ ᠪᠠ ᠵᠣᠯ ᠵᠢᠷᠭᠠᠯ ᠮᠥᠨ》᠃
《ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠲᠡᠢᠯᠦᠨ᠎ᠠ ᠭᠡᠳᠡᠭ ᠪᠤᠢ᠂ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ ᠶᠠᠭᠠᠬᠢᠭᠠᠳ ᠰᠠᠢᠨ ᠭᠡᠳᠡᠭ ᠪᠤᠢ ᠭᠡᠪᠡᠯ ᠡᠴᠦᠰ᠎ᠦᠨ ᠡᠴᠦᠰ᠎ᠲᠡᠬᠡᠨ ᠮᠠᠷᠺᠰ᠎ᠤᠨ ᠦᠵᠡᠯ ᠵᠦᠪ ᠪᠠᠢᠳᠠᠭ᠂ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ᠎ᠤᠨ ᠦᠵᠡᠯ ᠵᠦᠪ ᠪᠠᠢᠳᠠᠭ ᠲᠦ᠍ ᠤᠷᠤᠰᠢᠨ᠎ᠠ》᠃
ᠡᠨᠡ ᠪᠣᠯ ᠲᠡᠦᠬᠡ᠎ᠶᠢᠨ ᠬᠤᠷᠢᠶᠠᠩᠭᠤᠢᠯᠠᠯ ᠮᠥᠨ᠂ ᠨᠡᠩ ᠴᠤ᠌ ᠢᠷᠡᠭᠡᠳᠦᠢ᠎ᠶᠢᠨ ᠬᠠᠨᠳᠤᠰᠢ ᠮᠥᠨ᠃
(ᠭᠤᠷᠪᠠ)
《ᠰᠢᠳᠤᠷᠭᠤ ᠶᠣᠰᠣ᠌ ᠯᠠᠪᠲᠠᠢ ᠢᠯᠠᠨ᠎ᠠ》 ᠭᠡᠬᠦ ᠠᠭᠤᠤ ᠶᠡᠬᠡ ᠦᠨᠡᠨ ᠶᠣᠰᠣ᠌ ᠨᠢ ᠶᠣᠰᠣ᠌᠎ᠶᠢ ᠣᠯᠣᠭᠰᠠᠳ᠎ᠲᠤ ᠲᠤᠰᠠᠯᠠᠮᠵᠢ ᠦᠯᠡᠮᠵᠢ᠂ ᠭᠠᠵᠢᠭᠤ ᠪᠤᠷᠤᠭᠤ ᠠᠨ᠎ᠤ ᠲᠥᠪ ᠶᠣᠰᠤᠨ᠎ᠢ ᠢᠯᠠᠵᠤ ᠦᠯᠦ ᠴᠢᠳᠠᠮᠤᠢ ᠭᠡᠬᠦ ᠲᠡᠦᠬᠡᠨ ᠬᠥᠭᠵᠢᠯᠲᠡ᠎ᠶᠢᠨ ᠵᠢᠮ᠎ᠡ ᠶᠣᠰᠣ᠌᠎ᠶᠢ ᠢᠯᠡᠷᠡᠭᠦᠯᠪᠡ᠃ ᠳᠤᠮᠳᠠᠳᠤ ᠤᠯᠤᠰ᠎ᠤᠨ ᠠᠷᠠᠳ ᠲᠦᠮᠡᠨ ᠲᠥᠪ ᠭᠣᠣᠯᠴᠢ ᠰᠢᠳᠤᠷᠭᠤ ᠶᠣᠰᠣ᠌᠎ᠶᠢ ᠨᠡᠩ ᠡᠷᠡᠰ ᠪᠠᠷᠢᠮᠲᠠᠯᠠᠵᠤ᠂ ᠳᠡᠯᠡᠬᠡᠢ᠎ᠶᠢᠨ ᠲᠥᠪ ᠭᠣᠣᠯᠴᠢ ᠰᠢᠳᠤᠷᠭᠤ ᠶᠣᠰᠣ᠌᠎ᠶᠢ ᠡᠷᠡᠰ ᠬᠠᠮᠠᠭᠠᠯᠠᠵᠤ᠂ ᠬᠥᠮᠥᠨ ᠲᠥᠷᠥᠯᠬᠢᠲᠡᠨ᠎ᠦ ᠰᠢᠳᠤᠷᠭᠤ ᠶᠣᠰᠣᠨ᠎ᠤ ᠦᠢᠯᠡᠰ᠎ᠦᠨ ᠲᠥᠯᠥᠭᠡ ᠲᠡᠮᠡᠴᠡᠨ᠎ᠡ᠃
《ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠢ᠍ᠢᠨ᠎ᠦ ᠠᠭᠤᠤ ᠶᠡᠬᠡ ᠢᠯᠠᠯᠲᠠ ᠳᠤᠮᠳᠠᠳᠤ᠎ᠶᠢᠨ ᠦᠨᠳᠦᠰᠦᠲᠡᠨ᠎ᠦ ᠲᠡᠦᠬᠡᠨᠬᠠᠭᠤᠳᠠᠰᠤᠨᠳᠤ ᠡᠭᠦᠷᠢᠳᠡ ᠲᠡᠮᠳᠡᠭᠯᠡᠭᠳᠡᠨ᠎ᠡ! ᠬᠥᠮᠥᠨ ᠲᠥᠷᠥᠯᠬᠢᠲᠡᠨ᠎ᠦ ᠰᠢᠳᠤᠷᠭᠤ ᠶᠣᠰᠣᠨ᠎ᠤ ᠦᠢᠯᠡᠰ᠎ᠦᠨ ᠲᠡᠦᠬᠡᠨ ᠬᠠᠭᠤᠳᠠᠰᠤᠨ᠎ᠳᠤ ᠡᠭᠦᠷᠢᠳᠡ ᠲᠡᠮᠳᠡᠭᠯᠡᠭᠳᠡᠨ᠎ᠡ!》 ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠨᠤᠲᠠᠯᠠᠯᠲᠠ ᠨᠢ ᠡᠨᠡ ᠬᠦ᠌ ᠰᠢᠳᠤᠷᠭᠤ ᠶᠣᠰᠣᠨ᠎ᠤ ᠲᠡᠶ᠋ᠢᠨ᠎ᠦ ᠲᠡᠦᠬᠡᠨ ᠪᠠᠢᠷᠢ ᠰᠠᠭᠤᠷᠢ᠎ᠶᠢ ᠭᠦᠨᠵᠡᠭᠡᠢ ᠲᠣᠳᠣᠷᠬᠠᠢᠯᠠᠨ ᠥᠭᠦᠯᠡᠵᠦ᠂ ᠡᠨᠡ ᠬᠦ᠌ ᠠᠭᠤᠤ ᠶᠡᠬᠡ ᠢᠯᠠᠯᠲᠠ᠎ᠶᠢᠨ ᠰᠠᠴᠤᠷᠠᠭᠤᠯᠤᠭᠰᠠᠨ ᠰᠢᠳᠤᠷᠭᠤ ᠶᠣᠰᠣᠨ᠎ᠤ ᠬᠡᠷᠡᠯ ᠭᠢᠯᠪᠠᠭ᠎ᠠ᠎ᠶᠢ ᠨᠠᠩ ᠭᠦᠨᠵᠡᠭᠡᠢ ᠰᠡᠩᠬᠡᠷᠡᠭᠦᠯᠵᠦ᠂ ᠬᠥᠮᠥᠨ ᠲᠥᠷᠥᠯᠬᠢᠲᠡᠨ᠎ᠦ ᠨᠡᠢᠭᠡᠮ᠎ᠦᠨ ᠤᠷᠤᠭᠰᠢᠯᠠᠯᠲᠠ᠎ᠶᠢᠨ ᠵᠠᠮ᠎ᠢ ᠡᠭᠦᠷᠢᠳᠡ ᠭᠡᠢᠭᠦᠯᠬᠦ ᠪᠣᠯᠣᠨ᠎ᠠ᠃
ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ ᠪᠣᠯ ᠦᠨᠳᠦᠰᠦᠲᠡᠨ᠎ᠢᠶᠡᠨ ᠮᠥᠬᠥᠯ᠎ᠡᠴᠡ ᠠᠪᠤᠷᠠᠬᠤ᠂ ᠦᠨᠳᠦᠰᠦᠲᠡᠨ᠎ᠦ ᠲᠤᠰᠠᠭᠠᠷ ᠲᠣᠭᠲᠠᠨᠢᠯ ᠪᠠ ᠠᠷᠠᠳ ᠲᠦᠮᠡᠨ᠎ᠦ ᠴᠢᠯᠦᠭᠡᠯᠡᠯᠲᠡ᠎ᠶᠢ ᠪᠡᠶᠡᠯᠡᠭᠦᠯᠬᠦ ᠰᠢᠳᠤᠷᠭᠤ ᠶᠣᠰᠣᠨ᠎ᠤ ᠦᠢᠯᠡᠰ ᠮᠥᠨ᠂ ᠪᠦᠬᠦ ᠳᠤᠮᠳᠠᠳᠤ᠎ᠶᠢᠨ ᠬᠥᠪᠡᠭᠦᠳ ᠥᠬᠢᠳ ᠤᠯᠤᠰ ᠣᠷᠣᠨ᠎ᠤ ᠣᠷᠣᠰᠢᠨ ᠲᠣᠭᠲᠠᠨᠢᠯ ᠤ᠋ᠨ ᠲᠥᠯᠥᠭᠡ ᠪᠠᠢᠯᠳᠤᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠲᠥᠯᠥᠭᠡ ᠪᠠᠢᠯᠳᠤᠵᠤ᠂ ᠰᠢᠳᠤᠷᠭᠤ ᠶᠣᠰᠣᠨ᠎ᠤ ᠦᠢᠯᠡᠰ ᠵᠠᠢᠯᠠᠰᠢ ᠦᠭᠡᠢ ᠢᠯᠠᠯᠲᠠ ᠣᠯᠣᠨ᠎ᠠ ᠭᠡᠳᠡᠭ ᠪᠠᠲᠤ ᠴᠢᠩᠭ᠎ᠠ ᠢᠲᠡᠭᠡᠯ ᠵᠣᠷᠢᠭ᠋᠎ᠢᠶᠠᠨ ᠪᠠᠳᠠᠷᠠᠭᠤᠯᠤᠨ᠂ ᠠᠭᠤᠯᠠ᠎ᠶᠢ ᠨᠤᠷᠠᠭᠠᠨ ᠳᠠᠯᠠᠢ᠎ᠶᠢ ᠶᠡᠭᠦᠯᠡᠬᠦ ᠲᠡᠦᠬᠡ᠎ᠶᠢᠨ ᠠᠤᠭ᠎ᠠ ᠬᠦᠴᠦᠨ᠎ᠢ ᠪᠠᠳᠠᠷᠠᠭᠤᠯᠪᠠ —
ᠨᠠᠨᠵᠢᠩ᠎ᠤᠨ ᠶᠡᠬᠡ ᠬᠢᠳᠤᠯᠭ᠎ᠠ ᠪᠣᠯ ᠶᠠᠫᠤᠨ᠎ᠤ ᠴᠡᠷᠢᠭᠯᠡᠬᠦ ᠦᠵᠡᠯ᠎ᠦᠨ ᠳᠤᠮᠳᠠᠳᠤ ᠤᠯᠤᠰ᠎ᠢ ᠲᠦᠷᠢᠮᠡᠬᠡᠢᠯᠡᠬᠦ ᠳᠠᠶ᠋ᠢᠨ᠎ᠦ ᠳᠤᠮᠳᠠ ᠬᠢᠭᠰᠡᠨ ᠬᠠᠷᠭᠢᠰ ᠬᠡᠷᠴᠡᠭᠡᠢ ᠶᠠᠯᠠᠲᠤ ᠠᠵᠢᠯᠯᠠᠭ᠎ᠠ ᠮᠦᠨ᠃ ᠲᠤᠬᠠᠢ᠎ᠶᠢᠨ ᠵᠢᠯ᠎ᠳᠦ᠂ ᠵᠤᠨ·ᠮᠠᠵᠢ ᠠᠮᠢ ᠨᠠᠰᠤᠨ᠎ᠤ ᠠᠶᠤᠯ᠎ᠢ ᠰᠥᠷᠴᠦ᠂ 16 ᠮᠢᠯᠢᠮᠧᠲᠷ᠎ᠦᠨ ᠰᠡᠭᠦᠳᠡᠷᠯᠡᠬᠦ ᠮᠠᠰᠢᠨ᠎ᠢᠶᠠᠷ ᠬᠥᠮᠥᠨ ᠲᠥᠷᠥᠯᠬᠢᠲᠡᠨ᠎ᠦ ᠪᠣᠯᠪᠠᠰᠤᠨ᠎ᠤ ᠲᠡᠦᠬᠡᠨ ᠳᠡᠭᠡᠷᠡᠬᠢ ᠬᠠᠮᠤᠭ᠎ᠤᠨ ᠬᠠᠷᠠᠩᠭᠤᠢ ᠬᠠᠭᠤᠳᠠᠰᠤ᠎ᠶᠢ ᠨᠢᠭᠤᠴᠠ᠎ᠪᠠᠷ ᠲᠡᠮᠳᠡᠭᠯᠡᠪᠡ᠃ 2015 ᠣᠨ᠎ᠤ 10 ᠰᠠᠷ᠎ᠠ᠎ᠳᠤ᠂ 《ᠨᠠᠨᠵᠢᠩ᠎ᠤᠨ ᠶᠡᠬᠡ ᠬᠢᠳᠤᠯᠭ᠎ᠠ᠎ᠶᠢᠨ ᠲᠠᠩᠰᠠ ᠡᠪᠬᠡᠮᠡᠯ》 ᠢ᠋ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶᠢᠨ 《ᠳᠡᠯᠡᠬᠡᠢ᠎ᠶᠢᠨ ᠳᠤᠷᠠᠰᠤᠮᠵᠢ᠎ᠶᠢᠨ ᠨᠡᠷᠡᠰ》 ᠲᠤ᠌ ᠣᠷᠣᠭᠤᠯᠵᠤ᠂ ᠮᠠᠵᠢᠶᠢᠨ ᠬᠡᠷᠡᠭᠯᠡᠭᠰᠡᠨ ᠬᠡᠷᠡᠯ ᠵᠢᠷᠤᠭ᠎ᠤᠨ ᠮᠠᠰᠢᠨ ᠪᠠ ᠹᠢᠯᠢᠮ ᠨᠢ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠪᠠᠢᠨ᠎ᠠ᠃
8 ᠰᠠᠷ᠎ᠠ᠎ᠶᠢᠨ 15 ᠤ᠋ ᠡᠳᠦᠷ ᠪᠤᠯ ᠶᠠᠫᠤᠨ ᠢᠯᠠᠭᠳᠠᠵᠤ ᠪᠠᠭᠤᠵᠤ ᠥᠭᠬᠦᠭᠰᠡᠨ ᠡᠳᠦᠷ ᠪᠤᠯᠤᠨ᠎ᠠ᠃
2025 ᠣᠨ᠎ᠤ ᠡᠨᠡ ᠡᠳᠦᠷ᠂ ᠬᠠᠷᠠᠮᠥ᠋ᠷᠡᠨ᠎ᠦ ᠬᠠᠷᠪᠢᠨ᠎ᠳᠤ ᠪᠠᠢᠷᠢᠯᠠᠭ᠎ᠠ ᠳᠤᠮᠳᠠᠳᠤ ᠤᠯᠤᠰ᠎ᠢ ᠲᠦᠷᠢᠮᠡᠬᠡᠢᠯᠡᠭᠰᠡᠨ ᠶᠠᠫᠤᠨ ᠴᠡᠷᠢᠭ᠎ᠦᠨ 731 ᠴᠡᠷᠢᠭ ᠠᠩᠭᠢ᠎ᠶᠢᠨ ᠶᠠᠯ᠎ᠠ᠎ᠶᠢᠨ ᠭᠡᠷᠡᠴᠢ᠎ᠶᠢᠨ ᠳᠡᠯᠭᠡᠨ ᠦᠵᠡᠭᠦᠯᠬᠦ ᠣᠷᠳᠣᠨ᠎ᠡᠴᠡ 3010 ᠬᠠᠭᠤᠳᠠᠰᠤ ᠲᠠᠩᠰᠠ ᠡᠪᠬᠡᠮᠡᠯ᠂ 194 ᠮᠢᠨᠦ᠋ᠲ᠎ᠤᠨ ᠵᠢᠷᠤᠭ ᠳᠦᠷᠰᠦ ᠵᠢ ᠪᠠᠭᠲᠠᠭᠠᠭᠰᠠᠨ ᠨᠢᠭᠡ ᠪᠦᠯᠦᠭ ᠰᠢᠨ᠎ᠡ ᠲᠡᠦᠬᠡᠨ ᠮᠠᠲᠧᠷᠢᠶᠠᠯ᠎ᠢ ᠨᠡᠢᠲᠡᠯᠡᠵᠦ᠂ ᠶᠠᠫᠤᠨ᠎ᠤ ᠪᠠᠺᠲᠧᠷᠢ᠎ᠶᠢᠨ ᠲᠡᠶ᠋ᠢᠨ᠎ᠦ ᠶᠠᠯᠠᠲᠤ ᠠᠵᠢᠯᠯᠠᠭ᠎ᠠ᠎ᠶᠢ ᠨᠠᠷᠢᠨ ᠢᠯᠡᠴᠢᠯᠡᠪᠡ᠃
ᠲᠣᠰ ᠡᠳᠦᠷ᠂ ᠱᠠᠩᠬᠠᠢ᠎ᠶᠢᠨ ᠨᠣᠮ᠎ᠤᠨ ᠦᠵᠡᠭᠦᠯᠭᠡ ᠳ᠋ᠤ᠃ 《ᠲᠡᠶ᠋ᠢᠨ᠎ᠦ ᠰᠢᠭᠦᠨ ᠲᠠᠰᠤᠯᠤᠯᠲᠠ᠎ᠶᠢᠨ ᠲᠤᠯᠭᠤᠷ ᠪᠢᠴᠢᠭ᠎ᠦᠨ ᠳ᠋ᠠᠢᠲ᠋ᠠ ᠬᠥᠮᠥᠷᠭᠡ》 ᠪᠣᠯᠣᠨ ᠪᠠᠷᠢᠮᠲᠠᠲᠤ ᠹᠢᠯᠢᠮ 《ᠰᠢᠳᠤᠷᠭᠤ ᠶᠣᠰᠣᠨ᠎ᠤ ᠰᠢᠭᠦᠨ ᠲᠠᠰᠤᠯᠤᠯᠲᠠ》 ᠵᠢ ᠲᠤᠬᠠᠢ᠎ᠶᠢᠨ ᠲᠠᠯᠠᠪᠠᠶ᠎ᠳᠤ ᠨᠡᠢᠲᠡᠯᠡᠵᠦ᠂ ᠦᠨᠡᠨ ᠪᠣᠳᠠᠲᠠᠢ ᠭᠡᠷᠡᠴᠢ ᠪᠠᠷᠢᠮᠲᠠ᠎ᠪᠠᠷ ᠳᠤᠮᠳᠠᠳᠤ ᠤᠯᠤᠰ᠎ᠢ ᠲᠦᠷᠢᠮᠡᠬᠡᠢᠯᠡᠭᠰᠡᠨ ᠶᠠᠫᠤᠨ ᠴᠡᠷᠢᠭ᠎ᠦᠨ ᠶᠠᠯᠠᠲᠤ ᠠᠵᠢᠯᠯᠠᠭ᠎ᠠ᠎ᠶᠢ ᠢᠯᠡᠴᠢᠯᠡᠵᠦ᠂ ᠳᠤᠮᠳᠠᠳᠤ ᠤᠯᠤᠰ᠎ᠤᠨ ᠬᠠᠤᠯᠢ ᠵᠦᠢ᠎ᠶᠢᠨ ᠵᠣᠷᠢᠭ᠋ ᠰᠠᠨᠠᠭ᠎ᠠ᠎ᠪᠠᠷ ᠲᠡᠶ᠋ᠢᠨ᠎ᠦ ᠶᠠᠯᠠᠲᠠᠨ᠎ᠢ ᠰᠢᠭᠦᠨ ᠲᠠᠰᠤᠯᠤᠭᠰᠠᠨ ᠪᠥᠬᠥ ᠶᠠᠪᠤᠴᠠ᠎ᠶᠢ ᠣᠯᠠᠨ ᠡᠰᠢᠲᠦ ᠪᠣᠰᠣᠭ᠎ᠠ ᠴᠣᠭᠴᠠ᠎ᠪᠠᠷ ᠰᠡᠷᠭᠦᠭᠡᠵᠦ᠂ ᠰᠢᠳᠤᠷᠭᠤ ᠶᠣᠰᠣᠨ᠎ᠤ ᠰᠢᠭᠦᠨ ᠲᠠᠰᠤᠯᠬᠤ ᠲᠠᠭᠤᠨ᠎ᠢ ᠳᠠᠬᠢᠨᠲᠠ ᠬᠠᠩᠭᠢᠨᠠᠭᠤᠯᠪᠠ᠃
ᠶᠠᠫᠤᠨ᠎ᠤ ᠴᠡᠷᠢᠭᠯᠡᠬᠦ ᠦᠵᠡᠯ᠎ᠦᠨ ᠬᠥᠮᠥᠨᠯᠢᠭ ᠦᠵᠡᠯ ᠡᠴᠡ ᠲᠡᠷᠰᠯᠡᠭᠰᠡᠨ ᠲᠦᠷᠢᠮᠡᠬᠡᠢ ᠠᠵᠢᠯᠯᠠᠭ᠎ᠠ᠂ ᠬᠥᠮᠥᠨ᠎ᠦ ᠣᠷᠴᠢᠯᠠᠩ᠎ᠳᠤ ᠪᠠᠢᠵᠥ ᠦᠩᠬᠡᠷᠡᠬᠡ ᠦᠭᠡᠢ ᠬᠠᠷᠭᠢᠰ ᠬᠡᠷᠴᠡᠭᠡᠢ᠎ᠪᠡᠷ ᠬᠢᠳᠤᠭᠰᠠᠨ ᠶᠠᠯᠠᠲᠤ ᠠᠵᠢᠯᠯᠠᠭ᠎ᠠ᠂ ᠪᠠᠯᠠᠮᠠᠳ ᠬᠡᠷᠴᠡᠭᠡᠢ ᠳᠡᠭᠡᠷᠡᠮᠳᠡᠯ ᠡᠪᠳᠡᠯᠡᠭᠡ ᠨᠢ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠢ᠍ᠢᠨ ᠪᠣᠯ ᠲᠦᠷᠢᠮᠡᠬᠡᠢᠯᠡᠯ᠂ ᠪᠣᠭᠣᠯᠴᠢᠯᠠᠯ ᠪᠠ ᠳᠡᠭᠡᠷᠡᠮᠳᠡᠯᠢ ᠡᠰᠡᠷᠭᠦᠴᠡᠬᠦ ᠰᠢᠳᠤᠷᠭᠤ ᠶᠣᠰᠣᠨ᠎ᠤ ᠳᠠᠢ᠍ᠢᠨ ᠮᠥᠨ᠂ ᠤᠯᠤᠰ ᠣᠷᠣᠨ᠎ᠤ ᠲᠤᠰᠠᠭᠠᠷ ᠲᠣᠭᠲᠠᠨᠢᠯ ᠪᠠ ᠦᠨᠳᠦᠰᠦᠲᠡᠨ᠎ᠦ ᠨᠡᠷ᠎ᠡ ᠬᠦᠨᠳᠦ᠎ᠶᠢ ᠬᠠᠮᠠᠭᠠᠯᠠᠬᠤ᠎ᠶᠢᠨ ᠲᠥᠯᠥᠭᠡ ᠬᠢᠭᠰᠡᠨ ᠨᠤᠭᠤᠷᠠᠰᠢ ᠦᠭᠡᠢ ᠡᠷᠡᠯᠬᠡᠭ ᠪᠠᠭᠠᠲᠤᠷᠯᠢᠭ᠋ ᠲᠡᠮᠡᠴᠡᠯ ᠮᠥᠨ ᠭᠡᠳᠡᠭ᠎ᠢ ᠡᠬᠢᠯᠡᠩᠭᠦᠲᠡ᠎ᠪᠡᠨ ᠲᠣᠭᠲᠠᠭᠠᠭᠰᠠᠨ ᠶᠤᠮ᠃
ᠮᠠᠤ ᠽᠧ ᠳ᠋ᠦᠩ ᠨᠥᠬᠥᠷ᠄《ᠰᠢᠳᠤᠷᠭᠤ ᠶᠣᠰᠣᠨ᠎ᠤ ᠬᠤᠪᠢᠰᠬᠠᠯᠲᠤ ᠲᠠᠢ᠍ᠢᠨ ᠪᠦᠬᠦᠨ᠎ᠦ ᠬᠦᠴᠦᠨ ᠪᠣᠯ ᠮᠠᠰᠢ ᠶᠡᠬᠡ ᠶᠤᠮ᠂ ᠲᠡᠷᠡ ᠨᠢ ᠮᠠᠰᠢ ᠤᠯᠠᠨ ᠬᠡᠷᠡᠭ ᠪᠣᠳᠠᠰ᠎ᠢ ᠥᠭᠡᠷᠡᠴᠢᠯᠡᠵᠦ ᠳᠡᠢᠯᠬᠦ ᠪᠤᠶᠤ ᠬᠡᠷᠡᠭ ᠪᠣᠳᠠᠰ᠎ᠢ ᠥᠭᠡᠷᠡᠴᠢᠯᠡᠬᠦ᠎ᠳᠦ ᠵᠠᠮ ᠨᠡᠭᠡᠭᠡᠵᠦ ᠥᠭᠴᠦ ᠳᠡᠢᠯᠦᠨ᠎ᠡ》 ᠭᠡᠵᠦ ᠵᠢᠭᠠᠵᠤ ᠭᠠᠷᠭᠠᠪᠠ᠃ ᠡᠨᠡ ᠤᠳᠠᠭᠠᠨ᠎ᠤ ᠰᠢᠳᠤᠷᠭᠤ ᠶᠣᠰᠣᠨ᠎ᠤ ᠳᠠᠢᠨ ᠨᠢ ᠳᠤᠮᠳᠠᠳᠤ᠎ᠶᠢᠨ ᠬᠥᠪᠡᠭᠦᠳ ᠥᠬᠢᠳ᠎ᠦᠨ ᠨᠤᠭᠤᠷᠠᠰᠢ ᠦᠭᠡᠢ ᠰᠦᠷ ᠵᠢᠪᠬᠤᠯᠠᠩᠲᠤ ᠲᠥᠪ ᠰᠤᠷᠲᠠᠯ᠂ ᠥᠷᠥᠰᠢᠶᠡᠯ ᠵᠢᠷᠤᠮ᠎ᠢ ᠪᠡᠶᠡᠯᠡᠭᠦᠯᠬᠦ ᠦᠨᠳᠦᠰᠦᠲᠡᠨ᠎ᠦ ᠶᠣᠰᠣ᠌ ᠰᠤᠷᠲᠠᠬᠤᠨ᠎ᠢ ᠬᠥᠭᠵᠢᠭᠡᠵᠦ᠂ ᠳᠤᠮᠳᠠᠳᠤ ᠤᠯᠤᠰ᠎ᠤᠨ ᠠᠷᠠᠳ ᠲᠦᠮᠡᠨ᠎ᠦ 《ᠦᠬᠦᠪᠡᠴᠦ ᠬᠠᠷᠢ᠎ᠶᠢᠨ ᠪᠤᠭᠤᠯ ᠪᠣᠯᠬᠤ ᠦᠭᠡᠢ》 ᠦᠨᠳᠦᠰᠦᠲᠡᠨ᠎ᠦ ᠥᠪᠡᠷ᠎ᠢ᠎ᠪᠡᠨ ᠬᠦᠨᠳᠦᠳᠬᠡᠬᠦ ᠰᠡᠳᠬᠢᠯᠭᠡ᠎ᠶᠢ ᠬᠥᠭᠵᠢᠭᠡᠵᠦ᠂ ᠲᠦᠷᠢᠮᠡᠬᠡᠢᠯᠡᠭᠴᠢᠳ᠎ᠲᠠᠢ ᠡᠴᠦᠰ ᠲᠦ᠍ᠨᠢ ᠲᠤᠯᠲᠠᠯ᠎ᠠ ᠲᠡᠮᠡᠴᠡᠬᠦ ᠪᠠᠲᠤ ᠴᠢᠩᠭ᠎ᠠ ᠵᠣᠷᠢᠭ᠋ ᠰᠠᠨᠠᠭ᠎ᠠ᠎ᠶᠢ ᠬᠥᠭᠵᠢᠭᠡᠵᠦ᠂ 《ᠰᠢᠳᠤᠷᠭᠤ ᠶᠣᠰᠣᠨ᠎ᠤ ᠦᠢᠯᠡᠰ᠎ᠢ ᠶᠠᠮᠠᠷᠪᠠ ᠳᠠᠢᠰᠤᠨ ᠴᠤ᠌ ᠡᠪᠳᠡᠵᠦ ᠳᠡᠶ᠋ᠢᠯᠬᠦ ᠦᠭᠡᠢ》 ᠭᠡᠳᠡᠭ᠎ᠢ ᠭᠦᠢᠴᠡᠳ ᠭᠡᠷᠡᠴᠢᠯᠡᠪᠡ᠃
ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠢ᠍ᠢᠨ᠎ᠦ ᠠᠭᠤᠤ ᠶᠡᠬᠡ ᠢᠯᠠᠯᠲᠠ ᠨᠢ ᠳᠤᠮᠳᠠᠳᠤ ᠤᠯᠤᠰ᠎ᠤᠨ ᠠᠷᠠᠳ ᠲᠦᠮᠡᠨ᠎ᠦ ᠦᠨᠳᠦᠰᠦᠲᠡᠨ᠎ᠦ ᠲᠤᠰᠠᠭᠠᠷ ᠲᠣᠭᠲᠠᠨᠢᠯ᠂ ᠡᠷᠬᠡ ᠴᠢᠯᠦᠭᠡ᠂ ᠴᠢᠯᠦᠭᠡᠯᠡᠯᠲᠡ᠎ᠶᠢᠨ ᠬᠦᠰᠡᠯ ᠵᠣᠷᠢᠭ᠋᠎ᠢ ᠪᠠᠲᠤᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠭᠡᠭᠡᠨ ᠰᠠᠷᠠᠭᠤᠯ ᠢᠷᠡᠭᠡᠳᠦᠢ᠎ᠶᠢ ᠨᠡᠭᠡᠭᠡᠭᠰᠡᠨ ᠪᠠᠢᠨ᠎ᠠ᠃
ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ ᠪᠠ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ ᠪᠣᠯ ᠰᠢᠳᠤᠷᠭᠤ ᠶᠣᠰᠣ᠌ ᠪᠠ ᠬᠠᠷᠭᠢᠰ ᠬᠦᠴᠦᠨ᠂ ᠭᠡᠭᠡᠨ ᠰᠠᠷᠠᠭᠤᠯ ᠪᠠ ᠲᠦᠨᠡᠷ ᠬᠠᠷᠠᠩᠭᠤᠢ᠂ ᠳᠠᠪᠰᠢᠯᠲᠠ ᠪᠠ ᠲᠡᠷᠰᠯᠡᠭᠦᠦ᠎ᠶᠢᠨ ᠶᠡᠬᠡ ᠰᠢᠢᠳᠪᠦᠷᠢᠲᠦ ᠳᠠᠢᠨ ᠮᠥᠨ᠂ ᠪᠦᠬᠦ ᠳᠤᠮᠳᠠᠳᠤ᠎ᠶᠢᠨ ᠬᠥᠪᠡᠭᠦᠳ ᠥᠬᠢᠳ ᠬᠥᠮᠥᠨ ᠲᠥᠷᠥᠯᠬᠢᠲᠡᠨ᠎ᠦ ᠰᠢᠳᠤᠷᠭᠤ ᠶᠣᠰᠣᠨ᠎ᠤ ᠲᠥᠯᠥᠭᠡ ᠪᠠᠢᠯᠳᠤᠵᠤ᠂ ᠳᠡᠯᠡᠬᠡᠢ᠎ᠶᠢᠨ ᠠᠷᠠᠳ ᠲᠦᠮᠡᠨ᠎ᠦ ᠶᠣᠰᠣ᠌ ᠵᠢᠷᠤᠮ᠎ᠤᠨ ᠳᠡᠮᠵᠢᠯᠭᠡ ᠪᠠ ᠡᠷᠬᠢᠮ ᠨᠠᠨᠳᠢᠨ ᠲᠤᠰᠠᠯᠠᠮᠵᠢ᠎ᠶᠢ ᠬᠦᠷᠲᠡᠵᠦ᠂ ᠳᠤᠮᠳᠠᠳᠤ ᠤᠯᠤᠰ᠎ᠤᠨ ᠠᠷᠠᠳ ᠲᠦᠮᠡᠨ ᠡᠯ᠎ᠡ ᠤᠯᠤᠰ᠎ᠤᠨ ᠠᠷᠠᠳ ᠲᠦᠮᠡᠨ᠎ᠲᠠᠢ ᠮᠥᠷᠥ ᠵᠡᠷᠭᠡᠴᠡᠨ ᠪᠠᠢᠯᠳᠤᠵᠤ᠂ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ᠎ᠦ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠦᠭᠰᠡᠨ ᠪᠠᠢᠨ᠎ᠠ —
ᠠᠮᠧᠷᠢᠺᠠ᠎ᠶᠢᠨ ᠰᠤᠷᠪᠤᠯᠵᠢᠯᠠᠭ᠍ᠴᠢ ᠱ᠋ᠮᠸᠳ᠋ᠯᠸᠢ ᠨᠠᠢ᠍ᠮᠠᠳᠤᠭᠠᠷ ᠵᠠᠮ᠎ᠤᠨ ᠴᠡᠷᠢᠭ᠎ᠢ ᠳᠠᠭᠠᠵᠤ ᠤᠮᠠᠷᠠᠲᠤ ᠣᠷᠣᠨ᠎ᠤ ᠡᠮᠦᠨ᠎ᠡ ᠹᠷᠣᠨᠲ᠎ᠲᠤ ᠠᠶᠠᠯᠠᠨ ᠪᠠᠢᠯᠳᠤᠵᠤ᠂ 《ᠥᠪᠡᠷ᠎ᠤᠨ ᠳᠤᠮᠳᠠᠳᠤ ᠤᠯᠤᠰ᠎ᠤᠨ ᠬᠥᠮᠥᠨ ᠪᠢᠰᠢ》 ᠭᠡᠲᠡᠭ᠎ᠢᠶᠡᠨ ᠦᠷᠭᠦᠯᠵᠢ ᠮᠠᠷᠲᠠᠳᠠᠭ ᠪᠠᠢᠪᠠ;
ᠺᠠᠨᠠᠳᠠ᠎ᠶᠢᠨ ᠡᠮᠴᠢ ᠪᠸᠲ᠋ᠢᠶᠦ᠋ᠨ᠂ ᠳᠤᠮᠳᠠᠳᠤ ᠤᠯᠤᠰ᠎ᠲᠤ ᠶᠠᠫᠤᠨ᠎ᠢ ᠡᠰᠡᠷᠭᠦᠴᠡᠬᠦ ᠲᠠᠢ᠍ᠢᠨ ᠡᠭᠦᠰᠦᠭᠰᠡᠨᠦ ᠲᠠᠷᠠᠭ᠎ᠠ᠂ 《ᠪᠢ ᠳᠤᠷᠠᠲᠠᠶ᠎ᠠ ᠳᠤᠮᠳᠠᠳᠤ ᠤᠯᠤᠰ᠎ᠲᠤ ᠣᠴᠢᠵᠤ᠂ ᠲᠠ ᠨᠠᠷ᠎ᠲᠠᠢ ᠬᠠᠮᠲᠤ ᠲᠡᠮᠡᠴᠡᠨ᠎ᠡ》 ᠭᠡᠵᠦ ᠢᠯᠡᠳᠬᠡᠪᠡ;
ᠡᠨᠡᠳᠬᠡᠭ᠎ᠦᠨ ᠡᠮᠴᠢ ᠸᠸᠷᠺᠢᠨ᠋ᠸᠰ·ᠺᠤᠲ᠋ᠨᠢᠰ ᠰᠠᠨᠠᠭᠠᠴᠢᠯᠠᠭ᠎ᠠ᠎ᠡᠴᠡ᠎ᠪᠠᠨ ᠳᠤᠮᠳᠠᠳᠤ ᠤᠯᠤᠰ᠎ᠢ ᠲᠤᠰᠠᠯᠠᠬᠤ ᠡᠮᠴᠢᠯᠡᠭᠡᠨ᠎ᠦ ᠠᠩᠭᠢ᠎ᠳᠤ ᠣᠷᠣᠬᠤ᠎ᠪᠠᠷ ᠭᠤᠶᠤᠴᠢᠯᠠᠪᠠ᠂ ᠲᠡᠷᠡ ᠭᠡᠷᠦᠨᠵᠠᠬᠢᠳᠠᠯᠳ᠋ᠠᠭᠠᠨ᠄ 《ᠮᠠᠨ᠎ᠤ ᠬᠠᠷᠢᠭᠤᠴᠠᠯᠭ᠎ᠠ ᠪᠣᠯ ᠳᠤᠮᠳᠠᠳᠤ ᠤᠯᠤᠰ᠎ᠤᠨ ᠬᠥᠮᠥᠨ ᠨᠢᠭᠡ ᠪᠦᠷᠢ ᠪᠠ ᠡᠩᠬᠡ ᠲᠠᠢᠪᠤᠩ᠎ᠢ ᠬᠠᠢᠷᠠᠯᠠᠳᠠᠭ ᠬᠥᠮᠥᠨ ᠨᠢᠭᠡ ᠪᠦᠷᠢ᠎ᠶᠢᠨ ᠬᠠᠷᠢᠭᠤᠴᠠᠯᠭ᠎ᠠ᠎ᠲᠠᠢ ᠠᠳᠠᠯᠢ ᠶᠤᠮ᠂ ᠳᠠᠷᠤᠢ ᠶᠠᠫᠤᠨ ᠳᠡᠭᠡᠷᠡᠮ᠎ᠢ ᠡᠰᠡᠷᠭᠦᠴᠡᠵᠦ᠂ ᠹᠠᠱ᠌ᠢᠰ᠎ᠢ ᠡᠰᠡᠷᠭᠦᠴᠡᠬᠦ ᠶᠠᠪᠤᠳᠠᠯ ᠪᠣᠯᠣᠨ᠎ᠠ》 ᠭᠡᠵᠦ ᠪᠢᠴᠢᠪᠡ;
ᠵᠥᠪᠯᠡᠯᠲᠦ ᠵᠢᠨ ᠳᠤᠮᠳᠠᠳᠤ ᠤᠯᠤᠰ᠎ᠢ ᠲᠤᠰᠠᠯᠠᠬᠤ ᠠᠭᠠᠷ᠎ᠤᠨ ᠴᠡᠷᠢᠭ ᠠᠩᠭᠢ ᠬᠠᠮᠤᠭ᠎ᠤᠨ ᠲᠦᠷᠦᠭᠦᠨ᠎ᠳᠦ ᠳᠤᠮᠳᠠᠳᠤ ᠤᠯᠤᠰ᠎ᠲᠤ ᠬᠦᠷᠴᠦ ᠳᠠᠶ᠋ᠢᠨ᠎ᠳᠦ ᠣᠷᠣᠯᠴᠠᠭᠰᠠᠨ᠎ᠡᠴᠡ ᠠᠮᠧᠷᠢᠺᠠ᠎ᠶᠢᠨ 《ᠭᠠᠪᠰᠢᠭᠠᠢ ᠠᠩᠭᠢ》 ᠭᠡᠨᠡᠨ᠎ᠢᠶᠡᠷ ᠲᠡᠮᠡᠭᠡᠨ ᠪᠥᠬᠥ᠎ᠶᠢᠨ ᠠᠶᠠᠯᠠᠯ᠎ᠤᠨ ᠱᠤᠭᠤᠮ᠎ᠢ ᠨᠡᠭᠡᠭᠡᠭᠰᠡᠨ ᠬᠦᠷᠲᠡᠯ᠎ᠡ᠂ 20 ᠭᠠᠷᠤᠢ ᠤᠯᠤᠰ᠎ᠤᠨ ᠹᠠᠱ᠌ᠢᠰ᠎ᠢ ᠡᠰᠡᠷᠭᠦᠴᠡᠬᠦ ᠪᠠᠢᠯᠳᠤᠭ᠍ᠴᠢ ᠳᠣᠷᠣᠨᠠᠳᠠᠬᠢᠨ᠎ᠤ ᠭᠣᠣᠯ ᠳᠠᠶ᠋ᠢᠨ᠎ᠦ ᠲᠠᠯᠠᠪᠤᠷ᠎ᠢ ᠲᠤᠰᠠᠯᠠᠭᠰᠠᠨ᠎ᠡᠴᠡ ᠳᠤᠮᠳᠠᠳᠤ ᠤᠯᠤᠰ᠎ᠤᠨ ᠴᠡᠷᠢᠭ ᠠᠩᠭᠢ ᠵᠡᠭᠦᠨ ᠡᠮᠦᠨᠡᠲᠦ ᠠᠽᠢᠶ᠎ᠠ᠎ᠶᠢᠨ ᠬᠠᠯᠠᠭᠤᠨ ᠪᠦᠰᠡᠨ᠎ᠦ ᠪᠣᠷᠣᠭᠠᠨᠲᠤ ᠣᠶ᠎ᠳᠤ ᠬᠣᠯᠪᠣᠭᠠᠲᠠᠨ ᠴᠡᠷᠢᠭ᠎ᠲᠠᠢ ᠮᠥᠷᠥ ᠵᠡᠷᠭᠡᠴᠡᠨ ᠪᠠᠢᠯᠳᠤᠭᠰᠠᠨ ᠬᠦᠷᠲᠡᠯ᠎ᠡ᠁
ᠲᠣᠭ᠎ᠠ ᠲᠣᠮᠰᠢ ᠦᠭᠡᠢ ᠭᠠᠳᠠᠭᠠᠳᠤ᠎ᠶᠢᠨ ᠨᠥᠬᠥᠷᠰᠡᠭ ᠬᠥᠮᠥᠰ ᠳᠤᠮᠳᠠᠳᠤ ᠤᠯᠤᠰ᠎ᠤᠨ ᠠᠷᠠᠳ ᠲᠦᠮᠡᠨ᠎ᠢ ᠵᠣᠷᠢᠭ᠍ᠵᠢᠭᠤᠯᠤᠨ ᠤᠷᠢᠶᠠᠯᠠᠵᠤ᠂ ᠬᠦᠴᠦᠯᠡᠨ ᠴᠢᠷᠮᠠᠢᠵᠤ᠂ ᠡᠯ᠎ᠡ ᠵᠦᠢᠯ᠎ᠦᠨ ᠹᠠᠱ᠌ᠢᠰ᠎ᠢ ᠡᠰᠡᠷᠭᠦᠴᠡᠬᠦ ᠬᠦᠴᠦᠨ ᠳᠤᠮᠳᠠᠳᠤ ᠤᠯᠤᠰ᠎ᠤᠨ ᠠᠷᠠᠳ ᠲᠦᠮᠡᠨ᠎ᠲᠠᠢ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠰᠢᠳᠤᠷᠭᠤ ᠶᠣᠰᠣ᠌ ᠶᠠᠭᠤ ᠪᠤᠯᠬᠤ ᠵᠢ ᠬᠥᠮᠥᠰ ᠲᠤᠲᠤᠷ᠎ᠠ ᠪᠠᠨ ᠮᠡᠳᠡᠨ᠎ᠡ ᠭᠡᠳᠡᠭ᠎ᠢ ᠭᠦᠨᠵᠡᠭᠡᠢ ᠲᠠᠢᠯᠪᠤᠷᠢᠯᠠᠪᠠ᠃
《ᠳᠤᠮᠳᠠᠳᠤ ᠤᠯᠤᠰ 20 ᠳ᠋ᠤᠭᠠᠷ ᠵᠠᠭᠤᠨ᠎ᠤ ᠭᠤᠴᠢ ᠳᠥᠴᠢᠭᠡᠳ ᠣᠨ᠎ᠤ ᠦᠶ᠎ᠡ᠎ᠳᠦ ᠲᠡᠷᠡ ᠬᠦ᠌ ᠲᠤᠢᠯ᠎ᠤᠨ ᠪᠡᠷᠬᠡ ᠬᠠᠲᠠᠭᠤᠵᠢᠯᠲᠠᠢ ᠲᠠᠢ᠍ᠢᠨ᠎ᠳᠦ ᠣᠷᠣᠯᠴᠠᠭᠰᠠᠨ ᠨᠢ ᠵᠥᠪᠬᠡᠨ ᠤᠯᠤᠰ᠎ᠤᠨ ᠨᠡᠷ᠎ᠡ ᠬᠦᠨᠳᠦ ᠪᠠ ᠣᠷᠣᠰᠢᠨ ᠲᠣᠭᠲᠠᠨᠢᠬᠤ᠎ᠶᠢᠨ ᠲᠥᠯᠥᠭᠡ ᠪᠢᠰᠢ᠂ ᠪᠠᠰᠠ ᠪᠤᠢ ᠪᠦᠬᠦᠢ ᠬᠣᠯᠪᠣᠭᠠᠲᠠᠨ ᠤᠯᠤᠰ᠎ᠤᠨ ᠢᠯᠠᠯᠲᠠ᠎ᠶᠢᠨ ᠲᠥᠯᠥᠭᠡ ᠶᠤᠮ》᠃ ᠠᠮᠧᠷᠢᠺᠠ᠎ᠶᠢᠨ ᠬᠠᠷᠸᠠᠷᠳ᠋ ᠶᠡᠬᠡ ᠰᠤᠷᠭᠠᠭᠤᠯᠢ᠎ᠶᠢᠨ ᠫᠷᠤᠹᠧᠰᠰᠤᠷ ᠯᠠᠨᠠᠷ·ᠮᠢᠲ᠄《ᠳᠣᠷᠣᠨᠠᠳᠠᠬᠢᠨ ᠤ᠋ ᠬᠢᠨ ᠬᠠᠮᠲᠤ᠎ᠪᠠᠷ ᠲᠡᠦᠬᠡᠨ ᠳᠡᠭᠡᠷᠡᠬᠢ ᠬᠠᠮᠤᠭ᠎ᠤᠨ ᠬᠠᠷᠠᠩᠭᠤᠢ ᠬᠠᠷᠭᠢᠰ ᠬᠦᠴᠦᠨ᠎ᠢ ᠡᠰᠡᠷᠭᠦᠴᠡᠪᠡ》 ᠭᠡᠵᠡᠢ᠃
《ᠮᠠᠨ᠎ᠤ ᠳᠠᠢᠰᠤᠨ ᠪᠣᠯ ᠳᠡᠯᠡᠬᠡᠢ᠎ᠶᠢᠨ ᠴᠢᠨᠠᠷᠲᠠᠢ ᠳᠠᠢᠰᠤᠨ ᠮᠥᠨ᠂ ᠳᠤᠮᠳᠠᠳᠤ ᠤᠯᠤᠰ᠎ᠤᠨ ᠡᠰᠡᠷᠭᠦᠴᠡᠬᠦ ᠳᠠᠢ᠍ᠢᠨ ᠪᠣᠯ ᠳᠡᠯᠡᠬᠡᠢ᠎ᠶᠢᠨ ᠴᠢᠨᠠᠷᠲᠠᠢ ᠡᠰᠡᠷᠭᠦᠴᠡᠬᠦ ᠳᠠᠢ᠍ᠢᠨ ᠮᠥᠨ》᠃ ᠳᠤᠮᠳᠠᠳᠤ ᠤᠯᠤᠰ᠎ᠤᠨ ᠳᠠᠶ᠋ᠢᠨ᠎ᠦ ᠲᠠᠯᠠᠪᠤᠷ ᠨᠢ ᠶᠠᠫᠤᠨ᠎ᠤ ᠴᠡᠷᠢᠭᠯᠡᠬᠦ ᠦᠵᠡᠯ᠎ᠦᠨ ᠭᠣᠣᠯ ᠴᠡᠷᠢᠭ᠎ᠦᠨ ᠬᠦᠴᠦᠨ᠎ᠢ ᠤᠷᠲᠤ ᠬᠤᠭᠤᠴᠠᠭ᠎ᠠ᠎ᠪᠠᠷ ᠬᠤᠷᠢᠭᠯᠠᠨ ᠡᠰᠡᠷᠭᠦᠴᠡᠵᠦ᠂ ᠡᠸᠦ᠋ᠷᠦᠫᠡ ᠲᠢᠪ᠎ᠦᠨ ᠳᠠᠶ᠋ᠢᠨ᠎ᠦ ᠲᠠᠯᠠᠪᠤᠷ ᠪᠠ ᠨᠣᠮᠣᠬᠠᠨ ᠳᠠᠯᠠᠶ᠎ᠶᠢᠨ ᠳᠠᠶ᠋ᠢᠨ᠎ᠦ ᠲᠠᠯᠠᠪᠤᠷ᠎ᠤᠨ ᠪᠠᠢᠯᠳᠤᠬᠤ ᠪᠣᠳᠣᠯᠭ᠎ᠠ᠎ᠶᠢᠨ ᠠᠵᠢᠯᠯᠠᠭ᠎ᠠ᠎ᠲᠠᠢ ᠬᠠᠮᠵᠢᠯᠴᠠᠨ᠂ ᠳᠡᠯᠡᠬᠡᠢ᠎ᠶᠢᠨ ᠨᠡᠶ᠋ᠢᠲᠡ᠎ᠶᠢᠨ ᠵᠢᠷᠤᠮ ᠪᠠ ᠬᠥᠮᠥᠨ ᠲᠥᠷᠥᠯᠬᠢᠲᠡᠨ᠎ᠦ ᠲᠦᠷᠦᠯᠬᠢ᠎ᠵᠢᠨ ᠵᠦᠪ ᠮᠡᠳᠡᠯᠭᠡ ᠵᠢ ᠬᠠᠮᠠᠭᠠᠯᠠᠭᠰᠠᠨ ᠪᠠᠢᠨ᠎ᠠ᠃
80 ᠵᠢᠯ᠎ᠦᠨ ᠲᠤᠷᠰᠢ᠂ 《ᠰᠢᠳᠤᠷᠭᠤ ᠶᠣᠰᠣ᠌ ᠯᠠᠪᠲᠠᠢ ᠢᠯᠠᠨ᠎ᠠ》 ᠭᠡᠬᠦ ᠢᠲᠡᠭᠡᠯ ᠵᠣᠷᠢᠭ᠋ ᠡᠨᠡ ᠬᠦ᠌ ᠨᠤᠲᠤᠭ ᠳᠡᠪᠢᠰᠬᠡᠷ ᠳᠡᠭᠡᠷ᠎ᠡ ᠶᠠᠪᠤᠬᠤ ᠲᠤᠳᠤᠮ ᠪᠡᠬᠢᠵᠢᠭᠰᠡᠭᠡᠷ ᠢᠷᠡᠭᠰᠡᠨ ᠶᠤᠮ᠃
ᠶᠡᠷᠦᠩᠬᠡᠢ ᠱᠦᠵᠢ ᠰᠢ ᠵᠢᠨ ᠫᠢᠩ᠄ 《ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠰᠠᠢᠨ ᠰᠠᠢᠬᠠᠨ ᠵᠣᠯ ᠵᠢᠷᠭᠠᠯᠲᠤ ᠠᠮᠢᠳᠤᠷᠠᠯ᠎ᠢ ᠬᠥᠭᠡᠭᠡᠴᠡᠯᠳᠦᠬᠦ ᠭᠡᠭᠡᠨ ᠰᠠᠷᠠᠭᠤᠯ ᠵᠠᠮ ᠮᠥᠨ᠂ ᠪᠠᠰᠠ ᠴᠤ᠌ ᠳᠡᠯᠡᠬᠡᠢ᠎ᠶᠢᠨ ᠡᠩᠬᠡ ᠲᠠᠢᠪᠤᠩ ᠪᠠ ᠬᠥᠭᠵᠢᠯᠲᠡ᠎ᠶᠢ ᠠᠬᠢᠭᠤᠯᠬᠤ ᠰᠢᠳᠤᠷᠭᠤ ᠶᠣᠰᠣᠨ᠎ᠤ ᠵᠠᠮ ᠮᠥᠨ》 ᠭᠡᠵᠦ ᠴᠢᠬᠤᠯᠠᠴᠢᠯᠠᠪᠠ᠃
ᠳᠡᠯᠡᠬᠡᠢ ᠶᠢᠷᠲᠢᠨᠴᠦ ᠲᠥᠪ ᠭᠣᠣᠯᠴᠢ ᠪᠠᠢᠬᠤ ᠬᠡᠷᠡᠭᠲᠡᠢ᠂ ᠬᠠᠷᠭᠢᠰ ᠬᠡᠷᠴᠡᠭᠡᠢ ᠪᠠᠢᠵᠤ ᠪᠣᠯᠬᠤ ᠦᠭᠡᠢ᠃ ᠲᠠᠢᠸᠠᠨ ᠳᠤᠮᠳᠠᠳᠤ ᠤᠯᠤᠰ᠎ᠲᠤ ᠪᠤᠴᠠᠵᠤ ᠢᠷᠡᠬᠦ ᠪᠤᠯ ᠶᠠᠭ ᠳᠡᠯᠡᠬᠡᠢ᠎ᠶᠢᠨ ᠬᠣᠶᠠᠳᠤᠭᠠᠷ ᠶᠡᠬᠡ ᠲᠠᠢ᠍ᠢᠨ᠎ᠦ ᠢᠯᠠᠯᠲᠠ᠎ᠶᠢᠨ ᠦᠷ᠎ᠡ ᠪᠦᠲᠦᠭᠡᠯ ᠮᠥᠨ᠂ ᠲᠠᠢ᠍ᠢᠨ᠎ᠦ ᠳᠠᠷᠠᠭᠠᠬᠢ ᠤᠯᠠᠨ ᠤᠯᠤᠰ᠎ᠤᠨ ᠡᠮᠬᠢ ᠵᠢᠷᠤᠮ᠎ᠤᠨ ᠴᠢᠬᠤᠯᠠ ᠪᠦᠷᠢᠯᠳᠦᠭᠦᠨ ᠬᠡᠰᠡᠭ ᠮᠥᠨ᠃ 《ᠳᠡᠯᠡᠬᠡᠢ᠎ᠶᠢᠨ ᠡᠯ᠎ᠡ ᠤᠯᠤᠰ᠎ᠤᠨ ᠠᠷᠠᠳ ᠲᠦᠮᠡᠨ ᠪᠦᠷ ᠲᠡᠦᠬᠡ᠎ᠶᠢᠨ ᠵᠥᠪ ᠲᠠᠯ᠎ᠠ᠎ᠳᠤ ᠵᠣᠭᠰᠣᠵᠤ᠂ ᠲᠥᠪ ᠭᠣᠣᠯᠴᠢ ᠰᠢᠳᠤᠷᠭᠤ ᠶᠣᠰᠣᠨ᠎ᠤ ᠲᠠᠯ᠎ᠠ᠎ᠳᠤ ᠵᠣᠭᠰᠣᠨ᠎ᠠ ᠭᠡᠳᠡᠭ᠎ᠢ ᠪᠢᠳᠡ ᠪᠠᠲᠤ ᠢᠲᠡᠭᠡᠵᠦ ᠪᠠᠢᠨ᠎ᠠ》᠃
ᠳᠤᠮᠳᠠᠳᠤ ᠤᠯᠤᠰ ᠢᠮᠠᠭᠲᠠ ᠵᠥᠪ ᠵᠢᠷᠤᠮ ᠠᠰᠢᠭ᠋᠎ᠤᠨ ᠦᠵᠡᠯᠲᠡ᠎ᠶᠢ ᠪᠠᠷᠢᠮᠲᠠᠯᠠᠨ᠂ ᠵᠢᠩᠬᠢᠨᠢ ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠵᠦ᠂ ᠠᠯᠢᠪᠠ ᠬᠡᠯᠪᠡᠷᠢ᠎ᠶᠢᠨ ᠡᠵᠡᠷᠬᠡᠬᠦ ᠦᠵᠡᠯ ᠪᠠ ᠬᠦᠴᠦᠷᠬᠡᠭᠯᠡᠯ᠎ᠦᠨ ᠤᠯᠤᠰ ᠲᠦᠷᠦ᠎ᠶᠢ ᠡᠰᠡᠷᠭᠦᠴᠡᠨ᠂ ᠲᠥᠪ ᠭᠣᠣᠯᠴᠢ ᠵᠦᠢ ᠵᠣᠬᠢᠰᠲᠠᠢ᠂ ᠡᠷᠬᠡ ᠲᠡᠭᠰᠢ ᠡᠮᠬᠢ ᠵᠢᠷᠤᠮ᠎ᠲᠠᠢ ᠤᠯᠠᠨ ᠤᠯᠤᠰ᠎ᠤᠨ ᠡᠮᠬᠢ ᠵᠢᠷᠤᠮ᠎ᠢ ᠬᠠᠮᠠᠭᠠᠯᠠᠵᠤ᠂ ᠤᠯᠠᠨ ᠤᠯᠤᠰ᠎ᠤᠨ ᠶᠣᠰᠣ᠌ ᠵᠢᠷᠤᠮ᠎ᠤᠨ ᠠᠰᠢᠭ᠍ᠲᠠᠢ ᠪᠠᠢᠷᠢ᠎ᠶᠢ ᠪᠠᠲᠤ ᠡᠵᠡᠯᠡᠨ᠂ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠂ ᠶᠣᠰᠣ᠌ ᠵᠢᠷᠤᠮ᠎ᠤᠨ ᠤᠷᠢᠶᠠᠯᠠᠬᠤ ᠬᠦᠴᠦᠨ᠎ᠢᠶᠡᠷ ᠨᠡᠩ ᠶᠡᠬᠡ ᠬᠠᠷᠢᠭᠤᠴᠠᠯᠭᠠᠲᠤ ᠲᠣᠮᠣ᠌ ᠤᠯᠤᠰ ᠪᠣᠯᠪᠠ᠃
ᠬᠥᠮᠥᠨ᠎ᠦ ᠶᠢᠷᠲᠢᠨᠴᠦ᠎ᠶᠢᠨ ᠵᠥᠪ ᠵᠠᠮ᠎ᠢᠶᠠᠷ ᠵᠠᠮᠨᠠᠵᠤ᠂ ᠰᠢᠳᠤᠷᠭᠤ ᠶᠣᠰᠣᠨ᠎ᠤ ᠦᠢᠯᠡᠰ᠎ᠢ ᠴᠤᠬᠴᠠᠯᠠᠨ᠎ᠠ᠃
(ᠳᠦᠷᠪᠡ)
《ᠡᠩᠬᠡ ᠲᠠᠢᠪᠤᠩ ᠯᠠᠪᠲᠠᠢ ᠢᠯᠠᠨ᠎ᠠ》 ᠬᠡᠬᠦ ᠠᠭᠤᠤ ᠶᠡᠬᠡ ᠦᠨᠡᠨ ᠶᠣᠰᠣ᠌ ᠨᠢ ᠪᠦᠬᠦ ᠪᠦᠮᠪᠦᠷᠴᠡᠭᠢᠶᠡᠷᠢᠶᠡᠨ ᠬᠠᠷᠢᠯᠴᠠᠨ ᠲᠤᠰᠠᠯᠠᠯᠴᠠᠬᠤ᠂ ᠡᠶ᠎ᠡ ᠨᠠᠢᠷᠰᠠᠭ᠎ᠢᠶᠠᠷ ᠬᠠᠮᠲᠤ ᠪᠠᠷ ᠤᠷᠤᠰᠢᠬᠤ ᠴᠠᠭ ᠦᠶ᠎ᠡ᠎ᠶᠢᠨ ᠬᠥᠭᠵᠢᠯᠲᠡ᠎ᠶᠢᠨ ᠤᠷᠤᠰᠬᠠᠯ᠎ᠢ ᠢᠯᠡᠷᠡᠭᠦᠯᠪᠡ᠃ ᠳᠤᠮᠳᠠᠳᠤ ᠤᠯᠤᠰ ᠡᠩᠬᠡ ᠲᠠᠢᠪᠤᠩ ᠬᠥᠭᠵᠢᠯᠲᠡ᠎ᠶᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠳᠡᠯᠡᠬᠡᠢ᠎ᠶᠢᠨ ᠡᠩᠬᠡ ᠲᠠᠢᠪᠤᠩ᠎ᠢ ᠡᠷᠡᠰ ᠭᠤᠢᠪᠢᠰᠢ ᠦᠭᠡᠢ ᠬᠠᠮᠠᠭᠠᠯᠠᠵᠤ᠂ ᠡᠯ᠎ᠡ ᠤᠯᠤᠰ᠎ᠲᠠᠢ ᠬᠠᠮᠲᠤ᠎ᠪᠠᠷ ᠡᠩᠬᠡ ᠲᠠᠢᠪᠤᠩ᠎ᠤᠨ ᠨᠡᠷᠡᠨ᠎ᠦ ᠭᠡᠷᠡᠯ᠎ᠢᠶᠡᠷ ᠡᠭᠦᠷᠢᠳᠡ ᠬᠥᠮᠥᠨ ᠲᠥᠷᠥᠯᠬᠢᠲᠡᠨ᠎ᠦ ᠤᠷᠤᠰᠢᠨ ᠠᠮᠢᠳᠤᠷᠠᠵᠤ ᠪᠠᠢᠭ᠎ᠠ ᠤᠳᠤᠨ ᠪᠥᠮᠪᠥᠷᠴᠡᠭ᠎ᠢ ᠨᠡᠢᠳᠡᠮ ᠭᠡᠢᠭᠦᠯᠬᠦ᠎ᠪᠡᠷ ᠴᠢᠷᠮᠠᠢᠨ᠎ᠠ᠃
《ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠢ᠍ᠢᠨ ᠨᠢ ᠡᠬᠢᠯᠡᠩᠭᠦᠲᠡ᠎ᠪᠡᠨ ᠳᠠᠷᠤᠢ ᠬᠥᠮᠥᠨ ᠲᠥᠷᠥᠯᠬᠢᠲᠡᠨ᠎ᠦ ᠪᠣᠯᠪᠠᠰᠤᠨ᠎ᠢ ᠠᠪᠤᠷᠠᠬᠤ᠂ ᠳᠡᠯᠡᠬᠡᠢ᠎ᠶᠢᠨ ᠡᠩᠬᠡ ᠲᠠᠢᠪᠤᠩ᠎ᠢ ᠬᠠᠮᠠᠭᠠᠯᠠᠬᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ》᠂ 《ᠡᠨᠡ ᠬᠦ᠌ ᠠᠭᠤᠤ ᠶᠡᠬᠡ ᠢᠯᠠᠯᠲᠠ ᠨᠢ ᠳᠤᠮᠳᠠᠳᠤ᠎ᠶᠢᠨ ᠦᠨᠳᠦᠰᠦᠲᠡᠨ᠎ᠦ ᠲᠡᠦᠬᠡ᠎ᠶᠢᠨ ᠬᠠᠭᠤᠳᠠᠰᠤᠨ᠎ᠳᠤ ᠥᠨᠢᠳᠡ ᠲᠡᠮᠳᠡᠭᠯᠡᠭᠳᠡᠵᠦ᠂ ᠬᠥᠮᠥᠨ ᠲᠥᠷᠥᠯᠬᠢᠲᠡᠨ᠎ᠦ ᠡᠩᠬᠡ ᠲᠠᠢᠪᠤᠩ᠎ᠤᠨ ᠲᠡᠦᠬᠡ᠎ᠶᠢᠨ ᠬᠠᠭᠤᠳᠠᠰᠤᠨ᠎ᠳᠤ ᠥᠨᠢᠳᠡ ᠲᠡᠮᠳᠡᠭᠯᠡᠭᠳᠡᠬᠦ ᠪᠣᠯᠣᠨ᠎ᠠ》᠃ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠥᠭᠦᠯᠡᠯᠲᠡ ᠨᠢ ᠡᠨᠡ ᠤᠳᠠᠭ᠎ᠠ᠎ᠶᠢᠨ ᠲᠠᠢ᠍ᠢᠨ ᠨᠢ ᠬᠥᠮᠥᠨ ᠲᠥᠷᠥᠯᠬᠢᠲᠡᠨ᠎ᠦ ᠡᠩᠬᠡ ᠲᠠᠢᠪᠤᠩ᠎ᠤᠨ ᠦᠢᠯᠡᠰ᠎ᠢ ᠬᠦᠴᠦᠲᠡᠢ ᠬᠠᠮᠠᠭᠠᠯᠠᠬᠰᠠᠨ ᠮᠦᠨ ᠴᠢᠨᠠᠷ ᠤ᠋ᠨ ᠤᠨᠴᠠᠯᠢᠭ ᠢ᠋ ᠭᠦᠨᠵᠡᠭᠡᠢ ᠲᠠᠢᠯᠪᠤᠷᠢᠯᠠᠵᠤ᠂ ᠡᠨᠡ ᠬᠦ᠌ ᠠᠭᠤᠤ ᠶᠡᠬᠡ ᠢᠯᠠᠯᠲᠠ᠎ᠶᠢᠨ ᠰᠠᠴᠤᠷᠠᠭᠤᠯᠤᠭᠰᠠᠨ ᠡᠩᠬᠡ ᠲᠠᠢᠪᠤᠩ᠎ᠤᠨ ᠭᠡᠷᠡᠯ ᠭᠢᠯᠪᠠᠭ᠎ᠠ ᠨᠢ ᠬᠥᠮᠥᠨ ᠲᠥᠷᠥᠯᠬᠢᠲᠡᠨ᠎ᠦ ᠬᠥᠭᠵᠢᠯᠲᠡ ᠲᠠᠪᠰᠢᠯᠳᠠ᠎ᠶᠢᠨ ᠢᠷᠡᠭᠡᠳᠦᠢ᠎ᠶᠢ ᠥᠨᠢ ᠡᠭᠦᠷᠢᠳᠡ ᠭᠡᠷᠡᠯᠳᠦᠬᠦᠯᠬᠦ ᠪᠣᠯᠣᠨ᠎ᠠ ᠬᠡᠳᠡᠭ ᠢ᠋ ᠬᠦᠨᠵᠡᠬᠡᠢ ᠰᠡᠩᠬᠡᠷᠡᠬᠦᠯᠪᠡ᠃
《ᠠᠬ᠎ᠠ ᠳᠡᠭᠦᠦ ᠢᠷᠡᠪᠡᠯ ᠠᠷᠢᠬᠢ ᠲᠡᠢ᠂ ᠠᠲᠠᠭᠠᠲᠠᠨ ᠳᠠᠢᠰᠦᠨ ᠢᠷᠡᠪᠡᠯ ᠫᠤᠤ᠎ᠲᠠᠢ》᠂ ᠳᠤᠮᠳᠠᠳᠤ ᠤᠯᠤᠰ᠎ᠤᠨ ᠠᠷᠠᠳ ᠲᠦᠮᠡᠨ ᠬᠡᠷᠡᠭ ᠥᠳᠥᠬᠦ ᠦᠭᠡᠢ ᠪᠥᠭᠡᠳ ᠬᠡᠷᠡᠭ᠎ᠡᠴᠡ ᠴᠦ᠍ ᠠᠶᠤᠬᠤ ᠦᠭᠡᠢ᠂ ᠳᠤᠮᠳᠠᠳᠤ᠎ᠶᠢᠨ ᠦᠨᠳᠦᠰᠦᠲᠡᠨ ᠠᠶᠤᠨ ᠰᠦᠷᠳᠡᠰᠢ ᠦᠭᠡᠢ᠂ ᠳᠠᠷᠤᠯᠠᠭᠳᠠᠰᠢ ᠦᠭᠡᠢ ᠪᠠᠢᠵᠤ᠂ ᠲᠦᠷᠢᠮᠡᠬᠡᠢᠯᠡᠭᠴᠢᠳ᠎ᠲᠠᠢ ᠡᠴᠦᠰ ᠲᠦ᠍ᠨᠢ ᠲᠤᠯᠲᠠᠯ᠎ᠠ ᠴᠢᠰᠤᠨ ᠪᠠᠢᠯᠳᠤᠭᠠᠨ ᠬᠢᠬᠦ ᠵᠤᠷᠢᠭ ᠰᠦᠯᠳᠡ᠎ᠲᠠᠢ᠂ ᠥᠪᠡᠷ᠎ᠦᠨ ᠬᠦᠴᠦ᠎ᠪᠡᠷ᠎ᠢᠶᠡᠨ ᠳᠡᠭᠵᠢᠷᠡᠭᠰᠡᠨ ᠰᠠᠭᠤᠷᠢᠨ ᠳᠡᠭᠡᠷ᠎ᠡ ᠬᠠᠭᠤᠴᠢᠨ ᠶᠠᠭᠤᠮ᠎ᠠ᠎ᠪᠠᠨ ᠡᠭᠡᠭᠦᠯᠦᠨ ᠠᠪᠬᠤ ᠡᠷᠡᠰ ᠵᠣᠷᠢᠭ᠋᠎ᠲᠠᠢ᠂ ᠳᠡᠯᠡᠬᠡᠢ᠎ᠶᠢᠨ ᠦᠨᠳᠦᠰᠦᠲᠡᠨ᠎ᠦ ᠡᠩᠨᠡᠭᠡᠨ᠎ᠳᠦ ᠪᠡᠶ᠎ᠡ᠎ᠪᠡᠨ ᠳᠠᠭᠠᠭᠠᠬᠤ ᠴᠢᠳᠠᠪᠤᠷᠢ᠎ᠲᠠᠢ ︱
1937 ᠣᠨ᠎ᠳᠤ᠂ ᠵᠢᠯ᠎ᠦᠨ ᠠᠵᠤ ᠦᠢᠯᠡᠳᠪᠦᠷᠢ᠎ᠶᠢᠨ ᠦᠢᠯᠡᠳᠬᠦᠨ᠎ᠦ ᠦᠷᠳᠡᠭ ᠨᠢ ᠶᠠᠫᠤᠨ 60 ᠳ᠋ᠦᠩᠰᠢᠭᠤᠷ ᠳ᠋ᠣᠯᠯᠠᠷ᠎ᠲᠤ ᠬᠦᠷᠴᠦ᠂ ᠳᠤᠮᠳᠠᠳᠤ ᠤᠯᠤᠰ 13.6 ᠳ᠋ᠦᠩᠰᠢᠭᠤᠷ ᠳ᠋ᠣᠯᠯᠠᠷ ᠪᠠᠢᠪᠠ; ᠵᠢᠯ᠎ᠦᠨ ᠪᠣᠯᠣᠳ ᠲᠡᠮᠦᠷ᠎ᠦᠨ ᠭᠠᠷᠤᠯᠲᠠ ᠶᠠᠫᠤᠨ 580 ᠲᠦᠮᠡᠨ ᠲᠣᠨ ᠪᠠᠢᠵᠤ᠂ ᠳᠤᠮᠳᠠᠳᠤ ᠤᠯᠤᠰ 4 ᠲᠦᠮᠡᠨ ᠲᠣᠨ ᠪᠠᠢᠪᠠ; ᠵᠢᠯ᠎ᠦᠨ ᠦᠢᠯᠡᠳᠪᠦᠷᠢᠯᠡᠭᠰᠡᠨ ᠨᠢᠰᠬᠡᠯ᠎ᠦᠨ ᠲᠣᠭ᠎ᠠ ᠶᠠᠫᠤᠨ 1580 ᠪᠠᠢᠵᠤ᠂ ᠳᠤᠮᠳᠠᠳᠤ ᠤᠯᠤᠰ ᠪᠠᠷᠤᠭ ᠪᠠᠢᠭᠰᠠᠨ ᠦᠭᠡᠢ ᠁ ᠤᠯᠤᠰ᠎ᠤᠨ ᠬᠦᠴᠦᠨ ᠪᠠᠭᠤᠷᠠᠢ ᠪᠠᠢᠲᠠᠯ᠎ᠠ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ᠎ᠦ ᠲᠤᠭ᠎ᠢ ᠬᠡᠷᠬᠢᠨ ᠬᠠᠮᠤᠭ᠎ᠤᠨ ᠲᠦᠷᠦᠭᠦᠨ᠎ᠳᠦ ᠡᠷᠭᠦᠭᠰᠡᠨ ᠪᠤᠢ?
ᠫᠢᠩ ᠰᠢᠩ ᠭᠤᠸᠠᠨᠤ ᠶᠡᠬᠡ ᠢᠯᠠᠯᠲᠠ ᠵᠢᠨ ᠳᠤᠷᠠᠰᠬᠠᠯ᠎ᠤᠨ ᠣᠷᠳᠣᠨ᠎ᠳᠤ᠂ ᠨᠢᠭᠡᠨ ᠬᠠᠭᠤᠳᠠᠰᠦ ᠴᠡᠷᠢᠭ᠎ᠦᠨ ᠬᠦᠴᠦᠨ᠎ᠦ ᠵᠡᠪᠰᠡᠭ ᠲᠣᠨᠣᠭᠯᠠᠯ᠎ᠤᠨ ᠠᠳᠠᠯᠢᠳᠬᠠᠯ᠎ᠤᠨ ᠬᠦᠰᠦᠨᠦᠭᠲᠦ᠎ᠶᠢ ᠤᠷᠤᠭᠤᠯᠤᠨ ᠲᠠᠯᠪᠢᠵᠠᠢ᠄ ᠴᠡᠷᠢᠭ᠎ᠦᠨ ᠬᠦᠴᠦᠨ᠂ ᠮᠠᠨ᠎ᠤ ᠴᠡᠷᠢᠭ ᠲᠦᠮᠡ ᠭᠠᠷᠤᠢ ᠬᠥᠮᠥᠨ᠂ ᠶᠠᠫᠤᠨ ᠴᠡᠷᠢᠭ 2.2 ᠲᠦᠮᠡ ᠭᠠᠷᠤᠢ ᠬᠥᠮᠥᠨ; ᠭᠠᠷ ᠫᠤᠤ᠂ ᠮᠠᠨ᠎ᠤ ᠴᠡᠷᠢᠭ 3821᠂ ᠶᠠᠫᠤᠨ ᠴᠡᠷᠢᠭ 9476 ᠁ ᠪᠣᠳᠠᠲᠤ ᠬᠦᠴᠦᠨ᠎ᠦ ᠵᠥᠷᠢᠶ᠎ᠡ ᠮᠠᠰᠢ ᠶᠡᠬᠡ ᠪᠠᠢᠲᠠᠯ᠎ᠠ ᠪᠠᠭᠤᠷᠠᠢ᠎ᠪᠠᠷ ᠬᠦᠴᠦᠷᠬᠡᠭ᠎ᠢ ᠢᠯᠠᠭᠰᠠᠨ ᠲᠠᠢ᠍ᠢᠨ᠎ᠦ ᠭᠠᠢᠬᠠᠮᠰᠢᠭ᠍ᠲᠦ ᠪᠠᠢᠳᠠᠯ᠎ᠢ ᠬᠡᠷᠬᠢᠨ ᠪᠤᠢ ᠪᠣᠯᠭᠠᠭᠰᠠᠨ ᠪᠤᠢ?
ᠡᠨᠡ ᠪᠣᠯ ᠬᠡᠳᠦᠨᠲᠡ ᠤᠯᠠᠷᠢᠭᠤᠯᠤᠨ ᠳᠡᠯᠭᠡᠷᠡᠭᠦᠯᠦᠭᠰᠡᠨ᠂ ᠥᠷᠭᠡᠨ᠎ᠢᠶᠡᠷ ᠤᠯᠠᠮᠵᠢᠯᠠᠭᠳᠠᠭᠰᠠᠨ ᠦᠯᠢᠭᠡᠷ ᠪᠠᠢᠵᠤ᠂ ᠲᠡᠭᠦᠨ᠎ᠦ ᠤᠯᠠᠮᠵᠢᠯᠠᠭᠳᠠᠭᠰᠠᠨ ᠦᠬᠦᠵᠤ ᠰᠡᠭᠡᠬᠦ ᠵᠤᠷᠢᠭ᠎ᠢᠶᠡᠷ ᠵᠠᠪᠠᠯ ᠢᠯᠠᠬᠤ᠎ᠶᠢ ᠬᠥᠭᠡᠭᠡᠴᠡᠯᠳᠦᠭᠰᠡᠨ ᠡᠷᠡᠯᠬᠡᠭ ᠵᠣᠷᠢᠭ᠋ ᠨᠢ ᠬᠥᠮᠥᠨ᠎ᠦ ᠰᠡᠳᠬᠢᠯ᠎ᠢ ᠬᠥᠳᠡᠯᠭᠡᠮ᠎ᠡ ᠶᠤᠮ᠃ ᠶᠠᠫᠤᠨ᠎ᠢ ᠡᠰᠡᠷᠭᠦᠴᠡᠬᠦ ᠲᠠᠢ᠍ᠢᠨ᠎ᠦ ᠦᠶ᠎ᠡ᠎ᠳᠦ᠂ ᠭᠠᠳᠠᠭᠠᠳᠦ ᠵᠢᠨ ᠰᠤᠷᠪᠤᠯᠵᠢᠯᠠᠭ᠍ᠴᠢ ᠡᠮᠦᠨ᠎ᠡ ᠹᠷᠣᠨᠲ᠎ᠲᠤ ᠲᠡᠮᠡᠴᠡᠵᠤ ᠪᠠᠢᠭᠰᠠᠨ ᠳᠤᠮᠳᠠᠳᠤ ᠤᠯᠤᠰ᠎ᠤᠨ ᠨᠢᠭᠡᠨ ᠪᠠᠢᠯᠳᠤᠭ᠍ᠴᠢ ᠡᠴᠡ ᠠᠰᠠᠭᠤᠯᠳᠠ ᠠᠰᠠᠭᠤᠪᠠ᠃ ᠴᠢ ᠬᠡᠳᠦᠨ ᠨᠠᠰᠤ ᠲᠠᠢ ᠪᠤᠢ? ᠭᠡᠵᠤ ᠠᠰᠠᠭᠤᠬᠤ᠎ᠳᠦ᠄ 16 ᠨᠠᠰᠤᠲᠠᠢ ᠭᠡᠵᠦ ᠬᠠᠷᠢᠭᠤᠯᠪᠠ᠃ ᠴᠢᠨᠤ ᠦᠵᠡᠬᠦ᠎ᠪᠡᠷ ᠳᠤᠮᠳᠠᠳᠤ ᠤᠯᠤᠰ ᠢᠯᠠᠵᠤ ᠴᠢᠳᠠᠬᠤ ᠦᠦ? ᠭᠡᠵᠤ ᠠᠰᠠᠭᠤᠭᠰᠠᠨ᠎ᠳᠦ᠄ ᠳᠤᠮᠳᠠᠳᠤ ᠤᠯᠤᠰ ᠯᠠᠪᠲᠠᠢ ᠢᠯᠠᠨ᠎ᠠ ᠭᠡᠵᠤ ᠬᠠᠷᠢᠭᠤᠯᠪᠠ᠃ ᠳᠤᠮᠳᠠᠳᠤ ᠤᠯᠤᠰ ᠢᠯᠠᠯᠲᠠ ᠣᠯᠣᠭᠰᠠᠨ᠎ᠤ ᠲᠠᠷᠠᠭ᠎ᠠ ᠴᠢ ᠶᠠᠭᠤ ᠬᠢᠬᠦ ᠬᠡᠵᠥ ᠪᠤᠳᠤᠵᠤ ᠪᠠᠢᠭ᠎ᠠ ᠪᠤᠢ? ᠡᠬᠡᠨᠡᠷ ᠪᠠᠭᠤᠯᠭᠠᠵᠤ ᠬᠡᠦᠬᠡᠳ ᠲᠥᠷᠥᠭᠦᠯᠦᠨ᠎ᠡ ᠤᠤ?ᠡᠰᠡᠬᠦᠯ᠎ᠡ ᠦᠷᠭᠦᠯᠵᠢᠯᠡᠨ ᠴᠡᠷᠢᠭ᠎ᠲᠦ ᠣᠷᠣᠬᠤ ᠦᠦ? ᠭᠡᠵᠤ ᠠᠰᠠᠭᠤᠬᠤ᠎ᠳᠦ ᠪᠠᠢᠯᠳᠤᠭᠴᠢ ᠢᠨᠢᠶᠡᠭᠰᠡᠨ᠎ᠢᠶᠡᠨ᠄ ᠲᠡᠷᠡ ᠦᠶ᠎ᠡ᠎ᠳᠦ ᠪᠢ ᠨᠢᠭᠡᠨᠳᠡ ᠪᠠᠢᠯᠳᠤᠭᠠᠨ᠎ᠤ ᠲᠠᠯᠠᠪᠤᠷ᠎ᠲᠤ ᠪᠡᠶ᠎ᠡ ᠦᠷᠡᠭᠳᠡᠭᠰᠡᠨ ᠪᠠᠢᠬ᠎ᠠ ᠡ ᠭᠡᠵᠦ ᠬᠠᠷᠢᠭᠤᠯᠵᠠᠢ᠃
ᠲᠦᠷᠢᠮᠡᠬᠡᠢᠯᠡᠭᠴᠢᠳ᠎ᠲᠦ ᠬᠠᠨᠳᠤᠬᠤ᠎ᠳᠠᠭᠠᠨ ᠶᠠᠫᠤᠨ᠎ᠢ ᠡᠰᠡᠷᠭᠦᠴᠡᠬᠦ ᠳᠠᠢ᠍ᠢᠨᠢ ᠡᠴᠦᠰ ᠲᠦ᠍ᠨᠢ ᠲᠤᠯᠲᠠᠯ᠎ᠠ ᠬᠢᠬᠦ ᠢᠲᠡᠭᠡᠯ ᠵᠣᠷᠢᠭ᠋᠎ᠢ ᠡᠪᠦᠷᠯᠡᠵᠦ᠂ ᠠᠭᠤᠯᠠ ᠤᠰᠤ᠎ᠪᠠᠨ ᠡᠭᠡᠭᠦᠯᠦᠨ ᠠᠪᠬᠤ ᠡᠷᠡᠰ ᠵᠣᠷᠢᠭ᠋᠎ᠢ ᠡᠪᠦᠷᠯᠡᠬᠦ ᠬᠡᠷᠡᠭᠲᠡᠢ! ᠲᠦᠷᠢᠮᠡᠬᠡᠢᠯᠡᠭᠴᠢᠳ᠎ᠲᠦ ᠬᠠᠨᠳᠤᠬᠤ᠎ᠳᠠᠭᠠᠨ ᠲᠡᠳᠡᠨ᠎ᠦ ᠰᠣᠨᠣᠰᠴᠤ ᠤᠢᠯᠠᠭᠠᠬᠤ ᠦᠭᠡ ᠬᠡᠯᠡ᠎ᠪᠡᠷ ᠲᠡᠳᠡᠨ᠎ᠲᠠᠢ ᠶᠠᠷᠢᠯᠴᠠᠬᠤ ᠬᠡᠷᠡᠭᠲᠡᠢ᠂ ᠡᠨᠡ ᠪᠤᠯ ᠳᠠᠷᠤᠢ ᠳᠠᠢ᠍ᠢᠨ᠎ᠢᠶᠡᠷ ᠳᠠᠢ᠍ᠢᠨᠢ ᠵᠣᠭᠰᠣᠭᠠᠵᠤ᠂ ᠵᠡᠪᠰᠡᠭ᠎ᠢᠶᠡᠷ ᠳᠠᠢ᠍ᠢᠨᠢ ᠵᠣᠭᠰᠣᠭᠠᠵᠤ᠂ ᠢᠯᠠᠯᠲᠠ᠎ᠪᠠᠷ ᠡᠩᠬᠡ ᠲᠠᠢᠪᠤᠩ᠎ᠢ ᠣᠯᠵᠤ᠂ ᠬᠦᠨᠳᠦᠳᠬᠡᠯ᠎ᠢ ᠣᠯᠬᠤ ᠶᠠᠪᠤᠳᠠᠯ ᠪᠣᠯᠣᠨ᠎ᠠ ᠭᠡᠳᠡᠭ᠎ᠢ ᠳᠤᠮᠳᠠᠳᠤ ᠤᠯᠤᠰ᠎ᠤᠨ ᠠᠷᠠᠳ ᠲᠦᠮᠡᠨ ᠰᠠᠢᠨ ᠮᠡᠳᠡᠨ᠎ᠡ᠃
ᠬᠡᠳᠦᠢ ᠪᠡᠷ ᠳᠡᠯᠡᠬᠡᠢ᠎ᠶᠢᠨ ᠪᠠᠢᠳᠠᠯ ᠤᠷᠪᠠᠭᠠᠨ ᠬᠥᠷᠪᠡᠭᠡᠨ᠎ᠲᠠᠢ ᠪᠣᠯᠪᠠᠴᠤ ᠡᠩᠬᠡ ᠲᠠᠢᠪᠤᠩ ᠪᠣᠯ ᠬᠥᠮᠥᠰ᠎ᠦᠨ ᠰᠡᠳᠬᠢᠯ᠎ᠦᠨ ᠬᠠᠨᠳᠤᠰᠢ ᠪᠠᠢᠵᠤ᠂ ᠡᠩᠬᠡ ᠲᠠᠢᠪᠤᠩ ᠬᠥᠭᠵᠢᠯᠲᠡ᠎ᠶᠢᠨ ᠶᠡᠬᠡ ᠬᠠᠨᠳᠤᠰᠢ ᠬᠣᠷᠢᠭ᠍ᠯᠠᠭᠳᠠᠰᠢ ᠦᠭᠡᠢ ᠶᠤᠮ᠂ ᠡᠩᠬᠡ ᠲᠠᠢᠪᠤᠩ᠎ᠤᠨ ᠭᠠᠯ᠎ᠢ ᠦᠶ᠎ᠡ᠎ᠶᠢᠨ ᠦᠶ᠎ᠡ᠎ᠳᠦ ᠤᠯᠠᠮᠵᠢᠯᠠᠬᠤ ᠪᠣᠯ ᠳᠤᠮᠳᠠᠳᠤ ᠤᠯᠤᠰ ᠪᠣᠯᠣᠨ ᠳᠡᠯᠡᠬᠡᠢ᠎ᠶᠢᠨ ᠡᠯ᠎ᠡ ᠤᠯᠤᠰ᠎ᠤᠨ ᠠᠷᠠᠳ ᠲᠦᠮᠡᠨ᠎ᠦ ᠬᠠᠮᠲᠤ᠎ᠶᠢᠨ ᠬᠦᠰᠡᠯ ᠡᠷᠡᠮᠡᠯᠵᠡᠯ ᠮᠦᠨ —
《ᠪᠢ ᠡᠩᠬᠡ ᠲᠠᠢᠪᠤᠩ᠂ ᠡᠶ᠎ᠡ ᠵᠣᠬᠢᠴᠠᠯ ᠪᠠ ᠨᠥᠬᠥᠷᠯᠡᠯ᠎ᠦᠨ ᠨᠡᠷ᠎ᠡ ᠪᠡᠷ ᠡᠨᠡ ᠭᠡᠷᠡᠯ ᠵᠢᠷᠤᠭ᠎ᠤᠨ ᠳᠡᠪᠲᠡᠷ᠎ᠢ ᠬᠠᠨᠳᠢᠪᠯᠠᠨ ᠡᠷᠭᠦᠭᠰᠡᠨ᠎ᠳᠡᠭᠡᠨ ᠮᠠᠰᠢ ᠤᠯᠵᠠᠭᠤᠷᠬᠠᠵᠤ ᠪᠠᠢᠨ᠎ᠠ》᠃ 2022 ᠣᠨ᠎ᠤ 11 ᠰᠠᠷ᠎ᠠ᠎ᠳᠤ᠂ ᠠᠮᠧᠷᠢᠺᠠ ᠵᠠᠯᠠᠭᠤ ᠢᠸᠠᠨ·ᠺᠠᠢ᠍ᠢᠯ ᠳᠤᠮᠳᠠᠳᠤ ᠤᠯᠤᠰ᠎ᠢ ᠲᠦᠷᠢᠮᠡᠬᠡᠢᠯᠡᠭᠰᠡᠨ ᠶᠠᠫᠤᠨ ᠴᠡᠷᠢᠭ᠎ᠦᠨ ᠪᠠᠯᠠᠮᠠᠳ ᠠᠵᠢᠯᠯᠠᠭ᠎ᠠ᠎ᠶᠢᠨ ᠭᠡᠷᠡᠯ ᠵᠢᠷᠤᠭ᠎ᠢ ᠪᠠᠭᠲᠠᠭᠠᠭᠰᠠᠨ ᠳᠡᠯᠡᠬᠡᠢ᠎ᠶᠢᠨ ᠬᠣᠶᠠᠳᠤᠭᠠᠷ ᠶᠡᠬᠡ ᠳᠠᠢ᠍ᠢᠨ᠎ᠦ ᠭᠡᠷᠡᠯ ᠵᠢᠷᠤᠭ᠎ᠤᠨ ᠳᠡᠪᠲᠡᠷ᠎ᠢ ᠲᠥᠪ ᠴᠢᠩᠭ᠎ᠠ᠎ᠪᠠᠷ ᠳᠤᠮᠳᠠᠳᠤ ᠤᠯᠤᠰ᠎ᠲᠤ ᠲᠤᠰᠢᠶᠠᠪᠠ᠃
ᠴᠦᠩᠴᠢᠩ᠎ᠦᠨ ᠸᠠᠨᠵᠧᠦᠳᠦ ᠪᠠᠢᠷᠢᠯᠠᠭ᠎ᠠ ᠺᠦᠯᠢᠱᠸᠨᠺᠤ ᠵᠢᠨ ᠦᠷᠡᠭᠳᠡᠭᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ᠎ᠡᠴᠡ ᠾᠸᠪᠸᠢ ᠵᠢᠨ ᠲᠠᠩ ᠰᠢᠶᠠᠨ᠎ᠳᠤ ᠪᠠᠢᠷᠢᠯᠠᠭ᠎ᠠ ᠪᠸᠲ᠋ᠢᠶᠦ᠋ᠨ ᠺᠤᠲᠨᠢᠰᠤᠨ ᠳᠤᠷᠠᠰᠬᠠᠯ᠎ᠤᠨ ᠣᠷᠳᠣᠨ ᠬᠦᠷᠲᠡᠯ᠎ᠡ᠂ ᠲᠣᠭ᠎ᠠ ᠲᠣᠮᠰᠢ ᠦᠭᠡᠢ ᠭᠠᠳᠠᠭᠠᠳᠤ᠎ᠶᠢᠨ ᠨᠠᠢᠵᠨ ᠨᠥᠬᠥᠳ ᠠᠮᠢ ᠨᠠᠰᠤ᠎ᠪᠠᠨ ᠳᠤᠮᠳᠠᠳᠤ ᠤᠯᠤᠰ᠎ᠲᠤ ᠦᠯᠡᠳᠡᠭᠡᠵᠦ᠂ ᠲᠣᠭᠠᠯᠠᠰᠢ ᠦᠭᠡᠢ ᠤᠯᠠᠨ ᠳᠤᠮᠳᠠᠳᠤᠴᠤᠳ ᠪᠠᠭᠠᠲᠤᠷᠴᠤᠳ᠎ᠤᠨ ᠪᠤᠩᠬᠤᠨ᠎ᠢ ᠰᠠᠬᠢᠵᠤ᠂ ᠲᠠᠢᠯᠪᠤᠷᠢᠯᠠᠨ ᠶᠠᠷᠢᠵᠤ᠂ ᠲᠡᠳᠡᠨ᠎ᠤ ᠠᠷᠢᠭᠤᠨ ᠰᠦᠨᠡᠰᠦ ᠵᠢ ᠦᠶ᠎ᠡ ᠵᠠᠯᠭᠠᠨ ᠰᠠᠬᠢᠨ ᠬᠠᠮᠠᠭᠠᠯᠠᠵᠤ ᠪᠠᠢᠨ᠎ᠡ᠃
2025 ᠣᠨ᠎ᠤ 8 ᠰᠠᠷ᠎ᠠ᠎ᠶᠢᠨ 15 ᠤ᠋ ᠡᠳᠦᠷ᠂ ᠤᠯᠠᠨ ᠤᠯᠤᠰ ᠤ᠋ᠨ ᠨᠦᠬᠦᠷᠰᠡᠭ ᠬᠦᠮᠦᠨ ᠵᠤᠨ·ᠷᠠᠪᠸᠢᠶᠢᠨ ᠣᠮᠪᠣᠯᠣ᠌ ᠲᠣᠮᠠᠰ·ᠷᠠᠪᠸᠢ ᠨᠠᠷ ᠳᠥᠷᠪᠡᠳᠦᠭᠡᠷ ᠪᠦᠯᠦᠭ᠎ᠦᠨ 《ᠨᠠᠨᠵᠢᠩ᠎ᠤᠨ ᠶᠡᠬᠡ ᠬᠢᠳᠤᠯᠭ᠎ᠠ᠎ᠶᠢᠨ ᠲᠡᠦᠬᠡᠨ ᠳᠤᠷᠠᠰᠤᠮᠵᠢ᠎ᠶᠢᠨ ᠤᠯᠠᠮᠵᠢᠯᠠᠭ᠍ᠴᠢ》 ᠵᠢᠨ ᠦᠨᠡᠮᠯᠡᠯ᠎ᠢ ᠲᠥᠪ ᠴᠢᠩᠭ᠎ᠠ᠎ᠪᠠᠷ ᠬᠦᠯᠢᠶᠡᠨ ᠠᠪᠤᠪᠠ᠃ ᠲᠤᠬᠠᠢ᠎ᠶᠢᠨ ᠵᠢᠯ᠎ᠳᠦ ᠵᠤᠨ·ᠯᠠᠪᠸᠢ ᠵᠡᠷᠭᠡ 20 ᠭᠠᠷᠤᠢ ᠭᠠᠳᠠᠭᠠᠳᠤ ᠤᠯᠤᠰ᠎ᠤᠨ ᠬᠠᠷᠢᠶ᠎ᠠ᠎ᠲᠠᠢ ᠬᠥᠮᠥᠰ ᠠᠮᠢ ᠨᠠᠰᠤᠨ᠎ᠤ ᠠᠶᠤᠯ ᠲᠦᠭᠰᠢᠭᠦᠷᠢ᠎ᠶᠢ ᠬᠠᠢᠬᠤᠷᠤᠯ ᠦᠭᠡᠢ᠎ᠪᠡᠷ 25 ᠲᠦᠮᠡ ᠭᠠᠷᠤᠢ ᠳᠤᠮᠳᠠᠳᠤ ᠤᠯᠤᠰ᠎ᠤᠨ ᠭᠠᠴᠢᠭ᠍ᠳᠠᠯᠲᠤ ᠠᠷᠠᠳ᠎ᠢ ᠬᠦᠯᠢᠶᠡᠨ ᠤᠷᠤᠨᠭᠨᠠᠭᠤᠯᠵᠤ ᠬᠠᠮᠠᠭᠠᠯᠠᠵᠠᠢ᠃
ᠢᠯᠡ ᠲᠤᠳᠤ ᠤᠷᠢᠳᠤ᠎ᠶᠢᠨ ᠶᠠᠪᠤᠳᠠᠯ᠂ ᠬᠣᠢᠴᠢ᠎ᠶᠢᠨ ᠬᠥᠮᠥᠰ ᠢ᠋ ᠰᠡᠷᠡᠮᠵᠢᠯᠡᠬᠦᠯᠦᠨ᠎ᠡ᠃ ᠳᠤᠮᠳᠠᠳᠤ ᠤᠯᠤᠰ ᠬᠠᠤᠯᠢ ᠲᠣᠭᠲᠠᠭᠠᠬᠤ᠎ᠪᠠᠷ ᠳᠠᠮᠵᠢᠭᠤᠯᠤᠨ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠠᠢ᠍ᠢᠨ᠎ᠦ ᠢᠯᠠᠯᠲᠠ᠎ᠶᠢᠨ ᠳᠤᠷᠠᠰᠬᠠᠯ᠎ᠤᠨ ᠡᠳᠦᠷ᠂ ᠦᠷᠡᠭᠳᠡᠭᠰᠡᠨ ᠪᠠᠭᠠᠲᠤᠷᠴᠤᠳ᠎ᠤᠨ ᠳᠤᠷᠠᠰᠬᠠᠯ᠎ᠤᠨ ᠡᠳᠦᠷ᠂ ᠨᠠᠨᠵᠢᠩ᠎ᠤᠨ ᠶᠡᠬᠡ ᠬᠢᠳᠤᠯᠭ᠎ᠠ᠎ᠳᠤ ᠬᠣᠣᠷᠯᠠᠭᠳᠠᠭᠰᠠᠳᠢ ᠭᠠᠰᠢᠭᠤᠳᠠᠬᠤ ᠤᠯᠤᠰ᠎ᠤᠨ ᠨᠡᠶ᠋ᠢᠲᠡ᠎ᠶᠢᠨ ᠲᠠᠬᠢᠯᠭ᠎ᠠ᠎ᠶᠢᠨ ᠡᠳᠦᠷ᠎ᠢ ᠲᠣᠭᠲᠠᠭᠠᠵᠤ᠂ ᠦᠪᠡᠳᠡᠭᠰᠢ ᠶᠡᠬᠡ ᠳᠤᠷᠠᠰᠬᠠᠬᠤ ᠠᠵᠢᠯᠯᠠᠭ᠎ᠠ ᠶᠠᠪᠤᠭᠳᠠᠭᠤᠯᠵᠤ ᠪᠠᠢᠨ᠎ᠠ᠃
ᠡᠨᠡ ᠵᠢᠯ᠎ᠦᠨ 7 ᠰᠠᠷ᠎ᠠ᠎ᠳᠤ᠂ 《ᠦᠨᠳᠦᠰᠦᠲᠡᠨ᠎ᠦ ᠴᠢᠯᠦᠭᠡᠯᠡᠯᠲᠡ ᠪᠣᠯᠣᠨ ᠳᠡᠯᠡᠬᠡᠢ᠎ᠶᠢᠨ ᠡᠩᠬᠡ ᠲᠠᠢᠪᠤᠩ᠎ᠤᠨ ᠲᠥᠯᠥᠭᠡ》 ᠭᠡᠬᠦ ᠭᠣᠣᠯ ᠰᠡᠳᠦᠪᠲᠦ ᠦᠵᠡᠭᠦᠯᠭᠡ ᠵᠢ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠢ᠍ᠢᠨ᠎ᠦ ᠳᠤᠷᠠᠰᠬᠠᠯ᠎ᠤᠨ ᠣᠷᠳᠣᠨ᠎ᠳᠤ ᠵᠢᠩᠬᠢᠨᠢ᠎ᠪᠡᠷ ᠤᠯᠠᠨ ᠨᠡᠶ᠋ᠢᠲᠡ᠎ᠳᠦ ᠬᠠᠨᠳᠤᠭᠤᠯᠤᠨ ᠨᠡᠭᠡᠭᠡᠵᠦ᠂ ᠳᠤᠮᠳᠠᠳᠤ ᠤᠯᠤᠰ᠎ᠤᠨ ᠠᠷᠠᠳ ᠲᠦᠮᠡᠨ᠎ᠦ ᠳᠡᠯᠡᠬᠡᠢ᠎ᠶᠢᠨ ᠡᠩᠬᠡ ᠲᠠᠢᠪᠤᠩ᠎ᠢ ᠬᠠᠮᠠᠭᠠᠯᠠᠬᠤ᠎ᠶᠢᠨ ᠲᠥᠯᠥᠭᠡ ᠭᠠᠷᠭᠠᠭᠰᠠᠨ ᠯᠤᠲᠤ ᠶᠡᠬᠡ ᠦᠷᠡᠭᠳᠡᠯ᠂ ᠴᠢᠬᠤᠯᠠ ᠶᠡᠬᠡ ᠬᠤᠪᠢ ᠨᠡᠮᠡᠷᠢ᠎ᠶᠢ ᠪᠦᠷᠢᠨ ᠦᠵᠡᠭᠳᠡᠯ᠎ᠤᠨ ᠬᠡᠯᠪᠡᠷᠢ᠎ᠪᠡᠷ ᠳᠡᠯᠭᠡᠨ ᠦᠵᠡᠭᠦᠯᠵᠡᠢ᠃
ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠢ᠍ᠢᠨ ᠪᠠ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠢ᠍ᠢᠨ᠎ᠦ ᠢᠯᠠᠯᠲᠠ᠎ᠶᠢᠨ ᠪᠢᠳᠡᠨ᠎ᠳᠦ ᠥᠭᠭᠦᠭᠰᠡᠨ ᠬᠠᠮᠤᠭ᠎ᠤᠨ ᠡᠷᠬᠢᠮ ᠨᠠᠨᠳᠢᠨ ᠰᠡᠩᠬᠡᠷᠡᠭᠦᠯᠦᠯ ᠪᠣᠯ ᠳᠠᠷᠤᠢ ᠡᠩᠬᠡ ᠲᠠᠢᠪᠤᠩ ᠬᠥᠭᠵᠢᠯᠲᠡ᠎ᠶᠢᠨ ᠵᠠᠮ᠎ᠢᠶᠠᠷ ᠡᠷᠬᠡᠪᠰᠢ ᠥᠴᠥᠬᠡᠨ ᠴᠦ᠍ ᠭᠤᠢᠪᠢᠰᠢ ᠦᠭᠡᠢ ᠵᠠᠮᠨᠠᠬᠤ ᠶᠠᠪᠤᠳᠠᠯ ᠪᠣᠯᠣᠨ᠎ᠠ᠃
ᠨᠢᠦ᠋ ᠶᠣᠷᠺ᠎ᠤᠨ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠶᠡᠷᠦᠩᠬᠡᠢ ᠵᠠᠬᠢᠷᠭ᠎ᠠ᠎ᠳᠤ ᠨᠢᠭᠡᠨ ᠳᠤᠮᠳᠠᠳᠤ ᠤᠯᠤᠰ᠎ᠤᠨ ᠤᠷᠠᠯᠢᠭ᠋᠎ᠤᠨ ᠪᠦᠲᠦᠭᠡᠯ᠎ᠢ ᠳᠡᠯᠭᠡᠨ ᠦᠵᠡᠭᠦᠯᠵᠦ᠂ ᠣᠷᠣᠢ᠎ᠶᠢᠨ ᠬᠡᠰᠡᠭ᠎ᠦᠨ ᠯᠣᠣ᠎ᠶᠢᠨ ᠴᠢᠮᠡᠭᠯᠡᠯ ᠨᠢ ᠡᠩᠬᠡ ᠲᠠᠢᠪᠤᠩ᠎ᠢ ᠰᠠᠬᠢᠨ ᠪᠠᠷᠠᠯᠠᠬᠤ᠎ᠶᠢ ᠪᠡᠯᠭᠡᠳᠡᠵᠦ᠂ ᠬᠣᠶᠠᠷ ᠲᠠᠯ᠎ᠠ᠎ᠶᠢᠨ ᠵᠠᠭᠠᠨ᠎ᠤ ᠲᠣᠯᠣᠭᠠᠢ᠂ ᠭᠠᠷᠤᠳᠢ ᠰᠢᠪᠠᠭᠤ ᠨᠢ ᠳᠡᠯᠡᠬᠡᠢ ᠳ᠋ᠠᠬᠢᠨ᠎ᠤ ᠡᠩᠬᠡ ᠲᠠᠢᠪᠤᠩ᠂ ᠠᠷᠠᠳ ᠲᠦᠮᠡᠨ᠎ᠦ ᠠᠮᠤᠷ ᠠᠮᠤᠭᠤᠯᠠᠩ᠎ᠢ ᠪᠡᠯᠭᠡᠳᠡᠵᠦ ᠪᠠᠢᠳᠠᠭ᠃ ᠡᠨᠡ ᠪᠣᠯ 2015 ᠣᠨ᠎ᠤ 9 ᠰᠠᠷ᠎ᠠ᠎ᠳᠤ᠂ ᠲᠡᠷᠢᠭᠦᠯᠡᠭᠴᠢ ᠰᠢ᠎ᠶᠢᠨ ᠫᠢᠩ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠳᠤ ᠪᠡᠯᠡᠭᠯᠡᠭᠰᠡᠨ 《ᠡᠩᠬᠡ ᠲᠠᠢᠪᠤᠩ᠎ᠤᠨ ᠬᠤᠨᠳᠠᠭ᠎ᠠ》 ᠪᠣᠯᠣᠨ᠎ᠠ᠃
《ᠨᠠᠢᠷᠠᠮᠳᠠᠯ᠎ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ》 ᠤ᠋ᠨ ᠲᠡᠦᠬᠡ᠎ᠶᠢᠨ ᠬᠠᠷᠢᠭᠤᠯᠲᠠ᠎ᠡᠴᠡ 《ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ》 ᠴᠠᠭ ᠦᠶ᠎ᠡ᠎ᠶᠢᠨ ᠬᠠᠷᠢᠭᠤᠯᠲᠠ ᠬᠦᠷᠲᠡᠯ᠎ᠡ᠂ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠭᠠᠷᠤᠢ ᠵᠢᠯ᠎ᠦᠨ ᠲᠤᠷᠰᠢ᠂ ᠳᠤᠮᠳᠠᠳᠤ ᠤᠯᠤᠰ ᠶᠠᠮᠠᠷᠪᠠ ᠨᠢᠭᠡ ᠤᠳᠠᠭ᠎ᠠ᠎ᠶᠢᠨ ᠲᠠᠢ᠍ᠢᠨ ᠪᠠ ᠮᠥᠷᠭᠥᠯᠳᠦᠭᠡᠨ᠎ᠢ ᠰᠠᠨᠠᠭᠠᠴᠢᠯᠠᠭ᠎ᠠ᠎ᠡᠴᠡ᠎ᠪᠠᠨ ᠥᠳᠥᠭᠡᠭᠰᠡᠨ ᠦᠭᠡᠢ᠂ ᠪᠤᠰᠤᠳ ᠤᠯᠤᠰ᠎ᠤᠨ ᠢᠮᠠᠬᠤ᠎ᠶᠢᠨ ᠲᠡᠳᠦᠢ ᠭᠠᠵᠠᠷ ᠰᠢᠷᠣᠢ᠎ᠶᠢ ᠴᠤ᠌ ᠡᠵᠡᠯᠡᠭᠰᠡᠨ ᠦᠭᠡᠢ ᠪᠠᠢᠵᠤ᠂ ᠡᠩᠬᠡ ᠲᠠᠢᠪᠤᠩ ᠬᠥᠭᠵᠢᠯᠲᠡ᠎ᠶᠢ ᠦᠨᠳᠦᠰᠦᠨ ᠬᠠᠤᠯᠢ ᠪᠠ ᠲᠦᠷᠦ ᠪᠠᠷᠢᠭ᠍ᠴᠢ ᠨᠠᠮ᠎ᠤᠨ ᠨᠠᠮ᠎ᠤᠨ ᠳᠦᠷᠢᠮ᠎ᠳᠦ ᠪᠢᠴᠢᠨ ᠣᠷᠣᠭᠤᠯᠵᠤ᠂ ᠤᠯᠤᠰ᠎ᠤᠨ ᠵᠣᠷᠢᠭ᠋ ᠰᠠᠨᠠᠭ᠎ᠠ ᠪᠣᠯᠭᠠᠨ ᠳᠡᠭᠡᠭᠰᠢᠯᠡᠭᠦᠯᠦᠭᠰᠡᠨ ᠴᠤᠷ᠎ᠤᠨ ᠭᠠᠭᠴᠠ ᠲᠤᠮᠤ ᠤᠯᠤᠰ ᠪᠣᠯᠣᠨ᠎ᠠ᠃
ᠳᠣᠷᠣᠨᠠᠳᠠᠬᠢᠨ᠎ᠤ ᠳᠤᠮᠤᠭ᠎ᠳᠦ ᠠᠷᠰᠯᠠᠨ ᠨᠢᠭᠡᠨᠲᠡ ᠰᠡᠷᠢᠪᠡ᠂ ᠭᠡᠪᠡᠴᠦ ᠡᠨᠡ ᠪᠤᠯ 《ᠡᠩᠬᠡ ᠲᠠᠢᠪᠤᠩ᠂ ᠡᠶᠡᠯᠰᠡᠭ ᠳᠣᠲᠣᠨᠣ᠌᠂ ᠪᠣᠯᠪᠠᠰᠤᠨ ᠠᠷᠰᠯᠠᠨ》 ᠶᠤᠮ᠃ ᠳᠤᠮᠳᠠᠳᠤ ᠤᠯᠤᠰ᠎ᠤᠨ ᠬᠦᠴᠦᠨ ᠨᠢᠭᠡ ᠬᠤᠪᠢ ᠨᠡᠮᠡᠭᠳᠡᠬᠦ ᠪᠦᠷᠢ ᠳᠡᠯᠡᠬᠡᠢ᠎ᠶᠢᠨ ᠡᠩᠬᠡ ᠲᠠᠢᠪᠤᠩ᠎ᠤᠨ ᠬᠦᠰᠡᠯ ᠡᠷᠡᠮᠡᠯᠵᠡᠯ ᠨᠢᠭᠡ ᠬᠤᠪᠢ ᠨᠡᠮᠡᠭᠳᠡᠨ᠎ᠡ᠂ ᠳᠤᠮᠳᠠᠳᠤ ᠤᠯᠤᠰ᠎ᠤᠨ ᠬᠥᠭᠵᠢᠯᠲᠡ ᠪᠣᠯ ᠢᠮᠠᠭᠲᠠ ᠳᠡᠯᠡᠬᠡᠢ᠎ᠶᠢᠨ ᠡᠩᠬᠡ ᠲᠠᠢᠪᠤᠩ᠎ᠤᠨ ᠬᠦᠴᠦᠨ᠎ᠦ ᠨᠡᠮᠡᠭᠳᠡᠯ ᠪᠣᠯᠬᠤ ᠶᠤᠮ᠃
2025 ᠣᠨ᠎ᠤ 5 ᠰᠠᠷ᠎ᠠ᠎ᠶᠢᠨ 30 ᠤ᠋ ᠡᠳᠦᠷ᠂ ᠤᠯᠠᠨ ᠤᠯᠤᠰ᠎ᠤᠨ ᠡᠶᠡᠳᠡᠭᠦᠯᠬᠦ ᠬᠣᠷᠢᠶ᠎ᠡ ᠵᠢᠨ ᠨᠡᠶ᠋ᠢᠲᠡ᠎ᠶᠢᠨ ᠭᠡᠷ᠎ᠡ᠎ᠳᠦ ᠭᠠᠷᠤᠨ ᠦᠰᠦᠭ ᠵᠢᠷᠤᠬᠤ ᠶᠣᠰᠣᠯᠠᠯ ᠳᠤᠮᠳᠠᠳᠤ ᠤᠯᠤᠰ᠎ᠤᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠤᠷᠤᠨ᠎ᠳᠦ ᠶᠠᠪᠤᠭᠳᠠᠪᠠ᠃ 33 ᠤᠯᠤᠰ ᠲᠤᠬᠠᠢ᠎ᠶᠢᠨ ᠲᠠᠯᠠᠪᠠᠢ᠎ᠳᠤ ᠨᠡᠶ᠋ᠢᠲᠡ᠎ᠶᠢᠨ ᠭᠡᠷ᠎ᠡ᠎ᠳᠦ ᠭᠠᠷᠤᠨ ᠦᠰᠦᠭ ᠵᠢᠷᠤᠵᠤ᠂ ᠡᠭᠦᠰᠬᠡᠨ ᠪᠠᠢᠭᠤᠯᠤᠭ᠍ᠴᠢ ᠪᠦᠷᠢᠯᠳᠦᠭᠦᠨ ᠤᠯᠤᠰ ᠪᠣᠯᠪᠠ᠃ ᠳᠡᠯᠡᠬᠡᠢ᠎ᠶᠢᠨ ᠡᠩᠬᠡ ᠲᠠᠢᠪᠤᠩ᠎ᠢ ᠬᠠᠮᠠᠭᠠᠯᠠᠬᠤ ᠡᠨᠡ ᠬᠦ᠌ ᠳᠤᠮᠳᠠᠳᠤ ᠤᠯᠤᠰ᠎ᠤᠨ ᠲᠥᠰᠥᠯ ᠨᠢ ᠤᠯᠤᠰ᠎ᠤᠨ ᠬᠣᠭᠣᠷᠣᠨᠳᠣᠬᠢ ᠵᠠᠭᠤᠷᠠᠯᠳᠤᠭᠠᠨ᠎ᠢ ᠶᠠᠷᠢᠯᠴᠠᠭ᠎ᠠ᠂ ᠵᠥᠪᠳᠡᠯᠴᠡᠭᠡ᠎ᠪᠡᠷ ᠳᠠᠮᠵᠢᠭᠤᠯᠤᠨ ᠰᠢᠢᠳᠪᠦᠷᠢᠯᠡᠬᠦ᠎ᠪᠡᠷ ᠬᠦᠴᠦᠯᠡᠨ ᠴᠢᠷᠮᠠᠢᠵᠤ᠂ ᠡᠩᠬᠡ ᠲᠠᠢᠪᠤᠩ᠎ᠢ ᠠᠬᠢᠭᠤᠯᠬᠤ ᠨᠢᠭᠡ ᠵᠦᠢᠯ᠎ᠦᠨ ᠪᠠᠢᠭᠤᠯᠤᠯ᠎ᠤᠨ ᠰᠢᠨ᠎ᠡ ᠡᠭᠦᠳᠦᠯᠲᠡ ᠪᠣᠯᠤᠭᠰᠠᠨ ᠪᠠᠢᠨ᠎ᠠ᠃
ᠳᠡᠯᠡᠬᠡᠢ᠎ᠶᠢᠨ ᠬᠣᠶᠠᠳᠤᠭᠠᠷ ᠶᠡᠬᠡ ᠳᠠᠶ᠋ᠢᠨ᠎ᠦ ᠭᠠᠯ ᠠᠽᠢᠶ᠎ᠠ ᠲᠢᠪ᠂ ᠡᠸᠦ᠋ᠷᠦᠫᠡ ᠲᠢᠪ᠂ ᠠᠹᠷᠢᠺᠠ ᠲᠢᠪ᠂ ᠶᠡᠬᠡ ᠳᠠᠯᠠᠶ᠎ᠶᠢᠨ ᠲᠢᠪ᠎ᠲᠦ ᠲᠦᠭᠡᠵᠦ᠂ ᠴᠡᠷᠢᠭ ᠠᠩᠭᠢ ᠪᠠ ᠠᠷᠠᠳ ᠣᠯᠠᠨ᠎ᠤ ᠦᠬᠦᠯ ᠰᠢᠷᠬᠠᠲᠤᠯ ᠳ᠋ᠦᠩᠰᠢᠭᠤᠷ᠎ᠢ ᠬᠡᠲᠦᠷᠡᠪᠡ᠃ ᠬᠦᠴᠦᠷᠬᠡᠭ ᠨᠢ ᠪᠠᠭᠤᠷᠠᠢ᠎ᠪᠠᠨ ᠵᠠᠯᠭᠢᠬᠤ᠂ ᠣᠶ᠎ᠶᠢᠨ ᠵᠢᠮ᠎ᠡ ᠬᠠᠤᠯᠢ ᠨᠢ ᠬᠥᠮᠥᠨ ᠲᠥᠷᠥᠯᠬᠢᠲᠡᠨ᠎ᠦ ᠬᠠᠮᠲᠤ᠎ᠪᠠᠷ ᠣᠷᠣᠰᠢᠬᠤ ᠶᠣᠰᠣ᠌ ᠪᠢᠰᠢ᠂ ᠵᠡᠷ ᠵᠡᠪᠰᠡᠭ ᠬᠦᠳᠡᠯᠭᠡᠨ ᠳᠠᠢᠨ ᠳᠠᠵᠢᠨ ᠡᠭᠦᠰᠭᠡᠬᠦ᠂ ᠬᠦᠴᠦᠷᠬᠡᠭᠯᠡᠯ ᠭᠠᠭᠴᠠᠭᠠᠷ ᠡᠵᠡᠷᠬᠡᠬᠦ ᠨᠢ ᠬᠥᠮᠥᠨ ᠲᠥᠷᠥᠯᠬᠢᠲᠡᠨ᠎ᠦ ᠡᠩᠬᠡ ᠲᠠᠢᠪᠤᠩ᠎ᠤᠨ ᠪᠣᠳᠣᠯᠭ᠎ᠠ ᠪᠢᠰᠢ᠂ ᠢᠯᠠᠭᠰᠠᠨ ᠨᠢ ᠪᠦᠬᠦᠨ᠎ᠢ ᠵᠠᠯᠭᠢᠬᠤ᠂ ᠦᠯᠦ ᠡᠪᠰᠡᠬᠦ ᠲᠡᠮᠡᠴᠡᠭᠡᠨ ᠨᠢ ᠬᠥᠮᠥᠨ ᠲᠥᠷᠥᠯᠬᠢᠲᠡᠨ᠎ᠦ ᠬᠥᠭᠵᠢᠯᠲᠡ᠎ᠶᠢᠨ ᠵᠠᠮ ᠪᠢᠰᠢ ᠭᠡᠳᠡᠭ᠎ᠢ ᠴᠢᠰᠤᠲᠤ ᠰᠤᠷᠭᠠᠮᠵᠢ ᠬᠥᠮᠥᠰ᠎ᠲᠦ ᠬᠡᠯᠡᠵᠦ ᠥᠭᠴᠡᠢ᠃
ᠡᠩᠬᠡ ᠲᠠᠢᠪᠤᠩ ᠪᠣᠯ ᠬᠥᠮᠥᠨ ᠲᠥᠷᠥᠯᠬᠢᠲᠡᠨ᠎ᠦ ᠬᠠᠮᠲᠤ᠎ᠶᠢᠨ ᠦᠢᠯᠡᠰ ᠮᠥᠨ ᠪᠣᠯᠬᠣᠷ ᠡᠯ᠎ᠡ ᠲᠠᠯ᠎ᠠ᠎ᠶᠢᠨ ᠬᠢᠨ ᠬᠠᠮᠲᠤ᠎ᠪᠠᠷ ᠲᠡᠮᠡᠴᠡᠨ ᠣᠯᠬᠤ ᠪᠠ ᠬᠠᠮᠠᠭᠠᠯᠠᠬᠤ ᠴᠢᠬᠤᠯᠠᠲᠠᠢ ᠶᠤᠮ᠃ ᠭᠠᠭᠴᠠ ᠬᠦ᠌ ᠬᠥᠮᠥᠨ ᠪᠦᠬᠦᠨ ᠡᠩᠬᠡ ᠲᠠᠢᠪᠤᠩ᠎ᠢ ᠨᠠᠨᠳᠢᠩᠨᠠᠵᠤ᠂ ᠡᠩᠬᠡ ᠲᠠᠢᠪᠤᠩ᠎ᠢ ᠬᠠᠮᠠᠭᠠᠯᠠᠵᠤ᠂ ᠬᠥᠮᠥᠨ ᠪᠦᠬᠦᠨ ᠲᠠᠢ᠍ᠢᠨ᠎ᠦ ᠬᠠᠷᠠᠰᠠᠯᠲᠤ ᠰᠤᠷᠭᠠᠮᠵᠢ᠎ᠶᠢ ᠴᠡᠭᠡᠵᠢᠯᠡᠪᠡᠯ ᠡᠩᠬᠡ ᠲᠠᠢᠪᠤᠩ ᠰᠠᠶᠢ ᠪᠡᠶᠡᠯᠡᠭᠳᠡᠵᠤ ᠴᠢᠳᠠᠬᠤ ᠶᠤᠮ᠃ ᠳᠡᠯᠡᠬᠡᠢ ᠳ᠋ᠠᠬᠢᠨ᠎ᠢᠶᠠᠷ᠎ᠢᠶᠠᠨ ᠣᠷᠣᠭ᠎ᠠ ᠪᠤᠰᠬᠠᠭ᠎ᠠ ᠰᠢᠨ᠎ᠡ ᠬᠤᠪᠢᠰᠤᠯᠲᠠ᠎ᠶᠢᠨ ᠬᠤᠭᠤᠴᠠᠭᠠᠨ᠎ᠳᠤ ᠣᠷᠣᠪᠠ᠂ ᠪᠢᠳᠡ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠦᠨᠳᠦᠰᠦᠨ ᠳᠦᠷᠢᠮ᠎ᠦᠨ ᠤᠭ ᠰᠠᠨᠠᠭ᠎ᠠ᠎ᠶᠢ ᠦᠯᠦ ᠮᠠᠷᠲᠠᠵᠤ᠂ ᠡᠩᠬᠡ ᠲᠠᠢᠪᠤᠩ᠎ᠢ ᠰᠠᠬᠢᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ ᠬᠡᠷᠡᠭᠲᠡᠢ᠃
ᠳᠡᠯᠡᠬᠡᠢᠳ᠋ᠠᠬᠢᠨᠤ ᠰᠢᠨ᠎ᠡ ᠤᠷᠤᠰᠬᠠᠯ ᠰᠦᠷ ᠳᠠᠯᠠᠢᠴᠠᠲᠠᠢ ᠳᠤᠯᠭᠢᠶᠠᠯᠠᠨ ᠳᠠᠪᠠᠯᠭᠠᠯᠠᠵᠤ᠂ ᠡᠶᠡᠯᠳᠦᠨ ᠳᠠᠭᠠᠪᠠᠯ ᠮᠠᠨᠳᠤᠵᠤ ᠡᠰᠡᠷᠭᠦᠯᠡᠨ ᠰᠥᠷᠪᠡᠯ ᠮᠥᠬᠥᠨ᠎ᠡ᠃ ᠨᠢᠭᠡ ᠴᠠᠭ ᠦᠶ᠎ᠡ ᠨᠢᠭᠡ ᠬᠡᠷᠡᠭ ᠶᠠᠪᠤᠳᠠᠯ᠎ᠳᠤ ᠲᠥᠭᠡᠷᠢᠭᠳᠡᠬᠦ ᠦᠭᠡᠢ᠂ ᠠᠶᠤᠯ ᠲᠦᠭᠰᠢᠭᠦᠷᠢ᠎ᠡᠴᠡ ᠠᠶᠤᠬᠤ ᠦᠭᠡᠢ᠂ ᠵᠣᠷᠢᠭ᠍ᠲᠠᠢ᠎ᠪᠠᠷ ᠥᠷᠢᠰᠦᠯᠳᠦᠭᠡᠨ᠎ᠳᠦ ᠬᠠᠨᠳᠤᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠬᠠᠷᠠᠯᠲᠠ ᠲᠡᠢᠰᠢ ᠡᠷᠡᠯᠬᠡᠭᠯᠡᠨ ᠤᠷᠤᠭᠰᠢᠯᠠᠪᠠᠯ ᠯᠠᠪᠲᠠᠢ ᠥᠨᠢ ᠤᠳᠠᠭᠠᠨ ᠡᠩᠬᠡ ᠲᠠᠢᠪᠤᠩ᠂ ᠬᠠᠮᠲᠤ ᠪᠠᠷ ᠴᠡᠴᠡᠭᠯᠡᠨ ᠬᠥᠭᠵᠢᠭᠰᠡᠨ ᠡᠶ᠎ᠡ ᠵᠣᠬᠢᠴᠠᠩᠭᠤᠢ ᠳᠡᠯᠡᠬᠡᠢ ᠶᠢᠷᠲᠢᠨᠴᠦ᠎ᠶᠢ ᠬᠠᠮᠲᠤ ᠪᠠᠷ ᠪᠠᠢᠭᠤᠯᠵᠤ ᠴᠢᠳᠠᠨ᠎ᠠ᠃
ᠡᠩᠬᠡ ᠲᠠᠢᠪᠤᠩ ᠬᠥᠭᠵᠢᠯᠲᠡ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ᠋ ᠬᠦᠷᠳᠡᠬᠦ ᠪᠣᠯ ᠳᠡᠯᠡᠬᠡᠢ ᠳ᠋ᠠᠬᠢᠨ᠎ᠤ ᠰᠠᠷᠠᠭᠤᠯ ᠳᠠᠷᠳᠠᠩ ᠵᠠᠮ ᠮᠥᠨ᠃
(ᠲᠠᠪᠤ)
《ᠠᠷᠠᠳ ᠲᠦᠮᠡᠨ ᠯᠠᠪᠲᠠᠢ ᠢᠯᠠᠨ᠎ᠠ》 ᠭᠡᠬᠦ ᠠᠭᠤᠤ ᠶᠡᠬᠡ ᠦᠨᠡᠨ ᠶᠣᠰᠣ᠌ ᠨᠢ 《ᠠᠷᠠᠳ ᠲᠦᠮᠡᠨ ᠪᠣᠯ ᠲᠡᠦᠬᠡ᠎ᠶᠢᠨ ᠡᠭᠦᠳᠦᠨ ᠪᠦᠲᠦᠭᠡᠭᠴᠢ᠂ ᠵᠢᠩᠬᠢᠨᠢ ᠪᠠᠭᠠᠲᠤᠷ》 ᠭᠡᠬᠦ ᠬᠥᠮᠥᠨ ᠲᠥᠷᠥᠯᠬᠢᠲᠡᠨ᠎ᠦ ᠬᠥᠭᠵᠢᠯᠲᠡ ᠳᠠᠪᠰᠢᠯᠲᠠ᠎ᠶᠢᠨ ᠯᠣᠭᠢᠭ᠋᠎ᠢ ᠢᠯᠡᠷᠡᠭᠦᠯᠪᠡ᠃ ᠠᠷᠠᠳ ᠲᠦᠮᠡᠨ᠎ᠢ ᠳᠡᠭᠡᠳᠦᠯᠡᠬᠦ᠎ᠶᠢ ᠪᠠᠲᠤ ᠴᠡᠭᠡᠵᠢᠯᠡᠵᠦ᠂ ᠠᠯᠢᠪᠠ ᠪᠦᠬᠦᠨ᠎ᠳᠦ ᠠᠷᠠᠳ ᠲᠦᠮᠡᠨ᠎ᠦ ᠲᠥᠯᠥᠭᠡ᠂ ᠠᠯᠢᠪᠠ ᠪᠦᠬᠦᠨ᠎ᠳᠦ ᠠᠷᠠᠳ ᠲᠦᠮᠡᠨ᠎ᠢ ᠲᠦᠰᠢᠭᠯᠡᠪᠡᠯ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠨᠢ ᠳᠠᠷᠤᠢ ᠬᠠᠮᠤᠭ᠎ᠤᠨ ᠨᠠᠢᠳᠠᠪᠤᠷᠢᠲᠠᠢ᠂ ᠬᠠᠮᠤᠭ᠎ᠤᠨ ᠭᠦᠨ ᠵᠤᠵᠠᠭᠠᠨ᠂ ᠬᠠᠮᠤᠭ᠎ᠤᠨ ᠥᠨᠢ ᠤᠳᠠᠭᠠᠨ᠎ᠤ ᠬᠦᠴᠦᠨ ᠴᠢᠳᠠᠯ᠎ᠤᠨ ᠡᠬᠢ ᠰᠤᠷᠪᠤᠯᠵᠢ᠎ᠲᠠᠢ ᠪᠣᠯᠬᠤ ᠶᠤᠮ᠃
《ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ᠎ᠦ ᠢᠯᠠᠯᠲᠠ ᠪᠣᠯ ᠪᠦᠬᠦ ᠳᠤᠮᠳᠠᠳᠤ᠎ᠶᠢᠨ ᠬᠥᠪᠡᠭᠦᠳ ᠥᠬᠢᠳ᠎ᠦᠨ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠪᠠᠭᠤᠷᠠᠢ᠎ᠪᠠᠷ ᠬᠦᠴᠦᠷᠬᠡᠭ᠎ᠢ ᠢᠯᠠᠭᠰᠠᠨ ᠢᠳᠡᠷᠡᠭᠦᠨ ᠲᠤᠤᠯᠢᠰ ᠮᠥᠨ᠂ ᠡᠨᠡ ᠨᠢ ᠳᠤᠮᠳᠠᠳᠤ ᠤᠯᠤᠰ᠎ᠤᠨ ᠠᠷᠠᠳ ᠲᠦᠮᠡᠨ ᠪᠣᠯᠣᠨ ᠳᠤᠮᠳᠠᠳᠤ᠎ᠶᠢᠨ ᠬᠥᠪᠡᠭᠦᠳ ᠥᠬᠢᠳ᠎ᠦᠨ ᠡᠪᠳᠡᠷᠡᠰᠢ ᠦᠭᠡᠢ ᠪᠠᠲᠤ ᠴᠢᠩᠭ᠎ᠠ ᠬᠦᠴᠦᠨ ᠴᠢᠳᠠᠯ᠎ᠢ ᠬᠠᠷᠠᠭᠤᠯᠵᠠᠢ!》᠃ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠥᠭᠦᠯᠡᠯᠲᠡ ᠨᠢ ᠶᠠᠫᠤᠨ᠎ᠢ ᠡᠰᠡᠷᠭᠦᠴᠡᠬᠦ ᠲᠠᠢ᠍ᠢᠨ᠎ᠦ ᠢᠯᠠᠯᠲᠠ᠎ᠶᠢᠨ ᠦᠨᠳᠦᠰᠦᠨ ᠬᠥᠳᠡᠯᠭᠡᠭᠴᠢ ᠬᠦᠴᠦᠨ᠎ᠢ ᠭᠦᠨᠵᠡᠭᠡᠢ ᠲᠣᠳᠣᠷᠬᠠᠢᠯᠠᠨ ᠥᠭᠦᠯᠡᠵᠦ᠂ ᠠᠷᠠᠳ ᠲᠦᠮᠡᠨ ᠪᠣᠯ ᠨᠠᠮ ᠪᠠ ᠤᠯᠤᠰ ᠣᠷᠣᠨ᠎ᠤ ᠢᠷᠡᠭᠡᠳᠦᠢ ᠬᠤᠪᠢ ᠵᠠᠶᠠᠭ᠎ᠠ᠎ᠶᠢ ᠲᠣᠭᠲᠠᠭᠠᠬᠤ ᠦᠨᠳᠦᠰᠦᠨ ᠬᠦᠴᠦᠨ ᠮᠥᠨ᠂ ᠥᠨᠢ ᠡᠭᠦᠷᠢᠳᠡ ᠮᠠᠨ᠎ᠤ ᠨᠠᠮ᠎ᠤᠨ ᠬᠠᠮᠤᠭ᠎ᠤᠨ ᠪᠠᠲᠤ ᠪᠡᠬᠢ ᠲᠦᠰᠢᠭ ᠲᠤᠯᠭᠠᠭᠤᠷᠢ᠂ ᠬᠠᠮᠤᠭ᠎ᠤᠨ ᠬᠦᠴᠦᠷᠬᠡᠭ ᠶᠡᠬᠡ ᠬᠦᠴᠦᠨ ᠴᠢᠳᠠᠯ ᠮᠥᠨ ᠭᠡᠳᠡᠭ᠎ᠢ ᠨᠡᠩ ᠭᠦᠨᠵᠡᠭᠡᠢ ᠰᠡᠩᠬᠡᠷᠡᠭᠦᠯᠵᠡᠢ᠃
ᠠᠷᠠᠳ ᠲᠦᠮᠡᠨ᠎ᠳᠦ ᠠᠭᠤᠤ ᠶᠡᠬᠡ ᠵᠣᠷᠢᠭ᠋ ᠰᠠᠨᠠᠭ᠎ᠠ᠎ᠲᠠᠢ᠂ ᠤᠷᠮᠠᠰᠢᠭᠤᠯᠤᠨ ᠬᠥᠭᠵᠢᠭᠡᠪᠡᠯ ᠳᠠᠷᠤᠢ ᠪᠠᠲᠦ ᠪᠡᠬᠢ ᠪᠣᠯᠣᠳ ᠬᠡᠷᠡᠮ ᠪᠤᠯᠵᠤ ᠴᠢᠳᠠᠨ᠎ᠠ ︱
《ᠪᠠᠲᠦ ᠴᠡᠭᠡᠵᠢᠯᠡ᠂ ᠪᠢᠳᠡ ᠪᠣᠯ ᠳᠤᠮᠳᠠᠳᠤ ᠤᠯᠤᠰ᠎ᠤᠨ ᠬᠥᠮᠥᠨ᠂ ᠦᠬᠦᠨ ᠦᠬᠦᠲᠡᠯ᠎ᠡ᠎ᠪᠡᠨ ᠡᠪᠦᠭᠡ ᠳᠡᠭᠡᠳᠦᠰ᠎ᠢᠶᠡᠨ ᠮᠠᠷᠲᠠᠵᠤ ᠪᠣᠯᠬᠤ ᠦᠭᠡᠢ!》᠃ ᠪᠠᠭᠠᠲᠤᠷ ᠡᠵᠢ ᠳ᠋ᠧᠩ ᠢᠦᠢ ᠹᠸᠨ ᠬᠡᠦᠬᠡᠳ ᠲᠡᠭᠡᠨ ᠡᠷᠡᠯᠬᠡᠭ ᠪᠠᠭᠠᠲᠤᠷᠯᠢᠭ᠋᠎ᠢᠶᠠᠷ ᠶᠠᠫᠤᠨ᠎ᠢ ᠡᠰᠡᠷᠭᠦᠴᠡᠬᠦ᠎ᠶᠢ ᠰᠤᠷᠭᠠᠨ᠎ᠠ᠂ ᠲᠡᠭᠦᠨ᠎ᠦ ᠨᠥᠬᠥᠷ ᠪᠣᠯᠣᠨ 5 ᠬᠦᠦ ᠨᠢ ᠡᠮᠦᠨ᠎ᠡ ᠹᠷᠣᠨᠲ᠎ᠲᠤ ᠳᠠᠢᠰᠤᠨ᠎ᠢ ᠤᠰᠠᠳᠬᠠᠵᠤ᠂ ᠴᠦᠮᠢᠶᠡᠷᠢᠶᠡᠨ ᠪᠠᠢᠯᠳᠤᠭᠠᠨ᠎ᠤ ᠲᠠᠯᠠᠪᠤᠷ᠎ᠲᠤ ᠠᠮᠢ ᠦᠷᠡᠭᠳᠡᠵᠡᠢ᠃
《ᠬᠥᠮᠥᠨ ᠪᠦᠬᠦᠨ ᠪᠠᠢᠯᠳᠤᠨ ᠦᠬᠦᠬᠦ ᠡᠴᠡ ᠪᠢᠰᠢ ᠲᠠᠢᠸᠠᠨ᠎ᠢ ᠠᠯᠳᠠᠵᠦ ᠪᠤᠯᠬᠤ ᠦᠭᠡᠢ᠂ ᠶᠠᠭᠠᠬᠢᠭ᠍ᠰᠠᠨ ᠴᠤ᠌ ᠢᠯᠳᠠᠷ ᠬᠠᠶᠠᠨ ᠲᠠᠢᠸᠠᠨ᠎ᠢ ᠦᠭᠬᠦ ᠵᠢ ᠬᠦᠰᠡᠬᠦ ᠦᠭᠡᠢ》᠂ ᠶᠠᠫᠤᠨ ᠲᠠᠢᠸᠠᠨ᠎ᠢ ᠲᠦᠷᠢᠮᠡᠬᠡᠢᠯᠡᠨ ᠡᠵᠡᠯᠡᠭᠰᠡᠨ ᠬᠠᠭᠠᠰ ᠵᠠᠭᠤᠨ᠎ᠤ ᠬᠤᠭᠤᠴᠠᠭᠠᠨ᠎ᠳᠤ᠂ ᠲᠠᠢᠸᠠᠨ᠎ᠤ ᠠᠬ᠎ᠠ ᠳᠡᠭᠦᠦ ᠨᠠᠷ ᠦᠷᠭᠦᠯᠵᠢᠯᠡᠨ ᠡᠰᠡᠷᠭᠦᠴᠡᠵᠦ᠂ ᠨᠡᠶ᠋ᠢᠲᠡ 65 ᠲᠦᠮᠡ ᠭᠠᠷᠤᠢ ᠬᠥᠮᠥᠨ ᠤᠯᠤᠰ᠎ᠤᠨ᠎ᠢᠶᠡᠨ ᠲᠥᠯᠥᠭᠡ ᠪᠠᠭᠠᠲᠤᠷᠯᠢᠭ᠋᠎ᠢᠶᠠᠷ ᠠᠮᠢ ᠦᠷᠡᠭᠳᠡᠵᠡᠢ᠃
ᠬᠤᠪᠠᠬᠠᠢ ᠡᠪᠡᠰᠦ᠂ ᠮᠣᠳᠣᠨ᠎ᠤ ᠬᠠᠯᠢᠰᠤ ᠪᠠ ᠬᠥᠪᠥᠩ᠎ᠦᠨ ᠤᠩᠭᠠᠷᠢᠯ᠎ᠢᠶᠡᠷ ᠬᠤᠭᠤᠯᠠᠯᠠᠭᠰᠠᠨ ᠶᠠᠩ ᠵᠢᠩ ᠢᠦᠢ ᠭᠠᠭᠴᠠᠭᠠᠷ᠎ᠢᠶᠠᠨ ᠳᠠᠢᠰᠤᠨ᠎ᠲᠠᠢ ᠦᠵᠡᠯᠴᠡᠭᠡᠳ ᠠᠮᠢ ᠦᠷᠡᠭᠳᠡᠪᠡ; ᠶᠡᠬᠡ ᠴᠡᠷᠢᠭ ᠠᠩᠭᠢ᠎ᠶᠢᠨ ᠤᠬᠤᠷᠢᠯᠲᠠ᠎ᠶᠢ ᠬᠠᠮᠠᠭᠠᠯᠠᠬᠤ᠎ᠶᠢᠨ ᠲᠥᠯᠥᠭᠡ᠂ ᠪᠡᠶ᠎ᠡ ᠵᠢᠷᠮᠦᠰᠦᠨ ᠯᠢ ᠯᠢᠨ ᠪᠣᠯᠣᠨ ᠴᠡᠷᠢᠭ ᠠᠨᠭᠬᠢ ᠲᠡᠢ ᠪᠡᠨ ᠬᠠᠮᠲᠦ ᠳᠠᠢᠰᠤᠨ᠎ᠢ ᠪᠠᠢᠯᠳᠤᠨ ᠵᠠᠢᠯᠠᠭᠤᠯᠵᠤ᠂ ᠬᠠᠮᠤᠭ᠎ᠤᠨ ᠰᠡᠭᠦᠯᠴᠢ᠎ᠶᠢᠨ ᠨᠢᠭᠡ ᠰᠤᠮᠤ᠎ᠪᠠᠨ ᠥᠪᠡᠷ᠎ᠦᠨ ᠪᠡᠶ᠎ᠡ᠎ᠳᠡᠭᠡᠨ ᠦᠯᠡᠳᠡᠭᠡᠵᠡᠢ ᠁
《ᠠᠮᠢ ᠪᠡᠶ᠎ᠡ ᠪᠡᠨ ᠬᠠᠢᠬᠤᠷᠤᠯ ᠦᠭᠡᠢ ᠰᠢᠨ᠎ᠡ ᠤᠯᠤᠰ᠎ᠢ ᠪᠠᠢᠭᠤᠯᠵᠤ᠂ ᠠᠷᠢᠭᠤᠨ ᠴᠢᠰᠤ ᠪᠡᠷ᠎ᠢᠶᠡᠨ ᠳᠤᠮᠳᠠᠳᠤ ᠵᠢᠨ ᠡᠬᠡ ᠭᠠᠵᠠᠷ᠎ᠢ ᠤᠮᠳᠠᠯᠠᠨᠠᠮ》᠃ ᠵᠣᠣ ᠢ ᠮᠠᠨ᠂ ᠽᠦᠸᠧ ᠴᠢᠦᠸᠠᠨ ᠡᠴᠡ ᠲᠦᠩ ᠯᠢᠨ ᠭᠧ᠂ ᠵᠣᠣ ᠳ᠋ᠧᠩ ᠢᠦᠢ ᠬᠦᠷᠲᠡᠯ᠎ᠡ᠂ ᠨᠠᠢ᠍ᠮᠠᠳᠤᠭᠠᠷ ᠵᠠᠮ᠎ᠤᠨ ᠴᠡᠷᠢᠭ᠎ᠦᠨ 《ᠯᠠᠩ ᠶᠠ ᠱᠠᠨ᠎ᠤ ᠲᠠᠪᠤᠨ ᠪᠠᠭᠠᠲᠤᠷ》 ᠡᠴᠡ ᠭᠣᠮᠢᠨᠳᠠᠩ᠎ᠤᠨ ᠴᠡᠷᠢᠭ᠎ᠦᠨ 《ᠨᠠᠢ᠍ᠮᠠᠨ ᠵᠠᠭᠤᠨ ᠪᠠᠭᠠᠲᠤᠷ》 ᠬᠦᠷᠲᠡᠯ᠎ᠡ᠂ ᠲᠦᠭ ᠲᠦᠮᠡᠨ ᠡᠬᠡ ᠣᠷᠣᠨᠴᠢ ᠳᠠᠷᠤᠭ᠎ᠠ ᠪᠠᠢᠯᠳᠤᠭ᠍ᠴᠢᠳ ᠴᠢᠰᠤ᠎ᠲᠦ ᠪᠠᠢᠯᠳᠤᠭᠠᠨ ᠬᠢᠵᠤ᠂ ᠪᠦᠬᠦ ᠳᠤᠮᠳᠠᠳᠤ᠎ᠶᠢᠨ ᠬᠥᠪᠡᠭᠦᠳ ᠥᠬᠢᠳ ᠬᠠᠮᠲᠤ᠎ᠪᠠᠷ ᠳᠠᠢᠰᠤᠨ᠎ᠢ ᠬᠣᠷᠣᠰᠴᠤ᠂ ᠳᠡᠯᠡᠬᠡᠢ ᠳ᠋ᠠᠬᠢᠨ᠎ᠤ ᠮᠠᠨᠳᠤᠯ ᠮᠦᠬᠦᠯ᠎ᠳᠦ ᠬᠥᠮᠥᠨ ᠪᠦᠬᠦᠨ ᠬᠠᠷᠢᠭᠤᠴᠠᠯᠭ᠎ᠠ᠎ᠲᠠᠢ ᠪᠠᠢᠬᠤ ᠡᠬᠡ ᠣᠷᠣᠨᠴᠢ ᠰᠡᠳᠬᠢᠯᠭᠡ᠂ ᠦᠬᠦᠬᠦ᠎ᠶᠢ ᠤᠨᠲᠠᠬᠤ᠎ᠶᠢᠨ ᠲᠡᠳᠦᠢ ᠦᠯᠦ ᠪᠤᠳᠤᠬᠤ᠂ ᠬᠤᠭᠤᠷᠠᠬᠤ᠎ᠡᠴᠡ ᠪᠢᠰᠢ ᠨᠤᠭᠤᠷᠠᠬᠤ ᠦᠭᠡᠢ ᠦᠨᠳᠦᠰᠦᠲᠡᠨ᠎ᠦ ᠬᠠᠳᠠᠨ ᠵᠣᠷᠢᠭ᠋᠂ ᠬᠦᠴᠦᠷᠬᠡᠭ᠎ᠡᠴᠡ ᠠᠶᠤᠬᠤ ᠦᠭᠡᠢ᠂ ᠡᠴᠦᠰ ᠲᠦ᠍ᠨᠢ ᠲᠤᠯᠲᠠᠯ᠎ᠠ ᠪᠠᠢᠯᠳᠤᠨ ᠲᠡᠮᠡᠴᠡᠬᠦ ᠪᠠᠭᠠᠲᠤᠷᠯᠢᠭ᠋ ᠴᠤᠭ ᠰᠦᠯᠳᠡ᠂ ᠴᠦᠬᠦᠷᠡᠰᠢ ᠦᠭᠡᠢ᠂ ᠨᠤᠭᠤᠷᠠᠰᠢ ᠦᠭᠡᠢ ᠯᠠᠪᠲᠠᠢ ᠢᠯᠠᠬᠤ ᠢᠲᠡᠭᠡᠯ ᠵᠣᠷᠢᠭ᠋᠎ᠢᠶᠠᠨ ᠳᠡᠯᠡᠬᠡᠢ ᠳ᠋ᠠᠬᠢᠨ᠎ᠳᠤ ᠬᠠᠷᠠᠭᠤᠯᠵᠠᠢ᠃
《ᠵᠣᠭ᠍ᠰᠣᠭ᠎ᠠ ᠪᠡᠷ ᠵᠢᠠᠨ ᠦᠬᠦᠬᠦ᠌᠎ᠡᠴᠡ ᠪᠢᠰᠢ ᠰᠥᠭᠥᠳᠴᠦ᠍ ᠠᠮᠢᠳᠤᠷᠠᠬᠤ ᠦᠭᠡᠢ》᠃ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢ᠌ᠨ᠎ᠦ ᠢᠯᠠᠯᠲᠠ ᠪᠣᠯ ᠡᠬᠡ ᠣᠷᠣᠨᠴᠢ ᠦᠵᠡᠯ᠎ᠢᠶᠡᠷ ᠭᠣᠣᠯᠯᠠᠭᠤᠯᠤᠭ᠍ᠰᠠᠨ ᠦᠨᠳᠦᠰᠦᠲᠡᠨ᠎ᠦ ᠵᠣᠷᠢᠭ ᠰᠠᠨᠠᠭᠠᠨ᠎ᠤ ᠠᠭᠤᠤ ᠶᠡᠬᠡ ᠢᠯᠠᠯᠲᠠ ᠮᠥᠨ᠂ ᠲᠡᠭᠦᠨ᠎ᠢ ᠪᠤᠢ ᠪᠣᠯᠭᠠᠭ᠍ᠰᠠᠨ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠢ ᠵᠣᠷᠢᠭ᠍ᠵᠢᠭᠤᠯᠤᠨ ᠠᠯᠢᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠲᠡᠮᠡᠴᠡᠭᠦᠯᠬᠦ᠌ ᠬᠦᠴᠦᠷᠬᠡᠭ ᠶᠡᠬᠡ ᠤᠶᠤᠨ ᠰᠠᠨᠠᠭᠠᠨ᠎ᠤ ᠬᠥᠳᠡᠯᠭᠡᠭ᠌ᠴᠢ ᠬᠦᠴᠦᠨ ᠮᠥᠨ᠃
ᠠᠷᠠᠳ ᠲᠦᠮᠡᠨ᠎ᠦ ᠬᠦᠴᠤᠨ ᠠᠤᠭ᠎ᠠ ᠶᠡᠬᠡ ᠪᠠᠢᠳᠠᠭ᠂ ᠳᠠᠢᠴᠢᠯᠠᠪᠠᠯ ᠪᠤᠯᠤᠳ ᠬᠡᠷᠡᠮ ᠲᠡᠮᠤᠷ ᠬᠠᠨ᠎ᠠ ᠮᠡᠳᠤ —
《ᠡᠵᠢ ᠨᠢ ᠬᠦᠦ᠍᠎ᠪᠡᠨ ᠶᠠᠫᠣᠨ ᠳᠡᠭᠡᠷᠡᠮᠴᠢᠳᠢ ᠤᠰᠠᠳᠬᠠᠬᠤ ᠪᠡᠷ ᠦᠳᠡᠵᠦ᠂ ᠪᠦᠰᠡᠭᠦᠢ ᠨᠢ ᠨᠦᠬᠦᠷ᠎ᠢᠶᠡᠨ ᠲᠠᠢ᠌ᠨ᠎ᠦ ᠲᠠᠯᠠᠪᠤᠷ᠎ᠲᠤ ᠬᠦᠷᠭᠡᠵᠦ᠍᠂ ᠡᠷᠡᠭ᠌ᠲᠡᠢ ᠡᠮᠡᠭ᠌ᠲᠡᠢ ᠬᠥᠭ᠌ᠰᠢᠨ ᠵᠠᠯᠠᠭᠤ ᠪᠦᠬᠦᠨ᠎ᠢᠶᠡᠷ᠎ᠢᠶᠡᠨ ᠬᠦᠳᠡᠯᠦᠯᠴᠡᠨᠡ》᠂ ᠡᠨᠡ ᠪᠣᠯ ᠶᠠᠫᠣᠨ᠎ᠢ ᠡᠰᠡᠷᠭᠦᠴᠡᠬᠦ᠌ ᠲᠠᠢ᠌ᠨ᠎ᠦ ᠳᠤᠮᠳᠠ ᠭᠠᠵᠠᠷ ᠪᠣᠯᠭᠠᠨ᠎ᠳᠤ ᠬᠠᠷᠠᠭ᠍ᠳᠠᠳᠠᠭ ᠦᠵᠡᠭ᠌ᠳᠡᠯ ᠪᠣᠯᠤᠨ᠎ᠠ᠃
《ᠥᠨᠥᠳᠦᠷ᠎ᠦᠨ ᠡᠮᠦᠨᠡᠲᠦ ᠤᠮᠠᠷᠠᠲᠤ᠎ᠶ᠋ᠢᠨ ᠲᠡᠢᠨ᠎ᠦ ᠲᠠᠯᠠᠪᠤᠷ᠎ᠲᠤ᠂ ᠤᠷᠢᠳ᠎ᠢᠶᠡᠷ ᠦᠷᠡᠭᠳᠡᠬᠦ ᠵᠢ ᠪᠤᠯᠢᠶᠠᠯᠳᠤᠳᠠᠭ᠂ ᠤᠴᠢᠷ ᠨᠢ ᠣᠯᠠᠨ᠎ᠢᠶᠠᠷ᠎ᠢᠶᠠᠨ ᠬᠠᠷᠢᠴᠠᠯᠠᠰᠢ ᠥᠬᠡᠶ ᠢᠲᠡᠭᠡᠯ ᠪᠢᠱᠢᠷᠡᠯ᠎ᠲᠡᠶ ᠪᠠᠢᠵᠤ᠂ ᠥᠪᠡᠷ᠎ᠢ᠎ᠪᠡᠨ ᠦᠷᠡᠭ᠌ᠳᠡᠭᠦᠯᠬᠦ᠌ ᠪᠣᠯ ᠳᠤᠮᠳᠠᠳᠤ᠎ᠶ᠋ᠢᠨ ᠦᠨᠳᠦᠰᠦᠲᠡᠨ᠎ᠦ ᠦᠷ᠎ᠡ ᠬᠣᠢᠴᠢᠰ᠎ᠤᠨ ᠲᠤᠰᠠᠭᠠᠷ ᠲᠣᠭ᠍ᠲᠠᠨᠢᠯ ᠡᠷᠬᠡ ᠴᠢᠯᠥᠭᠡ ᠵᠢ ᠰᠣᠯᠢᠵᠤ ᠠᠪᠴᠢᠷᠠᠬᠤ ᠶᠠᠪᠤᠳᠠᠯ ᠮᠥᠨ ᠭᠡᠵᠦ ᠤᠢᠯᠠᠭᠠᠳᠠᠭ᠂ ᠲᠡᠷᠡ ᠮᠥᠷᠲᠡᠭᠡᠨ ᠦᠨᠡᠨ ᠬᠦ᠌ ᠪᠠᠲᠤᠯᠠᠭ᠎ᠠ᠎ᠲᠠᠶ᠂ ᠯᠠᠪᠲᠠᠶ ᠬᠦᠷᠴᠦ᠍ ᠲᠠᠢᠯᠤᠨ᠎ᠠ》᠃ ᠡᠨᠡᠬᠦ᠌ ᠡᠮᠭᠡᠨᠢᠨ ᠤᠬᠢᠯᠠᠮᠠ ᠦᠭᠡ ᠨᠢ ᠡᠨᠡ ᠤᠳᠠᠭ᠎ᠠ᠎ᠶ᠋ᠢᠨ ᠠᠷᠠᠳ᠎ᠤᠨ ᠲᠠᠢ᠌ᠨ᠎ᠦ ᠡᠷᠡᠰ ᠪᠠᠲᠤ ᠬᠠᠳᠠᠨ ᠵᠣᠷᠢᠭ᠎ᠢ ᠬᠠᠷᠠᠭᠤᠯᠪᠠ᠃
3200 ᠭᠠᠷᠤᠢ ᠡᠮᠦᠨᠡᠲᠦ ᠲᠠᠯᠠᠢ᠎ᠶ᠋ᠢᠨ ᠳᠤᠮᠳᠠᠳᠤ᠎ᠶ᠋ᠢᠨ ᠬᠠᠷᠢᠶᠠᠲᠤ ᠵᠠᠯᠠᠭᠤᠴᠤᠳ ᠡᠭᠡ ᠣᠷᠣᠨᠴᠢ ᠬᠠᠷᠢᠶᠠᠲᠤ᠎ᠨᠠᠷ᠎ᠤᠨ ᠲᠠᠭᠠᠭᠤᠯᠤᠬ᠍ᠴᠢ ᠴᠧᠨ ᠵᠢᠶᠠ ᠭᠸᠩ᠎ᠤᠨ ᠤᠷᠢᠶᠠᠯᠠᠭ᠎ᠠ᠎ᠶ᠋ᠢ ᠴᠤᠤᠷᠢᠶᠠᠲᠤᠨ ᠲᠠᠭᠠᠵᠦ᠍ ᠡᠷᠡᠰ ᠱᠢᠭᠤᠷᠬᠠᠢ᠎ᠪᠠᠷ ᠤᠯᠤᠰ᠎ᠲᠠᠭᠠᠨ ᠪᠤᠴᠠᠵᠤ᠂ ᠠᠮᠢ ᠨᠠᠰᠤ᠎ᠪᠠᠷ᠎ᠢᠶᠠᠨ 《ᠵᠢᠪᠪᠦᠰᠢ ᠦᠭᠡᠢ ᠬᠠᠩᠭᠠᠯᠭ᠎ᠠ᠎ᠶ᠋ᠢᠨ ᠱᠤᠭᠤᠮ》 ᠢ᠋ ᠨᠡᠪᠲᠡᠷᠡᠭᠦᠯᠪᠡ; ᠶᠠᠫᠣᠨ᠎ᠢ ᠡᠰᠡᠷᠭᠦᠴᠡᠬᠦ᠌ ᠳᠠᠢᠨ ᠪᠦᠬᠦ᠌ ᠲᠠᠯ᠎ᠠ᠎ᠪᠠᠷ ᠡᠭᠦᠰᠦᠭ᠌ᠰᠡᠨ᠎ᠦ ᠳᠠᠷᠠᠭ᠎ᠠ᠂ ᠭᠠᠳᠠᠭᠠᠳᠤ᠎ᠳᠤ ᠰᠠᠭᠤᠭ᠎ᠠ ᠳᠤᠮᠳᠠᠳᠤ᠎ᠶ᠋ᠢᠨ ᠬᠠᠷᠢᠶᠠᠲᠤ᠎ᠶ᠋ᠢᠨ ᠭᠤᠪᠢᠭᠤᠯᠤᠭ᠍ᠰᠠᠨ ᠵᠣᠭᠣᠰ ᠨᠢ ᠴᠡᠷᠢᠭ᠎ᠦᠨ ᠵᠠᠷᠤᠳᠠᠯ᠎ᠤᠨ ᠶᠡᠷᠦᠩᠬᠡᠶ ᠲᠣᠭᠠᠨ᠎ᠤ 43%᠎ᠶ᠋ᠢ ᠡᠵᠡᠯᠡᠵᠦ᠍᠂ 5 ᠵᠢᠯ᠎ᠳᠦ ᠡᠯ᠎ᠡ ᠵᠦᠢᠯ᠎ᠦᠨ ᠨᠢᠰᠭᠡᠯ ᠢ 217 ᠬᠠᠨᠳᠢᠪᠯᠠᠭ᠍ᠰᠠᠨ ᠪᠠᠢᠨ᠎ᠠ᠁
ᠶᠠᠫᠣᠨ᠎ᠢ ᠡᠰᠡᠷᠭᠦᠴᠡᠬᠦ᠌ ᠦᠨᠳᠦᠰᠦᠲᠡᠨ᠎ᠦ ᠨᠢᠭᠡᠳᠦᠮᠡᠯ ᠹᠷᠣᠨᠲ᠎ᠤᠨ ᠲᠤᠭ᠎ᠤᠨ ᠳᠣᠣᠷ᠎ᠠ᠂ ᠲᠦᠷᠢᠮᠡᠬᠡᠢᠯᠡᠯ᠎ᠢ ᠡᠰᠡᠷᠭᠦᠴᠡᠨ ᠲᠤᠯᠵᠤ᠂ ᠤᠯᠤᠰ᠎ᠢᠶᠠᠨ ᠮᠥᠬᠥᠯ᠎ᠡᠴᠡ ᠠᠪᠤᠷᠠᠬᠤ ᠨᠢ ᠳᠤᠮᠳᠠᠳᠤ ᠤᠯᠤᠰ᠎ᠤᠨ ᠡᠯ᠎ᠡ ᠨᠠᠮ ᠪᠦᠯᠦᠭ᠂ ᠡᠯ᠎ᠡ ᠦᠨᠳᠦᠰᠦᠲᠡᠨ᠂ ᠡᠯ᠎ᠡ ᠠᠩᠭᠢ᠂ ᠡᠯ᠎ᠡ ᠳᠠᠪᠬᠤᠷᠭ᠎ᠠ᠂ ᠡᠯ᠎ᠡ ᠪᠦᠯᠬᠦᠮ ᠵᠢᠴᠢ ᠭᠠᠳᠠᠭᠠᠳᠤ᠎ᠳᠤ ᠰᠠᠭᠤᠭ᠎ᠠ ᠳᠤᠮᠳᠠᠳᠤ᠎ᠶ᠋ᠢᠨ ᠬᠠᠷᠢᠶᠠᠲᠤ ᠳᠤᠮᠳᠠᠳᠤ᠎ᠶ᠋ᠢᠨ ᠬᠥᠮᠦᠰ᠎ᠦᠨ ᠬᠠᠮᠲᠤ᠎ᠶ᠋ᠢᠨ ᠵᠣᠷᠢᠭ ᠰᠠᠨᠠᠭ᠎ᠠ ᠪᠣᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠨᠡᠭᠡᠭᠡᠭ᠌ᠰᠡᠨ ᠳᠠᠢᠰᠤᠨ᠎ᠤ ᠠᠷᠤ ᠲᠠᠯ᠎ᠠ᠎ᠶ᠋ᠢᠨ ᠳᠠᠢᠨ᠎ᠦ ᠲᠠᠯᠠᠪᠤᠷ ᠪᠣᠯᠤᠨ ᠭᠣᠮᠢᠨᠳᠠᠩ᠎ᠤᠨ ᠵᠢᠯᠣᠭᠣᠳᠤᠭ᠍ᠰᠠᠨ ᠡᠮᠦᠨ᠎ᠡ ᠲᠠᠯ᠎ᠠ᠎ᠶ᠋ᠢᠨ ᠳᠠᠢᠨ᠎ᠦ ᠲᠠᠯᠠᠪᠤᠷ ᠬᠠᠮᠵᠢᠯᠴᠠᠨ ᠬᠠᠮᠲᠤᠷᠠᠯᠴᠠᠵᠤ᠂ ᠬᠠᠮᠲᠤ᠎ᠪᠠᠷ ᠶᠠᠫᠣᠨ᠎ᠤ ᠲᠦᠷᠢᠮᠡᠬᠡᠢᠯᠡᠭ᠌ᠴᠢᠳ᠎ᠢ ᠡᠰᠡᠷᠭᠦᠴᠡᠬᠦ᠌ ᠪᠠᠢᠯᠳᠤᠬᠤ ᠪᠣᠳᠣᠯᠭ᠎ᠠ᠎ᠶ᠋ᠢᠨ ᠪᠠᠢᠳᠠᠯ᠎ᠢ ᠪᠤᠶ ᠪᠣᠯᠭᠠᠵᠠᠶ᠃
ᠶᠡᠷᠦᠩᠬᠡᠢ ᠱᠦᠵᠢ ᠰᠢ ᠵᠢᠨ ᠫᠢᠩ᠄ 《ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢ᠌ᠨ᠎ᠦ ᠢᠯᠠᠯᠲᠠ ᠪᠣᠯ ᠪᠦᠬᠦ᠌ ᠦᠨᠳᠦᠰᠦᠲᠡᠨ᠎ᠦ ᠶᠠᠫᠣᠨ᠎ᠢ ᠡᠰᠡᠷᠭᠦᠴᠡᠬᠦ᠌ ᠳᠠᠢ᠌ᠨ᠎ᠦ ᠢᠯᠠᠯᠲᠠ ᠮᠥᠨ᠂ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠦᠨ ᠢᠷᠠᠭᠤ ᠠᠯᠳᠠᠷ ᠮᠥᠨ!》 ᠭᠡᠵᠦ ᠵᠢᠭᠠᠵᠤ ᠭᠠᠷᠭᠠᠪᠠ᠃
ᠠᠷᠠᠳ ᠲᠦᠮᠡᠨ᠎ᠦ ᠤᠶᠤᠨ ᠤᠬᠠᠭᠠᠨ ᠬᠢᠵᠠᠭᠠᠯᠠᠰᠢ ᠦᠭᠡᠢ ᠪᠠᠢᠳᠠᠭ᠂ ᠴᠤᠭ᠍ᠯᠠᠷᠠᠪᠠᠯ ᠨᠡᠯᠦᠭᠡᠷ ᠶᠡᠬᠡ ᠲᠠᠯᠠᠢ ᠮᠡᠳᠤ —
《ᠨᠦᠬᠡᠨ ᠵᠠᠮ᠎ᠤᠨ ᠪᠠᠢᠯᠳᠤᠭᠠᠨ᠂ ᠬᠦᠶᠢ᠂ ᠨᠦᠬᠡᠨ ᠵᠠᠮ᠎ᠤᠨ ᠪᠠᠢᠯᠳᠤᠭᠠᠨ᠂ ᠮᠢᠩᠭ᠎ᠠ ᠲᠦᠮᠡᠨ ᠱᠢᠳᠢᠲᠦ ᠴᠡᠷᠢᠭ ᠪᠦᠭ᠌ᠭᠦᠵᠦ᠍ ᠪᠤᠢ ᠁》 ᠪᠡᠭᠡᠵᠢᠩ᠎ᠦᠨ ᠵᠢᠶᠤᠤ ᠵᠤᠸᠠᠩ ᠬᠤ᠌ ᠨᠦᠬᠡᠨ ᠵᠠᠮ᠎ᠤᠨ ᠪᠠᠢᠯᠳᠤᠭᠠᠨ᠎ᠤ ᠪᠠᠭᠤᠷᠢ᠎ᠶ᠋ᠢᠨ ᠳᠤᠷᠠᠰᠭᠠᠯ᠎ᠤᠨ ᠣᠷᠳᠣᠨ᠎ᠳᠤ᠂ ᠬᠠᠷᠠᠩᠭᠤᠢ ᠪᠦᠭᠡᠳ ᠮᠤᠷᠤᠢ ᠰᠠᠷᠤᠢ ᠨᠦᠬᠡᠨ ᠵᠠᠮ ᠨᠢ ᠶᠠᠭ ᠯᠠ 《ᠭᠠᠵᠠᠷ ᠳᠣᠣᠷᠠᠬᠢ ᠤᠷᠳᠤ ᠴᠠᠭᠠᠨ ᠬᠡᠷᠡᠮ》 ᠮᠡᠲᠦ ᠪᠡᠷ ᠲᠣᠰᠭᠣᠨ ᠪᠣᠯᠭᠠᠨ᠎ᠢ ᠵᠠᠯᠭᠠᠵᠤ᠂ ᠡᠷᠦᠬᠡ ᠪᠣᠯᠭᠠᠨ᠎ᠢ ᠬᠤᠯᠪᠤᠵᠤ᠂ ᠲᠤᠬᠠᠢ᠎ᠶ᠋ᠢᠨ ᠵᠢᠯ᠎ᠳᠦ ᠡᠷᠦᠬᠡ᠎ᠶ᠋ᠢᠨ ᠴᠡᠷᠢᠭ ᠤᠰᠤᠨ ᠬᠤᠳᠳᠤᠭ᠂ ᠢᠩ᠎ᠤᠨ ᠳᠤᠰᠬᠤᠭᠤᠷ᠂ ᠳᠠᠬᠢᠯᠭ᠎ᠠ ᠶᠢᠨ ᠳᠠᠯᠪᠢᠭᠤᠷ ᠵᠡᠷᠭᠡ ᠭᠠᠵᠠᠷ ᠡᠴᠡ ᠳᠠᠢᠰᠤᠨ᠎ᠳᠤ ᠬᠡᠨᠡᠳᠳᠠ ᠴᠣᠬᠢᠯᠲᠠ ᠥᠭ᠌ᠴᠦ ᠪᠠᠢᠪᠠ᠃
ᠪᠠᠢ ᠶᠠᠩ ᠳ᠋ᠢᠶᠠᠨ᠎ᠤ ᠬᠤᠯᠤᠰᠤᠲᠤ ᠨᠠᠭᠤᠷ ᠪᠣᠯᠤᠨ ᠭᠤᠤ ᠰᠤᠪᠠᠭ᠎ᠤᠨ ᠭᠠᠵᠠᠷ᠎ᠤᠨ ᠪᠠᠢᠴᠠ᠎ᠶ᠋ᠢ ᠠᠱᠢᠭ᠍ᠯᠠᠵᠤ᠂ ᠦᠳᠡᠰᠢ᠎ᠶ᠋ᠢᠨ ᠪᠦᠷᠦᠢ᠎ᠪᠡᠷ ᠶᠠᠫᠣᠨ ᠴᠡᠷᠢᠭ᠎ᠦᠨ ᠡᠳ᠋ ᠪᠣᠳᠠᠰ ᠵᠥᠭᠡᠭᠡᠪᠦᠷᠢᠯᠡᠬᠦ᠌ ᠣᠩᠭᠣᠴᠠ᠎ᠶ᠋ᠢ ᠪᠦᠭ᠌ᠭᠦᠨ ᠴᠣᠬᠢᠵᠦ᠂ ᠡᠪᠦᠯ ᠳᠡᠰᠢᠭᠦᠷ ᠲᠠᠢ ᠮᠥᠰᠥᠨ ᠲᠡᠷᠭᠡ᠎ᠪᠡᠷ 《ᠪᠦᠳᠦᠭᠦᠯᠢᠭ ᠲᠠᠩᠺ》 ᠪᠣᠯᠭᠠᠵᠤ ᠁ ᠾᠸᠪᠸᠢ ᠵᠢᠨ ᠪᠠᠢ ᠶᠠᠩ ᠳ᠋ᠢᠶᠠᠨ᠎ᠤ ᠯᠢᠶᠠᠩ ᠰᠢᠤᠢ ᠰᠤᠮᠤ᠎ᠶ᠋ᠢᠨ ᠠᠩᠬᠢ᠎ᠶ᠋ᠢᠨ ᠳᠤᠷᠠᠰᠭᠠᠯ᠎ᠤᠨ ᠣᠷᠳᠣᠨ᠎ᠳᠤ᠂ ᠳᠠᠢᠰᠤᠨ᠎ᠤ ᠵᠢᠷᠦᠬᠡ᠎ᠶ᠋ᠢ ᠴᠡᠴᠡᠷᠡᠭᠦᠯᠦᠮᠡ ᠤᠰᠤᠨ ᠳᠡᠭᠡᠷᠡᠬᠢ ᠫᠠᠷᠲ᠋ᠢᠽᠠᠨ ᠳᠠᠢ᠌ᠨ᠎ᠦ ᠲᠠᠯᠠᠪᠤᠷ᠎ᠤᠨ ᠦᠵᠡᠮᠵᠢ᠎ᠶ᠋ᠢ ᠲᠡᠮᠳᠡᠭ᠌ᠯᠡᠵᠦ᠍ ᠪᠠᠢᠳᠠᠭ᠃
ᠳᠠᠢᠰᠤᠨ᠎ᠤ ᠡᠵᠡᠯᠡᠭ᠌ᠰᠡᠨ ᠣᠷᠣᠨ᠎ᠳᠤ ᠣᠷᠣᠵᠤ ᠰᠠᠭᠤᠷᠢᠨ ᠭᠠᠵᠠᠷ ᠪᠠᠢᠭᠤᠯᠬᠤ᠂ ᠪᠦᠭ᠌ᠭᠦᠨ ᠴᠣᠬᠢᠬᠤ ᠪᠠᠢᠯᠳᠤᠭᠠᠨ᠂ ᠡᠪᠳᠡᠯᠡᠨ ᠳᠠᠭᠠᠷᠢᠬᠤ ᠪᠠᠢᠯᠳᠤᠭᠠᠨ᠂ ᠮᠢᠨ᠎ᠠ᠎ᠶ᠋ᠢᠨ ᠪᠠᠢᠯᠳᠤᠭᠠᠨ᠂ ᠦᠢᠮᠡᠭᠦᠯᠦᠨ ᠳᠦᠢᠪᠡᠭᠡᠬᠦ ᠪᠠᠢᠯᠳᠤᠭᠠᠨ ᠬᠢᠵᠦ ᠁ ᠳᠤᠮᠳᠠᠳᠤ ᠤᠯᠤᠰ᠎ᠤᠨ ᠡᠪ ᠬᠠᠮᠲᠤ ᠨᠠᠮ ᠴᠡᠷᠢᠭ ᠠᠷᠠᠳ ᠪᠣᠯ ᠢᠯᠠᠯᠲᠠ ᠤᠯᠬᠤ᠎ᠶ᠋ᠢᠨ ᠦᠨᠳᠦᠰᠦ ᠪᠣᠯᠬᠤ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠤᠶᠤᠨ ᠤᠬᠠᠭᠠᠨ᠂ ᠡᠷᠡᠯᠬᠡᠭ ᠪᠠᠭᠠᠲᠤᠷᠯᠢᠭ᠂ ᠠᠷᠭ᠎ᠠ ᠪᠤᠳᠤᠯᠭ᠎ᠠ᠂ ᠪᠠᠢᠯᠳᠤᠬᠤ ᠪᠤᠳᠤᠯᠭ᠎ᠠ᠎ᠶ᠋ᠢ ᠴᠢᠳᠠᠮᠠᠭᠠᠢ ᠬᠡᠷᠡᠭ᠌ᠯᠡᠨ᠂ ᠨᠢᠭᠡᠨ ᠢᠵᠢ ᠠᠷᠠᠳ᠎ᠤᠨ ᠲᠠᠢ᠌ᠨ᠎ᠦ ᠪᠠᠢᠯᠳᠤᠬᠤ ᠪᠤᠳᠤᠯᠭ᠎ᠠ ᠪᠠᠢᠯᠳᠤᠬᠤ ᠠᠷᠭ᠎ᠠ᠂ ᠡᠯ᠎ᠡ ᠵᠦᠢᠯ᠎ᠦᠨ ᠪᠦᠲᠦᠭᠡᠯᠴᠢ ᠴᠢᠨᠠᠷᠲᠠᠢ ᠪᠠᠢᠯᠳᠤᠬᠤ ᠠᠷᠭ᠎ᠠ ᠪᠠᠢᠯᠳᠤᠬᠤ ᠪᠤᠳᠤᠯᠭ᠎ᠠ ᠶ᠋ᠢ ᠳᠤᠷᠠᠳᠤᠨ ᠭᠠᠷᠭᠠᠵᠤ᠂ ᠶᠠᠫᠣᠨ ᠲᠦᠷᠢᠮᠡᠬᠡᠢᠯᠡᠭ᠌ᠴᠢᠳ᠎ᠢ ᠠᠷᠠᠳ᠎ᠤᠨ ᠲᠠᠢ᠌ᠨ᠎ᠦ ᠨᠡᠯᠦᠭᠡᠷ ᠳᠠᠯᠠᠢ᠎ᠳᠦ ᠣᠷᠣᠭᠤᠯᠪᠠ᠃
ᠣᠷᠴᠢᠨ ᠦᠶ᠎ᠡ᠎ᠶ᠋ᠢᠨ ᠲᠡᠦᠬᠡ᠎ᠶ᠋ᠢ ᠡᠷᠭᠢᠴᠡᠭᠦᠯᠵᠦ᠍ ᠦᠵᠡᠪᠡᠯ᠂ ᠳᠤᠮᠳᠠᠳᠤ ᠤᠯᠤᠰ᠎ᠲᠤ ᠲᠤᠰ ᠲᠤᠰ᠎ᠲᠠᠭᠠᠨ ᠲᠤᠭ ᠪᠤᠰᠭᠠᠵᠤ᠂ ᠲᠠᠷᠠᠬᠠᠢ ᠪᠤᠲᠠᠷᠬᠠᠢ ᠰᠠᠮᠠᠭᠤᠨ ᠪᠠᠢᠳᠠᠯ ᠢᠯᠡᠷᠡᠭ᠌ᠰᠡᠨ ᠪᠠᠢᠨ᠎ᠠ᠂ ᠡᠨᠡ ᠪᠣᠯ ᠶᠠᠫᠣᠨ᠎ᠤ ᠴᠡᠷᠢᠭ᠌ᠯᠡᠬᠦ᠌ ᠦᠵᠡᠯ᠎ᠦᠨ ᠳᠤᠮᠳᠠᠳᠤ ᠤᠯᠤᠰ᠎ᠢ ᠪᠦᠬᠦ᠌ ᠲᠠᠯ᠎ᠠ᠎ᠪᠠᠷ ᠲᠦᠷᠢᠮᠡᠬᠡᠢᠯᠡᠬᠦ᠌ ᠲᠠᠢ᠌ᠨ᠎ᠢ ᠵᠣᠷᠢᠭ᠍ᠲᠠᠢ ᠳᠡᠭ᠌ᠳᠡᠭᠡᠭ᠌ᠰᠡᠨᠦ ᠴᠢᠬᠤᠯᠠ ᠱᠢᠯᠲᠠᠭᠠᠨ ᠪᠣᠯᠤᠨ᠎ᠠ᠃
ᠳᠠᠢᠴᠢᠯᠠᠭ᠍ᠳᠠᠭ᠍ᠰᠠᠨ᠂ ᠵᠣᠬᠢᠶᠠᠨ ᠪᠠᠢᠭᠤᠯᠤᠭ᠍ᠳᠠᠭ᠍ᠰᠠᠨ᠂ ᠪᠦᠯᠬᠦᠮᠳᠡᠭ᠌ᠰᠡᠨ ᠳᠤᠮᠳᠠᠳᠤ ᠤᠯᠤᠰ᠎ᠤᠨ ᠠᠷᠠᠳ ᠲᠦᠮᠡᠨ ᠬᠠᠯᠳᠠᠵᠤ ᠪᠣᠯᠤᠰᠢ ᠦᠭᠡᠢ ᠪᠥᠭᠡᠳ ᠬᠡᠨᠴᠤ ᠢᠯᠠᠵᠤ ᠴᠢᠳᠠᠬᠤ ᠦᠭᠡᠢ ᠶᠤᠮ ᠭᠡᠳᠡᠭ᠎ᠢ ᠶᠠᠫᠤᠨ᠎ᠢ ᠡᠰᠡᠷᠭᠦᠴᠡᠬᠦ ᠳᠠᠢᠨ᠎ᠤ ᠠᠭᠤᠤ ᠶᠡᠭᠡ ᠢᠯᠠᠯᠳᠠ ᠢᠯᠡᠳᠬᠡᠪᠡ᠃
1936 ᠣᠨ᠎ᠳᠤ ᠠᠮᠧᠷᠢᠺᠠ᠎ᠶ᠋ᠢᠨ ᠰᠤᠷᠪᠤᠯᠵᠢᠯᠠᠭ᠍ᠴᠢ ᠠᠢᠳ᠋ᠸᠵᠢᠶᠠ·ᠰᠸᠨᠤ᠋ ᠶᠠᠨ ᠠᠨ᠎ᠳᠤ ᠠᠢᠯᠴᠢᠯᠠᠪᠠ᠃ ᠮᠠᠤ ᠽᠸ ᠳ᠋ᠦᠩ ᠲᠤᠢᠯ᠎ᠤᠨ ᠳᠥᠭᠥᠮ ᠪᠦᠳᠦᠭᠦᠯᠢᠭ ᠨᠦᠬᠡᠨ ᠭᠡᠷ᠎ᠲᠦ ᠰᠠᠭᠤᠵᠤ᠂ ᠵᠧᠦ ᠧᠨ ᠯᠠᠢ ᠱᠢᠪᠠᠷ ᠬᠠᠨᠵᠤᠨ ᠳᠡᠭᠡᠷ᠎ᠡ ᠤᠨᠲᠠᠵᠤ᠂ ᠫᠸᠩ ᠳ᠋ᠸ ᠬᠤᠸᠠᠢ ᠣᠯᠵᠠᠯᠠᠭ᠍ᠰᠠᠨ ᠱᠢᠬᠦᠷ᠎ᠢᠶᠡᠷ ᠬᠢᠭ᠌ᠰᠡᠨ ᠡᠯᠢᠭᠡᠪᠴᠢ ᠡᠮᠦᠰᠴᠦ᠍ ᠪᠠᠢᠭ᠎ᠠ ᠵᠢ ᠬᠠᠷᠠᠭᠠᠳ᠂ ᠨᠢᠭᠡ ᠵᠦᠢᠯ᠎ᠦᠨ 《ᠳᠣᠷᠣᠨᠠᠳᠠᠬᠢᠨ᠎ᠤ ᠷᠢᠳᠢ ᠱᠢᠳᠢ》 ᠵᠢ ᠮᠡᠳᠡᠷᠡᠵᠦ᠍᠂ ᠡᠨᠡ ᠪᠣᠯ 《ᠤᠯᠤᠰ᠎ᠢᠶᠠᠨ ᠮᠠᠨᠳᠤᠭᠤᠯᠬᠤ ᠭᠡᠷᠡᠯ ᠭᠢᠯᠪᠠᠭ᠎ᠠ》 ᠭᠡᠵᠦ᠍ ᠮᠠᠭᠠᠳᠯᠠᠨ ᠬᠡᠯᠡᠪᠡ᠃ ᠡᠨᠡ ᠬᠦ᠌ 《ᠳᠣᠷᠣᠨᠠᠳᠠᠬᠢᠨ᠎ᠤ ᠷᠢᠳᠢ ᠱᠢᠳᠢ》 ᠨᠢ ᠶᠠᠭ ᠮᠠᠨ᠎ᠤ ᠨᠠᠮ᠎ᠤᠨ 《ᠠᠷᠠᠳ ᠢᠷᠭᠡᠳ᠎ᠦᠨ ᠲᠠᠯ᠎ᠠ᠎ᠳᠤ ᠯᠠᠪ ᠯᠠᠪᠳᠠᠭᠤᠨ ᠰᠠᠭᠤᠵᠤ ᠪᠠᠢᠭ᠎ᠠ》 ᠡᠴᠡ ᠢᠷᠡᠯᠳᠡ ᠲᠠᠢ ᠶᠤᠮ᠃
1944 ᠣᠨ᠎ᠳᠤ᠂ ᠶᠠᠨ ᠠᠨ᠎ᠳᠤ ᠬᠦᠷᠴᠦ᠍ ᠢᠷᠡᠭ᠌ᠰᠡᠨ ᠠᠮᠧᠷᠢᠺᠠ᠎ᠶ᠋ᠢᠨ ᠴᠡᠷᠢᠭ᠎ᠦᠨ ᠠᠵᠢᠭ᠍ᠯᠠᠬᠤ ᠳᠤᠭᠤᠢᠯᠠᠩ ᠮᠡᠳᠡᠭᠦᠯᠦᠯᠲᠡ ᠪᠢᠴᠢᠵᠦ᠍᠄ 《ᠡᠪ ᠬᠠᠮᠲᠤ ᠨᠠᠮ᠎ᠤᠨ ᠵᠠᠰᠠᠭ᠎ᠤᠨ ᠣᠷᠳᠣᠨ ᠪᠠ ᠴᠡᠷᠢᠭ ᠠᠩᠬᠢ ᠪᠣᠯ ᠳᠤᠮᠳᠠᠳᠤ ᠤᠯᠤᠰ᠎ᠤᠨ ᠤᠢ᠍ᠢᠷ᠎ᠠ ᠦᠶ᠎ᠡ᠎ᠶ᠋ᠢᠨ ᠲᠡᠦᠬᠡᠨ᠎ᠳᠦ ᠠᠩᠬ᠎ᠠ ᠤᠳᠠᠭ᠎ᠠ ᠥᠷᠭᠡᠨ ᠤᠯᠠᠨ ᠠᠷᠠᠳ ᠲᠦᠮᠡᠨ᠎ᠦ ᠢᠳᠡᠪᠬᠢᠲᠡᠢ ᠳᠡᠮᠵᠢᠯᠭᠡ᠎ᠶ᠋ᠢ ᠣᠯᠤᠭ᠍ᠰᠠᠨ ᠵᠠᠰᠠᠭ᠎ᠤᠨ ᠣᠷᠳᠣᠨ ᠪᠠ ᠴᠡᠷᠢᠭ ᠠᠩᠬᠢ ᠮᠥᠨ᠂ ᠡᠨᠡ ᠵᠠᠰᠠᠭ᠎ᠤᠨ ᠣᠷᠳᠣᠨ ᠪᠠ ᠴᠡᠷᠢᠭ ᠪᠣᠯ ᠵᠢᠩᠬᠢᠨᠢ ᠠᠷᠠᠳ ᠲᠦᠮᠡᠨ᠎ᠦ ᠬᠢ ᠶᠤᠮ》 ᠭᠡᠵᠦ ᠦᠵᠡᠪᠡ᠃
ᠠᠷᠠᠳ ᠲᠦᠮᠡᠨ ᠪᠣᠯ ᠨᠠᠮ᠎ᠤᠨ ᠠᠮᠢ ᠨᠠᠰᠤᠨ᠎ᠤ ᠦᠨᠳᠦᠰᠦ᠂ ᠲᠦᠷᠦ᠍ ᠪᠠᠷᠢᠬᠤ᠎ᠶ᠋ᠢᠨ ᠰᠠᠭᠤᠷᠢ᠂ ᠬᠦᠴᠦᠨ ᠴᠢᠳᠠᠯ᠎ᠤᠨ ᠡᠬᠢ ᠰᠤᠷᠪᠤᠯᠵᠢ ᠮᠥᠨ᠃
ᠲᠦᠭ ᠲᠦᠮᠡᠨ ᠠᠢᠯ ᠡᠷᠦᠬᠡ ᠬᠠᠮᠲᠤ᠎ᠪᠠᠷ ᠲᠡᠢᠨ᠎ᠳᠦ ᠣᠷᠣᠯᠴᠠᠵᠤ ᠲᠦᠷᠢᠮᠡᠬᠡᠢᠯᠡᠭ᠌ᠴᠢᠳ᠎ᠦᠨ 《ᠭᠤᠷᠪᠠᠨ ᠳᠠᠭᠤᠰᠬᠠᠬᠤ ᠲᠥᠷᠥ᠎ᠶ᠋ᠢᠨ ᠪᠣᠳᠣᠯᠭ᠎ᠠ》᠂ 《ᠶᠢᠰᠦᠨ ᠵᠠᠮ᠎ᠢᠶᠠᠷ ᠪᠦᠰᠡᠯᠡᠨ ᠳᠠᠭᠠᠷᠢᠬᠤ》 ᠶ᠋ᠢ ᠡᠪᠳᠡᠭ᠌ᠰᠡᠨ᠎ᠡᠴᠡ ᠠᠪᠤᠭᠠᠳ᠂ 《ᠨᠢᠭᠡ ᠠᠯᠤᠬ᠎ᠠ ᠨᠢᠭᠡ ᠴᠠᠷᠢᠯ ᠨᠢᠭᠡ ᠬᠤᠤᠰ ᠭᠠᠷ》 ᠢ᠋ᠶ᠋ᠠᠷ ᠠᠰᠭ᠎ᠠ ᠬᠠᠲᠠᠨ ᠳᠡᠭᠡᠷ᠎ᠡ 《ᠬᠢᠮᠡᠯ ᠲᠩᠷᠢ᠎ᠶ᠋ᠢᠨ ᠭᠤᠤᠯ》 ᠤᠯᠠᠭᠠᠨ ᠲᠣᠭ ᠰᠤᠪᠠᠭ᠎ᠢ ᠮᠠᠯᠲᠠᠵᠤ᠂ ᠬᠤᠷᠢᠶᠠᠯᠳᠠ ᠳᠠᠢ ᠨᠢ ᠬᠤᠯᠪᠤᠭᠳᠠᠭᠤᠯᠤᠨ ᠡᠷᠦᠬᠡ᠎ᠳᠦ ᠳᠠᠭᠠᠭᠠᠴᠢᠯᠠᠭᠤᠯᠬᠤ᠎ᠳᠦ 《ᠬᠤᠷᠤᠭᠤ ᠳᠠᠷᠤᠵᠤ》 ᠬᠦᠳᠡᠭᠡ ᠳᠤᠰᠬᠤᠨ᠎ᠤ ᠦᠭᠡᠷᠡᠴᠢᠯᠡᠯᠳᠡ᠎ᠶᠢᠨ ᠶᠡᠬᠡ ᠬᠦᠰᠢᠭᠡ ᠵᠢ ᠰᠡᠬᠦᠭᠰᠡᠨ ᠡᠴᠡ ᠥᠷᠯᠥᠭᠡ ᠦᠳᠡᠰᠢ᠎ᠶ᠋ᠢ ᠲᠡᠮᠡᠴᠡᠬᠦ᠌ ᠡᠷᠴᠢ ᠵᠣᠷᠢᠭ᠂ ᠤᠳᠠᠭᠠᠨ ᠳᠠᠭᠠᠭᠠᠮᠠᠭᠠᠢ ᠵᠢᠳᠬᠦᠬᠦ ᠬᠠᠲᠠᠨ ᠵᠣᠷᠢᠭ᠎ᠢᠶᠠᠷ ᠱᠢᠶᠥ᠋ᠩ ᠠᠨ᠎ᠤ ᠢᠷᠡᠭᠡᠳᠦᠶ᠎ᠶ᠋ᠢᠨ ᠬᠣᠲᠠ᠎ᠶ᠋ᠢ ᠪᠥᠲᠥᠭᠡᠨ ᠪᠠᠢᠭᠤᠯᠬᠤ ᠬᠦᠷᠲᠡᠯ᠎ᠡ ᠁ ᠲᠡᠦᠬᠡ᠎ᠶ᠋ᠢ ᠠᠷᠠᠳ ᠲᠦᠮᠡᠨ ᠪᠢᠴᠢᠭ᠌ᠯᠡᠵᠦ᠂ ᠠᠯᠢᠪᠠ ᠠᠮᠵᠢᠯᠲᠠ ᠠᠷᠠᠳ ᠲᠦᠮᠡᠨ᠎ᠦ ᠬᠢ ᠪᠠᠢᠭᠰᠠᠨ ᠶᠤᠮ᠃
ᠲᠡᠦᠬᠡ᠎ᠶ᠋ᠢ ᠡᠷᠭᠢᠴᠡᠭᠦᠯᠬᠦᠶ᠎ᠡ᠂ ᠨᠠᠮ ᠠᠷᠠᠳ ᠲᠦᠮᠡᠨ᠎ᠢ ᠴᠢᠩᠭ᠎ᠠ ᠲᠦᠱᠢᠭ᠌ᠯᠡᠨ ᠲᠣᠭ᠎ᠠ ᠲᠣᠮᠰᠢ ᠦᠭᠡᠢ ᠭᠠᠢᠬᠠᠮᠱᠢᠭ᠎ᠢ ᠡᠭᠦᠳᠪᠡ; ᠱᠢᠨ᠎ᠡ ᠠᠶᠠᠨ᠎ᠳᠤ᠂ ᠨᠠᠮ ᠮᠥᠨ ᠯᠡ ᠠᠷᠠᠳ ᠲᠦᠮᠡᠨ᠎ᠳᠦ ᠲᠦᠱᠢᠭ᠌ᠯᠡᠨ ᠲᠡᠦᠬᠡ᠎ᠶ᠋ᠢᠨ ᠱᠢᠨ᠎ᠡ ᠠᠭᠤᠤ ᠦᠢᠯᠡᠰ᠎ᠢ ᠡᠭᠦᠳᠦᠨ ᠪᠦᠲᠦᠭᠡᠬᠦ᠌ ᠬᠡᠷᠡᠭ᠌ᠲᠡᠢ᠃
《ᠮᠠᠨ᠎ᠤ ᠨᠠᠮ ᠢᠮᠠᠭ᠍ᠲᠠ ᠠᠷᠠᠳ ᠤᠯᠠᠨ᠎ᠯᠤᠭ᠎ᠠ᠎ᠶ᠋ᠢᠨ ᠴᠢᠰᠤ ᠮᠢᠬᠠᠨ᠎ᠤ ᠬᠠᠷᠢᠴᠠᠭ᠎ᠠ᠎ᠪᠠᠨ ᠪᠠᠲᠤᠯᠠᠵᠤ᠂ ᠢᠮᠠᠭ᠍ᠲᠠ ᠠᠷᠠᠳ ᠲᠦᠮᠡᠨ᠎ᠲᠡᠶ ᠠᠮᠢᠰᠭᠤᠭ᠎ᠠ᠎ᠪᠠᠨ ᠨᠢᠭᠡᠳᠭᠡᠵᠦ᠍᠂ ᠬᠤᠪᠢ ᠵᠠᠶᠠᠭ᠎ᠠ᠎ᠪᠠᠨ ᠬᠠᠮᠲᠤᠳᠭᠠᠵᠤ᠂ ᠰᠡᠳᠭᠢᠯ ᠵᠢᠷᠦᠬᠡ᠎ᠪᠡᠨ ᠬᠣᠯᠪᠣᠳᠠᠭ ᠯᠠ ᠶᠤᠮ ᠪᠣᠯ ᠠᠯᠢᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠬᠤ ᠬᠦᠴᠦᠷᠬᠡᠭ ᠶᠡᠬᠡ ᠬᠦᠴᠦᠨ᠎ᠲᠡᠶ ᠪᠤᠯᠵᠤ ᠴᠢᠳᠠᠨ᠎ᠠ》᠃
(ᠵᠢᠷᠭᠤᠭ᠎ᠠ)
ᠲᠡᠦᠬᠡ ᠳᠠᠬᠢᠨ ᠢᠷᠡᠬᠦ ᠦᠭᠡᠢ ᠶᠤᠮ᠂ ᠢᠷᠡᠭᠡᠳᠦᠢ᠎ᠶ᠋ᠢ ᠨᠡᠭᠡᠭᠡᠨ ᠡᠭᠦᠳᠴᠦ᠍ ᠪᠣᠯᠤᠨ᠎ᠠ᠃
80 ᠵᠢᠯ᠎ᠦᠨ ᠡᠮᠦᠨ᠎ᠡ᠂ ᠶᠠᠫᠣᠨᠦ ᠲᠥᠯᠥᠭᠡᠯᠡᠭ᠌ᠴᠢᠳ᠎ᠦᠨ ᠭᠠᠷᠤᠨ ᠦᠰᠦᠭ ᠵᠢᠷᠤᠵᠤ ᠪᠠᠭᠤᠵᠤ ᠥᠭ᠌ᠭᠦᠭ᠌ᠰᠡᠨᠢ ᠭᠡᠷᠡᠴᠢᠯᠡᠭ᠌ᠰᠡᠨ 《ᠳ᠋ᠠ ᠭᠦᠩ ᠪᠤᠤ ᠰᠣᠨᠢᠨ》 ᠤ᠋ ᠰᠤᠷᠪᠤᠯᠵᠢᠯᠠᠭ᠍ᠴᠢ ᠵᠦ᠍ ᠴᠢ ᠫᠢᠩ᠄ 《ᠬᠠᠭᠤᠴᠢᠨ ᠢᠴᠢᠭᠦᠷᠢ ᠵᠢ ᠨᠢᠭᠡᠨᠲᠡ ᠠᠷᠢᠯᠭᠠᠪᠠ᠂ ᠳᠤᠮᠳᠠᠳᠤ ᠤᠯᠤᠰ ᠱᠢᠨ᠎ᠡ ᠪᠡᠷ ᠡᠬᠢᠯᠡᠪᠡᠯ ᠵᠣᠬᠢᠨ᠎ᠠ》 ᠭᠡᠵᠦ ᠴᠠᠭᠠᠰᠤ ᠨᠡᠪᠳᠡᠯᠦᠮᠡ ᠬᠦᠴᠦ ᠪᠡᠷ ᠳᠦᠷᠦᠭᠳᠡᠯ᠎ᠢᠶᠡᠨ ᠪᠢᠴᠢᠪᠠ᠃
80 ᠵᠢᠯ᠎ᠦᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠦᠨᠳᠦᠰᠦᠲᠡᠨ᠎ᠦ ᠲᠤᠰᠠᠭᠠᠷ ᠲᠣᠭ᠍ᠲᠠᠨᠢᠯ ᠪᠠ ᠠᠷᠠᠳ ᠲᠦᠮᠡᠨ᠎ᠦ ᠴᠢᠯᠥᠭᠡᠯᠡᠯᠲᠡ᠎ᠶ᠋ᠢ ᠪᠡᠶᠡᠯᠡᠭᠦᠯᠵᠦ᠍᠂ 《ᠬᠣᠶᠠᠷ ᠶᠡᠬᠡ ᠭᠠᠢᠬᠠᠮᠱᠢᠭ》 ᠢ᠋ ᠡᠭᠦᠳᠴᠦ᠍᠂ ᠲᠤᠰ ᠪᠡᠶ᠎ᠡ᠎ᠪᠡᠨ ᠬᠥᠭ᠌ᠵᠢᠭᠦᠯᠬᠦ᠌ ᠮᠥᠷᠲᠡᠭᠡᠨ ᠪᠠᠰᠠ ᠳᠡᠯᠡᠬᠡᠢ ᠳ᠋ᠠᠬᠢᠨ᠎ᠳᠤ ᠪᠤᠶᠠᠨ ᠦᠢᠯᠡᠳᠬᠦ᠌ ᠣᠳᠣᠬᠢᠴᠢᠯᠠᠯᠲᠠ᠎ᠶ᠋ᠢᠨ ᠵᠠᠮ᠎ᠢ ᠨᠡᠭᠡᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠤᠴᠠᠰᠢ ᠦᠭᠡᠢ ᠲᠡᠦᠬᠡ᠎ᠶ᠋ᠢᠨ ᠠᠬᠢᠴᠠ᠎ᠳᠤ ᠣᠷᠣᠭᠤᠯᠪᠠ᠃
ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠯᠳᠠ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠲᠡᠦᠬᠡᠲᠦ ᠡᠭᠦᠷᠭᠡ᠎ᠶ᠋ᠢ ᠪᠡᠶᠡᠯᠡᠭᠦᠯᠬᠦ᠌᠎ᠡᠴᠡ ᠳᠡᠯᠡᠬᠡᠢ᠎ᠶ᠋ᠢᠨ ᠬᠣᠶᠠᠳᠤᠭᠠᠷ ᠶᠡᠬᠡ ᠠᠵᠤ ᠠᠬᠤᠢ᠎ᠶ᠋ᠢᠨ ᠴᠣᠭ᠍ᠴᠠ᠂ ᠪᠠᠷᠠᠭᠠᠨ᠎ᠤ ᠠᠷᠠᠯᠵᠢᠶᠠᠨ᠎ᠤ ᠨᠢᠭᠡᠳᠦᠭᠡᠷ ᠶᠡᠬᠡ ᠤᠯᠤᠰ᠎ᠢᠶᠡᠷ ᠯᠠᠪᠳᠠᠭᠤᠨ ᠪᠠᠢᠷᠢᠯᠠᠬᠤ ᠬᠦᠷᠲᠡᠯ᠎ᠡ ᠁ ᠱᠢᠨ᠎ᠡ ᠴᠠᠭ ᠦᠶ᠎ᠡ᠎ᠶ᠋ᠢᠨ ᠠᠭᠤᠤ ᠶᠡᠬᠡ ᠠᠮᠵᠢᠯᠲᠠ ᠪᠦᠲᠦᠮᠵᠢ ᠨᠢ 《ᠬᠣᠶᠠᠷ᠎ᠢ ᠲᠣᠭ᠍ᠲᠠᠭᠠᠭᠰᠠᠨ》 ᠤ᠋ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠢᠴᠡᠳ ᠢᠯᠡᠷᠡᠭᠦᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠦ ᠥᠪᠡᠷ᠎ᠦᠨ ᠵᠠᠮ᠎ᠢᠶᠠᠷ᠎ᠢᠶᠠᠨ ᠵᠠᠮᠨᠠᠬᠤ ᠵᠠᠪᠠᠯ ᠢᠯᠠᠬᠤ ᠢᠲᠡᠭᠡᠯ ᠵᠣᠷᠢᠭ᠎ᠢ ᠨᠡᠩ ᠪᠠᠲᠤᠳᠭᠠᠵᠠᠢ᠃
ᠶᠡᠷᠦᠩᠬᠡᠢ ᠱᠦᠵᠢ ᠰᠢ ᠵᠢᠨ ᠫᠢᠩ᠂ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠢᠳᠡᠨ᠎ᠦ ᠬᠡᠷᠬᠢᠨ 〈ᠨᠣᠢᠷᠮᠤᠭ ᠠᠷᠰᠯᠠᠨ〉 ᠢ᠋ ᠰᠡᠷᠢᠭᠡᠬᠦ᠌᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠡᠨᠡᠬᠦ᠌ ᠴᠢᠬᠤᠯᠠ ᠶᠡᠬᠡ ᠲᠡᠦᠬᠡ᠎ᠶ᠋ᠢᠨ ᠰᠡᠳᠦᠪᠲᠦ ᠥᠭ᠌ᠭᠦᠭ᠌ᠰᠡᠨ ᠬᠠᠷᠢᠭᠤᠯᠲᠠ ᠪᠣᠯᠤᠨ᠎ᠠ》 ᠭᠡᠵᠦ᠍ ᠵᠢᠭᠠᠵᠤ ᠭᠠᠷᠭᠠᠪᠠ᠃
ᠢᠷᠡᠬᠡᠳᠦᠢ ᠵᠢ ᠪᠠᠷᠠᠯᠠᠬᠤᠶ᠎ᠠ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ ᠨᠢᠭᠡᠨᠲᠡ ᠰᠦᠷ ᠵᠢᠪᠬᠤᠯᠠᠩᠲᠤ ᠬᠠᠭᠤᠳᠠᠰᠤ᠎ᠶ᠋ᠢ ᠳᠡᠯᠭᠡᠭ᠌ᠰᠡᠨ ᠪᠥᠭᠡᠳ ᠬᠢᠵᠠᠭᠠᠯᠠᠰᠢ ᠦᠭᠡᠢ ᠭᠡᠭᠡᠨ ᠰᠠᠷᠠᠭᠤᠯ ᠢᠷᠡᠭᠡᠳᠦᠢ᠎ᠲᠡᠶ ᠪᠣᠯᠵᠠᠢ —
2025 ᠣᠨ᠎ᠳᠤ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠰᠡᠭᠦᠯ ᠬᠤᠷᠢᠶᠠᠵᠤ᠂ 《ᠠᠷᠪᠠᠨ ᠲᠠᠪᠤᠳᠤᠭᠠᠷ ᠲᠠᠪᠤᠨ ᠵᠢᠯ》 ᠢ᠋ ᠲᠥᠯᠥᠪᠵᠢᠭᠦᠯᠵᠦ᠍᠂ ᠳᠠᠷᠠᠭ᠎ᠠ᠎ᠨᠢ 《ᠰᠠᠭᠤᠷᠢ᠎ᠶ᠋ᠢ ᠪᠡᠬᠢᠵᠢᠭᠦᠯᠵᠦ᠍᠂ ᠪᠥᠬᠥ᠌ ᠲᠠᠯ᠎ᠠ᠎ᠪᠠᠷ ᠬᠦᠴᠦᠯᠡᠬᠦ᠌》 ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠪᠠ᠃ ᠬᠦᠴᠦᠨ᠎ᠢᠶᠡᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠵᠦ᠍᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠠᠪᠤᠳᠠᠯ ᠱᠢᠢᠳᠪᠦᠷᠢᠯᠡᠭ᠌ᠴᠢ ᠴᠢᠨᠠᠷᠲᠠᠢ ᠠᠬᠢᠴᠠ᠎ᠲᠠᠶ ᠪᠣᠯᠬᠤ᠎ᠶ᠋ᠢ ᠦᠨᠡᠨ ᠬᠦ᠌ ᠪᠠᠲᠤᠯᠠᠬᠤ᠎ᠳᠦ᠂ ᠪᠢᠳᠡᠨ᠎ᠳᠦ ᠬᠦᠨᠳᠦ ᠡᠭᠦᠷᠭᠡ ᠲᠠᠯᠪᠢᠭ᠍ᠳᠠᠵᠤ ᠪᠠᠢᠨ᠎ᠠ᠃
2035 ᠣᠨ᠎ᠳᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ; ᠲᠤᠰ ᠵᠠᠭᠤᠨ᠎ᠤ ᠳᠤᠮᠳᠠᠴᠢ ᠦᠶ᠎ᠡ᠎ᠪᠡᠷ᠂ ᠮᠠᠨ᠎ᠤ ᠤᠯᠤᠰ᠎ᠢᠶᠠᠨ ᠤᠯᠤᠰ᠎ᠤᠨ ᠶᠡᠷᠦᠩᠬᠡᠢ ᠬᠦᠴᠦᠨ ᠪᠠ ᠳᠡᠯᠡᠬᠡᠢ ᠳᠡᠭᠡᠷᠡᠬᠢ ᠨᠥᠯᠥᠭᠡᠯᠡᠬᠦ᠌ ᠬᠦᠴᠦᠨ᠎ᠢᠶᠡᠷ ᠲᠡᠷᠢᠭᠦᠯᠡᠭ᠌ᠰᠡᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠢᠭᠤᠯᠤᠨ᠎ᠠ᠃ 《ᠲᠡᠷᠡ ᠦᠶ᠎ᠡ ᠪᠣᠯᠬᠤ᠎ᠳᠤ᠂ ᠨᠡᠢᠭᠡᠮ ᠵᠢᠷᠤᠮᠲᠤ ᠳᠤᠮᠳᠠᠳᠤ ᠤᠯᠤᠰ᠎ᠤᠨ ᠬᠤᠪᠢ᠎ᠶ᠋ᠢᠨ ᠵᠢᠩ ᠪᠠ ᠦᠢᠯᠡᠳᠦᠯ ᠠᠳᠠᠯᠢ ᠦᠭᠡᠢ ᠪᠤᠯᠵᠤ᠂ ᠪᠢᠳᠡ ᠬᠥᠮᠦᠨ ᠲᠥᠷᠥᠯᠬᠢᠲᠡᠨ᠎ᠳᠦ ᠨᠡᠯᠢᠶᠡᠳ ᠶᠡᠬᠡ ᠬᠤᠪᠢ ᠨᠡᠮᠡᠷᠢ ᠦᠵᠡᠭᠦᠯᠵᠦ᠍ ᠴᠢᠳᠠᠨ᠎ᠠ》᠂ ᠪᠢᠳᠡ ᠢᠲᠡᠭᠡᠯ ᠳᠦᠭᠦᠷᠡᠩ ᠪᠠᠢᠨ᠎ᠠ᠃
ᠳᠡᠯᠡᠬᠡᠶ ᠳ᠋ᠠᠬᠢᠨ᠎ᠢ ᠪᠠᠷᠠᠯᠠᠬᠤᠶ᠎ᠠ᠂ ᠵᠠᠭᠤᠨ ᠵᠢᠯ᠎ᠳᠦ ᠳᠤᠬᠢᠶᠠᠯᠳᠤᠭ᠎ᠠ ᠦᠭᠡᠢ ᠬᠤᠪᠢᠰᠤᠯᠳᠠ᠎ᠶ᠋ᠢᠨ ᠳᠤᠤᠷ᠎ᠠ ᠪᠢᠳᠡ ᠲᠥᠪ ᠭᠤᠤᠯᠴᠢ ᠱᠢᠳᠤᠷᠭᠤ ᠶᠣᠰᠣᠨ᠎ᠤ ᠰᠡᠳᠭᠢᠯ᠎ᠢ ᠭᠤᠢᠪᠢᠰᠢ ᠥᠬᠡᠶ ᠡᠪᠦᠷᠯᠡᠨ᠂ ᠬᠠᠷᠢᠯᠴᠠᠨ ᠠᠱᠢᠭ᠍ᠲᠠᠶ ᠬᠠᠮᠲᠤ᠎ᠪᠠᠷ ᠠᠱᠢᠭ ᠭᠥᠷᠳᠡᠬᠦ᠌ ᠡᠷᠴᠢ ᠵᠣᠷᠢᠭ᠎ᠢᠶᠠᠨ ᠳᠠᠶᠠᠭᠳᠠᠬᠤ ᠦᠭᠡᠢ —
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠡᠩᠭᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ ᠣᠳᠣᠬᠢᠴᠢᠯᠠᠯᠲᠠ ᠮᠥᠨ᠂ ᠳᠡᠯᠡᠬᠡᠢ᠎ᠶ᠋ᠢᠨ ᠡᠯ᠎ᠡ ᠤᠯᠤᠰ᠎ᠲᠤ ᠨᠡᠩ ᠤᠯᠠᠠ ᠱᠢᠨ᠎ᠡ ᠠᠵᠠ ᠲᠣᠬᠢᠶᠠᠯ ᠬᠠᠩᠭᠠᠵᠤ᠂ ᠳᠡᠯᠡᠬᠡᠢ᠎ᠶ᠋ᠢᠨ ᠡᠩᠭᠡ ᠲᠠᠢᠪᠤᠩ᠎ᠢ ᠬᠠᠮᠠᠭᠠᠯᠠᠬᠤ᠂ ᠬᠠᠮᠲᠤ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ᠃
ᠳᠤᠮᠳᠠᠳᠤ ᠤᠯᠤᠰ᠎ᠲᠤ ᠡᠵᠡᠷᠬᠡᠭ᠌ᠴᠢ ᠪᠣᠯᠬᠤ ᠤᠳᠤᠮᠰᠢᠯ ᠪᠠᠢᠬᠤ ᠦᠭᠡᠢ᠂ ᠡᠩᠬᠡ ᠲᠠᠢᠪᠤᠩ᠂ ᠬᠥᠭ᠌ᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠱᠢᠭ ᠬᠦᠷᠲᠡᠬᠦ᠌ ᠲᠤᠭ᠎ᠢ ᠢᠮᠠᠭ᠍ᠲᠠ ᠥᠨᠳᠥᠷ ᠮᠠᠨᠳᠤᠭᠤᠯᠵᠤ᠂ ᠳᠡᠯᠡᠬᠡᠢ᠎ᠶ᠋ᠢᠨ ᠡᠩᠬᠡ ᠲᠠᠢᠪᠤᠩ ᠪᠣᠯᠤᠨ ᠬᠥᠭ᠌ᠵᠢᠯᠲᠡ᠎ᠶ᠋ᠢ ᠡᠷᠡᠰ ᠬᠠᠮᠠᠭᠠᠯᠠᠬᠤ ᠳᠤᠮᠳᠠ ᠲᠤᠰ ᠪᠡᠶ᠎ᠡ᠎ᠶ᠋ᠢᠨ ᠬᠥᠭ᠌ᠵᠢᠯᠲᠡ᠎ᠪᠡᠨ ᠡᠷᠢᠯᠬᠢᠯᠡᠵᠦ᠍᠂ ᠲᠤᠰ ᠪᠡᠶ᠎ᠡ᠎ᠶ᠋ᠢᠨ ᠬᠥᠭ᠌ᠵᠢᠯᠲᠡ᠎ᠪᠡᠷ᠎ᠢᠶᠡᠨ ᠳᠡᠯᠡᠬᠡᠢ᠎ᠶ᠋ᠢᠨ ᠡᠩᠬᠡ ᠲᠠᠢᠪᠤᠩ ᠪᠣᠯᠤᠨ ᠬᠥᠭ᠌ᠵᠢᠯᠲᠡ᠎ᠶ᠋ᠢ ᠨᠡᠩ ᠰᠠᠢᠲᠤᠷ ᠬᠠᠮᠠᠭᠠᠯᠠᠨ᠎ᠠ᠃
ᠲᠡᠦᠬᠡ᠎ᠶ᠋ᠢᠨ ᠤᠷᠤᠰᠭᠠᠯ ᠳᠠᠪᠠᠯᠭᠠᠯᠠᠨ ᠤᠷᠤᠭ᠍ᠰᠢᠯᠠᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠢᠳᠡ ᠬᠦᠴᠦᠲᠡᠢ ᠦᠭᠡ ᠶᠠᠷᠢᠶ᠎ᠠ ᠲᠡᠦᠬᠡ᠂ ᠡᠳᠦᠭᠡ᠂ ᠢᠷᠡᠭᠡᠳᠦᠢ ᠵᠢ ᠨᠡᠪᠳᠡᠷᠡᠬᠦᠯᠦᠨ᠎ᠡ —
《ᠶᠠᠮᠠᠷᠪᠠ ᠬᠦᠴᠢᠷ ᠪᠡᠷᠬᠡᠱᠢᠶᠡᠯ ᠬᠠᠷᠰᠢ ᠰᠠᠭᠠᠳ ᠭᠡᠳ ᠳᠤᠮᠳᠠᠳᠤ ᠤᠯᠤᠰ᠎ᠤᠨ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠢ ᠬᠥᠭᠡᠭᠡᠴᠡᠯᠳᠦᠬᠦ᠌ ᠤᠷᠤᠭ᠍ᠰᠢᠯᠠᠯᠲᠠ᠎ᠶ᠋ᠢᠨ ᠠᠯᠬᠤᠭ᠎ᠠ᠎ᠶ᠋ᠢ ᠬᠣᠷᠢᠭ᠍ᠯᠠᠵᠤ ᠳᠡᠢᠯᠬᠦ᠌ ᠦᠭᠡᠢ᠂ ᠪᠢᠳᠡᠨ᠎ᠦ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠠᠬᠢᠭᠤᠯᠬᠤ ᠲᠡᠦᠬᠡᠨ ᠠᠬᠢᠴᠠ᠎ᠶ᠋ᠢ ᠬᠣᠷᠢᠭ᠍ᠯᠠᠵᠤ ᠳᠡᠢᠯᠬᠦ᠌ ᠦᠭᠡᠢ ᠶᠤᠮ》᠃
《ᠳᠤᠮᠳᠠᠳᠤ ᠤᠯᠤᠰ᠎ᠤᠨ ᠠᠷᠠᠳ ᠲᠦᠮᠡᠨ ᠳᠤᠷᠠᠲᠠᠶ᠎ᠠ ᠳᠡᠯᠡᠬᠡᠢ᠎ᠶ᠋ᠢᠨ ᠡᠯ᠎ᠡ ᠤᠯᠤᠰ᠎ᠤᠨ ᠠᠷᠠᠳ ᠲᠦᠮᠡᠨ᠎ᠲᠡᠶ ᠭᠠᠷ ᠬᠣᠯᠪᠣᠯᠴᠠᠨ᠂ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠵᠤ᠂ ᠬᠠᠮᠲᠤ᠎ᠶ᠋ᠢᠨ ᠬᠥᠭ᠌ᠵᠢᠯᠲᠡ᠎ᠶ᠋ᠢ ᠠᠬᠢᠭᠤᠯᠤᠨ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠵᠤ᠂ ᠬᠥᠮᠦᠨ ᠲᠥᠷᠥᠯᠬᠢᠲᠡᠨ᠎ᠦ ᠨᠡᠩ ᠰᠠᠢ᠌ᠨ ᠰᠠᠢᠬᠠᠨ ᠢᠷᠡᠭᠡᠳᠦᠢ᠎ᠶ᠋ᠢ ᠴᠣᠭ᠍ᠴᠠᠯᠠᠨ᠎ᠠ! 》
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 9 ᠰᠠᠷ᠎ᠠ᠎ᠶ᠋ᠢᠨ 1 ᠤ᠋ ᠴᠠᠬᠢᠯᠭᠠᠨ ᠮᠡᠳᠡᠭᠡ)