8 ᠰᠠᠷ᠎ᠠ ᠵᠢᠨ 25 — 29 ᠤ᠋ ᠡᠳᠦᠷ ᠪᠣᠯᠲᠠᠯ᠎ᠠ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠡᠯ᠎ᠡ ᠵᠦᠶ᠋ᠯ ᠤ᠋ᠨ ᠠᠵᠢᠯᠯᠠᠭ᠎ᠠ ᠤᠳᠬ᠎ᠡ ᠲᠡᠬᠦᠯᠳᠡᠷ ᠦᠷᠨᠢᠵᠤ᠂ ᠳᠡᠯᠭᠡᠨ ᠦᠵᠡᠬᠦᠯᠬᠡ ᠢ᠋ᠢᠨ ᠠᠵᠢᠯᠯᠠᠭ᠎ᠠ ᠨᠢ 31 ᠤ᠋ ᠡᠳᠦᠷ ᠪᠣᠯᠲᠠᠯ᠎ᠠ ᠶᠠᠪᠤᠭᠳᠠᠭᠠᠳ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠳᠡᠬᠦᠰ ᠠᠮᠵᠢᠯᠳᠠ ᠲᠠᠢ ᠦᠨᠳᠦᠷᠯᠡᠪᠡ᠃
ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠬᠤᠭᠤᠴᠠᠭᠠᠨ ᠳ᠋ᠤ᠌ ᠠᠵᠤ ᠠᠬᠤᠶ ᠠᠷᠠᠯᠵᠢᠶᠠᠨ ᠤ᠋ ᠵᠥᠪᠳᠡᠯᠴᠡᠬᠡᠷ ᠤ᠋ᠨ ᠡᠯ᠎ᠡ ᠵᠦᠶ᠋ᠯ ᠤ᠋ᠨ ᠠᠵᠢᠯᠯᠠᠭ᠎ᠠ ᠳ᠋ᠤ 32 ᠲᠥᠷᠥᠯ ᠵᠦᠶ᠋ᠯ ᠤ᠋ᠨ ᠬᠡᠷ᠎ᠠ ᠲᠤᠭᠳᠠᠵᠤ᠂ ᠬᠡᠷ᠎ᠠ ᠲᠤᠭᠳᠠᠭᠰᠠᠨ ᠵᠣᠭᠣᠰ ᠤ᠋ᠨ ᠲᠣᠭ᠎ᠠ 658.6 ᠳ᠋ᠦᠩᠱᠢᠭᠤᠷ ᠲᠥᠭᠥᠷᠢᠭ ᠲᠦ᠍ ᠬᠦᠷᠴᠡᠢ᠃ ᠡᠭᠦᠨ ᠳ᠋ᠦ᠂ ᠭᠤᠷᠪᠠᠳᠤᠭᠠᠷ ᠬᠤᠭᠤᠴᠠᠭᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠠᠵᠤ ᠠᠬᠤᠶ ᠠᠷᠠᠯᠵᠢᠶᠠᠨ ᠤ᠋ ᠵᠥᠪᠳᠡᠯᠴᠡᠬᠡᠷ ᠤ᠋ᠨ ᠬᠤᠷᠠᠯ ᠳ᠋ᠤ 21 ᠲᠥᠷᠥᠯ ᠵᠦᠶ᠋ᠯ ᠤ᠋ᠨ ᠬᠡᠷ᠎ᠠ ᠲᠤᠭᠳᠠᠵᠤ᠂ ᠶᠡᠷᠦᠩᠬᠡᠶ ᠪᠠᠯᠠ ᠣᠷᠣᠭᠤᠯᠤᠯᠲᠠ ᠨᠢ 653 ᠳ᠋ᠦᠩᠱᠢᠭᠤᠷ ᠲᠥᠭᠥᠷᠢᠭ ᠲᠦ᠍ ᠬᠦᠷᠪᠡ; ᠳᠤᠮᠳᠠᠳᠤ ᠤᠯᠤᠰ (ᠥᠪᠥᠷ ᠮᠣᠩᠭᠣᠯ) — ᠣᠷᠣᠰ ᠤ᠋ᠨ ᠪᠠᠯᠠ ᠣᠷᠣᠭᠤᠯᠤᠯᠲᠠ ᠠᠷᠠᠯᠵᠢᠶᠠᠨ ᠤ᠋ ᠬᠠᠮᠳᠤᠷᠠᠯᠴᠠᠭ᠎ᠠ ᠵᠢᠨ ᠲᠠᠨᠢᠯᠴᠠᠭᠤᠯᠭ᠎ᠠ ᠵᠢᠨ ᠬᠤᠷᠠᠯ ᠳ᠋ᠤ ᠳᠤᠮᠳᠠᠳᠤ ᠭᠠᠳᠠᠭᠠᠳᠤ ᠶ᠋ᠢᠨ ᠡᠯ᠎ᠡ ᠲᠠᠯ᠎ᠠ ᠶ᠋ᠢᠨ ᠬᠢᠨ 6 ᠵᠦᠶ᠋ᠯ ᠤ᠋ᠨ ᠭᠡᠷ᠎ᠡ ᠲᠣᠭ᠍ᠲᠠᠵᠤ᠂ ᠭᠡᠷ᠎ᠡ ᠲᠣᠭ᠍ᠲᠠᠭ᠍ᠰᠠᠨ ᠵᠣᠭᠣᠰ ᠤ᠋ᠨ ᠲᠣᠭ᠎ᠠ ᠨᠢ 5 ᠳ᠋ᠦᠩᠱᠢᠭᠤᠷ ᠲᠥᠭᠥᠷᠢᠭ ᠲᠦ᠍ ᠬᠦᠷᠴᠡᠶ; ᠳᠤᠮᠳᠠᠳᠤ ᠮᠣᠩᠭᠣᠯ ᠤ᠋ᠨ ᠠᠮᠢ ᠠᠬᠤᠶ ᠶ᠋ᠢᠨ ᠲᠥᠷᠥᠯ ᠵᠦᠶ᠋ᠯ ᠤ᠋ᠨ ᠪᠠᠯᠠ ᠣᠷᠣᠭᠤᠯᠤᠯᠲᠠ ᠬᠠᠮᠲᠤᠷᠠᠯᠴᠠᠭᠠᠨ ᠤ᠋ ᠲᠣᠭᠣᠷᠠᠭ ᠱᠢᠷᠡᠭᠡᠨ ᠤ᠋ ᠬᠤᠷᠠᠯ ᠳ᠋ᠤ 5 ᠲᠥᠷᠥᠯ ᠵᠦᠶ᠋ᠯ ᠤ᠋ᠨ ᠬᠡᠷ᠎ᠠ ᠲᠣᠭ᠍ᠲᠠᠵᠤ᠂ ᠭᠡᠷ᠎ᠡ ᠲᠣᠭ᠍ᠲᠠᠭ᠍ᠰᠠᠨ ᠵᠣᠭᠣᠰ ᠤ᠋ᠨ ᠲᠣᠭ᠎ᠠ ᠨᠢ 0.6 ᠳ᠋ᠦᠩᠱᠢᠭᠤᠷ ᠲᠥᠭᠥᠷᠢᠭ ᠲᠦ᠍ ᠬᠦᠷᠴᠡᠶ᠃
ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠲᠡᠯᠬᠡᠨ ᠪᠤᠷᠤᠯᠠᠭᠤᠯᠭ᠎ᠠ ᠢ᠋ᠢᠨ ᠶᠡᠷᠦᠨᠭᠬᠡᠢ ᠬᠡᠮᠵᠢᠶ᠎ᠡ 2.52 ᠳ᠋ᠦᠩᠱᠢᠭᠤᠷ ᠲᠥᠭᠥᠷᠢᠭ ᠲᠦ᠍ ᠬᠦᠷᠴᠤ᠂ ᠪᠠᠰᠠ 2.67 ᠳ᠋ᠦᠩᠱᠢᠭᠤᠷ ᠲᠥᠭᠥᠷᠢᠭ ᠤ᠋ᠨ ᠰᠠᠨᠠᠮᠵᠢ ᠢ᠋ᠢᠨ ᠠᠷᠠᠯᠵᠢᠶ᠎ᠡ ᠪᠦᠳᠤᠵᠠᠢ᠃ ᠡᠬᠦᠨ ᠳ᠋ᠤ᠌ ᠲᠤᠬᠠᠢ ᠢ᠋ᠢᠨ ᠲᠠᠯᠠᠪᠤᠷ ᠤ᠋ᠨ ᠪᠣᠷᠣᠯᠠᠭᠤᠯᠭ᠎ᠠ ᠵᠢᠨ ᠬᠡᠮᠵᠢᠶ᠎ᠡ 6054 ᠲᠦᠮᠡᠨ ᠲᠥᠭᠥᠷᠢᠭ᠂ ᠰᠦᠯᠵᠢᠶᠡᠨ ᠲᠠᠬᠡᠷᠡᠬᠢ ᠪᠣᠷᠣᠯᠠᠭᠤᠯᠭ᠎ᠠ ᠵᠢᠨ ᠬᠡᠮᠵᠢᠶ᠎ᠡ 19111 ᠲᠦᠮᠡᠨ ᠲᠥᠭᠥᠷᠢᠭ ᠲᠦ᠍ ᠬᠦᠷᠦᠭᠰᠡᠨ ᠪᠠᠢᠨ᠎ᠠ᠃ ᠡᠯ᠎ᠠ ᠦᠵᠡᠭᠦᠯᠭᠡ ᠶ᠋ᠢᠨ ᠲᠣᠭᠣᠷᠢᠭ ᠡᠴᠡ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠰᠦᠯᠵᠢᠶᠡᠨ ᠳᠡᠭᠡᠷᠡᠬᠢ ᠡᠭᠦᠯᠡᠨ ᠦᠵᠡᠭᠦᠯᠭᠡ ᠵᠢᠨ ᠡᠯᠧᠺᠲ᠋ᠷᠣᠨ ᠬᠤᠳᠠᠯᠳᠤᠭᠠᠨ ᠤ᠋ ᠲᠣᠭᠣᠷᠢᠭ᠂ ᠰᠦ ᠵᠢᠨ ᠦᠶ᠋ᠯᠡᠰ ᠤ᠋ᠨ ᠦᠵᠡᠭᠦᠯᠭᠡ ᠶ᠋ᠢᠨ ᠲᠣᠭᠣᠷᠢᠭ᠂ ᠣᠯᠠᠨ ᠤᠯᠤᠰ ᠤ᠋ᠨ ᠦᠵᠡᠭᠦᠯᠭᠡ ᠶ᠋ᠢᠨ ᠲᠣᠭᠣᠷᠢᠭ ᠪᠠ ᠮᠣᠩᠭᠣᠯ ᠤᠯᠤᠰ ᠤ᠋ᠨ ᠪᠠᠷᠢᠮᠵᠢᠶᠠᠲᠤ ᠦᠵᠡᠭᠦᠯᠭᠡ ᠶ᠋ᠢᠨ ᠲᠤᠭᠤᠷᠢᠭ᠂ ᠮᠤᠵᠢ ᠬᠣᠲᠠ ᠶ᠋ᠢᠨ ᠦᠵᠡᠭᠦᠯᠭᠡ ᠶ᠋ᠢᠨ ᠲᠣᠭᠣᠷᠢᠭ ᠪᠠ ᠠᠢᠮᠠᠭ ᠬᠣᠲᠠ ᠶ᠋ᠢᠨ ᠦᠵᠡᠭᠦᠯᠭᠡ ᠶ᠋ᠢᠨ ᠲᠣᠭᠣᠷᠢᠭ᠂ ᠥᠪᠥᠷ ᠮᠣᠩᠭᠣᠯ ᠤ᠋ᠨ ᠰᠤᠳᠤᠨ ᠪᠠᠷᠠᠭ᠎ᠠ ᠵᠢᠴᠢ ᠱᠣᠣᠮᠠᠶ ᠶ᠋ᠢᠨ ᠨᠠᠢᠷ ᠤ᠋ᠨ ᠳᠡᠯᠭᠡᠨ ᠦᠵᠡᠭᠦᠯᠬᠦ᠌ ᠲᠣᠭᠣᠷᠢᠭ ᠤ᠋ᠨ ᠪᠠᠷᠠᠭ᠎ᠠ ᠪᠦᠳᠦᠬᠡᠭᠳᠡᠬᠦᠨ ᠤ᠋ ᠪᠣᠷᠣᠯᠠᠭᠤᠯᠭ᠎ᠠ ᠮᠠᠰᠢ ᠰᠠᠢᠨ ᠪᠠᠢᠵᠤ᠂ ᠣᠷᠣᠨ ᠨᠤᠲᠤᠭ ᠤ᠋ᠨ ᠣᠨᠴᠠᠯᠢᠭ᠍ᠲᠤ ᠪᠦᠳᠦᠭᠡᠭᠳᠡᠬᠦᠨ ᠤ᠋ ᠲᠠᠲᠠᠬᠤ ᠬᠦᠴᠦᠨ ᠢ᠋ ᠢᠯᠡᠷᠡᠭᠦᠯᠪᠠ᠃
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠤ᠋ᠨ ᠬᠠᠮᠢᠶ᠎ᠠ ᠪᠥᠬᠥᠶ ᠬᠠᠷᠢᠭᠤᠴᠠᠯᠭᠠᠲᠠᠨ ᠤ᠋ ᠬᠡᠯᠡᠬᠦ ᠪᠡᠷ᠂ ᠲᠣᠰ ᠬᠤᠭᠤᠴᠠᠭᠠᠨ ᠤ᠋ ᠦᠵᠡᠰᠭᠦᠯᠡᠩ ᠤ᠋ᠨ ᠴᠤᠭᠯᠠᠭᠠᠨ ᠳ᠋ᠤ᠌ 《ᠰᠦᠯᠵᠢᠶᠡᠨ ᠳᠡᠭᠡᠷ᠎ᠡ + ᠠᠬᠤᠢ ᠳᠠᠯᠠᠪᠠᠢ》 ᠵᠢᠨ ᠪᠤᠷᠤᠯᠠᠭᠤᠯᠭ᠎ᠠ ᠵᠢᠨ ᠬᠡᠯᠪᠡᠷᠢ ᠪᠡᠷ ᠠᠷᠠᠯᠵᠢᠶᠠᠴᠢᠳ ᠪᠠ ᠬᠤᠳᠠᠯᠳᠤᠨ ᠠᠪᠤᠭᠴᠢᠳ ᠤ᠋ᠨ ᠠᠷᠠᠯᠵᠢᠶ᠎ᠠ ᠬᠤᠳᠠᠯᠳᠤᠭᠠᠨ ᠤ᠋ ᠠᠷᠭ᠎ᠠ ᠵᠠᠮ ᠢ᠋ ᠪᠦᠲᠦᠮᠵᠢᠲᠡᠶ ᠥᠷᠭᠡᠳᠭᠡᠵᠦ᠂ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠲᠣᠭᠠᠴᠢᠯᠠᠯᠳᠠ ᠲᠡᠢᠰᠢ ᠬᠡᠯᠪᠡᠷᠢ ᠪᠡᠨ ᠬᠤᠪᠢᠷᠠᠭᠤᠯᠬᠤ ᠲᠠᠯ᠎ᠠ ᠪᠠᠷ ᠯᠠᠪᠳᠠᠭᠤᠨ ᠪᠠᠲᠤᠲᠠᠶ ᠪᠡᠷ ᠠᠬᠢᠭᠰᠠᠨ ᠢ᠋ ᠬᠠᠷᠠᠭᠤᠯᠵᠤ ᠪᠠᠢᠨ᠎ᠠ᠃