ᠭᠠᠷ ᠬᠣᠯᠪᠣᠯᠴᠠᠨ ᠬᠥᠭ᠌ᠵᠢᠯᠲᠡ ᠵᠢ ᠡᠷᠢᠯᠬᠢᠯᠡᠵᠦ ᠬᠠᠷᠢᠯᠴᠠᠨ ᠠᠱᠢᠭ᠍ᠲᠠᠢ ᠬᠠᠮᠲᠤ ᠪᠠᠷ ᠴᠡᠴᠡᠭ᠌ᠯᠡᠨ ᠬᠥᠭ᠌ᠵᠢᠶ᠎ᠡ
2025-09-02 10:08:37
ᠵᠣᠬᠢᠶᠠᠭ᠍ᠴᠢ᠄
ᠶᠤᠸᠠᠨ ᠪᠦᠦ ᠨᠢᠶᠠᠨ
ᠣᠩᠱᠢᠭ᠍ᠰᠠᠨ ᠣᠳᠠᠭ᠎ᠠ᠄
★★★☆☆

ᠨᠡᠭᠡᠭᠡᠯᠳᠡᠳᠡᠢ ᠡᠷᠬᠢᠯᠡᠭᠰᠡᠨ ᠦᠪᠡᠳᠡᠭ᠌ᠰᠢ ᠴᠤᠭ᠍ᠯᠠᠭᠠᠨ ᠨᠠᠶ᠋ᠮᠠᠨ ᠵᠣᠪᠬᠢᠰ ᠤ᠋ᠨ ᠵᠣᠴᠢᠳ ᠢ᠋ ᠤᠭᠳᠤᠨ ᠬᠠᠮᠲᠤᠷᠠᠯᠴᠠᠭᠠᠨ ᠤ᠋ ᠲᠠᠪᠴᠠᠩ᠂ ᠤᠷᠤᠭ᠍ᠰᠢᠯᠠᠯᠲᠠ ᠶ᠋ᠢᠨ ᠬᠦᠴᠦᠨ ᠢ᠋  ᠨᠢᠭᠲᠠᠷᠠᠭᠤᠯᠪᠠ᠃  ᠲᠠᠪᠤᠳᠤᠭᠠᠷ  ᠬᠤᠭᠤᠴᠠᠭᠠᠨ ᠤ᠋ ᠳᠤᠮᠳᠠᠳᠤ  ᠤᠯᠤᠰ — ᠮᠣᠩᠭᠣᠯ ᠤᠯᠤᠰ ᠤ᠋ᠨ ᠦᠵᠡᠰᠭᠦᠯᠡᠩ ᠤ᠋ᠨ ᠴᠤᠭ᠍ᠯᠠᠭᠠᠨ《ᠬᠠᠷᠢᠯᠴᠠᠨ ᠠᠱᠢᠭ᠍ᠲᠠᠶ ᠬᠠᠮᠲᠤᠷᠠᠯᠴᠠᠭ᠎ᠠ ᠵᠢ ᠭᠦᠨᠵᠡᠭᠡᠢᠷᠡᠭᠦᠯᠵᠦ᠍ ᠬᠠᠮᠲᠤ ᠪᠡᠷ ᠠᠱᠢᠭ ᠭᠥᠷᠳᠡᠬᠦ᠌ ᠵᠢ ᠠᠬᠢᠭᠤᠯᠤᠶ᠎ᠡ》 ᠭᠡᠬᠦ ᠪᠠᠷ ᠭᠤᠤᠯ ᠰᠡᠳᠦᠪ ᠪᠣᠯᠭᠠᠵᠤ᠂ ᠠᠵᠤ ᠠᠬᠤᠶ ᠠᠷᠠᠯᠵᠢᠶᠠᠨ ᠤ᠋ ᠶᠠᠪᠤᠯᠴᠠᠭ᠎ᠠ ᠶ᠋ᠢᠨ ᠴᠢᠬᠤᠯᠠ ᠲᠠᠪᠴᠠᠩ ᠪᠣᠯᠤᠭ᠍ᠰᠠᠨ ᠶ᠋ᠢᠡᠷ ᠪᠠᠷᠠᠬᠤ ᠥᠬᠡᠶ᠂ ᠨᠠᠩ ᠴᠤ᠌ ᠰᠣᠶᠣᠯ ᠢᠷᠭᠡᠨᠱᠢᠯ ᠤ᠋ᠨ ᠰᠣᠯᠢᠯᠴᠠᠭᠠᠨ ᠤ᠋ ᠪᠠᠲᠤ ᠴᠢᠩᠭ᠎ᠠ ᠬᠥᠭᠥᠷᠭᠡ  ᠬᠣᠯᠪᠣᠭᠠᠰᠤ ᠪᠣᠯᠵᠣ᠂ ᠳᠤᠮᠳᠠᠳᠤ ᠮᠣᠩᠭᠣᠯ ᠬᠣᠶᠠᠷ ᠤᠯᠤᠰ ᠤ᠋ᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌᠂ ᠠᠷᠠᠯᠵᠢᠶᠠᠨ ᠤ᠋ ᠰᠠᠭᠠᠳ ᠥᠬᠡᠶ ᠨᠡᠪᠲᠡᠷᠡᠬᠦ᠌ ᠵᠢ ᠠᠬᠢᠭᠤᠯᠬᠤ᠂ ᠠᠷᠠᠳ ᠤ᠋ᠨ ᠰᠡᠳᠭᠢᠯ ᠤ᠋ᠨ ᠵᠤᠯᠭᠠᠯᠴᠠᠭ᠎ᠠ  ᠵᠢ ᠨᠡᠮᠡᠭ᠌ᠳᠡᠭᠦᠯᠬᠦ᠌᠂ ᠬᠠᠷᠢᠯᠴᠠᠨ ᠠᠱᠢᠭ᠍ᠲᠠᠶ ᠬᠠᠮᠲᠤ ᠪᠡᠷ ᠠᠱᠢᠭ ᠭᠥᠷᠳᠡᠬᠦ᠌ ᠵᠢ ᠠᠬᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ ᠃

ᠤᠢ᠍ᠢᠷ᠎ᠠ ᠶ᠋ᠢᠨ ᠡᠳᠦᠷ᠂ ᠲᠦᠷᠦ ᠦᠢᠯᠡᠳᠪᠦᠷᠢᠯᠡᠯ ᠪᠤᠯᠪᠠᠰᠤᠷᠠᠯ ᠰᠤᠳᠤᠯᠭᠠᠨ ᠤ᠋ ᠰᠣᠯᠢᠯᠴᠠᠭᠠᠨ ᠤ᠋ ᠠᠵᠢᠯᠯᠠᠭ᠎ᠠ᠎ᠠᠴᠠ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠠᠵᠤ ᠠᠬᠤᠢ ᠠᠷᠠᠯᠵᠢᠶᠠᠨ ᠤ᠋ ᠵᠥᠪᠳᠡᠯᠴᠡᠬᠡᠷ ᠤ᠋ᠨ ᠬᠤᠷᠠᠯ ᠬᠦᠷᠲᠡᠯ᠎ᠡ᠂ ᠡᠮᠡᠭ᠌ᠲᠡᠢᠴᠦᠳ ᠤ᠋ᠨ ᠬᠥᠭ᠌ᠵᠢᠯᠲᠡ ᠶ᠋ᠢᠨ ᠬᠠᠮᠲᠤᠷᠠᠯᠴᠠᠭ᠎ᠠ ᠡᠴᠠ ᠪᠠᠶᠠᠯᠢᠭ ᠰᠠᠢᠬᠠᠨ ᠰᠣᠶᠣᠯ ᠢᠷᠭᠡᠨᠱᠢᠯ ᠤ᠋ᠨ ᠰᠣᠯᠢᠯᠴᠠᠭᠠᠨ ᠤ᠋ ᠠᠵᠢᠯᠯᠠᠭ᠎ᠠ ᠬᠦᠷᠲᠡᠯ᠎ᠡ᠂ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠵᠣᠴᠢᠳ᠂ ᠦᠵᠡᠰᠭᠦᠯᠡᠩ᠎ᠤᠨ ᠴᠤᠭᠯᠠᠭᠠᠨ ᠳ᠋ᠦ ᠣᠷᠣᠯᠴᠠᠭ᠍ᠰᠠᠨ ᠠᠷᠠᠯᠵᠢᠶᠠᠴᠢᠨ ᠤᠯᠠᠨ ᠵᠦᠢᠯ ᠤ᠋ᠨ ᠠᠷᠭ᠎ᠠ ᠬᠡᠯᠪᠡᠷᠢ᠎ᠪᠡᠷ ᠡᠯ᠎ᠡ ᠲᠠᠯ᠎ᠠ ᠶ᠋ᠢᠨ ᠬᠠᠮᠲᠤ ᠶ᠋ᠢᠨ ᠲᠠᠨᠢᠯᠲᠠ ᠵᠢ ᠨᠢᠭ᠍ᠲᠠᠷᠠᠭᠤᠯᠵᠤ᠂ ᠬᠠᠮᠲᠤᠷᠠᠯᠴᠠᠭᠠᠨ ᠤ᠋ ᠠᠷᠭ᠎ᠠ ᠵᠠᠮ ᠢ᠋ ᠥᠷᠭᠡᠳᠭᠡᠵᠦ᠍᠂ ᠰᠣᠯᠢᠯᠴᠠᠭ᠎ᠠ ᠢᠲᠡᠭᠡᠯᠴᠡᠭᠡ᠎ᠪᠡᠨ ᠨᠡᠮᠡᠭ᠌ᠳᠡᠭᠦᠯᠵᠦ᠍᠂ ᠬᠠᠮᠲᠤᠷᠠᠯᠴᠠᠭ᠎ᠠ ᠪᠠᠨ ᠭᠦᠨᠵᠡᠭᠡᠢᠷᠡᠭᠦᠯᠵᠦ ᠬᠠᠮᠲᠤ ᠪᠡᠷ ᠠᠱᠢᠭ ᠬᠦᠷᠲᠡᠬᠦ᠌ ᠱᠢᠨ᠎ᠡ ᠬᠠᠭᠤᠳᠠᠰᠤ ᠵᠢ ᠪᠢᠴᠢᠭ᠌ᠯᠡᠪᠡ᠃ ᠴᠢᠨᠠᠷ ᠰᠠᠢᠲᠠᠶ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠎ᠡᠴᠡ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠮᠡᠷᠭᠡᠵᠢᠯ ᠬᠦᠷᠲᠡᠯ᠎ᠡ᠂ ᠳᠠᠬᠢᠨ ᠲᠣᠭᠠᠴᠢᠯᠠᠭ᠍ᠰᠠᠨ ᠣᠶᠤᠨᠴᠢ ᠪᠦᠲᠦᠭᠡᠭ᠌ᠳᠡᠬᠦᠨ ᠬᠦᠷᠲᠡᠯ᠎ᠡ᠂ ᠤᠯᠠᠨ ᠲᠦᠷᠦᠯ ᠵᠦᠢᠯ ᠤ᠋ᠨ ᠪᠦᠲᠦᠭᠡᠭᠳᠡᠭᠦᠨ ᠢ᠋ ᠦᠵᠡᠰᠭᠦᠯᠡᠩ ᠤ᠋ᠨ ᠴᠤᠭ᠍ᠯᠠᠭᠠᠨ ᠳ᠋ᠦ ᠲᠥᠪᠯᠡᠷᠡᠩᠭᠦᠶ ᠳᠡᠯᠭᠡᠨ ᠪᠤᠷᠤᠯᠠᠭᠤᠯᠵᠤ᠂ ᠡᠯ᠎ᠡ ᠠᠵᠢᠯ ᠲᠥᠷᠥᠯ ᠤ᠋ᠨ ᠬᠠᠮᠤᠭ ᠤ᠋ᠨ ᠱᠢᠨ᠎ᠡ ᠬᠥᠭ᠌ᠵᠢᠯᠲᠡ ᠶ᠋ᠢᠨ ᠦᠷ᠎ᠡ ᠪᠦᠲᠦᠭᠡᠯ ᠢ᠋ ᠢᠯᠡᠷᠡᠭᠦᠯᠦᠭ᠌ᠰᠡᠨ ᠶ᠋ᠢᠡᠷ ᠪᠠᠷᠠᠬᠤ ᠥᠬᠡᠶ᠂ ᠨᠠᠩ ᠴᠤ᠌ ᠳᠠᠪᠠᠭᠤᠯᠢᠭ ᠶ᠋ᠢᠡᠨ ᠬᠠᠷᠢᠯᠴᠠᠨ ᠨᠥᠬᠥᠪᠥᠷᠢᠯᠡᠬᠦ᠌ ᠬᠠᠮᠲᠤᠷᠠᠯᠴᠠᠭᠠᠨ ᠤ᠋ ᠳᠠᠯᠳᠠ ᠬᠦᠴᠦᠨ ᠢ᠋ ᠢᠯᠡᠷᠡᠭᠦᠯᠪᠡ᠃ ᠲᠤᠬᠠᠢ ᠶ᠋ᠢᠨ ᠲᠠᠯᠠᠪᠠᠢ ᠶ᠋ᠢᠨ ᠵᠥᠪᠳᠡᠯᠴᠡᠬᠡᠷ ᠤ᠋ᠨ ᠬᠤᠷᠠᠯ ᠤ᠋ᠨ ᠠᠭᠤᠷ ᠠᠮᠢᠰᠭᠤᠯ ᠬᠦᠷ ᠬᠦᠭᠵᠢᠶᠡᠨ ᠵᠢᠡᠷ ᠪᠢᠯᠬᠠᠮ᠎ᠠ᠂ ᠳᠤᠮᠳᠠᠳᠤ ᠮᠣᠩᠭᠣᠯ ᠬᠣᠶᠠᠷ ᠤᠯᠤᠰ ᠵᠢᠴᠢ ᠦᠵᠡᠰᠭᠦᠯᠡᠩ᠎ᠤᠨ ᠴᠤᠭᠯᠠᠭᠠᠨ ᠳ᠋ᠦ ᠣᠷᠣᠯᠴᠠᠭ᠍ᠰᠠᠨ ᠪᠦᠬᠦ᠌ ᠲᠠᠯ᠎ᠠ ᠶ᠋ᠢᠨ ᠪᠣᠳᠠᠲᠠᠢ ᠵᠢ ᠡᠷᠬᠢᠮᠯᠡᠭ᠌ᠰᠡᠨ ᠬᠠᠮᠲᠤᠷᠠᠯᠴᠠᠭ᠎ᠠ ᠵᠢ ᠭᠦᠨᠵᠡᠭᠡᠢᠷᠡᠭᠦᠯᠬᠦ᠌ ᠬᠦᠰᠡᠯ ᠢ᠋ ᠢᠯᠡᠷᠡᠭᠦᠯᠵᠦ᠍᠂ ᠣᠯᠤᠭ᠍ᠰᠠᠨ ᠦᠷ᠎ᠡ ᠪᠦᠲᠦᠭᠡᠯ ᠨᠢ ᠲᠤᠰ ᠬᠤᠭᠤᠴᠠᠭᠠᠨ ᠤ᠋ ᠦᠵᠡᠰᠭᠦᠯᠡᠩ ᠤ᠋ᠨ ᠴᠤᠭ᠍ᠯᠠᠭᠠᠨ ᠤ᠋ ᠬᠢᠯᠠᠯᠵᠠᠮ᠎ᠠ ᠬᠠᠷᠢᠭᠤᠯᠲᠠ ᠶ᠋ᠢᠨ ᠬᠠᠭᠤᠳᠠᠰᠤ ᠪᠣᠯᠬᠤ ᠪᠡᠷ ᠪᠠᠷᠠᠬᠤ ᠦᠭᠡᠢ᠂ ᠨᠡᠩ ᠴᠤ᠌ ᠳᠤᠮᠳᠠᠳᠤ ᠮᠣᠩᠭᠣᠯ ᠤ᠋ᠨ ᠬᠠᠮᠲᠤᠷᠠᠯᠴᠠᠭ᠎ᠠ ᠶ᠋ᠢᠨ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ᠂ ᠠᠷᠠᠳ ᠤ᠋ᠨ ᠠᠮᠢᠳᠤᠷᠠᠯ ᠤ᠋ᠨ ᠪᠠᠲᠤᠯᠠᠭ᠎ᠠ᠂ ᠰᠣᠶᠣᠯ ᠢᠷᠭᠡᠨᠱᠢᠯ ᠤ᠋ᠨ ᠰᠣᠯᠢᠯᠴᠠᠭ᠎ᠠ ᠵᠡᠷᠭᠡ ᠤᠯᠠᠨ ᠡᠱᠢᠴᠢᠯᠡᠭ᠌ᠰᠡᠨ ᠬᠦᠷᠢᠶ᠎ᠡ ᠲᠡᠢᠰᠢ ᠥᠷᠭᠡᠵᠢᠵᠦ᠍᠂ ᠬᠠᠮᠲᠤᠷᠠᠯᠴᠠᠭᠠᠨ ᠤ᠋ ᠲᠣᠭ᠍ᠲᠠᠴᠠ ᠨᠡᠩ ᠲᠡᠭᠦᠯᠳᠡᠷᠵᠢᠵᠦ᠍᠂ ᠬᠠᠮᠵᠢᠯᠴᠠᠭᠠᠨ ᠤ᠋ ᠠᠭᠤᠯᠭ᠎ᠠ ᠨᠡᠩ ᠪᠠᠶᠠᠯᠢᠭ᠍ᠵᠢᠵᠤ᠂ ᠳᠤᠮᠳᠠᠳᠤ ᠮᠣᠩᠭᠣᠯ ᠤᠷᠤᠰ ᠤ᠋ᠨ ᠠᠵᠤ ᠠᠬᠤᠢ ᠶ᠋ᠢᠨ ᠬᠤᠩᠬᠢᠯ ᠤ᠋ᠨ ᠪᠦᠳᠦᠭᠡᠨ ᠪᠠᠢᠭᠤᠯᠤᠯᠲᠠ ᠪᠣᠯᠤᠨ ᠣᠷᠣᠨ ᠪᠦᠰᠡ ᠶ᠋ᠢᠨ ᠬᠠᠮᠵᠢᠯᠴᠠᠨ ᠬᠥᠭ᠌ᠵᠢᠬᠦ᠌ ᠳ᠋ᠦ ᠪᠠᠲᠤ ᠪᠡᠬᠢ  ᠰᠠᠭᠤᠷᠢ ᠵᠢ  ᠲᠠᠯᠪᠢᠵᠤ  ᠥᠭ᠌ᠭᠦᠭ᠌ᠰᠡᠨ ᠢ᠋  ᠬᠠᠷᠠᠭᠤᠯᠵᠤ ᠪᠠᠢᠨ᠎ᠠ᠃

10 ᠵᠢᠯ ᠤ᠋ᠨ ᠴᠢᠷᠮᠠᠢᠯᠭ᠎ᠠ ᠪᠡᠷ ᠳᠡᠮᠵᠢᠨ᠂ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠨᠢᠭᠡᠨᠲᠡ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌᠂ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠶ᠋ᠢᠨ ᠬᠣᠩᠭᠢᠯ ᠤ᠋ᠨ ᠪᠥᠲᠥᠭᠡᠨ ᠪᠠᠢᠭᠤᠯᠤᠯᠲᠠ ᠪᠠ 《ᠨᠢᠭᠡ ᠪᠦᠰᠡ ᠨᠢᠭᠡ ᠵᠠᠮ》 ᠢ᠋ ᠴᠢᠨᠠᠷ ᠰᠠᠢᠲᠠᠶ ᠬᠠᠮᠲᠤ ᠪᠡᠷ ᠪᠥᠲᠥᠭᠡᠨ ᠪᠠᠢᠭᠤᠯᠬᠤ ᠵᠢ ᠠᠬᠢᠭᠤᠯᠬᠤ ᠴᠢᠬᠤᠯᠠ ᠲᠠᠪᠴᠠᠩ ᠪᠣᠯᠵᠣ᠂ ᠳᠤᠮᠳᠠᠳᠤ ᠮᠣᠩᠭᠣᠯ ᠬᠣᠶᠠᠷ ᠤᠯᠤᠰ᠂ ᠵᠡᠭᠦᠨ ᠬᠣᠢᠲᠤ ᠠᠽᠢᠶ᠎ᠠ ᠴᠢᠨᠠᠭ᠍ᠰᠢᠯᠠᠪᠠᠯ 《ᠨᠢᠭᠡ ᠪᠦᠰᠡ ᠨᠢᠭᠡ ᠵᠠᠮ》 ᠢ᠋ ᠬᠠᠮᠲᠤ ᠪᠡᠷ ᠪᠥᠲᠥᠭᠡᠨ ᠪᠠᠢᠭᠤᠯᠬᠤ ᠤᠯᠤᠰ ᠤ᠋ᠳ ᠤ᠋ᠨ ᠠᠵᠤ ᠠᠬᠤᠶ ᠠᠷᠠᠯᠵᠢᠶᠠᠨ ᠤ᠋ ᠬᠠᠮᠲᠤᠷᠠᠯᠴᠠᠭ᠎ᠠ ᠪᠠ ᠰᠣᠶᠣᠯ ᠢᠷᠭᠡᠨᠱᠢᠯ ᠤ᠋ᠨ ᠰᠣᠯᠢᠯᠴᠠᠭ᠎ᠠ ᠵᠢ ᠠᠬᠢᠭᠤᠯᠬᠤ᠎ᠳᠤ ᠢᠳᠡᠪᠬᠢᠲᠡᠶ ᠦᠢᠯᠡᠳᠦᠯ ᠦᠵᠡᠭᠦᠯᠪᠡ᠃ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠥᠪᠥᠷ ᠮᠣᠩᠭᠣᠯ ᠴᠣ ᠱᠢᠨ᠎ᠡ ᠣᠪᠣᠷ ᠪᠠᠢᠳᠠᠯ ᠶ᠋ᠢᠡᠷ᠂ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠶ᠋ᠢᠡᠷ ᠴᠢᠬᠤᠯᠠ ᠭᠠᠷᠳᠠᠴᠠ ᠪᠣᠯᠭᠠᠵᠤ᠂ ᠣᠷᠣᠨ ᠪᠠᠢᠷᠢ ᠪᠣᠯᠤᠨ ᠡᠬᠢ ᠪᠠᠶᠠᠯᠢᠭ ᠤ᠋ᠨ ᠳᠠᠪᠠᠭᠤᠯᠢᠭ᠎ᠲᠠᠭᠠᠨ ᠲᠦᠱᠢᠭ᠌ᠯᠡᠨ᠂ ᠬᠢᠯᠢ ᠠᠯᠤᠰᠯᠠᠭ᠍ᠰᠠᠨ ᠠᠷᠠᠯᠵᠢᠶᠠᠨ ᠤ᠋ ᠳᠥᠭᠥᠮᠴᠢᠯᠡᠯᠲᠡ ᠶ᠋ᠢᠨ ᠠᠷᠭ᠎ᠠ ᠬᠡᠮᠵᠢᠶ᠎ᠡ ᠵᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠵᠤ ᠦᠶ᠋ᠯᠡᠰ ᠤ᠋ᠨ ᠬᠠᠮᠲᠤᠷᠠᠯᠴᠠᠭᠠᠨ ᠤ᠋ ᠲᠠᠪᠴᠠᠩ ᠢ᠋ ᠪᠠᠢᠭᠤᠯᠤᠨ᠂ ᠡᠨᠧᠷᠭᠢ᠂ ᠮᠠᠯ ᠠᠵᠤ ᠠᠬᠤᠶ ᠲᠠᠷᠢᠶᠠᠯᠠᠩ᠂ ᠲᠣᠭᠠᠴᠢᠯᠠᠭ᠍ᠰᠠᠨ ᠠᠵᠤ ᠠᠬᠤᠶ ᠶ᠋ᠢᠨ ᠭᠦᠨᠵᠡᠭᠡᠶ ᠬᠠᠮᠵᠢᠯᠴᠠᠭ᠎ᠠ ᠵᠢ ᠠᠬᠢᠭᠤᠯᠵᠤ᠂ ᠰᠤᠷᠭᠠᠨ ᠬᠥᠮᠦᠵᠢᠯ᠂ ᠡᠮᠴᠢᠯᠡᠭᠡᠨ᠎ᠦ ᠬᠦᠷᠢᠶᠡᠨ᠎ᠦ ᠰᠣᠯᠢᠯᠴᠠᠭ᠎ᠠ᠎ᠪᠠᠨ ᠴᠢᠩᠭᠠᠳᠭᠠᠨ᠂ ᠲᠣᠰ ᠪᠡᠶ᠎ᠡ ᠶ᠋ᠢᠨ ᠳᠠᠪᠠᠭᠤᠯᠢᠭ ᠶ᠋ᠢᠡᠨ ᠬᠠᠮᠲᠤᠷᠠᠯᠴᠠᠭᠠᠨ ᠤ᠋ ᠳᠠᠪᠠᠭᠤᠯᠢᠭ ᠪᠣᠯᠭᠠᠨ ᠬᠤᠪᠢᠷᠠᠭᠤᠯᠬᠤ ᠪᠡᠷ ᠴᠢᠷᠮᠠᠢᠵᠤ᠂ ᠣᠷᠣᠨ ᠪᠦᠰᠡ ᠶ᠋ᠢᠨ ᠬᠠᠮᠵᠢᠯᠴᠠᠨ ᠬᠥᠭ᠌ᠵᠢᠬᠦ᠌ ᠳ᠋ᠦ ᠱᠢᠨ᠎ᠡ ᠠᠮᠢᠵᠢᠷᠠᠯ ᠤ᠋ᠨ ᠬᠦᠴᠦᠨ ᠨᠡᠮᠡᠷᠢᠯᠡᠬᠦ ᠪᠤᠯᠤᠨ᠎ᠠ᠃

ᠰᠠᠯᠬᠢᠨ ᠤ᠋ ᠠᠶᠠᠰ ᠶ᠋ᠢᠡᠷ ᠳᠠᠷᠪᠠᠭᠤᠯ ᠬᠡᠢᠰᠭᠡᠨ ᠠᠶᠠᠨ ᠵᠠᠮ᠎ᠳᠠᠭᠠᠨ ᠳᠠᠬᠢᠨ ᠮᠣᠷᠳᠠᠨᠠᠮ᠃ ᠢᠷᠡᠭᠡᠳᠦᠢ ᠵᠢ ᠪᠠᠷᠠᠯᠠᠬᠤᠶ᠎ᠠ᠂ ᠤᠯᠤᠰ ᠤ᠋ᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠡᠬᠢᠯᠡᠯᠲᠡ᠂ ᠳᠤᠮᠳᠠᠳᠤ ᠮᠣᠩᠭᠣᠯ ᠤᠷᠤᠰ ᠤ᠋ᠨ ᠠᠵᠤ ᠠᠬᠤᠢ ᠶ᠋ᠢᠨ ᠬᠤᠩᠬᠢᠯ ᠤ᠋ᠨ ᠴᠢᠬᠤᠯᠠ ᠵᠠᠩᠭᠢᠯᠠᠭ᠎ᠠ ᠶ᠋ᠢᠨ ᠴᠡᠭ᠂ ᠤᠯᠤᠰ ᠤ᠋ᠨ ᠪᠠᠷᠠᠭᠤᠨ ᠬᠡᠰᠡᠭ ᠤ᠋ᠨ ᠡᠬᠡ ᠬᠠᠭᠤᠷᠠᠢ ᠪᠠ ᠳᠠᠯᠠᠢ ᠶ᠋ᠢᠨ ᠱᠢᠨ᠎ᠡ ᠨᠡᠪᠲᠡᠷᠡᠬᠦ ᠵᠠᠮ ᠤ᠋ᠨ ᠴᠢᠬᠤᠯᠠ ᠪᠣᠭᠣᠮᠲᠠ ᠪᠣᠯᠤᠭ᠍ᠰᠠᠨ ᠤ᠋ ᠬᠤᠪᠢ᠎ᠳᠤ᠂ ᠥᠪᠥᠷ  ᠮᠣᠩᠭᠣᠯ ᠯᠠᠪᠲᠠᠢ ᠨᠡᠭᠡᠭᠡᠯᠲᠡᠲᠦ ᠣᠪᠣᠷ ᠪᠠᠢᠳᠠᠯ ᠶ᠋ᠢᠡᠷ ᠬᠠᠷᠢᠯᠴᠠᠨ ᠠᠱᠢᠭ᠍ᠲᠠᠢ ᠬᠠᠮᠲᠤ ᠪᠡᠷ ᠠᠱᠢᠭ ᠬᠦᠷᠳᠡᠬᠦ᠌ ᠦᠷ᠎ᠡ ᠪᠦᠲᠦᠭᠡᠯ ᠢ᠋ ᠨᠡᠩ ᠤᠯᠠᠨ ᠤᠯᠤᠰ ᠪᠠ ᠭᠠᠵᠠᠷ ᠣᠷᠣᠨ᠎ᠳᠤ ᠬᠦᠷᠲᠡᠭᠡᠵᠦ᠍᠂ ᠳᠤᠮᠳᠠᠳᠤ ᠮᠣᠩᠭᠣᠯ ᠬᠣᠶᠠᠷ ᠤᠯᠤᠰ ᠤ᠋ᠨ ᠬᠠᠷᠢᠯᠴᠠᠭ᠎ᠠ ᠵᠢ ᠭᠦᠨᠵᠡᠭᠡᠢᠷᠡᠭᠦᠯᠬᠦ᠌᠂ ᠣᠷᠣᠨ ᠪᠦᠰᠡ ᠶ᠋ᠢᠨ ᠬᠠᠮᠲᠤᠷᠠᠯᠴᠠᠭ᠎ᠠ ᠵᠢ ᠠᠬᠢᠭᠤᠯᠬᠤ᠂ ᠳᠤᠮᠳᠠᠳᠤ ᠮᠣᠩᠭᠣᠯ ᠤᠷᠤᠰ ᠤ᠋ᠨ ᠠᠵᠤ ᠠᠬᠤᠢ ᠶ᠋ᠢᠨ ᠬᠤᠩᠬᠢᠯ ᠤ᠋ᠨ ᠪᠦᠳᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ᠌ ᠳ᠋ᠦ ᠨᠡᠩ ᠤᠯᠠᠨ ᠤᠮᠠᠷᠠᠲᠤ ᠬᠢᠯᠢ ᠶ᠋ᠢᠨ ᠤᠶᠤᠨ ᠤᠬᠠᠭᠠᠨ ᠪᠠ ᠬᠦᠴᠦᠨ ᠴᠢᠳᠠᠯ ᠶ᠋ᠢᠡᠨ ᠡᠷᠭᠦᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号