— ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠠᠮᠵᠢᠯᠳᠡ ᠲᠠᠢ ᠶᠠᠪᠤᠭ᠍ᠳᠠᠪᠠ
2025 ᠣᠨ ᠪᠣᠯ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠢ᠋ ᠡᠷᠭᠢᠯᠡᠭ᠌ᠰᠡᠨ 10 ᠵᠢᠯ ᠤ᠋ᠨ ᠣᠶ ᠪᠣᠯᠤᠨ᠎ᠠ᠃ 10 ᠵᠢᠯ ᠤ᠋ᠨ ᠲᠤᠷᠰᠢ ᠲᠤᠮᠳᠠᠳᠤ ᠮᠤᠨᠭᠭᠤᠯ ᠤ᠋ᠨ ᠦᠵᠡᠰᠬᠦᠯᠡᠨᠭ᠌ ᠤ᠋ᠨ ᠴᠤᠭᠯᠠᠭᠠᠨ ᠨᠢ ᠪᠠᠷᠠᠭ᠎ᠠ ᠲᠠᠸᠠᠷ ᠢ᠋ᠢᠡᠨ ᠠᠷᠠᠯᠵᠢᠶᠠᠯᠠᠵᠤ᠂ ᠰᠣᠶᠣᠯ ᠤ᠋ᠨ ᠣᠢᠯᠠᠭᠠᠭ᠍ᠳᠠᠬᠤᠨ ᠢ᠋ᠢᠡᠨ ᠰᠤᠯᠢᠯᠴᠠᠨ᠂ ᠠᠮᠢᠳᠤᠯᠢᠭ ᠰᠠᠢᠬᠠᠨ ᠥᠯᠢᠭᠡᠷ ᠤ᠋ᠳ ᠢ᠋ ᠬᠦᠤᠷᠨᠢᠵᠤ ᠢᠷᠡᠵᠡᠢ᠃
8 ᠰᠠᠷ᠎ᠠ ᠵᠢᠨ 25 — 29 ᠤ᠋ ᠡᠳᠦᠷ ᠪᠣᠯᠲᠠᠯ᠎ᠠ᠂ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠡᠯ᠎ᠡ ᠵᠦᠶ᠋ᠯ ᠤ᠋ᠨ ᠠᠵᠢᠯᠯᠠᠭ᠎ᠠ ᠤᠳᠬ᠎ᠡ ᠲᠡᠬᠦᠯᠳᠡᠷ ᠦᠷᠨᠢᠵᠤ᠂ ᠳᠡᠯᠭᠡᠨ ᠦᠵᠡᠬᠦᠯᠬᠡ ᠢ᠋ᠢᠨ ᠠᠵᠢᠯᠯᠠᠭ᠎ᠠ ᠨᠢ 8 ᠰᠠᠷ᠎ᠠ ᠵᠢᠨ 31 ᠤ᠋ ᠡᠳᠦᠷ ᠪᠣᠯᠲᠠᠯ᠎ᠠ ᠶᠠᠪᠤᠭᠳᠠᠪᠠ᠃ ᠲᠤᠰ ᠬᠤᠭᠤᠴᠠᠭᠠᠨ ᠤ᠋ ᠦᠵᠡᠰᠭᠦᠯᠡᠩ ᠤ᠋ᠨ ᠴᠤᠭ᠍ᠯᠠᠭᠠᠨ ᠳ᠋ᠤ᠌ ᠮᠣᠩᠭᠣᠯ ᠤᠯᠤᠰ᠂ ᠤᠷᠤᠰ᠂ ᠪᠷᠠᠽᠢᠯ᠂ ᠦᠷᠦ᠋ᠭᠤᠸᠠᠢ᠂ ᠺᠸᠨᠢᠶᠠ᠂ ᠮᠣᠽᠠᠮᠪᠢᠺ ᠵᠡᠷᠭᠡ ᠠᠽᠢᠶ᠎ᠠ ᠲᠢᠪ᠂ ᠧᠦ᠋ᠷᠣᠫᠠ ᠲᠢᠪ᠂ ᠠᠹᠷᠢᠺᠠ ᠲᠢᠪ᠂ ᠡᠮᠦᠨᠡᠲᠦ ᠠᠮᠧᠷᠢᠺᠠ ᠲᠢᠪ ᠵᠡᠷᠭᠡ ᠤᠯᠤᠰ ᠪᠣᠯᠤᠨ ᠭᠠᠵᠠᠷ ᠣᠷᠣᠨ ᠤ᠋ ᠬᠠᠨᠢᠲᠠᠨ ᠬᠥᠬᠡᠬᠣᠲᠠ ᠳ᠋ᠤ ᠪᠣᠯᠵᠣᠨ᠂ 1500 ᠭᠠᠷᠤᠢ ᠠᠵᠤ ᠠᠬᠤᠢᠯᠠᠯ ᠤ᠋ᠨ ᠬᠢᠨ ᠨᠢᠭᠡ ᠲᠠᠩᠬᠢᠮ ᠳ᠋ᠤ ᠴᠤᠭ᠍ᠯᠠᠷᠠᠵᠤ᠂ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ 《ᠨᠠᠢᠵᠠ ᠵᠢᠨ ᠲᠣᠭᠣᠷᠢᠭ》 ᠶᠠᠪᠤᠬᠤ ᠲᠤᠳᠤᠮ ᠥᠷᠭᠡᠵᠢᠭᠰᠡᠨ ᠪᠠᠢᠨ᠎ᠠ᠃ ᠲᠤᠰ ᠬᠤᠭᠤᠴᠠᠭᠠᠨ ᠤ᠋ ᠦᠵᠡᠰᠭᠦᠯᠡᠩ ᠤ᠋ᠨ ᠴᠤᠭ᠍ᠯᠠᠭᠠᠨ ᠨᠢ 《ᠬᠠᠷᠢᠯᠴᠠᠨ ᠠᠱᠢᠭ᠍ᠲᠠᠶ ᠬᠠᠮᠲᠤᠷᠠᠯᠴᠠᠭ᠎ᠠ ᠵᠢ ᠭᠦᠨᠵᠡᠭᠡᠢᠷᠡᠭᠦᠯᠵᠦ᠍ ᠬᠠᠮᠲᠤᠪᠠᠷ ᠠᠱᠢᠭ ᠭᠥᠷᠳᠡᠬᠦ᠌ ᠵᠢ ᠠᠬᠢᠭᠤᠯᠤᠶ᠎ᠡ》 ᠭᠡᠬᠦ ᠪᠠᠷ ᠭᠤᠤᠯ ᠰᠡᠳᠦᠪ ᠪᠣᠯᠭᠠᠵᠤ᠂ ᠡᠬᠢᠯᠡᠯᠲᠡ ᠵᠢᠨ ᠶᠣᠰᠣᠯᠠᠯ᠂ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠠᠵᠤ ᠠᠬᠤᠶ ᠠᠷᠠᠯᠵᠢᠶᠠᠨ ᠤ᠋ ᠵᠥᠪᠳᠡᠯᠴᠡᠬᠡᠷ ᠤ᠋ᠨ ᠬᠤᠷᠠᠯ᠂ ᠬᠤᠷᠠᠯ ᠤ᠋ᠨ ᠶᠠᠷᠢᠶᠠᠨ ᠤ᠋ ᠲᠠᠪᠴᠠᠩ᠂ ᠦᠵᠡᠰᠭᠦᠯᠡᠩ ᠲᠡᠯᠬᠡᠨ ᠦᠵᠡᠬᠦᠯᠬᠡ᠂ ᠰᠣᠶᠣᠯ ᠢᠷᠭᠡᠨᠱᠢᠯ ᠤ᠋ᠨ ᠰᠣᠯᠢᠯᠴᠠᠭ᠎ᠠ ᠵᠡᠷᠭᠡ ᠡᠯᠪᠡᠭ ᠪᠠᠶᠠᠯᠢᠭ ᠠᠭᠤᠯᠭ᠎ᠠ ᠪᠡᠷ ᠶᠠᠪᠤᠭᠳᠠᠵᠡᠢ᠃
ᠠᠵᠤ ᠠᠬᠤᠢ ᠠᠷᠠᠯᠵᠢᠶᠡᠨ ᠤ᠋ ᠵᠦᠪᠳᠡᠯᠴᠡᠬᠡᠷ ᠨᠢ ᠬᠠᠮᠳᠤᠷᠠᠯᠴᠠᠭ᠎ᠠ ᠳ᠋ᠤ᠌ ᠰᠢᠨ᠎ᠡ ᠠᠵᠠ ᠲᠤᠬᠢᠶᠠᠯ ᠤᠯᠭᠤᠪᠠ᠃ ᠭᠤᠷᠪᠠᠳᠤᠭᠠᠷ ᠬᠤᠭᠤᠴᠠᠭᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠠᠵᠤ ᠠᠬᠤᠶ ᠠᠷᠠᠯᠵᠢᠶᠠᠨ ᠤ᠋ ᠵᠥᠪᠳᠡᠯᠴᠡᠬᠡᠷ ᠤ᠋ᠨ ᠬᠤᠷᠠᠯ ᠳ᠋ᠤ᠌ ᠤᠯᠤᠰ ᠤ᠋ᠨ ᠳᠣᠲᠣᠭᠠᠳᠤ ᠭᠠᠳᠠᠭᠠᠳᠤ ᠵᠢᠨ ᠡᠯ᠎ᠡ ᠡᠲᠡᠭᠡᠳ ᠤ᠋ᠨ 300 ᠭᠠᠷᠤᠶ ᠲᠥᠯᠥᠭᠡᠯᠡᠭ᠌ᠴᠢ ᠨᠢᠭᠡ ᠲᠠᠩᠬᠢᠮ ᠳ᠋ᠤ ᠴᠤᠭ᠍ᠯᠠᠷᠠᠵᠤ᠂ ᠬᠥᠭ᠌ᠵᠢᠯᠲᠡ ᠵᠢᠨ ᠱᠢᠨ᠎ᠡ ᠠᠵᠠ ᠲᠣᠬᠢᠶᠠᠯ ᠢ᠋ ᠬᠠᠮᠲᠤ ᠪᠠᠷ ᠡᠷᠢᠯᠬᠢᠯᠡᠪᠡ᠃ ᠵᠥᠪᠳᠡᠯᠴᠡᠬᠡᠷ ᠤ᠋ᠨ ᠬᠤᠷᠠᠯ ᠤ᠋ᠨ ᠲᠤᠬᠠᠶ ᠵᠢᠨ ᠲᠠᠯᠠᠪᠠᠶ ᠳ᠋ᠤ 《ᠳᠤᠮᠳᠠᠳᠤ ᠮᠣᠩᠭᠣᠯ ᠤ᠋ᠨ ᠡᠷᠢᠶᠡᠨ ᠬᠣᠲᠠ — ᠵᠠᠮ ᠤ᠋ᠨ ᠡᠭᠦᠳᠡ ᠶ᠋ᠢᠨ ᠠᠵᠤ ᠠᠬᠤᠶ ᠵᠢᠨ ᠬᠠᠮᠲᠤᠷᠠᠯᠴᠠᠭᠠᠨ ᠤ᠋ ᠣᠷᠣᠨ ᠢ᠋ ᠬᠠᠮᠲᠤ ᠪᠠᠷ ᠬᠦᠭᠵᠢᠬᠦᠯᠬᠦ ᠶᠡᠷᠦᠩᠬᠡᠶ ᠲᠥᠰᠦᠯ》 ᠢ᠋ ᠨᠡᠢᠲᠡᠯᠡᠵᠦ᠍᠂ ᠲᠤᠬᠠᠶ ᠵᠢᠨ ᠲᠠᠯᠠᠪᠠᠶ ᠳ᠋ᠤ 21 ᠭᠤᠤᠯᠳᠠᠯᠭ᠎ᠠ ᠲᠠᠶ ᠲᠥᠷᠥᠯ ᠵᠦᠶ᠋ᠯᠲᠤᠬᠢᠷᠠᠯᠴᠠᠨ᠂ ᠶᠡᠷᠦᠩᠬᠡᠶ ᠪᠠᠯᠠ ᠣᠷᠣᠭᠤᠯᠤᠯᠲᠠ ᠨᠢ 652.94 ᠳ᠋ᠦᠩᠱᠢᠭᠤᠷ ᠲᠥᠭᠥᠷᠢᠭ ᠲᠦ᠍ ᠬᠦᠷᠴᠦ᠍᠂ ᠬᠢᠯᠢ ᠠᠯᠤᠰᠯᠠᠭ᠍ᠰᠠᠨ ᠦᠶ᠋ᠯᠡᠴᠢᠯᠡᠭᠡᠨ ᠤ᠋ ᠠᠷᠠᠯᠵᠢᠶ᠎ᠠ᠂ ᠠᠭᠤᠷᠬᠠᠶ ᠵᠢᠨ ᠡᠬᠢ ᠪᠠᠶᠠᠯᠢᠭ ᠢ᠋ ᠨᠡᠭᠡᠭᠡᠨ ᠬᠥᠭ᠌ᠵᠢᠭᠦᠯᠬᠦ᠌ ᠪᠠ ᠱᠢᠨ᠎ᠡ ᠡᠨᠧᠷᠭᠢ ᠵᠢᠨ ᠮᠡᠷᠭᠡᠵᠢᠯ ᠤ᠋ᠨ ᠬᠠᠮᠲᠤᠷᠠᠯᠴᠠᠭ᠎ᠠ ᠵᠢ ᠬᠠᠮᠤᠷᠴᠠᠢ᠃ ᠳᠤᠮᠳᠠᠳᠤ ᠤᠯᠤᠰ ( ᠥᠪᠥᠷ ᠮᠣᠩᠭᠣᠯ) — ᠣᠷᠣᠰ ᠤ᠋ᠨ ᠪᠠᠯᠠ ᠣᠷᠣᠭᠤᠯᠤᠯᠲᠠ ᠠᠷᠠᠯᠵᠢᠶᠠᠨ ᠤ᠋ ᠬᠠᠮᠲᠤᠷᠠᠯᠴᠠᠭ᠎ᠠ ᠵᠢᠨ ᠲᠠᠨᠢᠯᠴᠠᠭᠤᠯᠭ᠎ᠠ ᠢ᠋ᠢᠨ ᠬᠤᠷᠠᠯ ᠳ᠋ᠤ᠌ ᠪᠠᠢᠭᠠᠯᠢ ᠵᠢᠨ ᠱᠢᠲᠠᠮᠠᠬᠠᠶ ᠬᠡᠶ᠂ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠠᠷᠠᠯᠵᠢᠶ᠎ᠠ᠂ ᠬᠢᠯᠢ ᠠᠯᠤᠰᠯᠠᠭ᠍ᠰᠠᠨ ᠡᠳ᠋ ᠪᠠᠷᠠᠭᠠᠨ ᠤ᠋ ᠭᠦᠶ᠋ᠯᠭᠡᠭᠡ᠂ ᠲᠠᠷᠢᠶᠠᠯᠠᠩ ᠤ᠋ᠨ ᠲᠠᠷᠢᠮᠠᠯ ᠵᠡᠷᠭᠡ 6 ᠵᠦᠶ᠋ᠯ ᠤ᠋ᠨ ᠬᠠᠮᠲᠤᠷᠠᠯᠴᠠᠭᠠᠨ ᠤ᠋ ᠵᠥᠪᠯᠡᠯᠴᠡᠭᠡᠷ ᠲᠦ᠍ ᠬᠡᠷ᠎ᠡ ᠲᠤᠭᠳᠠᠵᠤ᠂ ᠬᠡᠷ᠎ᠡ ᠲᠣᠭ᠍ᠲᠠᠭ᠍ᠰᠠᠨ ᠵᠣᠭᠣᠰ ᠤ᠋ᠨ ᠲᠣᠭ᠎ᠠ 5.01 ᠳ᠋ᠦᠩᠱᠢᠭᠤᠷ ᠲᠥᠭᠥᠷᠢᠭ ᠲᠦ᠍ ᠬᠦᠷᠪᠡ᠃
ᠶᠠᠷᠢᠶᠠᠨ ᠤ᠋ ᠲᠠᠪᠴᠠᠩ ᠤ᠋ᠨ ᠠᠵᠢᠯᠯᠠᠭ᠎ᠠ ᠨᠢ ᠰᠤᠯᠢᠯᠴᠠᠭᠠᠨ ᠤ᠋ ᠪᠠᠳᠤ ᠪᠡᠬᠢ ᠬᠦᠬᠦᠷᠬᠡ ᠢ᠋ᠢ ᠲᠠᠯᠪᠢᠪᠠ᠃ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠱᠢᠷᠢᠰ ᠶᠠᠷᠢᠶᠠᠨ ᠤ᠋ ᠲᠠᠪᠴᠠᠩ ᠤ᠋ᠨ ᠠᠵᠢᠯᠯᠠᠭ᠎ᠠ ᠵᠢᠨ ᠨᠢᠭᠡ ᠪᠤᠯᠬᠤ 2025 ᠣᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠵᠢᠨ ᠣᠶᠤᠨ ᠤ᠋ ᠬᠥᠮᠥᠷᠭᠡ ᠵᠢᠨ ᠶᠠᠷᠢᠶᠠᠨ ᠤ᠋ ᠲᠠᠪᠴᠠᠩ ᠤ᠋ᠨ ᠬᠤᠷᠠᠯ ᠶᠠᠪᠤᠭᠳᠠᠵᠤ᠂ ᠳᠤᠮᠳᠠᠳᠤ ᠤᠯᠤᠰ ᠲᠦ᠍ ᠰᠠᠭᠤᠭ᠎ᠠ ᠡᠯᠴᠢᠨ ᠰᠠᠢᠳ᠂ ᠠᠯᠪᠠᠨ ᠤ᠋ ᠲᠠᠯ᠎ᠠ ᠵᠢᠨ ᠲᠥᠯᠥᠭᠡᠯᠡᠭ᠌ᠴᠢ᠂ ᠣᠶᠤᠨ ᠤ᠋ ᠬᠥᠮᠥᠷᠭᠡ ᠵᠢᠨ ᠲᠤᠰᠭᠠᠶ ᠮᠡᠷᠭᠡᠵᠢᠯᠲᠡᠨ ᠨᠠᠷ ᠨᠢᠭᠡ ᠲᠠᠩᠬᠢᠮ ᠳ᠋ᠤ ᠴᠤᠭ᠍ᠯᠠᠷᠠᠨ᠂ ᠭᠠᠳᠠᠭᠠᠳᠤ ᠨᠡᠭᠡᠭᠡᠯᠲᠡ᠂ ᠱᠢᠨ᠎ᠡ ᠡᠨᠧᠷᠭᠢ᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠢ᠋ᠢ ᠵᠠᠰᠠᠬᠤ᠂ ᠱᠢᠨ᠎ᠡ ᠪᠡᠷ ᠮᠠᠨᠳᠤᠭ᠍ᠰᠠᠨ ᠪᠠᠯᠠ ᠣᠷᠣᠭᠤᠯᠤᠯᠲᠠ ᠵᠢᠨ ᠠᠵᠤ ᠦᠶ᠋ᠯᠡᠰ ᠵᠡᠷᠭᠡ ᠬᠠᠮᠢᠶ᠎ᠠ ᠪᠥᠬᠥᠶ ᠭᠤᠤᠯ ᠰᠡᠳᠦᠪ ᠤ᠋ᠨ ᠲᠣᠭᠣᠷᠢᠨ ᠳ᠋ᠤ ᠶᠠᠷᠢᠯᠴᠠᠭ᠎ᠠ ᠰᠤᠯᠢᠯᠴᠠᠭ᠎ᠠ ᠦᠷᠨᠢᠬᠦᠯᠵᠤ᠂ ᠡᠯ᠎ᠡ ᠡᠳᠡᠬᠡᠳ ᠤ᠋ᠨ 《ᠨᠢᠭᠡ ᠪᠦᠰᠡ ᠨᠢᠭᠡ ᠵᠠᠮ》 ᠢ᠋ ᠬᠠᠮᠲᠤᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠵᠢᠨ ᠬᠣᠩᠭᠢᠯ ᠤ᠋ᠨ ᠪᠥᠲᠥᠭᠡᠨ ᠪᠠᠢᠭᠤᠯᠤᠯᠲᠠ ᠳ᠋ᠤ ᠢᠳᠡᠪᠬᠢᠲᠡᠶ ᠣᠷᠣᠯᠴᠠᠬᠤ ᠵᠢ ᠲᠠᠢᠴᠢᠯᠠᠵᠤ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ ᠪᠡᠷ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠪᠠ᠃ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠵᠢᠨ ᠣᠶᠤᠨ ᠤ᠋ ᠬᠥᠮᠥᠷᠭᠡ ᠵᠢᠨ ᠶᠠᠷᠢᠶᠠᠨ ᠤ᠋ ᠲᠠᠪᠴᠠᠩ ᠨᠢ ᠨᠢᠭᠡᠨᠲᠡ ᠭᠤᠷᠪᠠᠨ ᠬᠤᠭᠤᠴᠠᠭ᠎ᠠ ᠠᠮᠵᠢᠯᠲᠠᠲᠠᠶ ᠶᠠᠪᠤᠭ᠍ᠳᠠᠵᠤ᠂ ᠬᠠᠮᠤᠭᠦᠨ ᠠᠩᠬᠠᠨ ᠤ᠋ ᠲᠠᠩ ᠭᠠᠭ᠍ᠴᠠ ᠤᠶᠤᠨ ᠤ᠋ ᠬᠥᠮᠥᠷᠭᠡ ᠵᠢᠨ ᠰᠣᠯᠢᠯᠴᠠᠭᠠᠨ ᠤ᠋ ᠲᠠᠪᠴᠠᠩ ᠪᠠᠢᠭ᠍ᠰᠠᠨ ᠡᠴᠡ ᠪᠠᠨ ᠠᠯᠬᠤᠮ ᠠᠯᠬᠤᠮ ᠵᠢᠡᠷ ᠳᠡᠭᠡᠳᠦ ᠲᠡᠰ ᠤ᠋ᠨ ᠶᠠᠷᠢᠯᠴᠠᠭ᠎ᠠ᠂ ᠠᠵᠤ ᠠᠬᠤᠢ ᠠᠷᠠᠯᠵᠢᠶᠠᠨ ᠤ᠋ ᠰᠣᠯᠢᠯᠴᠠᠭ᠎ᠠ᠂ ᠨᠥᠬᠥᠷᠰᠡᠭ ᠬᠤᠳᠠ ᠵᠢᠨ ᠬᠠᠮᠲᠤᠷᠠᠯᠴᠠᠭ᠎ᠠ ᠵᠡᠷᠭᠡ ᠵᠢ ᠨᠢᠭᠡ ᠴᠤᠬ᠍ᠴᠠᠵᠢᠭᠤᠯᠤᠬ᠍ᠰᠠᠨ ᠶᠡᠷᠦᠩᠬᠡᠢᠯᠡᠭ᠌ᠰᠡᠨ ᠴᠢᠨᠠᠷᠲᠠᠢ ᠪᠣᠳᠠᠲᠠᠢ ᠵᠢ ᠡᠷᠬᠢᠮᠯᠡᠭ᠌ᠰᠡᠨ ᠬᠠᠮᠲᠤᠷᠠᠯᠴᠠᠭᠠᠨ ᠤ᠋ ᠲᠠᠪᠴᠠᠩ ᠪᠣᠯᠤᠨ ᠬᠥᠭ᠌ᠵᠢᠪᠡ᠃ ᠲᠤᠰ ᠤᠳᠠᠭ᠎ᠠ ᠵᠢᠨ ᠶᠠᠷᠢᠶᠠᠨ ᠤ᠋ ᠲᠠᠪᠴᠠᠩ ᠤ᠋ᠨ ᠬᠤᠭᠤᠴᠠᠭᠠᠨ ᠳ᠋ᠤ᠂ ᠥᠪᠥᠷ ᠮᠣᠩᠭᠣᠯ ᠤ᠋ᠨ ᠬᠣᠯᠪᠣᠭ᠍ᠳᠠᠯ ᠪᠦᠬᠦᠢ ᠠᠢᠮᠠᠭ ᠬᠤᠳᠠ᠂ ᠠᠵᠤ ᠠᠬᠤᠢᠯᠠᠯ ᠪᠣᠯᠤᠨ ᠭᠠᠳᠠᠭᠠᠳᠤ ᠵᠢᠨ ᠬᠠᠮᠲᠤᠷᠠᠯᠴᠠᠭᠠᠨ ᠤ᠋ ᠬᠠᠨᠢᠲᠠᠨ ᠤᠯᠠᠨ ᠵᠦᠢᠯ ᠤ᠋ᠨ ᠬᠠᠮᠲᠤᠷᠠᠯᠴᠠᠭᠠᠨ ᠤ᠋ ᠵᠥᠪᠯᠡᠯᠴᠡᠭᠡᠷ ᠲᠤᠬᠢᠷᠠᠯᠴᠠᠪᠠ᠃
ᠳᠡᠯᠭᠡᠨ ᠦᠵᠡᠭᠦᠯᠭᠡ ᠨᠢ ᠠᠷᠠᠯᠵᠢᠶ᠎ᠠ ᠬᠤᠳᠠᠯᠳᠤᠭᠠᠨ ᠤ᠋ ᠥᠨᠳᠥᠷ ᠪᠦᠲᠦᠮᠵᠢᠲᠡᠢ ᠵᠣᠯᠭᠠᠯᠴᠠᠬᠤ ᠳ᠋ᠤ ᠲᠤᠮᠤ ᠲᠠᠪᠴᠠᠩ ᠬᠠᠨᠭᠭᠠᠪᠠ᠃ ᠲᠤᠰ ᠬᠤᠭᠤᠴᠠᠭᠠᠨ ᠤ᠋ ᠦᠵᠡᠰᠭᠦᠯᠡᠩ ᠤ᠋ᠨ ᠴᠤᠭ᠍ᠯᠠᠭᠠᠨ ᠤ᠋ ᠦᠵᠡᠬᠦᠯᠬᠡ ᠲᠡᠯᠬᠡᠨ ᠦᠵᠡᠭᠦᠯᠭᠡ ᠵᠢᠨ ᠲᠠᠯᠠᠪᠠᠢ 4.4 ᠲᠦᠮᠡᠨ ᠲᠡᠭ᠌ᠰᠢ ᠳᠥᠷᠪᠡᠯᠵᠢᠨ ᠮᠸᠲᠷ ᠲᠦ᠍ ᠬᠦᠷᠴᠦ᠍᠂ ᠥᠪᠥᠷ ᠮᠣᠩᠭᠣᠯ ᠤ᠋ᠨ ᠲᠦᠷᠢ ᠲᠦᠷᠬᠦ ᠢ᠋ᠢᠨ ᠤᠷᠳᠤᠨ᠂ ᠮᠣᠩᠭᠣᠯ ᠤᠯᠤᠰ ᠤ᠋ᠨ ᠲᠦᠷᠢ ᠲᠥᠷᠬᠦ᠌ ᠵᠢᠨ ᠤᠷᠳᠤᠨ᠂ ᠭᠣᠣᠯ ᠵᠣᠴᠢᠨ ᠮᠤᠵᠢ ᠪᠣᠯᠬᠤ ᠬᠠᠢᠨᠠᠨ ᠮᠤᠵᠢ ᠵᠢᠨ ᠲᠦᠷᠢ ᠲᠥᠷᠬᠦ᠌ ᠵᠢᠨ ᠤᠷᠳᠤᠨ ᠡᠴᠡ ᠭᠠᠳᠠᠨ᠎ᠠ 16 ᠤᠯᠤᠰ ᠤ᠋ᠨ ᠪᠠᠷᠠᠭ᠎ᠠ ᠲᠠᠸᠠᠷ ᠤ᠋ᠨ ᠲᠡᠯᠬᠡᠨ ᠦᠵᠡᠭᠦᠯᠭᠡ᠂ 11 ᠮᠤᠵᠢ ᠵᠢᠨ ᠲᠡᠯᠬᠡᠨ ᠦᠵᠡᠭᠦᠯᠭᠡ᠂ ᠠᠵᠢᠯ ᠲᠦᠷᠦᠯ ᠤ᠋ᠨ ᠲᠡᠯᠬᠡᠨ ᠦᠵᠡᠭᠦᠯᠭᠡ ᠵᠢᠴᠢ ᠥᠪᠥᠷ ᠮᠣᠩᠭᠣᠯ ᠤ᠋ᠨ ᠠᠢᠮᠠᠭ ᠬᠤᠳᠠ ᠵᠢᠨ ᠪᠠᠷᠠᠭ᠎ᠠ ᠲᠠᠸᠠᠷ ᠤ᠋ᠨ ᠦᠵᠡᠭᠦᠯᠭᠡ ᠵᠢ ᠲᠤᠬᠢᠷᠠᠭᠤᠯᠬᠤ ᠢ᠋ᠢᠨ ᠲᠠᠭᠠᠤ ᠪᠠᠰᠠ ᠴᠠᠭᠠᠨ ᠢᠳᠡᠬᠡᠨ ᠤ᠋ ᠦᠶ᠋ᠯᠡᠰ ᠤ᠋ᠨ ᠤᠷᠤᠯᠳᠤᠭᠠᠨ ᠤ᠋ ᠦᠵᠡᠬᠦᠯᠬᠡ ᠵᠢᠨ ᠲᠣᠭᠣᠷᠢᠭ᠂ ᠭᠠᠳᠠᠭᠠᠳᠤ ᠭᠠᠷᠭᠠᠯᠲᠠ ᠵᠢᠨ ᠪᠠᠷᠠᠭ᠎ᠠ ᠪᠦᠳᠦᠬᠡᠭᠳᠡᠬᠦᠨ ᠢ᠋ ᠳᠣᠲᠣᠭᠠᠳᠤ ᠳ᠋ᠤ ᠪᠣᠷᠣᠯᠠᠭᠤᠯᠬᠤ ᠦᠵᠡᠬᠦᠯᠬᠡ ᠵᠢᠨ ᠲᠣᠭᠣᠷᠢᠭ᠂ ᠡᠭᠦᠯᠡᠨ ᠳᠡᠭᠡᠷᠡᠬᠢ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠢ᠋ ᠲᠤᠬᠢᠷᠠᠭᠤᠯᠪᠠ᠃ ᠲᠣᠰ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠰᠣᠶᠣᠯ᠂ ᠬᠢᠯᠢ ᠠᠯᠤᠰᠯᠠᠭ᠍ᠰᠠᠨ ᠰᠢᠯᠢᠳᠡᠭ ᠪᠠᠷᠠᠭ᠎ᠠ ᠪᠦᠳᠦᠭᠡᠭᠳᠡᠬᠦᠨ ᠵᠡᠷᠭᠡ ᠣᠯᠠᠨ ᠡᠱᠢᠲᠦ ᠠᠭᠤᠯᠭ᠎ᠠ ᠵᠢ ᠬᠠᠮᠤᠷᠴᠤ᠌᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠢ᠋ ᠭᠠᠢᠬᠠᠭᠤᠯᠤᠭᠰᠠᠨ᠂ ᠠᠮᠢᠳᠤᠷᠡᠯ ᠤ᠋ᠨ ᠦᠨᠤᠷ ᠠᠮᠳᠡ ᠢ᠋ᠢ ᠬᠠᠩᠬᠤᠯᠤᠭᠤᠯᠤᠭᠰᠠᠨ᠂ ᠣᠯᠠᠨ ᠤᠯᠤᠰ ᠤ᠋ᠨ ᠬᠡᠪ ᠨᠠᠮᠪᠠ ᠢ᠋ᠢ ᠬᠠᠷᠠᠭᠤᠯᠤᠭᠰᠠᠨ》 ᠤᠯᠤᠰ ᠠᠯᠤᠰᠯᠠᠭ᠍ᠰᠠᠨ ᠱᠢᠨ᠎ᠡ ᠤᠢᠯᠠᠭᠠᠯᠳᠡ ᠵᠢ ᠬᠦᠮᠦᠰ ᠲᠦ᠍ ᠮᠡᠳᠡᠷᠡᠬᠦᠯᠵᠠᠢ᠃ ᠴᠡᠯᠡᠭᠡᠷ ᠲᠠᠯ᠎ᠠ ᠤᠯᠠᠨ ᠤᠯᠤᠰ ᠤ᠋ᠨ ᠬᠤᠷᠠᠯ ᠦᠵᠡᠰᠭᠦᠯᠡᠩ ᠤ᠋ᠨ ᠲᠥᠪ ᠲᠦ᠍ ᠬᠦᠷᠬᠦᠯᠠᠷ᠂ ᠥᠪᠥᠷ ᠮᠣᠩᠭᠣᠯ ᠤ᠋ᠨ ᠲᠦᠷᠢ ᠲᠥᠷᠬᠦ᠌ ᠵᠢᠨ ᠣᠷᠳᠣᠨ ᠨᠢ ᠥᠪᠥᠷ ᠮᠣᠩᠭᠣᠯ ᠤ᠋ᠨ ᠱᠢᠨ᠎ᠡ ᠵᠢ ᠡᠭᠦᠳᠬᠦ᠌ ᠦᠢᠯᠡᠳᠦᠯᠭᠡ᠂ ᠥᠪᠥᠷ ᠮᠣᠩᠭᠣᠯ ᠤ᠋ᠨ ᠪᠦᠬᠦ᠌ ᠪᠥᠮᠪᠥᠷᠴᠡᠭ ᠤ᠋ᠨ ᠤᠶᠤᠨᠴᠢ ᠦᠢᠯᠡᠳᠭᠡᠯ ᠤ᠋ᠨ ᠦᠷᠢᠰᠦᠯᠳᠦᠬᠦ᠌ ᠬᠦᠴᠦᠨ ᠵᠢᠴᠢ ᠡᠯᠡᠰᠦ ᠵᠢ ᠵᠠᠰᠠᠭᠰᠠᠨ ᠦᠷ᠎ᠡ ᠪᠦᠳᠦᠬᠡᠯ ᠢ᠋ ᠳᠡᠯᠭᠡᠨ ᠦᠵᠡᠬᠦᠯᠵᠤ᠂ ᠲᠤᠭᠤᠷᠢᠨ ᠦᠵᠡᠭᠴᠢᠳ ᠲᠦ᠍ 《ᠤᠮᠠᠷᠠᠲᠤ ᠬᠢᠯᠢ ᠵᠢᠨ ᠪᠠᠬᠠᠷᠬᠠᠯ》 ᠢ᠋ ᠮᠡᠳᠡᠷᠡᠬᠦᠯᠦᠨ᠎ᠡ᠃ ᠠᠢᠮᠠᠭ ᠬᠣᠲᠠ ᠵᠢᠨ ᠣᠨᠴᠠᠯᠢᠭ᠍ᠲᠤ ᠳᠡᠯᠭᠡᠨ ᠦᠵᠡᠬᠦᠯᠬᠡ ᠳ᠋ᠤ 12 ᠠᠢᠮᠠᠭ ᠬᠣᠲᠠ ᠢ᠋ᠢᠨ ᠦᠪᠡᠷᠮᠢᠴᠡ ᠰᠤᠳᠤᠨ ᠪᠠᠷᠠᠭ᠎ᠠ ᠪᠦᠳᠦᠬᠡᠭᠳᠡᠬᠦᠨ ᠢ᠋ ᠲᠡᠯᠬᠡᠨ ᠦᠵᠡᠬᠦᠯᠵᠤ᠂ ᠠᠵᠢᠯ ᠲᠥᠷᠥᠯ ᠤ᠋ᠨ ᠲᠡᠯᠬᠡᠨ ᠦᠵᠡᠬᠦᠯᠬᠡ ᠵᠢᠨ ᠲᠣᠭᠣᠷᠢᠭ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠠᠮᠢᠳᠤᠷᠠᠯ ᠤ᠋ᠨ ᠠᠭᠤᠰᠤᠯᠴᠠᠯ ᠢ᠋ ᠬᠠᠷᠠᠭᠤᠯᠵᠤ᠂ ᠬᠡᠷᠡᠭ᠌ᠯᠡᠭᠡᠨ ᠤ᠋ ᠬᠦᠭᠵᠢᠶᠡᠨᠳᠤ ᠲᠤᠭᠤᠷᠢᠭ ᠲᠦ᠍ ᠬᠦᠮᠦᠰ ᠠᠮᠳᠠᠳᠤ ᠢᠳᠡᠬᠡᠨ ᠠᠮᠳᠠᠯᠠᠬᠤ ᠢ᠋ᠢᠨ ᠲᠠᠭᠠᠤ ᠲᠤᠭᠤᠭᠰᠠᠨ ᠪᠠᠷᠠᠭ᠎ᠠ ᠪᠡᠨ ᠰᠤᠨᠭᠭᠤᠨ ᠠᠪᠤᠵᠠᠭᠠᠨᠡ᠃ ᠣᠯᠠᠨ ᠤᠯᠤᠰ ᠤ᠋ᠨ ᠲᠡᠯᠬᠡᠨ ᠦᠵᠡᠬᠦᠯᠬᠡ ᠵᠢᠨ ᠲᠣᠭᠣᠷᠢᠭ ᠲᠦ᠍ ᠱᠢᠨ᠎ᠡ ᠽᠢᠯᠠᠨᠳ᠋ ᠤ᠋ᠨ ᠰᠦᠨ ᠲᠠᠯᠬ᠎ᠠ᠂ ᠰᠸᠷᠪᠢᠶᠡ ᠵᠢᠨ ᠦᠵᠦᠮᠦᠨ ᠠᠷᠢᠬᠢ᠂ ᠠᠦ᠋ᠰᠲ᠋ᠷᠠᠯᠢᠶ᠎ᠠ ᠵᠢᠨ ᠴᠠᠭᠠᠨ ᠢᠳᠡᠬᠡᠨ ᠪᠣᠯᠤᠨ ᠬᠠᠭᠤᠷᠡᠢ ᠵᠢᠮᠢᠰ᠂ ᠺᠣᠷᠢᠶᠠ ᠵᠢᠨ ᠭᠣᠶᠣᠯᠠᠯ ᠤ᠋ᠨ ᠡᠳ᠋ ᠵᠡᠷᠬᠡ ᠠᠮᠳᠠᠳᠤ ᠢᠳᠡᠬᠡᠨ ᠡᠴᠡ ᠠᠮᠢᠳᠤᠷᠠᠯ ᠤ᠋ᠨ ᠰᠢᠯᠢᠳᠡᠭ ᠪᠠᠷᠠᠭ᠎ᠠ ᠬᠦᠷᠲᠡᠯᠡᠬᠢ ᠡᠯ᠎ᠡ ᠤᠯᠤᠰ ᠤ᠋ᠨ ᠤᠨᠴᠠᠯᠢᠭ᠍ᠲᠤ ᠰᠤᠳᠤᠨ ᠪᠠᠷᠠᠭ᠎ᠠ ᠨᠢ ᠬᠦᠮᠦᠰ ᠢ᠋ ᠬᠤᠳᠠᠯᠳᠤᠨ ᠠᠪᠬᠤ ᠬᠠᠪᠤ ᠴᠡᠨᠭᠬᠡᠯ ᠲᠤᠮᠳᠠ ᠱᠤᠮᠪᠠᠭᠤᠯᠤᠨᠡ᠃
ᠰᠣᠶᠣᠯ ᠢᠷᠭᠡᠨᠱᠢᠯ ᠤ᠋ᠨ ᠰᠣᠯᠢᠯᠴᠠᠭ᠎ᠠ ᠨᠢ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠳ᠋ᠤ ᠦᠷᠭᠡᠨ ᠲᠠᠪᠴᠠᠩ ᠬᠠᠨᠭᠭᠠᠪᠠ᠃ ᠬᠤᠭᠤᠴᠠᠭ᠎ᠠ ᠪᠦᠷᠢ ᠵᠢᠨ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠳ᠋ᠡᠬᠢ ᠰᠣᠶᠣᠯ ᠢᠷᠭᠡᠨᠱᠢᠯ ᠤ᠋ᠨ ᠰᠣᠯᠢᠯᠴᠠᠭᠠᠨ ᠤ᠋ ᠬᠡᠰᠡᠭ ᠪᠣᠯ ᠣᠯᠠᠨ ᠤ᠋ ᠬᠦᠰᠡᠨ ᠬᠦᠯᠢᠶᠡᠳᠡᠭ ᠴᠢᠬᠤᠯᠠ ᠠᠭᠤᠯᠭ᠎ᠠ ᠪᠤᠯᠬᠤ ᠶᠤᠮ᠃ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠡᠬᠢᠯᠡᠬᠦ᠌ ᠡᠴᠡ ᠡᠮᠦᠨᠡᠬᠡᠨ᠂ ᠥᠪᠥᠷ ᠮᠣᠩᠭᠣᠯ ᠤ᠋ᠨ ᠤᠷᠠᠯᠢᠭ ᠵᠦᠴᠦᠭᠡ ᠵᠢᠨ ᠬᠦᠷᠢᠶᠡᠯᠡᠩ ᠳᠥᠷᠪᠡᠨ ᠵᠦᠭ ᠨᠠᠶ᠋ᠮᠠᠨ ᠵᠣᠪᠬᠢᠰ ᠡᠴᠡ ᠬᠦᠷᠦᠯᠴᠡᠨ ᠢᠷᠡᠭ᠌ᠰᠡᠨ ᠨᠠᠢᠵᠠ ᠨᠠᠷ ᠲᠠᠭᠠᠨ《ᠨᠥᠬᠥᠷᠯᠡᠯ ᠤ᠋ᠨ ᠰᠣᠯᠣᠩᠭ᠎ᠠ》 ᠲᠤᠰᠭᠠᠶ ᠲᠣᠭ᠍ᠯᠠᠯᠲᠠ ᠵᠢ ᠰᠤᠨᠢᠷᠬᠠᠭᠤᠯᠪᠠ᠃ ᠲᠣᠭ᠍ᠯᠠᠯᠲᠠ ᠳ᠋ᠤ ᠳᠤᠮᠳᠠᠳᠤ ᠤᠯᠤᠰ᠂ ᠮᠣᠩᠭᠣᠯ ᠤᠯᠤᠰ᠂ ᠤᠷᠤᠰ᠂ ᠪᠸᠯᠤᠷᠦ᠋ᠰ᠂ ᠺᠠᠽᠠᠭ᠍ᠰᠲ᠋ᠠᠨ ᠵᠡᠷᠭᠡ 5 ᠤᠯᠤᠰ ᠤ᠋ᠨ 1000 ᠱᠢᠬᠠᠮ ᠤᠷᠠᠯᠢᠭ᠍ᠴᠢᠨ ᠳᠤᠮᠳᠠᠳᠤ ᠭᠠᠳᠠᠭᠠᠳᠤ ᠵᠢᠨ ᠦᠵᠡᠭ᠌ᠴᠢᠳ ᠲᠦ᠍ ᠳᠤᠮᠳᠠᠳᠤ ᠵᠢᠨ ᠬᠡᠪ ᠨᠠᠮᠪᠠ ᠲᠠᠶ᠂ ᠦᠨᠳᠦᠰᠦᠲᠡᠨ ᠤ᠋ ᠣᠨᠴᠠᠯᠢᠭ ᠲᠠᠶ᠂ ᠳᠡᠯᠡᠬᠡᠢ ᠵᠢᠨ ᠬᠠᠷᠠᠭᠠᠰᠤ ᠲᠠᠢ ᠰᠣᠶᠣᠯ ᠤ᠋ᠨ ᠦᠪᠡᠳᠡᠭ᠌ᠰᠢ ᠨᠠᠢᠷ ᠢ᠋ ᠲᠠᠪᠰᠢᠬᠦᠯᠵᠠᠢ᠃ 8 ᠰᠠᠷ᠎ᠠ ᠵᠢᠨ 25 ᠤ᠋ ᠡᠳᠦᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠮᠡᠭ᠌ᠲᠡᠢᠴᠦᠳ ᠤ᠋ᠨ ᠬᠣᠯᠪᠣᠭ᠎ᠠ᠂ ᠮᠣᠩᠭᠣᠯ ᠤᠯᠤᠰ ᠤ᠋ᠨ ᠡᠮᠡᠭ᠌ᠲᠡᠢᠴᠦᠳ ᠤ᠋ᠨ ᠬᠣᠯᠪᠣᠭ᠎ᠠ ᠬᠠᠮᠲᠤᠷᠠᠨ ᠳᠤᠮᠳᠠᠳᠤ ᠮᠣᠩᠭᠣᠯ ᠬᠣᠶᠠᠷ ᠤᠯᠤᠰ ᠤ᠋ᠨ ᠬᠡᠷ ᠪᠦᠯᠢ ᠵᠢᠨ ᠬᠠᠷᠢᠯᠴᠡᠨ ᠠᠢᠯᠴᠢᠯᠠᠯᠳᠡ ᠢ᠋ᠢᠨ ᠶᠠᠷᠢᠯᠴᠠᠬᠤ ᠬᠤᠷᠠᠯ ᠢ᠋ ᠡᠷᠬᠢᠯᠡᠨ ᠶᠠᠪᠤᠭᠳᠠᠭᠤᠯᠵᠤ᠂ ᠮᠣᠩᠭᠣᠯ ᠤᠯᠤᠰ ᠡᠴᠡ ᠢᠷᠡᠭ᠌ᠰᠡᠨ 10 ᠭᠡᠷ ᠪᠦᠯᠢ ᠪᠣᠯᠤᠨ ᠥᠪᠥᠷ ᠮᠣᠩᠭᠣᠯ ᠤ᠋ᠨ 10 ᠭᠡᠷ ᠪᠦᠯᠢ ᠵᠢᠨ ᠬᠢᠨ ᠨᠢᠭᠡ ᠲᠠᠩᠬᠢᠮ ᠳ᠋ᠤ ᠴᠤᠭ᠍ᠯᠠᠷᠠᠨ ᠨᠥᠬᠥᠷᠯᠡᠯ ᠢᠶᠡᠨ ᠠᠭᠤᠵᠢᠷᠠᠲᠠᠯ᠎ᠠ ᠲᠠᠯᠬᠡᠯᠠ᠃ 2023 ᠣᠨ ᠳ᠋ᠤ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠮᠡᠭ᠌ᠲᠡᠢᠴᠦᠳ ᠤ᠋ᠨ ᠬᠣᠯᠪᠣᠭ᠎ᠠ ᠪᠣᠯᠤᠨ ᠮᠣᠩᠭᠣᠯ ᠤᠯᠤᠰ ᠤ᠋ᠨ ᠡᠮᠡᠭ᠌ᠲᠡᠢᠴᠦᠳ ᠤ᠋ᠨ ᠬᠣᠯᠪᠣᠭ᠎ᠠ ᠡᠴᠡ 《ᠡᠮᠡᠭ᠌ᠲᠡᠢᠴᠦᠳ ᠬᠡᠦᠬᠡᠳ ᠤ᠋ᠨ ᠬᠥᠭ᠌ᠵᠢᠯᠲᠡ ᠵᠢᠨ ᠬᠠᠮᠲᠤᠷᠠᠯᠴᠠᠭᠠᠨ ᠤ᠋ ᠰᠠᠨᠠᠮᠵᠢ ᠵᠢᠨ ᠪᠢᠴᠢᠭ》 ᠲᠣᠭ᠍ᠲᠠᠭ᠍ᠰᠠᠨ ᠡᠴᠡ ᠨᠠᠭᠠᠰᠢ᠂ ᠬᠣᠶᠠᠷ ᠲᠠᠯ᠎ᠠ ᠪᠠᠷ ᠵᠢᠡᠨ ᠳᠤᠮᠳᠠᠳᠤ ᠮᠣᠩᠭᠣᠯ ᠤ᠋ᠨ 《ᠪᠠᠭ᠎ᠠ ᠪᠤᠯᠪᠠᠴᠤ ᠭᠣᠶᠣ》 ᠲᠥᠷᠥᠯ ᠵᠦᠢᠯ ᠢ᠋ ᠬᠦᠴᠦᠷᠬᠡᠭ᠌ᠵᠢᠭᠦᠯᠦᠨ ᠪᠤᠵᠠᠭᠠᠢᠷᠠᠭᠤᠯᠬᠤ ᠪᠠᠷ ᠴᠢᠷᠮᠠᠢᠪᠠ᠃ ᠳᠤᠮᠳᠠᠳᠤ ᠮᠣᠩᠭᠣᠯ ᠬᠣᠶᠠᠷ ᠤᠯᠤᠰ ᠵᠢᠯ ᠪᠦᠷᠢ 10 ᠬᠡᠷ ᠪᠦᠯᠢ ᠬᠠᠷᠢᠯᠴᠠᠨ ᠠᠢᠯᠴᠢᠯᠠᠯᠲᠠ ᠬᠢᠬᠦ᠂ ᠳᠤᠮᠳᠠᠳᠤ ᠤᠯᠤᠰ 10 ᠡᠮᠴᠢ ᠲᠣᠮᠢᠯᠠᠨ ᠮᠤᠨᠭᠭᠤᠯ ᠤᠯᠤᠰ ᠲᠦ᠍ ᠠᠯᠪᠠᠨ ᠵᠢᠷᠤᠮ ᠤ᠋ᠨ ᠡᠮᠴᠢᠯᠡᠭᠡ ᠬᠢᠯᠭᠡᠬᠦ᠂ ᠮᠣᠩᠭᠣᠯ ᠤᠯᠤᠰ ᠲᠦ᠍ 10 ᠨᠢᠳᠦᠨ ᠤ᠋ ᠰᠠᠯᠠᠭᠠᠨ ᠤ᠋ ᠡᠮᠴᠢ ᠬᠦᠮᠦᠵᠢᠬᠦᠯᠵᠤ ᠦᠭᠬᠦ᠂ ᠡᠮᠡᠭ᠌ᠲᠡᠢᠴᠦᠳ ᠤ᠋ᠨ 《 ᠬᠣᠶᠠᠷ ᠥᠮᠡᠨ 》 ᠢ᠋ ᠰᠡᠷᠭᠡᠢᠯᠡᠨ ᠵᠠᠰᠠᠬᠤ 10 ᠡᠮᠴᠢ ᠰᠤᠪᠢᠯᠠᠭ᠍ᠴᠢ ᠢ᠋ᠢ ᠲᠤᠮᠢᠯᠠᠬᠤ ᠵᠢᠴᠢ 10 ᠭᠠᠷ ᠤᠷᠠᠴᠤᠳ ᠲᠦ᠍ ᠪᠤᠯᠪᠠᠰᠤᠷᠡᠯ ᠬᠦᠷᠳᠡᠬᠡᠵᠤ ᠪᠤᠢ᠃ ᠡᠲᠡᠭᠡᠷ ᠠᠷᠠᠳ ᠤ᠋ᠨ ᠠᠮᠢᠳᠤᠷᠠᠯ ᠤ᠋ᠨ ᠲᠥᠷᠥᠯ ᠵᠦᠶ᠋ᠯ ᠨᠢ ᠳᠤᠮᠳᠠᠳᠤ ᠮᠣᠩᠭᠣᠯ ᠬᠤᠶᠠᠷ ᠤᠯᠤᠰ ᠤ᠋ᠨ ᠠᠷᠠᠳ ᠤ᠋ᠨ ᠰᠡᠳᠭᠢᠯ ᠤ᠋ᠨ ᠨᠡᠪᠲᠡᠷᠡᠯᠴᠡᠭᠡ ᠪᠠ ᠰᠣᠶᠣᠯ ᠤ᠋ᠨ ᠠᠭᠤᠰᠤᠯᠴᠠᠯ ᠢ᠋ ᠬᠦᠴᠦᠲᠡᠶ ᠠᠬᠢᠭᠤᠯᠪᠠ᠃
ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠨᠢ ᠬᠣᠶᠠᠷ ᠵᠢᠯ ᠳ᠋ᠤ ᠨᠢᠭᠡ ᠤᠳᠠᠭ᠎ᠠ ᠪᠤᠯᠵᠤᠭ᠎ᠠ ᠶᠤᠰᠤᠭᠠᠷ ᠶᠠᠪᠤᠭᠳᠠᠳᠠᠭ᠃ ᠡᠳᠦᠭᠡ ᠳᠤᠮᠳᠠᠳᠤᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠨᠢ 《ᠲᠡᠯᠡᠬᠡᠢᠴᠢᠯᠡᠭᠰᠡᠨ᠂ ᠲᠤᠰᠭᠠᠢᠵᠢᠭ᠍ᠰᠠᠨ᠂ ᠲᠤᠭᠠᠴᠢᠯᠠᠭᠰᠠᠨ᠂ ᠴᠢᠨᠠᠷᠵᠢᠭᠰᠠᠨ》 ᠦᠪᠡᠳᠡᠭ᠌ᠰᠢ ᠴᠤᠭ᠍ᠯᠠᠭᠠᠨ ᠪᠤᠯᠵᠤ᠂ ᠨᠥᠯᠥᠭᠡᠯᠡᠬᠦ᠌ ᠬᠦᠴᠦᠨ ᠨᠢ ᠲᠠᠰᠤᠷᠠᠯᠳᠠ ᠦᠬᠡᠢ ᠥᠷᠭᠡᠵᠢᠵᠦ᠍᠂ ᠨᠢᠭᠡᠨᠲᠡ ᠥᠪᠥᠷ ᠮᠣᠩᠭᠣᠯ ᠤ᠋ᠨ ᠮᠤᠩᠭᠤᠯ ᠤᠯᠤᠰ ᠲᠦ᠍ ᠰᠠᠭᠤᠷᠢᠯᠠᠨ ᠪᠦᠬᠦ᠌ ᠪᠥᠮᠪᠥᠷᠴᠡᠭ ᠲᠦ᠍ ᠬᠠᠨᠳᠤᠭᠤᠯᠤᠭᠰᠠᠨ ᠨᠡᠬᠡᠬᠡᠯᠳᠡᠳᠤ ᠬᠠᠮᠳᠤᠷᠠᠯᠴᠠᠭᠠᠨ ᠤ᠋ ᠬᠢᠯᠠᠯᠵᠠᠭᠰᠨᠨ ᠨᠡᠷ᠎ᠡ ᠵᠢᠨ ᠬᠠᠭᠤᠳᠠᠰᠤ ᠪᠤᠯᠤᠭᠰᠠᠨ ᠪᠠᠢᠨ᠎ᠠ᠃