ᠨᠠᠮ ᠤ᠋ᠨ ᠪᠠᠢᠭᠤᠯᠤᠯᠲᠠ ᠪᠡᠷ ᠬᠦᠳᠦᠯᠦᠨ ᠲᠠᠭᠠᠭᠤᠯᠵᠦ ᠠᠮᠢ ᠠᠬᠤᠢ ᠵᠢ ᠰᠠᠢᠵᠢᠷᠠᠭᠤᠯᠬᠤ ᠪᠠ ᠠᠷᠠᠳ᠎ᠢ ᠪᠠᠶᠠᠵᠢᠭᠤᠯᠬᠤ ᠱᠢᠨ᠎ᠡ ᠬᠠᠭᠤᠳᠠᠰᠤ ᠶ᠋ᠢ ᠪᠢᠴᠢᠭᠯᠡᠪᠡ
2025-09-20 11:13:38
ᠵᠣᠬᠢᠶᠠᠭ᠍ᠴᠢ᠄
ᠯᠢ ᠱᠢᠨ ᠵᠢᠶᠦ᠋ᠨ
ᠣᠩᠱᠢᠭ᠍ᠰᠠᠨ ᠣᠳᠠᠭ᠎ᠠ᠄
★★★☆☆

— ᠱᠢᠨ᠎ᠡ ᠪᠠᠷᠭᠤ ᠪᠠᠷᠠᠭᠤᠨ ᠬᠣᠱᠢᠭᠤᠨ ᠤ᠋ ᠮᠠᠩᠯᠠᠶ ᠭᠠᠴᠠᠭᠠᠨ ᠤ᠋ ᠨᠠᠮ ᠤ᠋ᠨ ᠡᠭᠦᠷ ᠲᠠᠯ᠎ᠠ ᠨᠤᠲᠤᠭ ᠤ᠋ᠨ

ᠮᠠᠯᠵᠢᠬᠤ ᠣᠷᠣᠨ ᠤ᠋ ᠣᠳᠣᠬᠢᠴᠢᠯᠠᠯᠲᠠ ᠵᠢᠨ ᠵᠠᠮ ᠢ᠋ ᠬᠠᠢᠨ ᠰᠦᠪᠡᠭ᠌ᠴᠢᠯᠡᠭ᠌ᠰᠡᠨ ᠪᠣᠳᠠᠲᠤ ᠲᠡᠮᠳᠡᠭ᠌ᠯᠡᠯ


ᠡᠭᠡ ᠤᠯᠤᠰ ᠤ᠋ᠨ ᠤᠮᠠᠷᠠᠲᠤ ᠬᠢᠯᠢ ᠵᠢᠨ ᠥᠷᠭᠡᠨ ᠠᠭᠤᠳᠠᠮ ᠲᠠᠯ᠎ᠠ ᠨᠤᠲᠤᠭ ᠲᠤ᠌ ᠪᠤᠯᠵᠦ ᠪᠠᠢᠭ᠎ᠠ ᠠᠮᠢ ᠠᠬᠤᠢ ᠵᠢᠨ ᠠᠮᠤᠷ ᠲᠦᠪᠱᠢᠨ ᠪᠣᠯᠤᠨ ᠠᠷᠠᠳ ᠤ᠋ᠨ ᠠᠮᠢᠳᠤᠷᠠᠯ ᠤ᠋ᠨ ᠬᠥᠭ᠌ᠵᠢᠯᠲᠡ ᠳ᠋ᠤ ᠬᠣᠯᠪᠣᠭ᠍ᠳᠠᠭ᠍ᠰᠠᠨ ᠭᠦᠨᠵᠡᠭᠡᠢ ᠬᠤᠪᠢᠰᠤᠯᠲᠠ ᠥᠷᠨᠢᠭᠦᠨ ᠪᠠᠳᠠᠷᠠᠩᠭᠤᠢ ᠠᠮᠢᠵᠢᠷᠠᠯ ᠤ᠋ᠨ ᠬᠦᠴᠦᠨ ᠵᠢᠡᠷ ᠪᠢᠯᠬᠠᠨ᠎ᠠ᠃

ᠳᠤᠮᠳᠠᠳᠤ ᠮᠣᠩᠭᠣᠯ ᠤ᠋ᠨ ᠬᠢᠯᠢ ᠳᠡᠭᠡᠷ᠎ᠡ ᠪᠠᠢᠷᠢᠯᠠᠵᠤ ᠪᠠᠢᠭ᠎ᠠ ᠬᠥᠯᠥᠨ ᠪᠤᠢ᠌ᠷ ᠬᠤᠳᠠ ᠵᠢᠨ ᠱᠢᠨ᠎ᠡ ᠪᠠᠷᠭᠤ ᠪᠠᠷᠠᠭᠤᠨ ᠬᠣᠱᠢᠭᠤᠨ ᠤ᠋ ᠬᠡᠷᠦᠯᠦᠨ ᠰᠤᠮᠤ ᠵᠢᠨ ᠮᠠᠩᠯᠠᠢ ᠭᠠᠴᠠᠭᠠᠨ ᠤ᠋ ᠨᠠᠮ ᠤ᠋ᠨ ᠡᠭᠦᠷ ᠪᠠᠲᠤ ᠴᠢᠩᠭ᠎ᠠ ᠤᠯᠤᠰ ᠲᠦᠷᠦ᠍ ᠵᠢᠨ ᠵᠢᠯᠤᠭᠤᠳᠤᠯᠭ᠎ᠠ ᠪᠣᠯᠤᠨ ᠠᠮᠢᠳᠤᠯᠢᠭ ᠱᠢᠨ᠎ᠡ ᠡᠭᠦᠳᠦᠯᠲᠡ ᠵᠢᠨ ᠦᠢᠯᠡᠳᠦᠯᠭᠡ ᠪᠡᠷ 《ᠮᠠᠩᠯᠠᠢ ᠵᠢᠨ ᠵᠠᠭ᠍ᠪᠤᠷ》 ᠵᠢᠡᠷ ᠭᠣᠣᠯ ᠪᠣᠯᠭᠠᠭ᠍ᠰᠠᠨ ᠮᠠᠯᠵᠢᠬᠤ ᠣᠷᠣᠨ ᠤ᠋ ᠣᠳᠣᠬᠢᠴᠢᠯᠠᠭ᠍ᠰᠠᠨ ᠬᠥᠭ᠌ᠵᠢᠯᠲᠡ ᠵᠢᠨ ᠱᠢᠨ᠎ᠡ ᠠᠷᠭ᠎ᠠ ᠵᠠᠮ ᠢ᠋ ᠠᠮᠵᠢᠯᠲᠠ᠎ᠲᠠᠶ ᠬᠠᠢᠨ ᠰᠦᠪᠡᠭ᠌ᠴᠢᠯᠡᠵᠦ᠍᠂ ᠱᠢᠨ᠎ᠡ ᠴᠠᠭ ᠦᠶ᠎ᠡ ᠵᠢᠨ ᠲᠠᠯ᠎ᠠ ᠨᠤᠲᠤᠭ ᠤ᠋ᠨ ᠮᠠᠯᠵᠢᠬᠤ ᠣᠷᠣᠨ ᠤ᠋ ᠨᠠᠮ ᠤ᠋ᠨ ᠪᠠᠢᠭᠤᠯᠤᠯᠲᠠ ᠶ᠋ᠢ ᠠᠳᠭᠤᠵᠤ ᠬᠥᠭ᠌ᠵᠢᠭᠦᠯᠦᠨ ᠮᠠᠨᠳᠤᠭᠤᠯᠬᠤ ᠶ᠋ᠢ ᠠᠬᠢᠭᠤᠯᠬᠤ ᠲᠡᠷᠢᠭᠦᠨ ᠤ᠋ ᠬᠡᠪ ᠳᠠᠭᠤᠷᠢᠶᠠᠯ ᠪᠣᠯᠪᠠ᠃

ᠬᠦᠴᠦ ᠪᠠᠨ ᠬᠠᠮᠳᠤᠳᠬᠠᠵᠦ ᠬᠦᠭᠵᠢᠬᠦ ᠰᠦᠪᠡᠭᠴᠢᠯᠡᠯ ᠠᠮᠢᠵᠢᠷᠠᠯ᠎ᠤᠨ ᠬᠦᠴᠦᠨ᠎ᠢ ᠬᠦᠭᠵᠢᠭᠡᠪᠡ

ᠮᠠᠩᠯᠠᠢ ᠭᠠᠴᠠᠭ᠎ᠠ ᠥᠷᠭᠡᠨ ᠠᠭᠤᠳᠠᠮ ᠨᠤᠲᠤᠭ ᠪᠡᠯᠴᠢᠭᠡᠷ᠎ᠲᠡᠶ᠂ ᠥᠩᠭᠡᠷᠡᠭ᠌ᠰᠡᠨ ᠳ᠋ᠤ ᠰᠠᠭᠤᠷᠢ ᠲᠥᠬᠥᠭᠡᠷᠦᠮᠵᠢ ᠪᠠᠭᠤᠷᠠᠢ᠂ ᠮᠠᠯᠴᠢᠳ ᠤᠷᠳᠤ ᠬᠤᠭᠤᠴᠠᠭ᠎ᠠ ᠪᠡᠷ ᠬᠤᠪᠢ ᠡᠷᠦᠭᠡ ᠪᠡᠷ᠎ᠢᠶᠠᠨ ᠦᠢᠯᠡᠳᠪᠦᠷᠢᠯᠡᠵᠦ᠂ ᠲᠩᠷᠢ ᠵᠢᠨ ᠴᠢᠷᠠᠢ ᠶ᠋ᠢ ᠬᠠᠷᠠᠨ ᠮᠠᠯᠵᠢᠵᠦ ᠪᠠᠢᠭᠰᠠᠨ ᠡᠴᠡ ᠠᠮᠢ ᠠᠬᠤᠢ ᠶᠠᠪᠤᠬᠤ ᠲᠤᠳᠤᠮ ᠮᠠᠭᠤᠵᠢᠷᠠᠭᠰᠨᠨ ᠪᠦᠭᠡᠳ ᠮᠠᠯᠴᠢᠳ᠎ᠤᠨ ᠠᠮᠢᠳᠤᠷᠠᠯ ᠴᠦ᠍ ᠶᠠᠳᠠᠭᠤ ᠬᠦᠴᠢᠷᠳᠡᠯᠳᠡᠢ ᠪᠠᠢᠪᠠ᠃ ᠡᠨᠡ ᠬᠦ᠌ ᠪᠠᠢᠳᠠᠯ᠎ᠢ ᠬᠤᠪᠢᠷᠠᠭᠤᠯᠬᠤ ᠵᠢᠨ ᠲᠦᠯᠦᠭᠡ ᠭᠠᠴᠠᠭᠠᠨ᠎ᠤ ᠨᠠᠮ ᠤ᠋ᠨ ᠡᠭᠦᠷ ᠠᠮᠢ ᠠᠬᠤᠢ ᠶ᠋ᠢ ᠤᠷᠢᠳ ᠵᠢᠡᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠌ ᠪᠡᠷ ᠤᠳᠤᠷᠢᠳᠤᠮᠵᠢ ᠪᠣᠯᠭᠠᠵᠤ᠂ ᠬᠦᠴᠦ ᠪᠠᠨ ᠬᠠᠮᠳᠤᠳᠬᠠᠨ ᠬᠦᠭᠵᠢᠬᠦ ᠰᠢᠨ᠎ᠡ ᠵᠠᠮ᠎ᠢ ᠰᠦᠪᠡᠭᠴᠢᠯᠡᠪᠡ᠃

《ᠤᠯᠠᠮᠵᠢᠯᠠᠯᠲᠤ ᠲᠠᠨᠢᠯᠳᠠ ᠪᠡᠨ ᠬᠤᠪᠢᠷᠠᠭᠤᠯᠬᠤ ᠪᠣᠯ ᠨᠢᠭᠡᠳᠦᠭᠡᠷ ᠠᠯᠬᠤᠮ ᠮᠥᠨ᠂ ᠪᠠᠰᠠ ᠴᠤ᠌ ᠬᠠᠮᠤᠭ ᠤ᠋ᠨ ᠬᠦᠴᠢᠷ ᠠᠯᠬᠤᠮ ᠮᠥᠨ》ᠭᠡᠵᠤ ᠭᠠᠴᠠᠭᠠᠨ ᠤ᠋ ᠨᠠᠮ ᠤ᠋ᠨ ᠡᠭᠦᠷ ᠤ᠋ᠨ ᠱᠦᠵᠢ ᠪᠥᠭᠡᠳ ᠭᠠᠴᠠᠭᠠᠨ ᠳᠠᠷᠤᠭ᠎ᠠ ᠮᠢᠵᠢᠳᠳᠣᠷᠵᠢ ᠡᠷᠭᠢᠴᠡᠭᠦᠯᠦᠨ᠎ᠡ᠃ ᠨᠠᠮ ᠤ᠋ᠨ ᠡᠭᠦᠷ ᠤ᠋ᠨ ᠤᠳᠤᠷᠢᠳᠭᠤ ᠪᠠᠭ ᠵᠠᠯᠭ᠎ᠠ ᠪᠡᠷ 3 ᠤᠳᠠᠭ᠎ᠠ ᠮᠠᠯᠴᠢᠳ ᠤ᠋ᠨ ᠶᠡᠬᠡ ᠬᠤᠷᠠᠯ ᠬᠢᠵᠦ᠂ ᠲᠥᠷᠥ ᠵᠢᠨ ᠪᠣᠳᠣᠯᠭ᠎ᠠ᠂ ᠨᠠᠷᠢᠨ ᠲᠠᠩᠰᠠ᠂ ᠵᠢᠷᠤᠭ ᠲᠥᠯᠥᠪᠯᠡᠭᠡ ᠶ᠋ᠢ ᠬᠦᠯᠢᠴᠡᠩᠭᠦᠶ ᠪᠥᠭᠡᠳ ᠨᠠᠷᠢᠨ ᠨᠢᠮᠪᠠᠶ ᠶᠠᠷᠢᠵᠤ᠂ 《ᠬᠣᠶᠠᠷ ᠵᠥᠪᠯᠡᠯ》 ᠤ᠋ᠨ ᠪᠦᠷᠢᠯᠳᠦᠬᠦᠨ ᠪᠠ ᠨᠠᠮ ᠤ᠋ᠨ ᠭᠡᠱᠢᠭᠦᠳ ᠲᠦᠷᠦᠭᠦᠯᠡᠨ ᠥᠯᠢᠭᠡᠷ ᠳᠠᠭᠤᠷᠢᠶᠠᠯ ᠪᠣᠯᠵᠣ᠂ ᠮᠠᠯᠴᠢᠳ ᠤ᠋ᠨ ᠬᠡᠷ ᠲᠤ᠌ ᠭᠦᠨᠵᠡᠭᠡᠢᠷᠡᠨ᠂ ᠮᠠᠯᠴᠢᠳ᠎ᠤᠨ ᠵᠢᠡᠨ ᠦᠵᠡᠯᠳᠡ ᠲᠠᠨᠢᠯᠳᠠ ᠵᠢ ᠬᠤᠪᠢᠷᠠᠭᠤᠯᠪᠠ᠃

2010 ᠣᠨ ᠳ᠋ᠤ᠂ ᠲᠦᠷᠦᠭᠦᠦ ᠪᠦᠯᠦᠭ ᠤ᠋ᠨ 18 ᠮᠠᠯᠴᠢᠨ ᠡᠷᠦᠬᠡ 《ᠲᠤᠷᠱᠢᠵᠤ ᠦᠵᠡᠬᠦ᠌》 ᠣᠪᠣᠷ ᠵᠢᠡᠷ ᠬᠣᠷᠱᠢᠶ᠎ᠠ ᠳ᠋ᠤ ᠣᠷᠣᠵᠤ᠂ ᠲᠤᠬᠠᠶ ᠵᠢᠨ ᠵᠢᠯ ᠳ᠋ᠤ ᠮᠠᠯ ᠮᠠᠯᠵᠢᠬᠤ ᠥᠪᠡᠷ ᠤ᠋ᠨ ᠥᠷᠲᠡᠭ ᠢ᠋ 30% ᠪᠠᠷ ᠪᠠᠭᠤᠷᠠᠭᠤᠯᠤᠨ᠂ ᠡᠷᠦᠬᠡ ᠪᠦᠷᠢ ᠵᠢᠨ ᠵᠢᠯ ᠳᠤᠮᠳᠠᠴᠢ ᠵᠢᠨ ᠣᠷᠣᠯᠭ᠎ᠠ ᠶ᠋ᠢ 1 ᠲᠦᠮᠡ ᠭᠠᠷᠤᠢ ᠲᠥᠭᠥᠷᠢᠭ ᠪᠣᠯᠭᠠᠨ ᠨᠡᠮᠡᠭᠳᠡᠭᠦᠯᠵᠤ᠂ ᠦᠯᠡᠬᠦᠦ ᠬᠦᠳᠡᠯᠮᠦᠷᠢ ᠬᠦᠴᠦ ᠨᠢ ᠬᠦᠯᠦᠰᠦᠨ ᠠᠵᠢᠯ ᠬᠢᠬᠦ ᠪᠡᠷ ᠳᠡᠮᠵᠢᠨ ᠤᠷᠤᠯᠭ᠎ᠠ ᠪᠠᠨ ᠨᠡᠮᠡᠭᠳᠡᠬᠦᠯᠵᠡᠢ᠃ 2019 ᠣᠨ ᠤ᠋ 6 ᠰᠠᠷ᠎ᠠ ᠳ᠋ᠤ᠂ ᠱᠢᠨ᠎ᠡ ᠪᠠᠷᠭᠤ ᠪᠠᠷᠠᠭᠤᠨ ᠬᠣᠱᠢᠭᠤᠨ ᠤ᠋ ᠠᠩᠬᠠᠳᠠᠭ᠍ᠴᠢ ᠬᠤᠪᠢ ᠣᠷᠣᠭᠤᠯᠬᠤ ᠳᠦᠷᠢᠮᠲᠦ ᠲᠤᠰᠭᠠᠶ ᠬᠣᠷᠱᠢᠶ᠎ᠠ — ᠮᠠᠩᠯᠠᠶ ᠮᠠᠯ ᠠᠵᠤ ᠠᠬᠤᠶ ᠵᠢᠨ ᠲᠤᠰᠭᠠᠶ ᠬᠣᠷᠱᠢᠶ᠎ᠠ ᠵᠢᠩᠬᠢᠨᠢ ᠪᠡᠷ ᠪᠠᠢᠭᠤᠯᠤᠭ᠍ᠳᠠᠵᠤ᠂ 65 ᠡᠷᠦᠬᠡ ᠮᠠᠯᠴᠢᠨ ᠨᠤᠲᠤᠭ ᠪᠡᠯᠴᠢᠭᠡᠷ ᠪᠠ ᠮᠠᠯ ᠣᠨᠣᠭ᠎ᠠ ᠪᠡᠷ ᠵᠢᠡᠨ ᠬᠤᠪᠢ ᠣᠷᠣᠭᠤᠯᠵᠤ᠂ ᠪᠦᠬᠦ ᠭᠠᠴᠠᠭᠠᠨ᠎ᠤ ᠬᠣᠷᠱᠢᠶ᠎ᠠ ᠳ᠋ᠤ ᠤᠷᠤᠭ᠍ᠰᠠᠨ ᠨᠣᠷᠮ᠎ᠠ 54% ᠳ᠋ᠤ ᠬᠦᠷᠴᠡᠶ᠃

ᠨᠠᠮ ᠤ᠋ᠨ ᠡᠭᠦᠷ ᠤ᠋ᠨ ᠡᠭᠦᠰᠭᠡᠨ ᠪᠠᠢᠭᠤᠯᠤᠭ᠍ᠴᠢ ᠪᠣᠯᠬᠤ ᠪᠡᠷ ᠪᠠᠷᠠᠬᠤ ᠦᠭᠡᠢ ᠨᠡᠩ ᠴᠤ᠌ ᠪᠠᠲᠤ ᠪᠡᠬᠢ ᠲᠦᠱᠢᠭ ᠲᠤᠯᠭᠠᠭᠤᠷᠢ ᠪᠣᠯᠤᠨ᠎ᠠ᠃ 5 ᠵᠢᠯ ᠤ᠋ᠨ ᠲᠤᠷᠰᠢ᠂ ᠬᠣᠷᠱᠢᠶ᠎ᠠ ᠵᠢᠨ ᠴᠡᠪᠡᠷ ᠣᠷᠣᠯᠭ᠎ᠠ 2400 ᠲᠦᠮᠡᠨ ᠲᠥᠭᠥᠷᠢᠭ ᠢ᠋ ᠳᠠᠪᠠᠵᠤ᠂ ᠬᠤᠷᠰᠢᠶ᠎ᠡ ᠵᠢᠨ ᠭᠡᠱᠢᠭᠦᠳ ᠲᠤ᠌ 877 ᠲᠦᠮᠡᠨ ᠲᠥᠭᠥᠷᠢᠭ ᠤ᠋ᠨ ᠦᠯᠡᠳᠡᠪᠦᠷᠢ ᠤᠷᠤᠯᠭ᠎ᠠ ᠶ᠋ᠢ ᠪᠤᠴᠠᠭᠠᠪᠠ᠃ ᠮᠠᠯᠴᠢᠳ ᠤ᠋ᠨ ᠠᠮᠢᠳᠤᠷᠠᠯ ᠰᠠᠢᠵᠢᠷᠠᠬᠤ ᠵᠢ ᠲᠠᠭᠠᠯᠳᠤᠨ ᠨᠠᠮ ᠤ᠋ᠨ ᠵᠣᠬᠢᠶᠠᠨ ᠪᠠᠢᠭᠤᠯᠤᠯᠲᠠ ᠶ᠋ᠢ ᠢᠲᠡᠭᠡᠬᠦ᠌ ᠪᠠ ᠲᠦᠱᠢᠭ᠌ᠯᠡᠬᠦ᠌ ᠰᠡᠳᠭᠢᠯᠭᠡ ᠨᠢ ᠴᠤ᠌ ᠡᠳᠦᠷ ᠢᠷᠡᠬᠦᠶ᠎ᠡ ᠨᠡᠮᠡᠭ᠌ᠳᠡᠪᠡ᠃

ᠤᠯᠠᠨ ᠡᠰᠢᠳᠦ ᠰᠢᠨ᠎ᠡ ᠡᠬᠦᠳᠦᠯᠳᠡ ᠠᠮᠢ ᠠᠬᠤᠢ ᠵᠢᠨ ᠬᠠᠯᠬᠠᠪᠴᠢ ᠵᠢ ᠪᠠᠳᠤ ᠴᠤᠭᠴᠠᠯᠠᠪᠠ

《ᠮᠠᠩᠯᠠᠢ ᠵᠢᠨ ᠵᠠᠭ᠍ᠪᠤᠷ》 ᠤ᠋ᠨ ᠴᠦᠮ᠎ᠠ ᠨᠢ 《ᠪᠡᠯᠴᠢᠭᠡᠷ ᠵᠢᠡᠷ ᠮᠠᠯ ᠵᠢᠡᠨ ᠲᠣᠭ᠍ᠲᠠᠭᠠᠵᠤ᠂ ᠮᠠᠯ ᠪᠡᠯᠴᠢᠭᠡᠷ ᠵᠢᠡᠨ ᠲᠡᠩᠴᠡᠭᠦᠷᠢ᠎ᠲᠡᠶ ᠪᠠᠢᠯᠭᠠᠬᠤ》 ᠶᠠᠪᠤᠳᠠᠯ ᠪᠣᠯᠤᠨ᠎ᠠ᠃ ᠨᠠᠮ ᠤ᠋ᠨ ᠡᠭᠦᠷ ᠠᠮᠢ ᠠᠬᠤᠶ ᠵᠢᠨ ᠬᠠᠮᠠᠭᠠᠯᠠᠯᠲᠠ ᠶ᠋ᠢ ᠠᠯᠢᠪᠠ ᠬᠥᠭ᠌ᠵᠢᠯᠲᠡ ᠵᠢᠨ ᠤᠷᠢᠲᠠᠯ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠮᠠᠯ ᠪᠡᠯᠴᠢᠭᠡᠷ᠎ᠤᠨ ᠵᠢᠡᠨ ᠭᠡᠮᠵᠢᠶ᠎ᠡ ᠵᠢ ᠦᠨᠳᠦᠰᠦᠯᠡᠨ ᠬᠤᠪᠢ ᠤᠷᠤᠭᠤᠯᠬᠤ ᠲᠣᠭ᠍ᠲᠠᠴᠠ ᠶ᠋ᠢᠨ ᠱᠢᠨ᠎ᠡ ᠵᠢ ᠡᠬᠦᠳᠦᠨ ᠲᠥᠯᠥᠪᠯᠡᠨ ᠭᠠᠷᠭᠠᠪᠠ᠃

《ᠪᠢᠳᠡ 16 ᠮᠥ᠍ ᠪᠡᠯᠴᠢᠭᠡᠷ ᠲᠤ᠌ 1 ᠬᠣᠨᠢ ᠮᠠᠯᠵᠢᠬᠤ ᠶ᠋ᠢ 1 ᠬᠤᠪᠢ ᠪᠡᠷ ᠪᠤᠳᠤᠵᠦ᠂ ᠨᠤᠲᠤᠭ ᠪᠡᠯᠴᠢᠭᠡᠷ ᠤ᠋ᠨ ᠲᠦᠷᠢᠶᠡᠰᠦᠯᠡᠬᠦ᠌ ᠬᠤᠭᠤᠴᠠᠭ᠎ᠠ ᠪᠠ ᠮᠠᠯ᠎ᠤᠨ ᠦᠨ᠎ᠡ ᠬᠠᠩᠰᠢ ᠶ᠋ᠢ ᠶᠡᠷᠦᠩᠬᠡᠢᠯᠡᠨ ᠪᠤᠳᠤᠵᠦ᠂ ᠬᠤᠪᠢ ᠪᠦᠷᠢ ᠵᠢᠨ ᠥᠷᠲᠡᠭ ᠢ᠋ ᠲᠣᠭ᠍ᠲᠠᠭᠠᠪᠠ᠃ ᠡᠨᠡ ᠬᠦ᠌ ᠲᠣᠭ᠍ᠲᠠᠴᠠ᠎ᠨᠢ ᠬᠣᠷᠱᠢᠶ᠎ᠠ ᠵᠢᠨ ᠬᠡᠪᠴᠢᠶ᠎ᠡ ᠶ᠋ᠢ ᠨᠤᠲᠤᠭ ᠪᠡᠯᠴᠢᠭᠡᠷ ᠤ᠋ᠨ ᠳᠠᠭᠠᠭᠠᠴᠠ ᠵᠢᠨ ᠬᠡᠪᠴᠢᠶᠡᠨ ᠳ᠋ᠤ ᠴᠢᠩᠭ᠎ᠠ ᠬᠢᠵᠠᠭᠠᠷᠯᠠᠬᠤ ᠶ᠋ᠢ ᠦᠨᠡᠨ ᠬᠦ᠌ ᠪᠠᠲᠤᠯᠠᠪᠠ》 ᠭᠡᠵᠤ ᠮᠢᠵᠢᠳᠳᠣᠷᠵᠢ ᠬᠡᠯᠡᠨ᠎ᠡ᠃

ᠰᠡᠯᠭᠦᠨ ᠮᠠᠯᠵᠢᠬᠤ ᠪᠠ ᠪᠡᠯᠴᠢᠭᠡᠷ ᠢ᠋ ᠠᠮᠠᠷᠠᠭᠤᠯᠬᠤ ᠶ᠋ᠢ ᠪᠣᠳᠠᠲᠠᠶ ᠳ᠋ᠤ ᠨᠠᠢᠳᠠᠪᠤᠷᠢᠵᠢᠭᠤᠯᠬᠤ ᠶ᠋ᠢ ᠪᠠᠲᠤᠯᠠᠬᠤ ᠵᠢᠨ ᠲᠥᠯᠥᠭᠡ᠂ ᠮᠠᠩᠯᠠᠶ ᠭᠠᠴᠠᠭᠠᠨ ᠤ᠋ ᠨᠠᠮ ᠤ᠋ᠨ ᠡᠭᠦᠷ ᠲᠦᠷᠦᠭᠦᠯᠡᠨ 《ᠨᠢᠭᠡᠳᠦᠯᠲᠡᠶ ᠲᠥᠯᠥᠪᠵᠢᠭᠦᠯᠬᠦ᠌᠂ ᠨᠢᠭᠡᠳᠦᠯᠲᠡᠶ ᠡᠵᠡᠩᠨᠡᠬᠦ᠌᠂ ᠨᠢᠭᠡᠳᠦᠯᠲᠡᠶ ᠬᠠᠳᠤᠵᠤ ᠬᠤᠷᠢᠶᠠᠬᠤ》 ᠬᠠᠮᠢᠶᠠᠷᠤᠯᠲᠠ ᠵᠢᠨ ᠲᠣᠭ᠍ᠲᠠᠴᠠ ᠶ᠋ᠢ ᠪᠠᠢᠭᠤᠯᠵᠤ᠂ 12 ᠮᠠᠯᠵᠢᠬᠤ ᠴᠡᠭ ᠢ᠋ ᠱᠢᠨᠵᠢᠯᠡᠬᠦ᠌ ᠤᠬᠠᠭᠠᠨᠴᠢ ᠪᠡᠷ ᠲᠣᠬᠢᠷᠠᠭᠤᠯᠤᠨ᠂ 3 ᠨᠠᠮ ᠤ᠋ᠨ ᠭᠡᠱᠢᠭᠦᠨ ᠪᠠ ᠭᠤᠤᠯᠯᠠᠭ᠍ᠴᠢ ᠮᠠᠯᠴᠢᠳ ᠢ᠋ ᠰᠣᠩᠭᠣᠨ ᠬᠤᠳᠠ ᠤᠰᠤᠨ᠎ᠤ ᠪᠠᠨ ᠲᠠᠭᠠᠭᠤᠯᠤᠬᠴᠢ ᠪᠣᠯᠭᠠᠵᠤ᠂ ᠠᠮᠢ ᠠᠬᠤᠶ ᠵᠢᠨ ᠬᠠᠮᠢᠶᠠᠷᠤᠯᠲᠠ ᠵᠢᠨ ᠬᠠᠷᠢᠭᠤᠴᠠᠯᠭ᠎ᠠ ᠶ᠋ᠢ ᠪᠣᠳᠠᠲᠠᠶ ᠨᠠᠢᠳᠠᠪᠤᠷᠢᠵᠢᠭᠤᠯᠪᠠ᠃

《ᠪᠢᠳᠡ ᠲᠤᠷᠱᠢᠯᠭ᠎ᠠ᠎ᠲᠠᠶ ᠬᠣᠨᠢᠴᠢᠨ ᠬᠥᠯᠥᠰᠥᠯᠡᠵᠦ᠍ ᠮᠠᠯ ᠵᠢᠡᠨ ᠬᠠᠷᠢᠭᠤᠯᠤᠭᠤᠯᠪᠠᠯ ᠰᠠᠶᠢ ᠮᠠᠯᠴᠢᠳ ᠰᠠᠨᠠᠭ᠎ᠠ ᠠᠮᠤᠷ ᠬᠦᠯᠦᠰᠦᠨ ᠠᠵᠢᠯ ᠬᠢᠵᠦ᠍ ᠴᠢᠳᠠᠨ᠎ᠠ》 ᠭᠡᠵᠦ᠍ ᠬᠣᠲᠠ ᠤᠰᠤᠨ᠎ᠤ ᠲᠠᠭᠠᠭᠤᠯᠤᠬᠴᠢ ᠪᠣᠯᠣᠳᠪᠠᠭᠠᠲᠤᠷ ᠬᠡᠯᠡᠪᠡ᠃ ᠲᠤᠰᠭᠠᠢᠵᠢᠭ᠍ᠰᠠᠨ ᠠᠵᠢᠯ ᠤ᠋ᠨ ᠬᠤᠪᠢᠶᠠᠷᠢᠯᠠᠯ᠎ᠨᠢ ᠬᠥᠳᠡᠯᠮᠦᠷᠢ ᠬᠦᠴᠦᠨ ᠤ᠋ ᠲᠣᠬᠢᠷᠠᠭᠤᠯᠤᠯᠲᠠ ᠶ᠋ᠢ ᠱᠢᠯᠢᠳᠡᠭ᠌ᠵᠢᠭᠦᠯᠦᠭ᠌ᠰᠡᠨ ᠵᠢᠡᠷ ᠪᠠᠷᠠᠬᠤ ᠥᠬᠡᠶ᠂ ᠨᠠᠩ ᠴᠤ᠌ ᠨᠤᠲᠤᠭ ᠪᠡᠯᠴᠢᠭᠡᠷ ᠤ᠋ᠨ ᠠᠮᠢ ᠠᠬᠤᠶ ᠵᠢᠨ ᠬᠠᠮᠠᠭᠠᠯᠠᠯᠲᠠ ᠶ᠋ᠢ ᠨᠡᠩ ᠪᠦᠲᠦᠮᠵᠢᠳᠡᠢ ᠪᠤᠯᠭᠠᠪᠠ᠃ ᠣᠳᠣᠬᠠᠨ ᠳ᠋ᠤ᠂ ᠨᠤᠲᠤᠭ ᠪᠡᠯᠴᠢᠭᠡᠷ ᠤ᠋ᠨ ᠤᠷᠭᠤᠮᠠᠯ ᠤ᠋ᠨ ᠬᠤᠴᠢᠯᠭ᠎ᠠ ᠵᠢᠨ ᠪᠦᠷᠬᠦᠴᠡ ᠢᠯᠡᠳᠲᠡ ᠳᠡᠭᠡᠭ᠌ᠰᠢᠯᠡᠵᠦ᠍᠂ 《ᠮᠠᠩᠯᠠᠶ ᠵᠢᠨ ᠵᠠᠭ᠍ᠪᠤᠷ》 ᠨᠢ ᠥᠪᠡᠷᠲᠡᠭᠡᠨ ᠵᠠᠰᠠᠬᠤ ᠣᠷᠣᠨ ᠤ᠋ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠬᠦᠯᠬᠦ ᠠᠰᠠᠭᠤᠳᠠᠯ ᠢ᠋ ᠱᠢᠶ᠋ᠳᠪᠦᠷᠢᠯᠡᠭ᠌ᠰᠡᠨ ᠨᠡᠢᠲᠡᠯᠢᠭ ᠬᠡᠷᠡᠭ ᠤ᠋ᠨ ᠵᠢᠱ᠌ᠢᠶ᠎ᠡ ᠪᠣᠯᠵᠠᠶ᠃

ᠤᠯᠠᠨ ᠡᠰᠢᠳᠤ ᠡᠵᠡᠩᠨᠡᠯᠳᠡ ᠵᠢ ᠠᠭᠤᠰᠤᠯᠴᠠᠭᠤᠯᠵᠦ ᠮᠠᠯᠴᠢᠳ᠎ᠢ ᠪᠠᠶᠠᠵᠢᠯ᠎ᠤᠨ ᠵᠠᠮ ᠵᠢᠡᠷ ᠲᠠᠭᠠᠭᠤᠯᠪᠠ

ᠠᠮᠢ ᠠᠬᠤᠶ ᠵᠢᠨ ᠰᠠᠭᠤᠷᠢ ᠶ᠋ᠢ ᠪᠠᠲᠤᠳᠭᠠᠭ᠍ᠰᠠᠨ ᠰᠠᠭᠤᠷᠢᠨ ᠳᠡᠭᠡᠷ᠎ᠡ᠂ ᠮᠠᠩᠯᠠᠶ ᠭᠠᠴᠠᠭᠠᠨ ᠤ᠋ ᠨᠠᠮ ᠤ᠋ᠨ ᠡᠭᠦᠷ ᠢᠮᠠᠭ᠍ᠲᠠ ᠮᠠᠯᠴᠢᠳ ᠤ᠋ᠨ ᠣᠷᠣᠯᠭ᠎ᠠ ᠵᠢᠨ ᠨᠡᠮᠡᠭ᠌ᠳᠡᠯ ᠢ᠋ ᠠᠬᠢᠭᠤᠯᠬᠤ᠂ ᠬᠠᠮᠲᠤ ᠪᠡᠷ ᠴᠢᠨᠡᠭᠡᠯᠢᠭ᠌ᠵᠢᠬᠦ᠌ ᠡᠨᠡ ᠬᠦ᠌ ᠭᠤᠤᠯ ᠬᠠᠷᠠᠯᠲᠠ ᠶ᠋ᠢ ᠪᠡᠶᠡᠯᠡᠭᠦᠯᠬᠦ᠌᠎ᠲᠡᠶ ᠨᠢᠭ᠍ᠲᠠ ᠤᠶᠠᠯᠳᠤᠭᠤᠯᠤᠨ᠂ ᠬᠣᠷᠱᠢᠶ᠎ᠠ ᠵᠢᠨ ᠲᠠᠪᠴᠠᠩ ᠵᠢᠡᠷ ᠳᠠᠮᠵᠢᠭᠤᠯᠤᠨ ᠠᠮᠢ ᠠᠬᠤᠶ ᠵᠢᠨ ᠳᠠᠪᠠᠭᠤᠯᠢᠭ ᠢ᠋ ᠠᠵᠤ ᠠᠬᠤᠶ ᠵᠢᠨ ᠳᠠᠪᠠᠭᠤᠯᠢᠭ ᠪᠣᠯᠭᠠᠨ ᠬᠤᠪᠢᠷᠠᠭᠤᠯᠪᠠ᠃

ᠮᠠᠯᠴᠢᠨ ᠵᠠᠮᠪᠠᠯᠪᠠᠪᠤ ᠬᠤᠷᠰᠢᠶᠠᠨ᠎ᠤ ᠪᠠᠨ ᠬᠤᠨᠢ ᠵᠢ ᠬᠠᠷᠢᠭᠤᠯᠤᠭᠠᠳ ᠲᠣᠭ᠍ᠲᠠᠮᠠᠯ ᠴᠠᠯᠢᠩ ᠠᠪᠴᠤ᠌ ᠪᠠᠢᠬᠤ ᠪᠡᠷ ᠪᠠᠷᠠᠬᠤ ᠦᠭᠡᠶ᠂ ᠮᠠᠯ ᠪᠡᠯᠴᠢᠭᠡᠷ ᠵᠢᠡᠷ ᠵᠢᠡᠨ ᠬᠤᠪᠢ ᠤᠷᠤᠵᠦ᠂ ᠠᠰᠢᠬ ᠤᠷᠤᠯᠭ᠎ᠠ ᠬᠤᠪᠢᠶᠠᠷᠢᠯᠠᠳᠠᠭ᠃ 2024 ᠣᠨ ᠳ᠋ᠤ᠂ ᠲᠡᠷᠡ 200 ᠡᠮ᠎ᠡ ᠬᠣᠨᠢ ᠪᠡᠷ ᠵᠢᠡᠨ ᠬᠤᠷᠰᠢᠶ᠎ᠠ᠎ᠳᠤ ᠬᠤᠪᠢ ᠤᠷᠤᠵᠤ᠂ ᠵᠢᠯ ᠳ᠋ᠤ 2 ᠲᠦᠮᠡ ᠭᠠᠷᠤᠶ ᠲᠥᠭᠥᠷᠢᠭ ᠤ᠋ᠨ ᠠᠱᠢᠭ ᠤᠷᠤᠯᠭ᠎ᠠ ᠬᠤᠪᠢᠶᠠᠷᠢᠯᠠᠨ ᠤᠯᠤᠭᠰᠠᠨ ᠡᠴᠡ ᠪᠥᠬᠥ᠌ ᠵᠢᠯ ᠤ᠋ᠨ ᠴᠡᠪᠡᠷ ᠣᠷᠣᠯᠭ᠎ᠠ᠎ᠨᠢ 11 ᠲᠦᠮᠡᠨ ᠲᠥᠭᠥᠷᠢᠭ ᠢ᠋ ᠳᠠᠪᠠᠵᠠᠶ᠃

ᠮᠠᠩᠯᠠᠶ ᠭᠠᠴᠠᠭᠠᠨ ᠤ᠋ ᠨᠠᠮ ᠤ᠋ᠨ ᠡᠭᠦᠷ ᠳᠠᠭᠠᠭᠤᠯᠤᠭᠴᠢ ᠠᠵᠤ ᠠᠬᠤᠢᠯᠠᠯ᠎ᠲᠠᠶ ᠬᠠᠮᠲᠤᠷᠠᠨ ᠠᠵᠢᠯᠯᠠᠬᠤ ᠶ᠋ᠢ ᠢᠳᠡᠪᠬᠢᠲᠡᠶ ᠠᠬᠢᠭᠤᠯᠵᠤ᠂ 2024 ᠣᠨ ᠳ᠋ᠤ ᠬᠥᠯᠥᠨ ᠪᠣᠢᠷ ᠤ᠋ᠨ ᠰᠢᠶᠤᠤ ᠹᠸᠢ ᠶᠠᠩ ᠺᠣᠮᠫᠠᠨᠢ᠎ᠲᠠᠶ ᠵᠠᠬᠢᠶᠠᠯᠠᠭ᠎ᠠ᠎ᠲᠣᠭ᠍ᠲᠠᠵᠤ᠂ ᠬᠦᠭᠵᠢᠶᠡᠨᠲᠡᠢ ᠤᠯᠠᠷᠢᠯ᠎ᠳᠠᠬᠢ ᠬᠠᠮᠤᠭ ᠤ᠋ᠨ ᠥᠨᠳᠥᠷ ᠦᠨ᠎ᠡ ᠪᠡᠷ ᠳ᠋ᠦᠩᠨᠡᠨ ᠪᠤᠳᠤᠵᠤ᠂ ᠬᠤᠷᠠᠭ᠎ᠠ ᠪᠦᠷᠢ ᠵᠢᠨ ᠬᠤᠳᠠᠯᠳᠤᠬᠤ ᠦᠨ᠎ᠡ ᠨᠢ ᠵᠢᠵᠢᠭ᠌ᠯᠡᠨ ᠬᠤᠳᠠᠯᠳᠤᠬᠤ ᠦᠨ᠎ᠡ ᠡᠴᠡ 25 ᠲᠥᠭᠥᠷᠢᠭ ᠥᠨᠳᠥᠷ ᠪᠠᠢᠵᠤ᠂ ᠪᠥᠬᠥ᠌ ᠵᠢᠯ ᠤ᠋ᠨ ᠡᠵᠡᠩᠨᠡᠯᠲᠡ ᠵᠢᠨ ᠣᠷᠣᠯᠭ᠎ᠠ 440.87 ᠲᠦᠮᠡᠨ ᠲᠥᠭᠥᠷᠢᠭ ᠲᠤ᠌ ᠬᠦᠷᠴᠦ᠍᠂ ᠮᠠᠯᠴᠢᠳ ᠲᠤ᠌ ᠬᠡᠪᠴᠢᠶᠡᠲᠦ ᠡᠵᠡᠩᠨᠡᠯᠲᠡ ᠪᠠ ᠨᠠᠷᠠᠲᠤ ᠲᠡᠮᠳᠡᠭ ᠤ᠋ᠨ ᠦᠨ᠎ᠡ ᠴᠡᠨ᠎ᠡ ᠵᠢᠨ ᠨᠡᠮᠡᠭᠳᠡᠯ ᠤ᠋ᠨ᠎ᠠᠱᠢᠭ ᠢ᠋ ᠦᠨᠡᠨ ᠬᠦ᠌ ᠡᠳ᠋ᠯᠡᠭᠦᠯᠪᠡ᠃

ᠠᠮᠢ ᠠᠬᠤᠶ ᠵᠢᠨ ᠰᠠᠢᠵᠢᠷᠠᠯᠲᠠ ᠨᠢ ᠣᠯᠠᠨ ᠡᠱᠢᠲᠦ ᠠᠵᠤ ᠦᠶ᠋ᠯᠡᠰ ᠤ᠋ᠨ ᠬᠥᠭ᠌ᠵᠢᠯᠲᠡ ᠳ᠋ᠤ ᠨᠥᠬᠥᠴᠡᠯ ᠪᠦᠷᠢᠯᠳᠦᠭᠦᠯᠵᠦ᠍ ᠥᠭ᠌ᠴᠡᠶ᠃ ᠮᠠᠩᠯᠠᠶ ᠭᠠᠴᠠᠭᠠᠨ ᠤ᠋ ᠨᠠᠮ ᠤ᠋ᠨ ᠡᠭᠦᠷ ᠮᠠᠯᠴᠢᠳ ᠢ᠋ ᠳᠠᠭᠠᠭᠤᠯᠤᠨ ᠡᠬᠢ ᠪᠠᠶᠠᠯᠢᠭ ᠢ᠋ ᠭᠦᠨ ᠠᠭᠤᠳᠠᠯᠵᠤ᠂ 《ᠲᠠᠯ᠎ᠠ ᠨᠤᠲᠤᠭ ᠤ᠋ᠨ ᠵᠢᠭᠤᠯᠴᠢᠯᠠᠯ +》 ᠱᠢᠨ᠎ᠡ ᠡᠵᠡᠩᠨᠡᠯᠲᠡ ᠵᠢᠨ ᠬᠡᠯᠪᠡᠷᠢ ᠶ᠋ᠢ ᠥᠷᠭᠡᠳᠭᠡᠪᠡ᠃ ᠮᠢᠵᠢᠳ ᠬᠡᠷ ᠪᠦᠯᠢ ᠵᠢᠨ ᠮᠠᠯᠵᠢᠯ ᠤ᠋ᠨ ᠲᠠᠯᠠᠪᠠᠶ᠎ᠨᠢ ᠠᠮᠢ ᠠᠬᠤᠶ ᠵᠢᠨ ᠥᠩᠭᠡ ᠦᠵᠡᠮᠵᠢ ᠳ᠋ᠤ ᠲᠦᠱᠢᠭ᠌ᠯᠡᠨ᠂ ᠵᠢᠯ ᠳ᠋ᠤ 790 ᠭᠠᠷᠤᠶ ᠵᠢᠭᠤᠯᠴᠢᠯᠠᠭᠰᠠᠳ ᠢ᠋ ᠭᠥᠯᠢᠶᠡᠨ ᠠᠪᠴᠤ᠌᠂ 119 ᠲᠦᠮᠡᠨ ᠲᠥᠭᠥᠷᠢᠭ ᠤ᠋ᠨ ᠡᠵᠡᠩᠨᠡᠯᠲᠡ ᠵᠢᠨ ᠣᠷᠣᠯᠭ᠎ᠠ ᠡᠭᠦᠳᠪᠡ; ᠬᠡᠷᠦᠯᠦᠨ ᠵᠤᠰᠠᠯᠠᠩ ᠨᠢ ᠬᠢᠯᠢ ᠵᠢᠨ ᠮᠠᠯᠴᠢᠳ ᠤ᠋ᠨ ᠠᠮᠢᠳᠤᠷᠠᠯ ᠢ᠋ ᠪᠡᠶᠡᠴᠢᠯᠡᠨ ᠣᠢᠯᠠᠭᠠᠬᠤ ᠲᠥᠷᠥᠯ ᠵᠦᠶ᠋ᠯ ᠵᠢᠡᠷ 2500 ᠵᠢᠭᠤᠯᠴᠢᠯᠠᠭᠰᠠᠳ ᠢ᠋ ᠬᠦᠯᠢᠶᠡᠨ ᠠᠪᠴᠤ᠂ 180 ᠲᠦᠮᠡᠨ ᠲᠥᠭᠥᠷᠢᠭ ᠤ᠋ᠨ ᠣᠷᠣᠯᠭ᠎ᠠ ᠤᠯᠪᠠ᠃

ᠨᠠᠮ ᠤ᠋ᠨ ᠪᠠᠢᠭᠤᠯᠤᠯᠲᠠ ᠪᠡᠷ ᠬᠥᠲᠥᠯᠥᠨ ᠲᠠᠭᠠᠭᠤᠯᠵᠦ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ᠎ᠳᠤ ᠲᠠᠯ᠎ᠠ ᠨᠤᠲᠤᠭ ᠤ᠋ᠨ ᠵᠠᠭ᠍ᠪᠤᠷ ᠢ᠋ ᠡᠭᠦᠳᠪᠡ

ᠲᠥᠪ ᠤ᠋ᠨ ᠨᠠᠶ᠋ᠮᠠᠨ ᠲᠣᠭ᠍ᠲᠠᠭᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ ᠡᠴᠡ ᠨᠠᠭᠠᠰᠢ᠂ ᠮᠠᠩᠯᠠᠶ ᠭᠠᠴᠠᠭᠠᠨ ᠤ᠋ ᠨᠠᠮ ᠤ᠋ᠨ ᠡᠭᠦᠷ ᠡᠯ᠎ᠡ ᠵᠦᠶ᠋ᠯ ᠤ᠋ᠨ ᠱᠠᠭᠠᠷᠳᠠᠯᠭ᠎ᠠ ᠶ᠋ᠢ ᠪᠥᠬᠥ᠌ ᠲᠠᠯ᠎ᠠ ᠪᠡᠷ ᠨᠠᠢᠳᠠᠪᠤᠷᠢᠵᠢᠭᠤᠯᠵᠤ᠂ ᠨᠠᠮ ᠤ᠋ᠨ ᠭᠡᠱᠢᠭᠦᠳ ᠤ᠋ᠨ ᠶᠡᠬᠡ ᠬᠤᠷᠠᠯ ᠵᠢᠡᠷ ᠳᠠᠮᠵᠢᠨ ᠭᠠᠴᠠᠭᠠᠨ ᠤ᠋ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢᠨ ᠳᠤᠮᠳᠠᠬᠢ ᠪᠠᠯᠠ ᠮᠥᠩᠭᠥ ᠵᠢᠨ ᠬᠡᠷᠡᠭ᠌ᠯᠡᠯᠲᠡ ᠵᠢᠨ ᠪᠠᠢᠳᠠᠯ ᠢ᠋ ᠭᠦᠨᠵᠡᠭᠡᠶ ᠶᠠᠷᠢᠯᠴᠠᠨ ᠵᠢᠷᠤᠮᠵᠢᠭᠤᠯᠵᠤ᠂ ᠪᠠᠯᠠ ᠮᠥᠩᠭᠥ ᠵᠢᠨ ᠬᠡᠷᠡᠭ᠌ᠯᠡᠯᠲᠡ᠎ᠨᠢ ᠢᠯᠡ ᠲᠣᠳᠣ᠂ ᠵᠦᠶ ᠵᠣᠬᠢᠰᠲᠠᠶ ᠪᠠᠢᠬᠤ ᠶ᠋ᠢ ᠪᠠᠲᠤᠯᠠᠨ᠂ ᠢᠯᠵᠢᠷᠠᠮᠠᠯ ᠦᠶ᠋ᠯᠡ ᠠᠵᠢᠯᠯᠠᠭ᠎ᠠ ᠡᠭᠦᠰᠭᠦ ᠶ᠋ᠢ ᠡᠬᠢ ᠡᠭᠦᠰᠦᠯ ᠡᠴᠡ᠎ᠨᠢ ᠰᠡᠷᠭᠡᠢᠯᠡᠨ ᠬᠣᠷᠢᠭ᠍ᠯᠠᠪᠠ᠃ ᠡᠭᠦᠨ ᠤ᠋ ᠬᠠᠮᠲᠤ᠂ ᠠᠷᠠᠳ ᠲᠤ᠌ ᠲᠥᠬᠥᠮ ᠦᠵᠡᠭᠦᠯᠬᠦ᠌ ᠦᠶ᠋ᠯᠡᠴᠢᠯᠡᠭᠡᠨ ᠤ᠋ ᠴᠤᠩᠬᠤᠪᠴᠢ ᠭᠠᠷᠭᠠᠵᠤ᠂ ᠮᠠᠯᠴᠢᠳ ᠤ᠋ᠨ ᠡᠯ᠎ᠡ ᠵᠦᠶ᠋ᠯ ᠤ᠋ᠨ ᠬᠡᠷᠡᠭ ᠶᠠᠪᠤᠳᠠᠯ ᠢ᠋ ᠲᠥᠪᠯᠡᠷᠡᠭᠦᠯᠦᠨ ᠭᠦᠶ᠋ᠴᠡᠳᠭᠡᠵᠦ᠍᠂ ᠮᠠᠯᠴᠢᠳ᠎ᠢ ᠤᠯᠠᠨ ᠤᠳᠠᠭ᠎ᠠ ᠭᠦᠶᠦᠬᠦ᠌ ᠡᠴᠡ ᠵᠠᠢᠯᠠᠭᠤᠯᠪᠠ᠃

ᠣᠯᠠᠨ ᠵᠦᠶ᠋ᠯ ᠤ᠋ᠨ ᠠᠷᠭ᠎ᠠ ᠬᠡᠮᠵᠢᠶ᠎ᠡ ᠪᠡᠷ ᠳᠡᠮᠵᠢᠨ ᠮᠠᠩᠯᠠᠶ ᠭᠠᠴᠠᠭᠠᠨ ᠤ᠋ ᠨᠠᠮ ᠤ᠋ᠨ ᠡᠭᠦᠷ ᠮᠠᠯᠴᠢᠳ ᠤ᠋ᠨ ᠰᠡᠳᠭᠢᠯ ᠳ᠋ᠤ ᠰᠠᠢᠨ ᠰᠠᠢᠬᠠᠨ ᠳᠦᠷᠢ ᠲᠥᠷᠬᠦ᠌ ᠶ᠋ᠢ ᠱᠤᠭᠤᠵᠦ᠂ ᠨᠠᠮ ᠤ᠋ᠨ ᠵᠣᠬᠢᠶᠠᠨ ᠪᠠᠢᠭᠤᠯᠤᠯᠲᠠ ᠵᠢᠨ ᠨᠢᠭ᠍ᠲᠠᠷᠠᠯ ᠬᠦᠴᠦᠨ ᠪᠠ ᠳᠠᠢᠴᠢᠨ ᠬᠦᠴᠦᠨ ᠢ᠋ ᠴᠢᠩᠭᠠᠷᠠᠭᠤᠯᠪᠠ᠃ ᠮᠠᠩᠯᠠᠶ ᠭᠠᠴᠠᠭᠠᠨ ᠤ᠋ ᠨᠠᠮ ᠤ᠋ᠨ ᠡᠭᠦᠷ ᠤ᠋ᠨ ᠬᠠᠢᠨ ᠰᠥᠪᠡᠭ᠌ᠴᠢᠯᠡᠯᠲᠡ ᠵᠢᠨ ᠦᠶ᠋ᠯᠡᠳᠦᠯᠭᠡ ᠨᠢ ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠵᠢᠨ ᠬᠦᠴᠦᠷᠬᠡᠭ ᠶᠡᠬᠡ ᠵᠣᠬᠢᠶᠠᠨ ᠪᠠᠢᠭᠤᠯᠬᠤ ᠬᠦᠴᠦᠨ ᠪᠠ ᠱᠢᠨ᠎ᠡ ᠶ᠋ᠢ ᠡᠭᠦᠳᠬᠦ᠌ ᠬᠦᠴᠦᠨ ᠢ᠋ ᠢᠯᠡᠷᠡᠭᠦᠯᠵᠦ᠍᠂ ᠮᠠᠯᠴᠢᠳ ᠢ᠋ ᠳᠠᠭᠠᠭᠤᠯᠤᠨ ᠠᠮᠢ ᠠᠬᠤᠢ ᠠᠵᠤ ᠠᠬᠤᠢ ᠶ᠋ᠢ ᠬᠠᠮᠲᠤ ᠪᠡᠷ ᠬᠦᠭᠵᠢᠭᠦᠯᠬᠦ 《ᠳᠠᠢᠴᠢᠨ ᠪᠡᠬᠢᠯᠡᠯᠲᠡ》 ᠪᠣᠯᠤᠭ᠍ᠰᠠᠨ ᠪᠠᠢᠨ᠎ᠠ᠃ ᠣᠳᠣᠬᠠᠨ ᠳ᠋ᠤ᠂ 《ᠮᠠᠩᠯᠠᠶ ᠵᠢᠨ ᠵᠠᠭ᠍ᠪᠤᠷ 》 ᠢ᠋ ᠱᠢᠨ᠎ᠡ ᠪᠠᠷᠭᠤ ᠪᠠᠷᠠᠭᠤᠨ ᠬᠣᠱᠢᠭᠤ᠂ ᠱᠢᠨ᠎ᠡ ᠪᠠᠷᠭᠤ ᠵᠡᠭᠦᠨ ᠬᠣᠱᠢᠭᠤ᠂ ᠬᠠᠭᠤᠴᠢᠨ ᠪᠠᠷᠭᠤ ᠬᠣᠱᠢᠭᠤ ᠵᠡᠷᠭᠡ ᠭᠠᠵᠠᠷ ᠲᠤ᠌ ᠨᠢᠭᠡᠨᠲᠡ ᠥᠷᠭᠡᠨ ᠵᠢᠡᠷ ᠳᠡᠯᠭᠡᠷᠡᠭᠦᠯᠪᠡ᠃

ᠱᠢᠨ᠎ᠡ ᠪᠠᠷᠭᠤ ᠪᠠᠷᠠᠭᠤᠨ ᠬᠣᠱᠢᠭᠤᠨ ᠤ᠋ ᠮᠠᠩᠯᠠᠶ ᠭᠠᠴᠠᠭᠠᠨ ᠤ᠋ ᠨᠠᠮ ᠤ᠋ᠨ ᠡᠭᠦᠷ ᠤ᠋ᠨ ᠠᠮᠢᠳᠤᠯᠢᠭ ᠦᠶ᠋ᠯᠡᠳᠦᠯᠭᠡ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠶ᠋ᠢ ᠪᠥᠬᠥ᠌ ᠲᠠᠯ᠎ᠠ ᠪᠡᠷ ᠠᠬᠢᠭᠤᠯᠬᠤ ᠪᠠ ᠠᠮᠢ ᠠᠬᠤᠶ ᠵᠢᠨ ᠪᠣᠯᠪᠠᠰᠤᠨ ᠤ᠋ ᠪᠠᠢᠭᠤᠯᠤᠯᠲᠠ ᠶ᠋ᠢ ᠴᠢᠩᠭᠠᠳᠭᠠᠬᠤ ᠴᠠᠭ ᠦᠶ᠎ᠡ ᠵᠢᠨ ᠠᠶᠠᠨ ᠵᠠᠮ ᠳ᠋ᠤ᠂ ᠨᠠᠮ ᠤ᠋ᠨ ᠤᠳᠤᠷᠢᠳᠤᠯᠭ᠎ᠠ ᠶ᠋ᠢ ᠪᠠᠷᠢᠮᠲᠠᠯᠠᠵᠤ᠂ ᠪᠠᠢᠭᠠᠯᠢ ᠵᠢᠨ ᠵᠢᠮ᠎ᠡ ᠶᠣᠰᠣ ᠪᠠ ᠵᠠᠬ᠎ᠠ ᠳᠡᠯᠭᠡᠭᠦᠷ ᠤ᠋ᠨ ᠵᠢᠮ᠎ᠡ ᠶᠣᠰᠣ ᠶ᠋ᠢ ᠬᠦᠨᠳᠦᠳᠭᠡᠵᠦ᠍᠂ ᠵᠣᠷᠢᠭ᠍ᠲᠠᠶ ᠪᠡᠷ ᠵᠣᠬᠢᠶᠠᠨ ᠪᠠᠢᠭᠤᠯᠵᠤ ᠱᠢᠨ᠎ᠡ ᠶ᠋ᠢ ᠡᠭᠦᠳᠬᠦ᠌ ᠪᠠ ᠵᠠᠭ᠍ᠪᠤᠷ ᠤ᠋ᠨ ᠱᠢᠨ᠎ᠡ ᠶ᠋ᠢ ᠡᠭᠦᠳᠪᠡᠯ ᠰᠠᠶᠢ ᠦᠶ᠋ᠯᠡᠳᠪᠦᠷᠢᠯᠡᠯ ᠬᠥᠭ᠌ᠵᠢᠭ᠌ᠰᠡᠨ᠂ ᠠᠮᠢᠳᠤᠷᠠᠯ ᠴᠢᠨᠡᠭᠡᠯᠢᠭ᠌ᠵᠢᠭ᠌ᠰᠡᠨ᠂ ᠠᠮᠢ ᠠᠬᠤᠶ ᠰᠠᠢᠵᠢᠷᠠᠭᠰᠠᠨ ᠰᠠᠷᠠᠭᠤᠯ ᠳᠠᠷᠳᠠᠩ ᠵᠠᠮ ᠵᠢᠡᠷ ᠵᠠᠮᠨᠠᠵᠤ ᠴᠢᠳᠠᠨ᠎ᠠ ᠭᠡᠳᠡᠭ ᠢ᠋ ᠭᠡᠷᠡᠴᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号