9 ᠰᠠᠷ᠎ᠠ᠎ᠶ᠋ᠢᠨ 19᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠎ᠠᠴᠠ ᠭᠤᠤᠯᠯᠠᠨ ᠡᠷᠭᠢᠯᠡᠭ᠌ᠰᠡᠨ 2025 ᠣᠨ᠎ᠤ ᠤᠯᠤᠰ᠎ᠤᠨ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠷᠠᠭ᠎ᠤᠨ ᠵᠠᠯᠠᠭᠤᠴᠤᠳ ᠪᠠᠭᠠᠴᠤᠳ᠎ᠤᠨ ᠡᠳᠦᠷ᠎ᠤᠨ ᠭᠤᠤᠯ ᠰᠡᠳᠦᠪᠲᠦ ᠠᠵᠢᠯᠯᠠᠭ᠎ᠠ 《ᠤᠯᠤᠰ᠎ᠤᠨ ᠰᠦᠯᠵᠢᠶᠡᠨ᠎ᠦ ᠠᠮᠤᠷ ᠲᠦᠪᠱᠢᠨ᠎ᠢ ᠬᠠᠮᠠᠭᠠᠯᠠᠬᠤ ᠳ᠋ᠦ ᠵᠠᠯᠠᠭᠤᠴᠤᠳ ᠪᠠᠭᠠᠴᠤᠳ ᠬᠠᠮᠲᠤ ᠪᠡᠷ ᠬᠦᠳᠡᠯᠦᠯᠴᠡᠨᠡ》 ᠬᠡᠬᠦ ᠭᠤᠤᠯ ᠰᠡᠳᠦᠪᠲᠦ ᠡᠪᠯᠡᠯ᠎ᠦᠨ ᠬᠢᠴᠢᠶᠡᠯ ᠬᠥᠬᠡᠬᠣᠲᠠ᠎ᠶ᠋ᠢᠨ ᠭᠤᠴᠢᠳᠤᠭᠠᠷ ᠳᠤᠮᠳᠠᠳᠤ ᠰᠤᠷᠭᠠᠭᠤᠯᠢ᠎ᠳᠤ ᠶᠠᠪᠤᠭ᠍ᠳᠠᠪᠠ᠃
ᠲᠣᠰ ᠤᠳᠠᠭᠠᠨ᠎ᠤ ᠠᠵᠢᠯᠯᠠᠭ᠎ᠠ ᠨᠢ ᠰᠦᠯᠵᠢᠶᠡᠨ᠎ᠦ ᠠᠮᠤᠷ ᠲᠦᠪᠱᠢᠨ᠎ᠦ ᠬᠥᠮᠦᠵᠢᠯ᠎ᠢ ᠠᠮᠢᠳᠤᠷᠠᠯ᠎ᠳᠤ ᠠᠭᠤᠰᠭᠠᠨ᠂ ᠵᠠᠯᠠᠭᠤᠴᠤᠳ ᠪᠠᠭᠠᠴᠤᠳ᠎ᠤᠨ ᠠᠶᠤᠯ ᠲᠦᠭ᠌ᠰᠢᠭᠦᠷᠢ᠎ᠶ᠋ᠢ ᠢᠯᠭᠠᠨ ᠲᠠᠨᠢᠬᠤ ᠪᠠ ᠥᠪᠡᠷ᠎ᠢ᠎ᠪᠡᠨ ᠬᠠᠮᠠᠭᠠᠯᠠᠬᠤ ᠴᠢᠳᠠᠪᠤᠷᠢ᠎ᠶ᠋ᠢ ᠨᠡᠮᠡᠭ᠌ᠳᠡᠭᠦᠯᠵᠦ᠍᠂ ᠨᠡᠢᠭᠡᠮ ᠳᠠᠶᠠᠭᠠᠷ᠎ᠢᠶᠠᠨ ᠵᠠᠯᠠᠭᠤᠴᠤᠳ ᠪᠠᠭᠠᠴᠤᠳ᠎ᠤᠨ ᠰᠦᠯᠵᠢᠶᠡᠨ᠎ᠦ ᠠᠮᠤᠷ ᠲᠦᠪᠱᠢᠨ᠎ᠢ ᠬᠠᠮᠲᠤ᠎ᠪᠠᠷ ᠬᠠᠯᠠᠮᠵᠢᠯᠠᠬᠤ᠎ᠶ᠋ᠢ ᠳᠥᠯᠭᠢᠨ ᠠᠬᠢᠭᠤᠯᠵᠤ᠂ ᠰᠦᠯᠵᠢᠶ᠎ᠡ᠎ᠶ᠋ᠢ ᠡᠷᠡᠭᠦᠯ᠎ᠢᠶᠡᠷ ᠬᠡᠷᠡᠭ᠌ᠯᠡᠬᠦ᠌ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠬᠤ ᠪᠡᠷ ᠭᠤᠤᠯ ᠵᠤᠷᠢᠯᠳᠠ ᠪᠡᠨ ᠪᠤᠯᠭᠠᠪᠠ᠃
ᠠᠵᠢᠯᠯᠠᠭ᠎ᠠ᠎ᠨᠢ ᠰᠦᠯᠵᠢᠶᠡᠨ᠎ᠦ ᠠᠮᠤᠷ ᠲᠦᠪᠱᠢᠨ᠎ᠦ ᠮᠡᠳᠡᠯᠭᠡ᠎ᠶ᠋ᠢᠨ ᠲᠠᠢᠯᠤᠮᠵᠢ ᠬᠢᠬᠦ᠌᠂ ᠠᠬᠤᠢ ᠪᠠᠢᠳᠠᠯ᠎ᠢ ᠳᠠᠭᠤᠷᠢᠶᠠᠬᠤ ᠪᠠ ᠠᠰᠠᠭᠤᠵᠤ ᠬᠠᠷᠢᠭᠤᠯᠬᠤ ᠵᠡᠷᠭᠡ ᠬᠡᠯᠪᠡᠷᠢ ᠪᠡᠷ ᠳᠠᠮᠵᠢᠭᠤᠯᠤᠨ᠂ ᠰᠤᠷᠤᠭ᠍ᠴᠢᠳ ᠲᠸ᠋ ᠰᠦᠯᠵᠢᠶᠡᠨ᠎ᠦ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠮᠡᠳᠡᠷᠡᠭᠦᠯᠪᠡ᠃ 100 ᠭᠠᠷᠤᠢ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢ᠎ᠤᠨ ᠨᠠᠷᠢᠨ ᠬᠢᠨᠠᠮᠠᠭᠠᠢ ᠰᠣᠨᠣᠰᠴᠤ᠌᠂ ᠢᠳᠡᠪᠬᠢᠲᠡᠢ ᠣᠷᠣᠯᠴᠠᠵᠤ᠂ ᠲᠤᠬᠠᠢ᠎ᠶ᠋ᠢᠨ ᠲᠠᠯᠠᠪᠠᠢ᠎ᠶ᠋ᠢᠨ ᠠᠭᠤᠷ ᠠᠮᠢᠰᠭᠤᠯ ᠬᠦᠷ ᠬᠥᠭ᠌ᠵᠢᠶᠡᠨᠲᠡᠶ ᠪᠠᠢᠯ᠎ᠠ᠃
ᠤᠢᠯᠠᠭᠠᠬᠰᠠᠨ ᠵᠢᠡᠷ᠂ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠷᠠᠭ᠎ᠤᠨ ᠬᠤᠭᠤᠴᠠᠭᠠᠨ᠎ᠳᠤ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠪᠠᠰᠠ ᠰᠦᠯᠵᠢᠶᠡᠨ ᠳᠡᠭᠡᠷᠡᠬᠢ ᠰᠦᠯᠵᠢᠶᠡᠨ᠎ᠦ ᠠᠮᠤᠷ ᠲᠦᠪᠱᠢᠨ᠎ᠦ ᠭᠤᠤᠯ ᠰᠡᠳᠦᠪᠲᠦ ᠬᠠᠭᠤᠯᠤᠮᠠᠯ ᠪᠦᠲᠦᠭᠡᠯ᠎ᠢ ᠴᠤᠭ᠍ᠯᠠᠭᠤᠯᠬᠤ ᠪᠠ ᠳᠡᠯᠭᠡᠨ ᠦᠵᠡᠭᠦᠯᠬᠦ᠌ ᠠᠵᠢᠯᠯᠠᠭ᠎ᠠ ᠥᠷᠨᠢᠭᠦᠯᠵᠦ᠍᠂ ᠵᠤᠬᠢᠶᠠᠨ ᠪᠦᠲᠦᠭᠡᠯᠭᠡ ᠪᠡᠷ ᠲᠠᠮᠵᠢᠭᠤᠯᠤᠨ ᠵᠠᠯᠠᠭᠤᠴᠤᠳ ᠪᠠᠭᠠᠴᠤᠳ᠎ᠤᠨ ᠰᠦᠯᠵᠢᠶᠡᠨ᠎ᠦ ᠠᠮᠤᠷ ᠲᠦᠪᠱᠢᠨ᠎ᠦ ᠲᠤᠬᠠᠶ ᠣᠢᠯᠠᠭᠠᠯᠲᠠ ᠵᠢ ᠬᠦᠨᠵᠡᠭᠡᠢᠷᠡᠭᠦᠯᠵᠦ᠂ ᠪᠣᠯᠪᠠᠰᠤᠨ᠎ᠢᠶᠠᠷ ᠰᠦᠯᠵᠢᠶᠡᠨ᠎ᠳᠦ ᠭᠠᠷᠬᠤ ᠣᠢᠯᠠᠭᠠᠭ᠍ᠳᠠᠬᠤᠨ᠎ᠢ ᠤᠯᠠᠮᠵᠢᠯᠠᠨ ᠳᠠᠮᠵᠢᠭᠤᠯᠬᠤ᠎ᠶ᠋ᠢ ᠵᠣᠷᠢᠭ᠍ᠵᠢᠭᠤᠯᠪᠠ᠃
ᠲᠠᠷᠠᠭᠠᠴᠢ ᠪᠡᠷ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠰᠤᠷᠭᠠᠭᠤᠯᠢ᠎ᠶ᠋ᠢᠨ ᠬᠦᠷᠢᠶ᠎ᠡ ᠪᠣᠯᠤᠨ ᠵᠠᠯᠠᠭᠤᠴᠤᠳ ᠪᠠᠭᠠᠴᠤᠳ᠎ᠤᠨ ᠳᠤᠮᠳᠠᠬᠢ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠬᠠᠮᠤᠷᠬᠤ ᠬᠡᠪᠴᠢᠶ᠎ᠡ ᠪᠣᠯᠤᠨ ᠨᠥᠯᠥᠭᠡᠯᠡᠬᠦ᠌ ᠬᠦᠴᠦᠨ ᠵᠢᠡᠨ ᠦᠷᠭᠦᠯᠵᠢᠯᠡᠨ ᠥᠷᠭᠡᠳᠭᠡᠵᠦ᠍᠂ ᠰᠦᠯᠵᠢᠶᠡᠨ᠎ᠦ ᠠᠮᠤᠷ ᠲᠦᠪᠱᠢᠨ᠎ᠦ ᠮᠡᠳᠡᠯᠭᠡ᠎ᠶ᠋ᠢ ᠲᠦᠭᠡᠮᠡᠯᠵᠢᠭᠦᠯᠬᠦ᠌᠎ᠶ᠋ᠢ ᠭᠦᠨᠵᠡᠭᠡᠶ ᠠᠬᠢᠭᠤᠯᠵᠤ᠂ ᠨᠡᠢᠭᠡᠮ᠎ᠦᠨ ᠡᠯ᠎ᠡ ᠡᠲᠡᠭᠡᠳ᠎ᠲᠡᠶ ᠭᠠᠷ ᠬᠤᠯᠪᠤᠯᠴᠠᠨ ᠠᠮᠤᠷ ᠲᠦᠪᠱᠢᠨ ᠰᠦᠯᠵᠢᠶᠡᠨ᠎ᠦ ᠰᠡᠷᠭᠡᠢᠯᠡᠯᠲᠡ᠎ᠶ᠋ᠢᠨ ᠱᠤᠭᠤᠮ᠎ᠢ ᠬᠠᠮᠲᠤ᠎ᠪᠠᠷ ᠪᠠᠢᠭᠤᠯᠵᠤ᠂ ᠤᠯᠤᠰ᠎ᠤᠨ ᠰᠦᠯᠵᠢᠶᠡᠨ᠎ᠦ ᠠᠮᠤᠷ ᠲᠦᠪᠱᠢᠨ᠎ᠳᠦ ᠵᠠᠯᠠᠭᠤᠴᠤᠳ᠎ᠤᠨ ᠬᠦᠴᠦᠨ ᠴᠢᠳᠠᠯ᠎ᠢ ᠡᠷᠭᠦᠨ᠎ᠡ᠃