ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠤᠷᠠᠯᠢᠭ᠎ᠤᠨ ᠪᠦᠯᠬᠦᠮ᠎ᠳᠦ ᠫᠠᠢᠰᠠ ᠣᠯᠭᠣᠬᠤ ᠶᠣᠰᠣᠯᠠᠯ ᠬᠥᠬᠡᠬᠣᠲᠠ᠎ᠳᠤ ᠶᠠᠪᠤᠭ᠍ᠳᠠᠪᠠ
2025-09-20 10:57:41
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 18 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠤᠷᠠᠯᠢᠭ᠎ᠤᠨ ᠪᠦᠯᠬᠦᠮ᠎ᠳ᠋ᠤ ᠫᠠᠢᠰᠠ ᠣᠯᠭᠣᠬᠤ ᠶᠣᠰᠣᠯᠠᠯ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠳᠦ ᠶᠠᠪᠤᠭ᠍ᠳᠠᠵᠦ᠂ ᠶᠤᠰᠤᠯᠠᠯ ᠨᠢ 《ᠭᠠᠷ ᠬᠣᠯᠪᠣᠯᠴᠠᠨ ᠰᠤᠶᠤᠯ ᠤᠷᠠᠯᠢᠭ᠎ᠢ ᠳᠡᠮᠵᠢᠵᠦ᠂ ᠤᠮᠠᠷᠠᠲᠤ ᠬᠢᠯᠢ᠎ᠶ᠋ᠢ ᠳᠤᠯᠠᠭᠠᠴᠠᠭᠤᠯᠬᠤ》 ᠪᠡᠷ ᠭᠣᠣᠯ ᠰᠡᠳᠦᠪ ᠪᠣᠯᠭᠠᠪᠠ᠃

ᠲᠤᠰ ᠤᠳᠠᠭ᠎ᠠ᠎ᠶ᠋ᠢᠨ ᠫᠠᠢᠰᠠ ᠣᠯᠭᠣᠬᠤ ᠶᠣᠰᠣᠯᠠᠯ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠡᠴᠡ ᠵᠡᠮᠳᠡᠭ᠌ᠴᠦᠳ᠎ᠲᠦ ᠤᠷᠠᠯᠢᠭ᠎ᠤᠨ ᠦᠵᠡᠭᠦᠯᠭᠡ ᠪᠠ ᠰᠣᠯᠢᠯᠴᠠᠭᠠᠨ᠎ᠤ ᠲᠠᠪᠴᠠᠩ ᠪᠠᠢᠭᠤᠯᠵᠦ᠂ ᠵᠡᠮᠳᠡᠭ᠌ᠴᠦᠳ᠎ᠦᠨ ᠰᠣᠶᠣᠯ᠎ᠤᠨ ᠦᠢᠯᠡᠰ᠎ᠢ ᠴᠢᠬᠤᠯᠠᠴᠢᠯᠠᠨ ᠬᠠᠯᠠᠮᠵᠢᠯᠠᠵᠤ ᠪᠠᠢᠭ᠎ᠠ᠎ᠶ᠋ᠢ ᠢᠯᠡᠷᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠴᠡ᠂ ᠵᠡᠮᠳᠡᠭ᠌ᠴᠦᠳ᠎ᠦᠨ ᠤᠷᠠᠯᠢᠭ᠎ᠤᠨ ᠦᠢᠯᠡᠰ᠎ᠦᠨ ᠬᠥᠭ᠌ᠵᠢᠯᠲᠡ ᠨᠢ ᠨᠡᠢᠭᠡᠮ᠎ᠦᠨ ᠪᠣᠯᠪᠠᠰᠤᠨ᠎ᠤ ᠲᠠᠪᠱᠢᠯᠳᠠ ᠪᠣᠯᠤᠨ ᠵᠡᠮᠳᠡᠭ᠌ᠴᠦᠳ᠎ᠦᠨ ᠰᠣᠶᠣᠯ᠎ᠤᠨ ᠡᠷᠬᠡ ᠠᠱᠢᠭ᠎ᠢ ᠬᠦᠨᠳᠦᠳᠭᠡᠵᠦ᠍ ᠪᠠᠢᠬᠤ᠎ᠶ᠋ᠢ ᠢᠯᠡᠷᠡᠭᠦᠯᠵᠦ ᠪᠠᠢᠳᠠᠭ᠃ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠤᠷᠠᠯᠢᠭ᠎ᠤᠨ ᠪᠦᠯᠬᠦᠮ ᠪᠠᠢᠭᠤᠯᠤᠭ᠍ᠳᠠᠬᠰᠠᠨ ᠨᠢ ᠵᠡᠮᠳᠡᠭ᠌ᠴᠦᠳ᠎ᠲᠦ ᠤᠷᠠᠯᠢᠭ᠎ᠤᠨ ᠠᠪᠢᠶᠠᠰ ᠴᠢᠳᠠᠪᠤᠷᠢ ᠪᠠᠨ ᠳᠡᠯᠭᠡᠨ ᠦᠵᠡᠭᠦᠯᠬᠦ᠌᠂ ᠤᠷᠠᠯᠢᠭ᠎ᠤᠨ ᠬᠦᠰᠡᠯ ᠵᠡᠭᠦᠳᠦ᠍᠎ᠪᠡᠨ ᠬᠥᠭᠡᠭᠡᠴᠡᠯᠳᠦᠬᠦ᠌ ᠲᠠᠪᠴᠠᠩ ᠬᠠᠩᠭᠠᠬᠤ᠎ᠶ᠋ᠢᠨ ᠬᠠᠮᠲᠤ ᠪᠦᠬᠦ᠌ ᠣᠷᠣᠨ᠎ᠤ ᠵᠡᠮᠳᠡᠭ᠌ᠴᠦᠳ᠎ᠦᠨ ᠤᠷᠠᠯᠢᠭ᠎ᠤᠨ ᠠᠵᠢᠯ᠎ᠤᠨ ᠪᠠᠷᠢᠮᠵᠢᠶᠠᠵᠢᠭ᠍ᠰᠠᠨ᠂ ᠵᠢᠷᠤᠮᠵᠢᠭ᠍ᠰᠠᠨ᠂ ᠲᠤᠰᠭᠠᠢᠵᠢᠭ᠍ᠰᠠᠨ ᠬᠥᠭ᠌ᠵᠢᠯᠲᠡ᠎ᠶ᠋ᠢ ᠠᠬᠢᠭᠤᠯᠬᠤ ᠪᠣᠯᠤᠨ᠎ᠠ ᠭᠡᠪᠠ᠃ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠡᠴᠡ ᠬᠤᠢᠰᠢᠳᠠ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠤᠷᠠᠯᠢᠭ᠎ᠤᠨ ᠪᠦᠯᠬᠦᠮ᠎ᠦᠨ ᠪᠦᠳᠦᠭᠡᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠳᠡᠮᠵᠢᠵᠦ᠍᠂ ᠵᠡᠮᠳᠡᠭ᠌ᠴᠦᠳ᠎ᠦᠨ ᠤᠷᠠᠯᠢᠭ᠎ᠤᠨ ᠴᠢᠳᠠᠪᠤᠷᠢᠲᠠᠨ᠎ᠳᠤ ᠳᠡᠯᠭᠡᠨ ᠦᠵᠡᠭᠦᠯᠬᠦ᠌ ᠲᠠᠪᠴᠠᠩ ᠪᠠ ᠲᠤᠰᠭᠠᠶ ᠮᠡᠷᠭᠡᠵᠢᠯ᠎ᠦᠨ ᠵᠢᠯᠣᠭᠣᠳᠣᠯᠭ᠎ᠠ ᠬᠠᠩᠭᠠᠵᠤ᠂ ᠵᠡᠮᠳᠡᠭ᠌ᠴᠦᠳ᠎ᠦᠨ ᠤᠷᠠᠯᠢᠭ ᠬᠢᠭᠡᠳ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ ᠪᠤᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠵᠡᠮᠳᠡᠭᠴᠤᠳ᠎ᠤᠨ ᠤᠷᠠᠯᠢᠭ᠎ᠤᠨ ᠪᠦᠯᠬᠦᠮ᠎ᠤᠨ ᠪᠠᠢᠭᠤᠯᠤᠬᠳᠠᠬᠰᠠᠨ ᠨᠢ ᠵᠡᠮᠳᠡᠭᠴᠤᠳ᠎ᠲᠦ ᠲᠤᠰᠬᠠᠢ ᠮᠡᠷᠭᠡᠵᠢᠯ᠎ᠦᠨ ᠤᠷᠠᠯᠢᠭ᠎ᠤᠨ ᠲᠠᠪᠴᠠᠩ ᠬᠠᠩᠭᠠᠵᠦ᠂ ᠨᠡᠢᠭᠡᠮ᠎ᠦᠨ ᠡᠯ᠎ᠡ ᠡᠲᠡᠭᠡᠳ᠎ᠦᠨ᠎ᠬᠢᠨ᠎ᠦ ᠵᠡᠮᠳᠡᠭᠴᠤᠳ᠎ᠢ ᠬᠠᠢᠷᠠᠯᠠᠨ ᠬᠠᠯᠠᠮᠵᠢᠯᠠᠬᠤ ᠬᠢᠷᠢ ᠬᠡᠮᠵᠢᠶ᠎ᠡ᠎ᠶᠢ ᠳᠡᠭᠡᠭᠰᠢᠯᠡᠬᠦᠯᠬᠦ ᠪᠦᠭᠡᠳ ᠤᠮᠠᠷᠠᠲᠦ ᠬᠢᠯᠢ᠎ᠶᠢᠨ ᠰᠤᠶᠤᠯ᠎ᠤᠨ ᠪᠠᠢᠭᠤᠯᠤᠯᠳᠠ᠎ᠳᠦ ᠰᠢᠨ᠎ᠡ ᠬᠦᠴᠦᠨ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号