ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ ᠡᠴᠡ ᠶᠠᠩ ᠰᠢᠦᠸᠠᠨ ᠴᠦᠨ᠎ᠳᠦ 《ᠤᠮᠠᠷᠠᠲᠤ ᠬᠢᠯᠢ᠎ᠶᠢᠨ ᠵᠢᠱ᠌ᠢᠶᠡᠴᠢ》 ᠢ᠋ᠢᠨ ᠴᠣᠯᠠ ᠵᠢ ᠨᠡᠬᠡᠮᠵᠢᠯᠡᠨ ᠣᠯᠭᠣᠪᠠ
2025-09-20 11:05:21
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

9 ᠰᠠᠷ᠎ᠠ ᠪᠣᠯ 《ᠪᠦᠬᠦ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠰᠠᠷ᠎ᠠ》 ᠪᠣᠯᠣᠨ᠎ᠠ᠂ 9 ᠰᠠᠷ᠎ᠠ᠎ᠶᠢᠨ 17 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ 《ᠤᠮᠠᠷᠠᠲᠤ ᠬᠢᠯᠢ᠎ᠶᠢᠨ ᠵᠢᠱ᠌ᠢᠶᠡᠴᠢ》 ᠢ᠋ᠢᠨ ᠲᠡᠷᠢᠭᠦᠨ᠎ᠦ ᠦᠢᠯᠡ ᠠᠵᠢᠯᠯᠠᠭ᠎ᠠ᠎ᠶᠢ ᠨᠡᠢᠲᠡᠯᠡᠬᠦ ᠬᠤᠷᠠᠯ ᠬᠢᠵᠦ᠂ ᠶᠠᠩ ᠰᠢᠦᠸᠠᠨ ᠴᠦᠨ᠎ᠳᠤ 《ᠤᠮᠠᠷᠠᠲᠤ ᠬᠢᠯᠢ ᠢ᠋ᠢᠨ ᠵᠢᠱ᠌ᠢᠶᠡᠴᠢ》 ᠢ᠋ᠢᠨ ᠴᠣᠯᠠ ᠵᠢ ᠨᠡᠬᠡᠮᠵᠢᠯᠡᠨ ᠣᠯᠭᠣᠵᠦ᠂ ᠲᠡᠭᠦᠨ᠎ᠦ ᠲᠣᠣᠷᠠᠢ ᠮᠡᠲᠦ ᠪᠡᠷ ᠭᠤᠪᠢ ᠨᠤᠳᠤᠭ ᠲᠸ᠋ ᠦᠨᠳᠦᠰᠦᠯᠡᠵᠦ᠂ ᠨᠢᠭᠡ ᠨᠠᠰᠤ ᠪᠠᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠦᠢᠯᠡᠰ᠎ᠲᠦ ᠵᠣᠷᠢᠭᠤᠯᠤᠬᠰᠠᠨ ᠡᠷᠬᠢᠮ ᠳᠡᠭᠡᠳᠦ ᠵᠣᠷᠢᠭ᠋ ᠰᠠᠨᠠᠭ᠎ᠠ᠎ᠶᠢ ᠮᠠᠭᠲᠠᠨ ᠰᠠᠢᠰᠢᠶᠠᠬᠤ᠎ᠶᠢᠨ ᠬᠠᠮᠲᠤ ᠪᠦᠬᠦ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ᠎ᠢ ᠲᠡᠭᠦᠨ᠎ᠡᠴᠡ ᠳᠠᠭᠠᠨ ᠰᠤᠷᠤᠯᠴᠠᠳᠤᠭᠠᠢ ᠬᠡᠵᠦ ᠤᠷᠢᠶᠠᠯᠠᠪᠠ᠃

1986 ᠣᠨ᠎ᠳᠤ᠂ ᠶᠠᠩ ᠰᠢᠤᠸᠠᠨ ᠴᠦᠨ ᠪᠠᠷᠠᠭᠤᠨ ᠬᠣᠢᠲᠤ᠎ᠶᠢᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ ᠡᠴᠡ ᠲᠡᠭᠦᠰᠴᠦ᠂ ᠡᠷᠡᠰ ᠰᠢᠭᠤᠷᠬᠠᠢ᠎ᠪᠠᠷ ᠴᠡᠷᠢᠭ᠎ᠲᠦ ᠮᠤᠷᠲᠠᠵᠦ᠂ ᠡᠬᠡ ᠤᠯᠤᠰ᠎ᠤᠨ ᠪᠠᠷᠠᠭᠤᠨ ᠬᠣᠢᠲᠤ᠎ᠶᠢᠨ ᠡᠯᠡᠰᠦᠨ ᠴᠦᠯ᠎ᠦᠨ ᠭᠦᠨ᠎ᠳᠦ ᠬᠦᠷᠴᠡᠢ᠃ ᠲᠤᠬᠠᠢ᠎ᠶᠢᠨ ᠦᠶ᠎ᠡ᠎ᠳᠦ᠂ ᠮᠠᠨ᠎ᠤ ᠤᠯᠤᠰ᠎ᠤᠨ ᠨᠢᠭᠡᠨ ᠵᠡᠪᠰᠡᠭ᠎ᠦᠨ ᠲᠤᠷᠰᠢᠯᠲᠠ᠎ᠶᠢᠨ ᠫᠤᠤᠳᠠᠯᠭ᠎ᠠ᠎ᠶᠢᠨ ᠲᠠᠯᠠᠪᠠᠢ᠎ᠶᠢᠨ ᠪᠦᠲᠦᠭᠡᠨ ᠪᠠᠢᠭᠤᠯᠤᠯᠲᠠ ᠬᠥᠭᠵᠢᠶᠡᠨ᠎ᠲᠠᠢ ᠶᠠᠪᠤᠭᠳᠠᠵᠤ ᠪᠠᠢᠪᠠ᠂ ᠶᠠᠩ ᠰᠢᠦᠸᠠᠨ ᠴᠦᠨ ᠳᠠᠢ᠍ᠢᠴᠢᠨ ᠨᠥᠬᠥᠳ᠎ᠲᠠᠢ᠎ᠪᠡᠨ ᠬᠠᠮᠲᠤ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠵᠠᠯᠠᠭᠤᠷᠲᠤ ᠰᠤᠮᠤ᠎ᠶᠢᠨ ᠲᠤᠷᠰᠢᠯᠲᠠ᠎ᠶᠢᠨ ᠠᠵᠢᠯ᠎ᠳᠤ ᠣᠷᠣᠯᠴᠠᠵᠠᠢ᠃ ᠲᠡᠷᠡ ᠡᠯᠡᠰᠦᠨ ᠴᠥᠯ᠎ᠳᠦ 30 ᠭᠠᠷᠤᠢ ᠵᠢᠯ ᠦᠨᠳᠦᠰᠦᠯᠡᠵᠦ᠂ ᠴᠠᠭ ᠮᠥᠴᠡ᠎ᠲᠠᠢ ᠤᠷᠤᠯᠳᠤᠨ᠂ ᠬᠦᠴᠢᠷ ᠰᠡᠳᠦᠪ᠎ᠲᠠᠢ ᠦᠵᠡᠯᠴᠡᠵᠦ᠂ ᠡᠪᠡᠳᠴᠢᠨ ᠡᠮᠭᠡᠭ᠎ᠲᠠᠢ ᠲᠡᠮᠡᠴᠡᠨ᠂ ᠠᠮᠢ ᠨᠠᠰᠤᠨ᠎ᠤ᠎ᠪᠠᠨ ᠡᠴᠦᠰ᠎ᠦᠨ ᠨᠢᠭᠡ ᠮᠥᠴᠡ ᠬᠦᠷᠲᠡᠯ᠎ᠡ ᠲᠡᠮᠡᠴᠡᠪᠡ᠃

ᠶᠠᠩ ᠰᠢᠤᠸᠠᠨ ᠴᠦᠨ᠎ᠦ ᠬᠤᠪᠢ ᠬᠦᠮᠦᠨ᠎ᠤ ᠨᠠᠮᠲᠠᠷ᠎ᠲᠤ᠄ 《ᠠᠮᠢ ᠨᠠᠰᠤᠨ᠎ᠤ ᠰᠠᠢᠨ ᠰᠠᠢᠬᠠᠨ ᠨᠢ ᠴᠠᠬ ᠮᠦᠴᠡ ᠵᠢ ᠲᠠᠯᠠᠭᠠᠷ ᠥᠩᠭᠡᠷᠡᠭᠦᠯᠬᠦ ᠦᠭᠡᠢ᠂ ᠠᠵᠢᠯ ᠦᠢᠯᠡᠰ ᠪᠦᠲᠦᠭᠡᠨ᠂ ᠦᠪᠡᠷ᠎ᠤᠨ ᠪᠡᠶ᠎ᠡ᠎ᠳᠡᠭᠡᠨ ᠬᠠᠷᠠᠮᠰᠠᠯ ᠦᠯᠡᠳᠡᠭᠡᠬᠦ ᠦᠭᠡᠢ᠎ᠳᠤ ᠪᠠᠢᠨ᠎ᠠ》 ᠭᠡᠰᠡᠨ ᠦᠭᠡ ᠪᠠᠢᠪᠠ᠃ ᠡᠢᠮᠦᠷᠬᠦᠤ ᠠᠮᠢᠳᠤᠷᠠᠬᠤᠢ᠎ᠶᠢᠨ ᠣᠪᠣᠷ᠎ᠢ ᠪᠠᠷᠢᠮᠲᠠᠯᠠᠵᠤ᠂ ᠶᠠᠩ ᠰᠢᠦᠸᠠᠨ ᠴᠦᠨ ᠥᠮᠡᠨ ᠡᠪᠡᠳᠴᠢᠨ᠎ᠲᠠᠢ 18 ᠵᠢᠯ ᠲᠡᠮᠡᠴᠡᠵᠦ᠂ ᠵᠠᠯᠠᠭᠤ ᠨᠠᠰᠤ ᠪᠣᠯᠣᠨ ᠤᠶᠤᠨ ᠤᠬᠠᠭᠠᠨ᠎ᠢᠶᠠᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠦᠢᠯᠡᠰ᠎ᠲᠦ ᠵᠣᠷᠢᠭᠤᠯᠵᠠᠢ᠃

2018 ᠣᠨ᠎ᠤ 9 ᠰᠠᠷ᠎ᠠ᠎ᠶᠢᠨ 3 ᠤ᠋ ᠡᠳᠦᠷ᠂ ᠶᠠᠩ ᠰᠢᠦᠸᠠᠨ ᠴᠦᠨ 55 ᠨᠠᠰᠤᠨ᠎ᠤ ᠠᠮᠢᠳᠤᠷᠠᠯ᠎ᠤᠨ ᠠᠶᠠᠨ᠎ᠢᠶᠠᠨ ᠳᠠᠭᠤᠰᠬᠠᠪᠠ᠃ ᠲᠡᠷᠡ ᠨᠠᠰᠤ ᠪᠠᠷᠠᠬᠤ ᠡᠴᠡ᠎ᠪᠠᠨ ᠡᠮᠦᠨ᠎ᠡ᠄ 《ᠭᠠᠰᠢᠭᠤᠳᠠᠯ᠎ᠤᠨ ᠬᠤᠷᠠᠯ ᠬᠢᠬᠦ ᠬᠡᠷᠡᠭ ᠦᠭᠡᠢ᠂ ᠴᠢᠨᠳᠠᠷ᠎ᠢ ᠳᠡᠭᠳᠡᠭᠡᠵᠦ᠂ ᠴᠢᠨᠳᠠᠷ᠎ᠢ ᠭᠣᠪᠢ ᠨᠤᠳᠤᠭ᠎ᠲᠦ ᠰᠠᠴᠤᠵᠤ᠂ ᠨᠢᠳᠦᠨ᠎ᠦ ᠡᠪᠡᠷᠯᠢᠭ ᠪᠦᠷᠬᠦᠪᠴᠢ᠎ᠪᠡᠨ ᠬᠠᠨᠳᠢᠪᠯᠡᠨ᠎ᠠ》 ᠭᠡᠰᠡᠨ ᠲᠦᠷᠪᠡᠨ ᠭᠡᠷᠢᠶᠡᠰ ᠦᠭᠡ ᠦᠯᠡᠳᠡᠭᠡᠵᠡᠢ᠃ ᠨᠠᠰᠤ ᠪᠠᠷᠠᠭᠰᠠᠨ᠎ᠤ ᠳᠠᠷᠠᠭ᠎ᠠ᠂ ᠲᠡᠷᠡ ᠶᠠᠭ ᠯᠠ ᠲᠣᠣᠷᠠᠢ ᠰᠢᠭ᠋ ᠡᠨᠡ ᠬᠡᠰᠡᠭ ᠭᠠᠵᠠᠷ᠎ᠤᠷᠤᠨ ᠢ᠋ᠢᠡᠨ ᠦᠨᠡᠨᠴᠢ᠎ᠪᠡᠷ ᠰᠠᠬᠢᠨ ᠬᠠᠮᠠᠭᠠᠯᠠᠨ᠎ᠠ᠃

ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ᠂ ᠶᠠᠩ ᠰᠢᠦᠸᠠᠨ ᠴᠦᠨ᠎ᠦ 《ᠠᠵᠢᠯ ᠦᠢᠯᠡᠰ ᠢ᠋ᠢᠡᠨ ᠨᠢᠭᠡ ᠨᠠᠰᠤ ᠪᠡᠷ ᠢ᠋ᠢᠡᠨ ᠰᠠᠬᠢᠨ ᠪᠠᠷᠢᠮᠲᠠᠯᠠᠵᠦ ᠲᠡᠮᠡᠴᠡᠭᠰᠡᠨ》 ᠲᠡᠷᠢᠭᠦᠨ᠎ᠦ ᠦᠢᠯᠡ ᠠᠵᠢᠯᠯᠠᠭ᠎ᠠ᠎ᠶᠢ ᠠᠮᠢᠳᠤᠯᠢᠭ᠋᠎ᠢᠶᠠᠷ ᠢᠯᠡᠷᠡᠭᠦᠯᠵᠦ᠂ ᠶᠠᠩ ᠰᠢᠦᠸᠠᠨ ᠴᠦᠨ᠎ᠦ ᠳᠠᠢ᠍ᠢᠴᠢᠨ ᠨᠥᠬᠥᠳ ᠨᠢ ᠨᠢᠭᠡᠳ ᠨᠢᠭᠡ ᠪᠡᠷ ᠲᠠᠢᠰᠠᠨ᠎ᠳᠤ ᠭᠠᠷᠴᠤ᠂ ᠲᠡᠭᠦᠨ᠎ᠤ ᠲᠣᠣᠷᠠᠢ᠎ᠲᠠᠢ ᠠᠳᠠᠯᠢ᠎ᠪᠠᠷ ᠡᠬᠡ ᠤᠯᠤᠰ᠎ᠤᠨ ᠪᠠᠷᠠᠭᠤᠨ ᠬᠣᠢᠲᠤ᠎ᠶᠢᠨ ᠭᠣᠪᠢ ᠨᠤᠳᠤᠭ ᠲᠸ᠋ ᠦᠨᠳᠦᠰᠦᠯᠡᠨ᠂ 18 ᠵᠢᠯ ᠥᠮᠡᠨ ᠡᠪᠡᠳᠴᠢᠨ᠎ᠲᠠᠢ ᠲᠡᠮᠡᠴᠡᠵᠦ ᠪᠠᠢᠬᠰᠠᠨ ᠴᠸ᠋ ᠢᠮᠠᠭᠲᠠ ᠪᠣᠯᠣᠳ ᠲᠡᠮᠦᠷ ᠮᠡᠲᠦ ᠬᠠᠲᠠᠭᠤ ᠵᠣᠷᠢᠭ᠋᠎ᠢᠶᠠᠷ ᠨᠢᠭᠡᠳᠦᠭᠡᠷ ᠹᠷᠣᠨᠲ᠎ᠢ ᠪᠠᠲᠤ ᠰᠠᠬᠢᠵᠤ᠂ ᠨᠢᠭᠡ ᠨᠠᠰᠤᠨ᠎ᠤ ᠤᠶᠤᠨ ᠴᠢᠳᠠᠯ᠎ᠢᠶᠠᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠦᠢᠯᠡᠰ᠎ᠲᠦ ᠵᠣᠷᠢᠭᠤᠯᠤᠭᠰᠠᠨ ᠰᠡᠳᠬᠢᠯ ᠬᠥᠳᠡᠯᠭᠡᠮ᠎ᠡ ᠦᠯᠢᠭᠡᠷ᠎ᠢ ᠭᠦᠨ ᠰᠡᠳᠬᠢᠯᠭᠡ ᠲᠠᠢ᠎ᠪᠡᠷ ᠶᠠᠷᠢᠪᠠ᠃

《ᠶᠠᠩ ᠰᠢᠦᠸᠠᠨ ᠴᠦᠨ ᠨᠢᠭᠡᠨ ᠴᠡᠷᠢᠭ ᠬᠥᠮᠥᠨ᠂ ᠨᠢᠭᠡᠨ ᠤᠯᠤᠰ᠎ᠤᠨ ᠪᠠᠲᠤᠯᠠᠨ ᠬᠠᠮᠠᠭᠠᠯᠠᠯᠲᠠ ᠶ᠋ᠢᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠠᠵᠢᠯᠲᠠᠨ ᠪᠣᠯᠤᠭᠰᠠᠨ᠎ᠤ ᠬᠤᠪᠢ᠎ᠳᠤ᠂ ᠢᠮᠠᠭᠲᠠ ᠤᠯᠤᠰ ᠭᠡᠷ ᠢ᠋ᠶ᠋ᠡᠨ ᠪᠤᠳᠤᠵᠤ᠂ ᠪᠠᠲᠦ ᠰᠠᠬᠢᠨ ᠬᠤᠪᠢ ᠨᠡᠮᠡᠷᠢ ᠦᠵᠡᠭᠦᠯᠵᠤ᠂ ᠴᠥᠬᠥᠷᠡᠰᠢ ᠦᠭᠡᠢ ᠵᠢᠳᠬᠦᠪᠡ᠃ ᠲᠡᠭᠦᠨ᠎ᠤ ᠵᠣᠷᠢᠭ᠋ ᠰᠠᠨᠠᠭ᠎ᠠ ᠨᠢ ᠪᠢᠳᠡᠨ ᠢ᠋ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠬᠠᠢᠷᠠᠲᠠᠢ ᠠᠵᠢᠯ ᠦᠢᠯᠡᠰ᠎ᠦᠨ ᠢ᠋ᠶ᠋ᠡᠨ ᠲᠥᠯᠥᠭᠡ ᠴᠢᠷᠮᠠᠢᠨ ᠲᠡᠮᠡᠴᠡᠬᠦ ᠶ᠋ᠢ ᠢᠮᠠᠭᠲᠠ ᠤᠷᠢᠶᠠᠯᠠᠨ ᠳᠠᠢᠴᠢᠯᠠᠨ᠎ᠠ》 ᠬᠡᠵᠦ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠶᠢᠨ ᠰᠤᠷᠤᠭ᠍ᠴᠢ᠎ᠶᠢᠨ ᠭᠠᠵᠠᠷ᠎ᠤᠨ ᠬᠠᠪᠰᠤᠷᠤᠨ ᠵᠢᠯᠤᠭᠤᠳᠤᠬᠴᠢ ᠵᠤᠤ ᠶᠠᠩ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号