ᠮᠠᠨ ᠤ᠋ ᠤᠷᠤᠨ ᠤᠯᠤᠰ ᠤ᠋ᠨ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ ᠢ᠋ᠢᠨ ᠭᠠᠷᠠᠭ ᠤ᠋ᠨ ᠮᠦᠨᠭᠬᠦᠨ ᠬᠦᠢᠯᠬᠡᠬᠡᠨ ᠤ᠋ ᠡᠳᠤᠷ ᠤ᠋ᠨ ᠠᠵᠢᠯᠯᠠᠭ᠎ᠠ ᠦᠷᠨᠢᠬᠦᠯᠪᠡ
2025-09-21 11:38:54
ᠵᠣᠬᠢᠶᠠᠭ᠍ᠴᠢ᠄
​ ᠰᠠᠷᠭᠠᠢ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 19 ᠎ᠤ᠋ ᠡᠳᠦᠷ ᠪᠣᠯ ᠤᠯᠤᠰ᠎ᠤᠨ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠷᠠᠭ᠎ᠤᠨ ᠠᠵᠢᠯᠯᠠᠭ᠎ᠠ ᠢ᠋ᠢᠨ ᠨᠢᠬᠡ ᠪᠤᠯᠬᠤ ᠮᠥᠩᠭᠥᠨ ᠭᠦᠶ᠋ᠯᠭᠡᠭᠡᠨ᠎ᠦ ᠡᠳᠦᠷ ᠪᠣᠯᠤᠨ᠎ᠠ᠃ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠥᠪᠥᠷ ᠮᠣᠩᠭᠣᠯ᠎ᠳ᠋ᠡᠬᠢ ᠬᠤᠪᠢᠶᠠᠷᠢ ᠪᠠᠩᠬᠢ ᠨᠢ ᠮᠥᠩᠭᠥᠨ ᠭᠦᠶ᠋ᠯᠭᠡᠭᠡᠨ᠎ᠦ ᠰᠦᠯᠵᠢᠶᠡᠨ᠎ᠦ ᠠᠮᠤᠷ ᠲᠦᠪᠱᠢᠨ ᠪᠣᠯᠤᠨ ᠲᠣᠭ᠎ᠠ ᠪᠠᠷᠢᠮᠲᠠ᠎ᠶ᠋ᠢᠨ ᠠᠮᠤᠷ ᠲᠦᠪᠱᠢᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠰᠦᠯᠵᠢᠶᠡᠨ ᠲᠡᠬᠡᠷ᠎ᠡ ᠪᠡ ᠲᠤᠬᠠᠢ ᠢ᠋ᠢᠨ ᠲᠠᠯᠠᠪᠤᠷ ᠲᠦ᠍ ᠣᠯᠠᠨ ᠶᠠᠩᠵᠤ ᠬᠡᠯᠪᠡᠷᠢ᠎ᠶ᠋ᠢᠨ ᠤᠬᠠᠭᠤᠯᠭ᠎ᠠ ᠎ᠶ᠋ᠢᠨ ᠠᠵᠢᠯᠯᠠᠭ᠎ᠠ ᠥᠷᠨᠢᠭᠦᠯᠵᠦ᠍᠂ ᠨᠡᠢᠭᠡᠮ᠎ᠦᠨ ᠣᠯᠠᠨ ᠨᠡᠢᠲᠡ᠎ᠶ᠋ᠢᠨ ᠮᠥᠩᠭᠥᠨ ᠭᠦᠶ᠋ᠯᠭᠡᠭᠡᠨ᠎ᠦ ᠰᠦᠯᠵᠢᠶᠡᠨ᠎ᠦ ᠠᠮᠤᠷ ᠲᠦᠪᠱᠢᠨ᠎ᠦ ᠤᠬᠠᠮᠰᠠᠷ ᠎ᠢ ᠳᠡᠭᠡᠭ᠌ᠰᠢᠯᠡᠭᠦᠯᠵᠦ᠍᠂ ᠮᠥᠩᠭᠥᠨ ᠭᠦᠶ᠋ᠯᠭᠡᠭᠡᠨ ᠎ᠦ ᠰᠦᠯᠵᠢᠶᠡᠨ᠎ᠦ ᠠᠮᠤᠷ ᠲᠦᠪᠱᠢᠨ ᠎ᠦ ᠰᠡᠷᠭᠡᠢᠯᠡᠯᠲᠡ᠎ᠶ᠋ᠢᠨ ᠱᠤᠭᠤᠮ ᠎ᠢ ᠬᠠᠮᠲᠤ᠎ᠪᠠᠷ ᠪᠠᠢᠭᠤᠯᠬᠤ᠎ᠶ᠋ᠢ ᠠᠬᠢᠭᠤᠯᠪᠠ᠃

ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠥᠪᠥᠷ ᠮᠣᠩᠭᠣᠯ᠎ᠳ᠋ᠡᠬᠢ ᠬᠤᠪᠢᠶᠠᠷᠢ ᠪᠠᠩᠬᠢ 《ᠰᠦᠯᠵᠢᠶᠡᠨ᠎ᠦ ᠠᠮᠤᠷ ᠲᠦᠪᠱᠢᠨ ᠠᠷᠠᠳ ᠲᠦᠮᠡᠨ᠎ᠦ ᠲᠥᠯᠥᠭᠡ ᠪᠠᠢᠬᠤ ᠰᠦᠯᠵᠢᠶᠡᠨ᠎ᠦ ᠠᠮᠤᠷ ᠲᠦᠪᠱᠢᠨ ᠠᠷᠠᠳ ᠲᠦᠮᠡᠨ᠎ᠳᠦ ᠲᠦᠰᠢᠭᠯᠡᠨ᠎ᠡ — ᠦᠨᠳᠤᠷ ᠲᠦᠪᠰᠢᠨ ᠪᠦᠬᠦᠢ ᠠᠮᠤᠷ ᠲᠦᠪᠰᠢᠨ ᠢ᠋ᠢᠡᠷ ᠴᠢᠨᠠᠷ ᠰᠠᠢᠳᠡᠢ ᠬᠦᠭᠵᠢᠯᠳᠡ ᠢ᠋ᠢ ᠰᠠᠬᠢᠨ ᠬᠠᠮᠠᠭᠠᠯᠠᠶ᠎ᠡ》 ᠭᠡᠬᠦ᠌ ᠭᠤᠤᠯ ᠰᠡᠳᠦᠪ᠎ᠦᠨ ᠲᠣᠭᠣᠷᠢᠨ᠎ᠳᠤ ᠂ ᠪᠥᠬᠥ᠌ ᠣᠷᠣᠨ᠎ᠤ ᠮᠦᠨᠭᠬᠦᠨ ᠬᠦᠢᠯᠬᠡᠬᠡᠨ ᠤ᠋ ᠪᠠᠢᠭᠤᠯᠤᠮᠵᠢ ᠢ᠋ᠢ ᠵᠣᠬᠢᠶᠠᠨ ᠪᠠᠢᠭᠤᠯᠤᠨ ᠤᠬᠠᠭᠤᠯᠭ᠎ᠠ᠎ᠢ᠋ᠢᠨ ᠠᠵᠢᠯᠯᠠᠭ᠎ᠠ ᠥᠷᠨᠢᠭᠦᠯᠪᠡ᠃ ᠡᠯ᠎ᠠ ᠮᠦᠨᠭᠬᠦᠨ ᠬᠦᠢᠯᠬᠡᠬᠡᠨ ᠤ᠋ ᠪᠠᠢᠭᠤᠯᠤᠮᠵᠢ ᠢ᠋ᠢᠨ ᠬᠢᠨ ᠲᠤᠮᠤ ᠲᠡᠯᠬᠡᠴᠡ ᠪᠡᠷ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠸᠢᠳᠢᠣ᠋ ᠨᠡᠪᠳᠡᠷᠡᠬᠦᠯᠬᠦ᠂ ᠤᠬᠠᠭᠤᠯᠭ᠎ᠠ᠎ᠶ᠋ᠢᠨ ᠵᠠᠷ ᠲᠠᠯᠪᠢᠬᠤ᠂ ᠦᠵᠡᠭᠦᠯᠭᠡ᠎ᠶ᠋ᠢᠨ ᠰᠠᠮᠪᠠᠷ᠎ᠠ ᠭᠠᠷᠭᠠᠬᠤ ᠵᠡᠷᠭᠡ ᠠᠷᠭ᠎ᠠ ᠬᠡᠯᠪᠡᠷᠢ᠎ᠪᠡᠷ ᠰᠦᠯᠵᠢᠶᠡᠨ᠎ᠦ ᠠᠮᠤᠷ ᠲᠦᠪᠱᠢᠨ᠎ᠦ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠤᠬᠠᠭᠤᠯᠵᠤ᠂ ᠤᠯᠠᠨ ᠲᠦᠮᠡᠨ ᠤ᠋ ᠮᠥᠩᠭᠥᠨ ᠭᠦᠢᠯᠭᠡᠭᠡᠨ᠎ᠦ ᠰᠦᠯᠵᠢᠶᠡᠨ᠎ᠦ ᠮᠡᠬᠡᠯᠡᠯ᠎ᠡᠴᠡ ᠰᠡᠷᠬᠡᠢᠯᠡᠬᠦ ᠤᠬᠠᠮᠰᠠᠷ ᠢ᠋ ᠲᠡᠭᠡᠭᠰᠢᠯᠡᠬᠦᠯᠪᠡ᠃ 《ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠲᠤᠬᠠᠢᠯᠠᠭ᠍ᠰᠠᠨ ᠠᠵᠢᠯ᠎ᠤᠨ ᠬᠦᠷᠢᠶᠡᠨ᠎ᠳᠡᠬᠢ ᠲᠤᠭ᠎ᠠ ᠪᠠᠷᠢᠮᠳᠡ ᠢ᠋ᠢᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠠᠷᠭ᠎ᠠ》᠂ 《ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠲᠤᠬᠠᠢᠯᠠᠭ᠍ᠰᠠᠨ ᠠᠵᠢᠯ᠎ᠤᠨ ᠬᠦᠷᠢᠶᠡᠨ᠎ᠳᠡᠬᠢ ᠰᠦᠯᠵᠢᠶᠡᠨ᠎ᠦ ᠠᠮᠤᠷ ᠲᠦᠪᠱᠢᠨ᠎ᠦ ᠬᠡᠷᠡᠭ᠎ᠦᠨ ᠮᠡᠳᠡᠭᠦᠯᠦᠯᠲᠡ᠎ᠶ᠋ᠢᠨ ᠬᠠᠮᠢᠶᠠᠷᠤᠯᠲᠠ᠎ᠶ᠋ᠢᠨ ᠠᠷᠭ᠎ᠠ》 ᠵᠡᠷᠭᠡ ᠱᠢᠨ᠎ᠡ ᠲᠦᠷᠢᠮ᠎ᠲᠡᠶ ᠤᠶᠠᠯᠳᠤᠭᠤᠯᠤᠨ ᠠᠮᠤᠷ ᠲᠦᠪᠱᠢᠨ᠎ᠦ ᠮᠡᠳᠡᠯᠭᠡ ᠢ᠋ᠢᠨ ᠰᠡᠳᠤᠪ ᠭᠠᠷᠭᠠᠵᠤ᠂ ᠪᠥᠬᠥ᠌ ᠣᠷᠣᠨ᠎ᠤ ᠮᠥᠩᠭᠥᠨ ᠭᠦᠶ᠋ᠯᠭᠡᠭᠡᠨ᠎ᠦ ᠦᠶ᠋ᠯᠡᠰ᠎ᠦᠨ ᠬᠢᠨ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ ᠮᠦᠨᠭᠬᠦᠨ ᠬᠦᠢᠯᠬᠡᠬᠡᠨ ᠤ᠋ ᠰᠦᠯᠵᠢᠶᠡᠨ ᠤ᠋ ᠠᠮᠤᠷ ᠲᠦᠪᠰᠢᠨ ᠤ᠋ ᠮᠡᠳᠡᠯᠬᠡ ᠢ᠋ᠢ ᠲᠦᠬᠡᠮᠡᠯᠵᠢᠬᠦᠯᠪᠡ᠃

ᠡᠬᠦᠨ ᠤ᠋ ᠬᠠᠮᠳᠤ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠥᠪᠥᠷ ᠮᠣᠩᠭᠣᠯ᠎ᠳ᠋ᠡᠬᠢ ᠬᠤᠪᠢᠶᠠᠷᠢ ᠪᠠᠩᠬᠢ ᠢ᠋ᠢᠨ ᠬᠢᠨ ᠲᠣᠭ᠎ᠠ ᠪᠠᠷᠢᠮᠲᠠ᠎ᠶ᠋ᠢᠨ ᠠᠮᠤᠷ ᠲᠦᠪᠱᠢᠨ᠎ᠦ ᠠᠵᠢᠯ᠎ᠤᠨ ᠬᠤᠷᠠᠯ ᠬᠤᠷᠠᠯᠳᠤᠭᠤᠯᠵᠤ᠂ ᠲᠣᠭ᠎ᠠ ᠪᠠᠷᠢᠮᠲᠠ᠎ᠶ᠋ᠢᠨ ᠠᠮᠤᠷ ᠲᠦᠪᠱᠢᠨ᠎ᠦ ᠠᠵᠢᠯ᠎ᠤᠨ ᠱᠠᠭᠠᠷᠳᠠᠯᠭ᠎ᠠ᠎ᠶ᠋ᠢᠨ ᠲᠤᠬᠠᠶ ᠲᠠᠢᠯᠤᠮᠵᠢ ᠬᠢᠵᠦ᠍᠂ ᠤᠯᠠᠨ ᠲᠦᠮᠡᠨ᠎ᠤ ᠬᠤᠪᠢ ᠬᠥᠮᠦᠨ᠎ᠦ ᠮᠡᠳᠡᠭᠡ ᠵᠠᠩᠭᠢ᠂ ᠡᠳ᠋ ᠬᠥᠷᠥᠩᠭᠡ᠎ᠶ᠋ᠢᠨ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠢ ᠤᠯᠠᠮ ᠨᠢᠭᠡ ᠠᠯᠬᠤᠮ ᠬᠠᠮᠠᠭᠠᠯᠠᠬᠤ ᠢ᠋ᠢ ᠴᠢᠨᠭᠭᠠᠳᠬᠠᠪᠠ᠃ ᠪᠠᠰᠠ ᠥᠪᠥᠷ ᠮᠣᠩᠭᠣᠯ᠎ᠤᠨ ᠮᠥᠩᠭᠥᠨ ᠭᠦᠶ᠋ᠯᠭᠡᠭᠡᠨ᠎ᠦ ᠨᠡᠢᠭᠡᠮᠯᠢᠭ᠎ᠦᠨ ᠮᠥᠩᠭᠥᠨ ᠭᠦᠶ᠋ᠯᠭᠡᠭᠡᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠰᠭᠠᠶ ᠵᠥᠪᠯᠡᠯ ᠪᠠᠢᠭᠤᠯᠤᠭ᠍ᠳᠠᠬᠤ ᠬᠤᠷᠠᠯ ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠪᠠᠷᠢᠮᠵᠢᠶ᠎ᠠ ᠲᠣᠭ᠍ᠲᠠᠭᠠᠬᠤ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠎ᠪᠡᠷ ᠲᠡᠮᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠬᠢᠭᠡᠳ ᠮᠥᠩᠭᠥᠨ ᠭᠦᠶ᠋ᠯᠭᠡᠭᠡᠨ᠎ᠦ ᠭᠦᠨᠵᠡᠭᠡᠶ ᠠᠭᠤᠰᠤᠯᠴᠠᠯ ᠎ᠢ ᠠᠬᠢᠭᠤᠯᠵᠤ᠂ ᠮᠥᠩᠭᠥᠨ ᠭᠦᠶ᠋ᠯᠭᠡᠭᠡᠨ᠎ᠦ ᠬᠦᠷᠢᠶᠡᠨ᠎ᠦ ᠠᠮᠤᠷ ᠲᠦᠪᠱᠢᠨ ᠲᠣᠭ᠍ᠲᠠᠭᠤᠨ ᠠᠵᠢᠯᠯᠠᠭᠠᠨ᠎ᠳᠤ ᠭᠤᠤᠯ ᠲᠤᠯᠭᠠᠭᠤᠷᠢᠯᠠᠯ ᠬᠠᠩᠭᠠᠪᠠ᠃ ᠡᠬᠦᠨ ᠤ᠋ ᠬᠠᠮᠳᠤ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠲᠤᠰᠭᠠᠢ ᠮᠡᠷᠭᠡᠵᠢᠯᠲᠡᠨ᠎ᠢ ᠤᠷᠢᠵᠤ ᠪᠦᠬᠦ᠌ ᠣᠷᠣᠨ᠎ᠤ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠳᠤ ᠰᠦᠯᠵᠢᠶᠡᠨ᠎ᠦ ᠠᠮᠤᠷ ᠲᠦᠪᠱᠢᠨ᠎ᠦ ᠪᠣᠯᠪᠠᠰᠤᠷᠠᠯ ᠥᠷᠨᠢᠭᠦᠯᠵᠦ᠍᠂ ᠮᠥᠩᠭᠥᠨ ᠭᠦᠢᠯᠭᠡᠭᠡᠨ ᠎ᠦ ᠦᠢᠯᠡᠰ ᠎ᠦᠨ ᠰᠦᠯᠵᠢᠶᠡᠨ ᠎ᠦ ᠠᠮᠤᠷ ᠲᠦᠪᠱᠢᠨ ᠎ᠦ ᠬᠠᠮᠠᠭᠠᠯᠠᠯᠲᠠ᠎ᠶ᠋ᠢᠨ ᠤᠬᠠᠮᠰᠠᠷ ᠎ᠢ ᠦᠷᠭᠦᠯᠵᠢᠯᠡᠨ ᠳᠡᠭᠡᠭ᠌ᠰᠢᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号