— ᠵᠡᠭᠦᠨ ᠦᠵᠦᠮᠦᠴᠢᠨ ᠬᠣᠱᠢᠭᠤᠨ ᠤ《ᠡᠵᠢ ᠨᠠᠭᠤᠷ᠎ᠤᠨ ᠬᠥᠪᠡᠭᠡᠨ᠎ᠳᠡᠬᠢ ᠬᠤᠪᠢᠰᠭᠠᠯ᠎ᠤᠨ ᠳᠤᠷᠠᠰᠤᠮᠵᠢ 》 ᠭᠡᠬᠦ ᠦᠵᠡᠭᠦᠯᠭᠡ᠎ᠶ᠋ᠢᠨ ᠲᠢᠩᠬᠢᠮ ᠢ ᠰᠤᠨᠢᠷᠬᠠᠭᠠᠳ
9 ᠰᠠᠷ᠎ᠠ᠎ᠶ᠋ᠢᠨ ᠦᠵᠦᠮᠦᠴᠢᠨᠦ ᠲᠠᠯ᠎ᠠ ᠨᠤᠲᠤᠭ ᠪᠠᠶᠠᠨ ᠨᠠᠮᠤᠷ ᠵᠢᠠᠨ ᠤᠭᠳᠤᠵᠦ᠂ ᠰᠠᠷᠢᠭᠦᠨ ᠲᠠᠭᠠᠯᠠᠮᠵᠢᠳᠠᠢ ᠠᠭᠤᠷ ᠠᠮᠢᠰᠬᠤᠯ ᠡᠡᠭᠭᠡᠷ ᠴᠡᠭᠡᠵᠢ ᠵᠢ ᠠᠷᠢᠭᠤᠰᠬᠠᠨ᠎ᠠ᠃ ᠰᠤᠷᠪᠤᠯᠵᠢᠯᠠᠭᠴᠢ ᠲᠦᠷᠦᠭᠦᠬᠡᠨ ᠱᠢᠯᠢ᠎ᠶ᠋ᠢᠨ ᠭᠤᠤᠯ ᠠᠢᠮᠠᠭ᠎ᠤᠨ ᠵᠡᠭᠦᠨ ᠦᠵᠦᠮᠦᠴᠢᠨ ᠬᠣᠱᠢᠭᠤᠨ᠎ᠤ ᠤᠯᠢᠶᠠᠰᠤᠲᠠᠢ ᠪᠠᠯᠭᠠᠰᠤᠨ᠎ᠤ ᠮᠠᠨᠳᠤᠬᠤ ᠨᠡᠢᠭᠡᠮ ᠲᠣᠭᠣᠷᠢᠭᠲᠡᠬᠢ 《ᠡᠵᠢ ᠨᠠᠭᠤᠷ᠎ᠤᠨ ᠬᠥᠪᠡᠭᠡᠨ᠎ᠳᠡᠬᠢ ᠬᠤᠪᠢᠰᠭᠠᠯ᠎ᠤᠨ ᠳᠤᠷᠠᠰᠤᠮᠵᠢ》 ᠭᠡᠬᠦ ᠦᠵᠡᠭᠦᠯᠭᠡ᠎ᠶ᠋ᠢᠨ ᠲᠢᠩᠬᠢᠮ᠎ᠳᠦ ᠣᠷᠣᠬᠤ᠎ᠳᠤ᠂ ᠠᠬᠠᠮᠠᠳ ᠬᠤᠪᠢᠰᠭᠠᠯᠴᠢᠳ᠎ᠤᠨ ᠬᠠᠭᠤᠴᠢᠨ ᠬᠡᠷᠡᠯ ᠵᠢᠷᠤᠭ᠂ ᠬᠠᠭᠤᠴᠢᠨ ᠡᠳ᠋ ᠪᠣᠳᠠᠰ᠂ ᠰᠤᠷᠪᠤᠯᠵᠢ ᠪᠢᠴᠢᠭ ᠮᠠᠲ᠋ᠧᠷᠢᠶᠠᠯ ᠨᠢᠳᠤᠨ᠎ᠳᠤ ᠲᠤᠰᠪᠠ᠃ ᠡᠳᠡᠭᠡᠷ ᠬᠣᠪᠣᠷ ᠨᠠᠨᠳᠢᠨ ᠬᠠᠳᠠᠭᠠᠯᠠᠮᠵᠢ ᠪᠣᠯ ᠵᠡᠭᠦᠨ ᠦᠵᠦᠮᠦᠴᠢᠨ ᠬᠣᠱᠢᠭᠤᠨ ᠤ ᠬᠤᠪᠢᠰᠭᠠᠯ᠎ᠤᠨ ᠤᠯᠠᠮᠵᠢᠯᠠᠯ᠎ᠢ ᠪᠠᠳᠠᠷᠠᠭᠤᠯᠬᠤ ᠰᠠᠢ᠌ᠨ ᠲᠤᠷᠠᠴᠤᠳ᠎ᠤᠨ ᠨᠡᠢᠭᠡᠮᠯᠢᠭ᠎ᠦᠨ 2018 ᠣᠨ᠎ᠠᠴᠠ ᠡᠬᠢᠯᠡᠨ ᠴᠤᠭ᠍ᠯᠠᠭᠤᠯᠵᠤ ᠡᠮᠬᠢᠳᠭᠡᠭ᠌ᠰᠡᠨ ᠲᠤᠬᠠᠢ᠎ᠶ᠋ᠢᠨ ᠭᠠᠵᠠᠷ᠎ᠤᠨ ᠬᠤᠪᠢᠰᠭᠠᠯᠳᠤ ᠬᠦᠮᠦᠰ᠎ᠤᠨ ᠬᠠᠮᠢᠶ᠎ᠠ ᠪᠦᠬᠦᠢ ᠲᠡᠦᠬᠡᠨ ᠮᠠᠲᠧᠷᠢᠶᠠᠯ ᠪᠣᠯᠤᠨ᠎ᠠ᠃ ᠡᠳᠦᠭᠡ ᠲᠤᠰ ᠨᠡᠢᠭᠡᠮᠯᠢᠭ ᠦᠵᠡᠭᠦᠯᠭᠡ᠎ᠶ᠋ᠢᠨ ᠲᠢᠩᠬᠢᠮ᠎ᠢᠶᠡᠷ ᠠᠴᠢᠶᠠᠯᠠᠪᠤᠷᠢ ᠪᠣᠯᠭᠠᠵᠤ᠂ ᠡᠨᠡ ᠨᠤᠲᠤᠭ᠎ᠲᠦ ᠦᠷᠨᠢᠭᠰᠡᠨ ᠬᠤᠪᠢᠰᠭᠠᠯ᠎ᠤᠨ ᠦᠯᠢᠭᠡᠷ᠎ᠢ ᠨᠡᠩ ᠤᠯᠠᠨ ᠬᠥᠮᠦᠰ᠎ᠲᠦ ᠲᠠᠨᠢᠭᠤᠯᠤᠨ ᠤᠢᠯᠠᠭᠠᠭᠤᠯᠵᠦ᠂ ᠬᠤᠪᠢᠰᠬᠠᠯ᠎ᠤᠨ ᠦᠢᠯᠡ ᠶᠠᠪᠤᠳᠠᠯ ᠲᠡᠤᠬᠡᠨ ᠥᠩᠭᠡᠷᠡᠯᠲᠡ᠎ᠶ᠋ᠢ ᠤᠯᠠᠨ᠎ᠤ ᠰᠡᠳᠭᠢᠯ᠎ᠳᠦ ᠬᠠᠳᠠᠩᠱᠢᠭᠤᠯᠵᠤ ᠪᠤᠢ᠃
ᠨᠡᠢᠭᠡᠮᠯᠢᠭ᠎ᠦᠨ ᠨᠠᠷᠢᠨ ᠪᠢᠴᠢᠭ᠎ᠦᠨ ᠳᠠᠷᠤᠭ᠎ᠠ᠂ ᠮᠣᠷᠢᠲᠤ ᠴᠡᠷᠢᠭ᠎ᠦᠨ ᠬᠣᠢᠴᠢᠰ ᠴᠧᠨ ᠢᠦᠢ ᠯᠢᠨᠦ ᠲᠠᠨᠢᠯᠴᠠᠭᠤᠯᠤᠭ᠍ᠰᠠᠨ᠎ᠢᠶᠠᠷ᠂ ᠦᠵᠡᠭᠦᠯᠭᠡ᠎ᠶ᠋ᠢᠨ ᠲᠢᠩᠬᠢᠮ᠎ᠦᠨ ᠬᠠᠭᠤᠴᠢᠨ ᠪᠣᠳᠠᠰ᠎ᠢ ᠪᠦᠷ ᠬᠤᠪᠢᠰᠭᠠᠯ᠎ᠤᠨ ᠠᠬᠠᠮᠠᠳ ᠦᠶ᠎ᠡ᠎ᠶ᠋ᠢᠨ ᠬᠢᠨ᠎ᠤ ᠦᠷ᠎ᠡ ᠬᠡᠤᠬᠡᠳ᠎ᠤᠳ ᠬᠠᠨᠳᠢᠪᠯᠠᠵᠤ᠂ ᠠᠬᠠᠮᠠᠳ ᠦᠶ᠎ᠡ᠎ᠶ᠋ᠢᠨ ᠬᠢᠨ᠎ᠦ ᠲᠤᠬᠠᠢ᠎ᠶ᠋ᠢᠨ ᠵᠢᠯ᠎ᠳᠦ ᠬᠡᠷᠡᠭᠯᠡᠵᠦ ᠥᠩᠭᠡᠷᠡᠭ᠌ᠰᠡᠨ ᠠᠷᠠᠰᠤᠨ ᠪᠣᠭ᠍ᠴᠣ᠂ ᠳᠤᠷᠠᠨ᠂ ᠪᠠᠰᠠ ᠪᠠᠢᠯᠳᠤᠭᠠᠨ᠎ᠤ ᠥᠩᠭᠡᠷᠡᠯᠲᠡ᠎ᠶ᠋ᠢ ᠲᠡᠮᠳᠡᠭ᠌ᠯᠡᠭ᠌ᠰᠡᠨ ᠬᠠᠭᠤᠴᠢᠨ ᠵᠠᠬᠢᠳᠠᠯ᠂ ᠬᠠᠭᠤᠴᠢᠨ ᠭᠡᠷᠡᠯ ᠵᠢᠷᠤᠭ᠎ᠤᠳ ᠪᠠᠢᠨ᠎ᠠ ᠭᠡᠪᠠ᠃ 《ᠲᠡᠯᠬᠡᠨ ᠦᠵᠡᠭᠦᠯᠭᠡ ᠵᠢᠨ ᠵᠤᠷᠢᠯᠭ᠎ᠠ ᠨᠢ ᠠᠬᠠᠮᠠᠳ ᠦᠶᠡᠶ᠋ᠢᠨᠬᠢᠨᠦ ᠲᠠᠯ᠎ᠠ ᠨᠤᠲᠤᠭ ᠳᠡᠭᠡᠷ᠎ᠡ ᠴᠢᠰᠤ ᠤᠷᠤᠰᠭᠠᠨ ᠡᠷᠡᠯᠬᠡᠭ᠌ᠯᠡᠨ ᠲᠡᠮᠡᠴᠡᠵᠦ᠍ ᠪᠠᠢᠭᠰᠠᠨ ᠭᠠᠢᠬᠠᠮᠱᠢᠭ᠍ᠲᠤ ᠣᠨ ᠰᠠᠷᠠᠶ᠋ᠢ ᠬᠥᠮᠦᠰ᠎ᠲᠦ ᠤᠢᠯᠠᠭᠠᠭᠤᠯᠬᠤ᠎ᠶ᠋ᠢᠨ ᠲᠥᠯᠥᠭᠡ ᠶᠤᠮ᠂ ᠥᠨᠥᠳᠦᠷ᠎ᠦᠨ ᠠᠮᠤᠷ ᠲᠣᠭ᠍ᠲᠠᠭᠤᠨ ᠠᠮᠢᠳᠤᠷᠠᠯ᠎ᠢ ᠲᠠᠳᠠ ᠴᠢᠰᠤ ᠤᠷᠤᠰᠬᠠᠨ ᠪᠠᠭᠠᠳᠤᠷᠯᠠᠨ ᠲᠡᠮᠡᠴᠡᠵᠦ᠍ ᠪᠠᠢᠭᠠᠳ ᠣᠯᠤᠭ᠍ᠰᠠᠨ ᠶᠤᠮ》᠃ ᠴᠧᠨ ᠢᠦᠢ ᠯᠢᠨ᠎ᠤ ᠬᠡᠯᠡᠬᠦ ᠪᠡᠷ᠂ ᠡᠳᠡᠭᠡᠷ ᠬᠠᠭᠤᠴᠢᠨ ᠶᠠᠭᠤᠮ᠎ᠠ ᠡᠴᠡ ᠪᠢᠳᠡ ᠠᠬᠠᠮᠠᠳ ᠨᠢᠭᠡ ᠦᠶ᠎ᠡ᠎ᠶ᠋ᠢᠨ ᠬᠢᠨ᠎ᠦ ᠡᠬᠡ ᠣᠷᠣᠨᠴᠢ ᠬᠠᠢᠷ᠎ᠠ ᠰᠡᠳᠭᠢᠯᠭᠡ ᠪᠣᠯᠤᠨ ᠲᠡᠮᠡᠴᠡᠯ᠎ᠦᠨ ᠵᠣᠷᠢᠭ ᠰᠠᠨᠠᠭ᠎ᠠ ᠶ᠋ᠢ ᠤᠬᠠᠮᠰᠠᠷᠯᠠᠵᠦ ᠪᠤᠯᠤᠨ᠎ᠠ ᠬᠡᠯᠡ᠃
ᠵᠡᠭᠦᠨ ᠦᠵᠦᠮᠦᠴᠢᠨ ᠬᠣᠱᠢᠭᠤᠨ᠎ᠤ ᠬᠤᠪᠢᠰᠭᠠᠯ᠎ᠤᠨ ᠤᠯᠠᠮᠵᠢᠯᠠᠯ᠎ᠢ ᠪᠠᠳᠠᠷᠠᠭᠤᠯᠬᠤ ᠰᠠᠢ᠌ᠨ ᠲᠤᠷᠠᠴᠤᠳ᠎ᠤᠨ ᠨᠡᠢᠭᠡᠮᠯᠢᠭ ᠨᠢ 2018 ᠣᠨ᠎ᠤ 8 ᠰᠠᠷ᠎ᠠ᠎ᠳᠤ ᠪᠠᠢᠭᠤᠯᠤᠭ᠍ᠳᠠᠵᠤ᠂ ᠡᠬᠢᠨ᠎ᠳᠡᠭᠡᠨ ᠠᠬᠠᠮᠠᠳ ᠬᠤᠪᠢᠰᠭᠠᠯᠴᠢᠳ᠎ᠤᠨ ᠦᠷ᠎ᠡ ᠬᠡᠤᠬᠡᠳ᠎ᠤᠳ ᠡᠭᠦᠰᠭᠡᠨ ᠪᠠᠢᠭᠤᠯᠵᠤ᠂ ᠤᠳᠤ ᠪᠤᠯᠬᠤ᠎ᠳᠤ 125 ᠭᠡᠱᠢᠭᠦᠨ᠎ᠲᠡᠶ ᠪᠤᠯᠵᠤ᠂ ᠳᠤᠮᠳᠠᠴᠢ ᠨᠠᠰᠤ ᠨᠢ 60 ᠨᠠᠰᠤ᠎ᠶ᠋ᠢ ᠳᠠᠪᠠᠪᠠ᠃ ᠬᠡᠳᠦᠢᠪᠡᠷ ᠲᠡᠳᠡ ᠠᠯᠢ ᠡᠷᠲᠡ ᠠᠵᠢᠯ᠎ᠤᠨ ᠪᠠᠢᠷᠢ᠎ᠠᠴᠠ᠎ᠪᠠᠨ ᠪᠠᠭᠤᠵᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠣᠯᠪᠠᠴᠤ᠌ ᠬᠤᠪᠢᠰᠭᠠᠯ᠎ᠤᠨ ᠠᠬᠠᠮᠠᠳ ᠦᠶ᠎ᠡ᠎ᠶ᠋ᠢᠨ ᠬᠢᠨ ᠢ ᠬᠦᠨᠳᠦᠳᠭᠡᠨ ᠪᠢᠱᠢᠷᠡᠬᠦ᠌᠂ ᠤᠯᠤᠰ ᠣᠷᠣᠨ᠎ᠳᠠᠭᠠᠨ ᠦᠨᠡᠨᠴᠢ ᠱᠢᠳᠤᠷᠭᠤ ᠪᠠᠢᠬᠤ ᠴᠢᠡᠭ ᠦᠨᠡᠨᠴᠢ ᠰᠡᠳᠬᠢᠯ᠎ᠢ ᠡᠪᠦᠷᠯᠡᠨ᠂ 《ᠬᠤᠪᠢᠰᠭᠠᠯ᠎ᠤᠨ ᠤᠳᠤᠮᠱᠢᠯ᠎ᠢ ᠤᠯᠠᠮᠵᠢᠯᠠᠬᠤ》 ᠱᠢᠨ᠎ᠡ ᠡᠭᠦᠷᠭᠡ᠎ᠶ᠋ᠢ ᠡᠭᠦᠷᠭᠡᠯᠡᠭ᠌ᠰᠡᠨ ᠪᠠᠢᠨ᠎ᠠ᠃
ᠨᠠᠮ᠎ᠳᠤ ᠤᠷᠤᠭᠠᠳ 33 ᠵᠢᠯ ᠪᠤᠯᠵᠤ ᠪᠠᠢᠭ᠎ᠠ ᠦᠨᠳᠦᠰᠦᠨ ᠱᠠᠲᠤᠨ᠎ᠤ ᠠᠬᠠᠮᠠᠳ ᠨᠠᠮ᠎ᠤᠨ ᠭᠡᠱᠢᠭᠦᠨ ᠴᠧᠨ ᠢᠦᠢ ᠯᠢᠨ ᠨᠡᠢᠭᠡᠮᠯᠢᠭ᠎ᠦᠨ ᠪᠤᠰᠤᠳ ᠭᠡᠰᠢᠭᠦᠨᠯᠤᠭᠡ ᠬᠠᠮᠲᠤ ᠪᠡᠷ 《ᠡᠵᠢ ᠨᠠᠭᠤᠷ᠎ᠤᠨ ᠬᠥᠪᠡᠭᠡᠨ᠎ᠳᠡᠬᠢ ᠬᠤᠪᠢᠰᠭᠠᠯ᠎ᠤᠨ ᠳᠤᠷᠠᠰᠤᠮᠵᠢ》 ᠭᠡᠬᠦ ᠦᠵᠡᠭᠦᠯᠭᠡ᠎ᠶ᠋ᠢᠨ ᠲᠢᠩᠬᠢᠮ᠎ᠦᠨ ᠠᠯᠪᠠᠨ ᠵᠢᠷᠤᠮ᠎ᠤᠨ ᠲᠠᠢᠯᠪᠤᠷᠢᠯᠠᠭᠴᠢ ᠪᠤᠯᠵᠠᠢ᠃ ᠠᠵᠢᠯ᠎ᠠᠴᠠ᠎ᠪᠠᠨ ᠠᠮᠠᠷᠠᠭᠠᠳ ᠣᠯᠠᠨ ᠵᠢᠯ ᠪᠣᠯᠤᠭ᠍ᠰᠠᠨ ᠪᠤᠯᠪᠠᠴᠤ ᠲᠡᠷᠡ ᠬᠡᠬᠦᠳᠡᠭ ᠳᠦᠭᠦᠷᠡᠩ ᠬᠠᠯᠠᠭᠤᠨ ᠰᠡᠳᠭᠢᠯᠭᠡ ᠵᠢ ᠡᠪᠦᠷᠯᠡᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠭᠡᠱᠢᠭᠦᠨ᠎ᠦ ᠡᠭᠦᠷᠭᠡ ᠬᠠᠷᠢᠭᠤᠴᠠᠯᠭ᠎ᠠ᠎ᠶ᠋ᠢ ᠦᠶ᠋ᠯᠡᠳᠦᠯᠭᠡᠵᠢᠭᠦᠯᠵᠦ᠍᠂ 《ᠨᠢᠭᠡ ᠨᠠᠮ᠎ᠤᠨ ᠭᠡᠱᠢᠭᠦᠨ ᠪᠣᠯ ᠨᠢᠭᠡ ᠲᠣᠭ ᠮᠥᠨ᠂ ᠨᠢᠭᠡ ᠨᠠᠮ᠎ᠤᠨ ᠡᠭᠦᠷ ᠪᠣᠯ ᠨᠢᠭᠡ ᠪᠡᠬᠢᠯᠡᠯᠲᠡ ᠮᠥᠨ》ᠭᠡᠬᠦ᠌ ᠭᠦᠨ ᠭᠦᠨᠵᠡᠭᠡᠶ ᠠᠭᠤᠯᠤᠭ᠍ᠳᠠᠬᠤᠨ᠎ᠢ ᠲᠠᠢᠯᠪᠤᠷᠢᠯᠠᠪᠠ᠃ ᠲᠡᠷᠡ ᠨᠠᠮ᠎ᠤᠨ ᠦᠯᠢᠭᠡᠷ᠂ ᠬᠤᠪᠢᠰᠭᠠᠯ᠎ᠤᠨ ᠦᠯᠢᠭᠡᠷ᠂ ᠪᠠᠭᠠᠲᠤᠷ᠎ᠤᠨ ᠦᠯᠢᠭᠡᠷ᠂ ᠦᠨᠳᠦᠰᠦᠲᠡᠨ᠎ᠦ ᠪᠦᠯᠬᠦᠮᠳᠡᠯ᠎ᠦᠨ ᠦᠯᠢᠭᠡᠷ᠎ᠢ ᠠᠮᠢᠳᠤᠯᠢᠭ ᠦᠨᠡᠨ ᠵᠢᠡᠷ ᠲᠤᠭᠠᠴᠢᠵᠦ᠂ ᠲᠣᠭᠣᠷᠢᠨ ᠦᠵᠡᠭ᠌ᠴᠢᠳ᠎ᠲᠦ ᠬᠤᠪᠢᠰᠭᠠᠯ᠎ᠤᠨ ᠳᠤᠷᠠᠰᠤᠮᠵᠢ᠂ ᠬᠤᠪᠢᠰᠭᠠᠯ᠎ᠤᠨ ᠬᠦᠴᠦᠨ᠎ᠢ ᠲᠠᠬᠢᠨ ᠮᠡᠳᠡᠷᠡᠭᠦᠯᠵᠦ᠍᠂ ᠬᠤᠪᠢᠰᠭᠠᠯᠲᠤ ᠰᠣᠶᠣᠯ᠎ᠢ ᠭᠦᠨᠵᠡᠭᠡᠢ ᠤᠢ᠍ᠢᠯᠠᠭᠠᠭᠤᠯᠵᠤ᠂ ᠬᠤᠪᠢᠰᠭᠠᠯ᠎ᠤᠨ ᠤᠳᠤᠮᠱᠢᠯ᠎ᠢ ᠲᠠᠮᠵᠢᠭᠤᠯᠵᠤ ᠶᠠᠪᠤᠨ᠎ᠠ᠃
ᠲᠤᠰ ᠦᠵᠡᠭᠦᠯᠭᠡ᠎ᠶ᠋ᠢᠨ ᠲᠢᠩᠬᠢᠮ 2023 ᠣᠨ᠎ᠤ 10 ᠰᠠᠷ᠎ᠠ᠎ᠳᠤ ᠵᠢᠩᠬᠢᠨᠢ᠎ᠪᠡᠷ ᠨᠡᠬᠡᠬᠡᠯᠳᠡ ᠬᠢᠭ᠌ᠰᠡᠨ᠎ᠡᠴᠡ ᠨᠠᠭᠠᠰᠢ᠂ ᠤᠷᠢᠳ ᠬᠣᠵᠢᠳ ᠡᠯ᠎ᠡ ᠡᠲᠡᠭᠡᠳ᠎ᠦᠨ ᠬᠥᠮᠦᠰ᠎ᠢ 180 ᠭᠠᠷᠤᠢ ᠤᠳᠠᠭ᠎ᠠ ᠬᠦᠯᠢᠶᠠᠨ ᠠᠪᠴᠤ᠌᠂ ᠤᠳᠤ ᠨᠢᠭᠡᠨᠲᠡ ᠵᠡᠭᠦᠨ ᠦᠵᠦᠮᠦᠴᠢᠨ ᠬᠣᠱᠢᠭᠤᠨ᠎ᠤ ᠬᠤᠪᠢᠰᠭᠠᠯᠳᠤ ᠤᠯᠤᠰ᠎ᠢᠶᠠᠨ ᠬᠠᠢᠷᠠᠯᠠᠬᠤ ᠬᠥᠮᠦᠵᠢᠯ᠎ᠦᠨ ᠴᠢᠬᠤᠯᠠ ᠰᠠᠭᠤᠷᠢᠨ᠂ ᠬᠣᠱᠢᠭᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ ) ᠵᠢᠨ ᠲᠤᠬᠠᠢ᠎ᠶ᠋ᠢᠨ ᠲᠠᠯᠠᠪᠠᠢ᠎ᠶ᠋ᠢᠨ ᠵᠢᠭᠠᠨ ᠰᠤᠷᠭᠠᠯᠲᠠ᠎ᠶ᠋ᠢᠨ ᠴᠡᠭ ᠪᠣᠯᠵᠠᠢ᠃
ᠡᠭᠦᠨ᠎ᠡᠴᠡ ᠭᠠᠳᠠᠨ᠎ᠠ᠂ ᠲᠣᠰ ᠨᠡᠢᠭᠡᠮᠯᠢᠭ ᠪᠠᠰᠠ ᠨᠡᠢᠭᠡᠮ᠎ᠦᠨ ᠡᠯ᠎ᠡ ᠡᠲᠡᠭᠡᠳ᠎ᠦᠨ ᠬᠦᠴᠦᠨ᠎ᠢ ᠤᠷᠢᠶᠠᠯᠠᠨ ᠲᠠᠢᠴᠢᠯᠠᠵᠦ᠂ ᠦᠵᠡᠭᠦᠯᠭᠡ᠎ᠶ᠋ᠢᠨ ᠲᠢᠩᠬᠢᠮ᠎ᠦᠨ ᠠᠭᠤᠯᠭ᠎ᠠ᠎ᠶ᠋ᠢ ᠲᠠᠰᠤᠷᠠᠯᠳᠠ ᠦᠭᠡᠢ ᠪᠠᠶᠠᠯᠢᠭ᠍ᠵᠢᠭᠤᠯᠵᠤ᠂ ᠲᠤᠬᠠᠶ᠎ᠶ᠋ᠢᠨ ᠭᠠᠵᠠᠷ᠎ᠤᠨ ᠬᠤᠪᠢᠰᠭᠠᠯ᠎ᠤᠨ ᠰᠣᠶᠣᠯ᠎ᠤᠨ ᠥᠪ ᠢ 《ᠠᠮᠢᠯᠠᠭᠤᠯᠬᠤ》 ᠪᠠᠷ ᠢᠳᠡᠪᠬᠢᠲᠡᠶ ᠤᠷᠢᠶᠠᠯᠠᠪᠠ᠃ ᠲᠡᠳᠡ ᠨᠡᠢᠲᠡ᠎ᠶ᠋ᠢᠨ ᠠᠰᠠᠷᠠᠮᠵᠢ᠎ᠶ᠋ᠢᠨ ᠰᠠᠢ᠌ᠨ ᠳᠤᠷ᠎ᠠ᠎ᠶ᠋ᠢᠨ ᠦᠢᠯᠡᠴᠢᠯᠡᠭᠡ᠂ ᠤᠯᠤᠰ ᠢᠶᠠᠨ ᠬᠠᠢᠷᠠᠯᠠᠬᠤ ᠦᠵᠡᠯ᠎ᠦᠨ ᠬᠥᠮᠦᠵᠢᠯ᠂ ᠬᠤᠪᠢᠰᠭᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ ᠵᠡᠷᠭᠡ ᠠᠵᠢᠯᠯᠠᠭ᠎ᠠ ᠥᠷᠨᠢᠭᠦᠯᠵᠦ᠍᠂ ᠬᠤᠪᠢᠰᠭᠠᠯᠲᠤ ᠤᠳᠤᠮᠱᠢᠯ᠎ᠢ ᠨᠡᠢᠭᠡᠮ᠎ᠦᠨ ᠡᠯ᠎ᠡ ᠳᠠᠪᠬᠤᠷᠭ᠎ᠠ᠎ᠳᠤ ᠠᠭᠤᠰᠬᠠᠨ᠂ ᠪᠦᠬᠦ᠌ ᠨᠡᠢᠭᠡᠮ᠎ᠳᠦ ᠭᠦᠨ ᠵᠤᠵᠠᠭᠠᠨ ᠤᠯᠤᠰ᠎ᠢᠶᠠᠨ ᠬᠠᠢᠷᠠᠯᠠᠬᠤ ᠦᠵᠡᠯ᠎ᠦᠨ ᠠᠭᠤᠷ ᠠᠮᠢᠰᠭᠤᠯ᠎ᠢ ᠪᠤᠢ ᠪᠣᠯᠭᠠᠪᠠ᠃ ᠡᠭᠦᠨ᠎ᠦ ᠬᠠᠮᠲᠤ ᠲᠡᠦᠬᠡᠨ ᠮᠠᠲ᠋ᠧᠷᠢᠶᠠᠯ᠎ᠢ ᠡᠮᠬᠢᠳᠭᠡᠵᠦ᠍᠂ 《ᠬᠣᠱᠢᠭᠤᠴᠢ᠎ᠶ᠋ᠢᠨ ᠤᠯᠠ ᠮᠥᠷ》 ᠭᠡᠬᠦ ᠨᠤᠮ᠎ᠢ 500 ᠳᠡᠪᠲᠡᠷ᠂ 《ᠡᠵᠢ ᠨᠠᠭᠤᠷ᠎ᠤᠨ ᠬᠥᠪᠡᠭᠡᠨ᠎ᠳᠡᠬᠢ ᠬᠤᠪᠢᠰᠭᠠᠯ᠎ᠤᠨ ᠳᠤᠷᠠᠰᠤᠮᠵᠢ》 ᠭᠡᠬᠦ᠌ ᠵᠢᠷᠤᠭ᠍ᠲᠤ ᠳᠡᠪᠲᠡᠷ᠎ᠢ 1000 ᠳᠡᠪᠲᠡᠷ ᠵᠢᠴᠢ ᠪᠤᠰᠤᠳ ᠵᠢᠷᠤᠭ᠍ᠲᠤ ᠨᠤᠮ᠎ᠢ 120 ᠳᠡᠪᠲᠡᠷ ᠬᠡᠪᠯᠡᠭᠦᠯᠵᠡᠢ᠃