ᠤᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠬᠠᠮᠠᠳ ᠺᠠᠳ᠋ᠷ᠎ᠤᠨ ᠲᠣᠪᠴᠢᠶ᠎ᠠ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠳ᠋ᠦᠩᠨᠡᠯᠲᠡ᠎ᠶ᠋ᠢᠨ ᠬᠤᠷᠠᠯ ᠬᠢᠵᠦ᠂ ᠶᠡᠷᠦᠩᠬᠡᠶ ᠱᠦᠵᠢ ᠰᠢ ᠵᠢᠨ ᠫᠢᠩ᠎ᠦᠨ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠣᠪᠴᠢᠶ᠎ᠠ᠎ᠶ᠋ᠢᠨ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠦᠷ᠎ᠡ ᠪᠦᠲᠦᠮᠵᠢ ᠪᠠᠨ ᠳ᠋ᠦᠩᠨᠡᠵᠦ᠍᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠠᠬᠢᠭᠤᠯᠬᠤ ᠲᠤᠬᠠᠢ ᠠᠵᠢᠯ ᠵᠢᠡᠨ ᠪᠠᠢᠷᠢᠯᠠᠭᠤᠯᠪᠠ᠃
ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠨᠢ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠲᠥᠪ ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠥᠷᠡᠰᠢ ᠥᠬᠡᠶ ᠨᠠᠢᠳᠠᠪᠤᠷᠢᠵᠢᠭᠤᠯᠵᠤ᠂ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠪᠠᠢᠯᠭᠠᠬᠤ᠎ᠶ᠋ᠢ ᠠᠬᠢᠭᠤᠯᠬᠤ᠎ᠳᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠵᠦ᠂ ᠲᠣᠪᠴᠢᠶ᠎ᠠ᠎ᠶ᠋ᠢᠨ ᠱᠢᠰᠲ᠋ᠧᠮ᠎ᠦᠨ ᠪᠥᠬᠥ᠌ ᠨᠠᠮ᠎ᠤᠨ ᠭᠡᠱᠢᠭᠦᠨ ᠺᠠᠳ᠋ᠷ ᠪᠥᠬᠥ᠌ ᠲᠠᠯ᠎ᠠ᠎ᠪᠠᠷ ᠰᠤᠷᠤᠯᠴᠠᠵᠤ᠂ ᠭᠦᠨᠵᠡᠭᠡᠶ ᠣᠢᠯᠠᠭᠠᠵᠤ᠂ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠬᠤ ᠬᠡᠷᠡᠭ᠌ᠲᠡᠶ ᠭᠡᠵᠦ ᠴᠢᠬᠤᠯᠠᠴᠢᠯᠠᠪᠠ᠃ ᠬᠤᠷᠠᠯ᠎ᠠᠴᠠ᠂ ᠳᠠᠷᠠᠭᠠᠴᠢ᠎ᠶ᠋ᠢᠨ ᠠᠯᠬᠤᠮ᠎ᠳᠤ᠂ ᠤᠨᠤᠯ᠎ᠤᠨ ᠰᠤᠷᠤᠯᠴᠠᠯᠭ᠎ᠠ᠎ᠶ᠋ᠢ ᠭᠦᠨᠵᠡᠭᠡᠢᠷᠡᠭᠦᠯᠬᠦ᠌᠂ ᠰᠤᠷᠲᠠᠯ᠎ᠤᠨ ᠠᠷᠬᠠᠭ ᠭᠡᠮ᠎ᠢ ᠵᠠᠯᠠᠷᠠᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠪᠣᠳᠠᠲᠠᠢ᠎ᠶ᠋ᠢ ᠡᠷᠬᠢᠮᠯᠡᠬᠦ᠌ ᠠᠷᠢᠭᠤᠨ ᠴᠢᠬᠡᠴᠢ ᠪᠠᠢᠬᠤ ᠬᠠᠲᠠᠭᠤ ᠴᠢᠩᠭ᠎ᠠ ᠠᠵᠢᠯ᠎ᠤᠨ ᠰᠤᠷᠲᠠᠯ᠎ᠢ ᠳᠠᠪᠲᠠᠨ ᠪᠣᠯᠪᠠᠰᠤᠷᠠᠭᠤᠯᠬᠤ ᠬᠡᠷᠡᠭ᠌ᠲᠡᠢ; ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ ᠵᠢᠡᠨ ᠦᠷᠭᠦᠯᠵᠢᠯᠡᠨ ᠪᠡᠬᠢᠵᠢᠭᠦᠯᠦᠨ ᠭᠦᠨᠵᠡᠭᠡᠢᠷᠡᠭᠦᠯᠵᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠡᠷᠡᠮᠡᠬᠡᠢᠯᠡᠨ ᠲᠡᠮᠡᠴᠡᠬᠦ᠌ ᠰᠠᠢ᠌ᠨ ᠰᠠᠢᠬᠠᠨ ᠲᠦᠷᠢ ᠲᠥᠷᠬᠦ᠌᠎ᠶ᠋ᠢ ᠢᠯᠡᠷᠡᠭᠦᠯᠬᠦ᠌ ᠬᠡᠷᠡᠭ᠌ᠲᠡᠢ; 《ᠨᠠᠮ ᠳᠤ ᠠᠴᠢ ᠳᠤ ᠲᠠᠯᠠᠷᠬᠠᠵᠦ᠂ ᠨᠠᠮ᠎ᠤᠨ ᠦᠭᠡ᠎ᠶ᠋ᠢ ᠰᠣᠨᠣᠰᠴᠦ᠂ ᠨᠠᠮ᠎ᠢᠶᠠᠨ ᠳᠠᠭᠠᠨ ᠤᠷᠤᠬᠰᠢᠯᠠᠬᠤ》 ᠣᠯᠠᠨ ᠲᠦᠮᠡᠨᠴᠢ ᠬᠥᠮᠦᠵᠢᠯ ᠢ ᠦᠷᠭᠦᠯᠵᠢᠯᠡᠨ ᠭᠦᠨᠵᠡᠭᠡᠢᠷᠡᠭᠦᠯᠵᠦ᠍᠂ ᠰᠤᠷᠲᠠᠯ᠎ᠤᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠪᠥᠬᠥ᠌ ᠣᠷᠣᠨ᠎ᠤ ᠠᠬᠠᠮᠠᠳ ᠺᠠᠳ᠋ᠷᠴᠤᠳ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠳᠠᠲᠠᠶ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号