9 ᠰᠠᠷ᠎ᠠ᠎ᠶ᠋ᠢᠨ 4᠎ᠤ᠋ ᠡᠳᠦᠷ᠂ 2025 ᠣᠨ᠎ᠤ ᠥᠪᠥᠷ ᠮᠣᠩᠭᠣᠯ᠎ᠤᠨ 《ᠪᠡᠶ᠎ᠡ᠎ᠶ᠋ᠢᠨ ᠲᠠᠮᠢᠷ᠎ᠤᠨ ᠰᠣᠶᠣᠯ᠎ᠢᠶᠠᠷ ᠤᠮᠠᠷᠠᠲᠤ ᠬᠢᠯᠢ᠎ᠶ᠋ᠢ ᠤᠮᠳᠠᠯᠠᠬᠤ》 ᠤᠷᠠᠨ ᠵᠢᠷᠤᠭ᠂ ᠤᠷᠠᠨ ᠪᠢᠴᠢᠯᠭᠡ᠂ ᠬᠡᠷᠡᠯ ᠵᠢᠷᠤᠭ᠂ ᠭᠠᠷ ᠤᠷᠠᠯᠠᠯ᠎ᠤᠨ ᠪᠦᠲᠦᠭᠡᠯ᠎ᠦᠨ ᠦᠵᠡᠰᠭᠦᠯᠡᠩ ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠳᠤ ᠶᠠᠪᠤᠭ᠍ᠳᠠᠪᠠ᠃
ᠲᠣᠰ ᠤᠳᠠᠭᠠᠨ᠎ᠤ ᠦᠵᠡᠰᠭᠦᠯᠡᠩ᠎ᠢ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ᠂ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠰᠣᠨᠢᠨ ᠮᠡᠳᠡᠭᠡᠨ᠎ᠦ ᠠᠵᠢᠯᠲᠠᠳ᠎ᠤᠨ ᠨᠡᠢᠭᠡᠮᠯᠢᠭ᠎ᠡᠴᠡ ᠭᠤᠤᠯᠯᠠᠨ ᠡᠷᠭᠢᠯᠡᠵᠦ᠍᠂ ᠥᠪᠥᠷ ᠮᠣᠩᠭᠣᠯ᠎ᠤᠨ ᠬᠡᠷᠡᠯ ᠵᠢᠷᠤᠭ᠍ᠴᠢᠳ᠎ᠤᠨ ᠨᠡᠢᠭᠡᠮᠯᠢᠭ᠂ ᠥᠪᠥᠷ ᠮᠣᠩᠭᠣᠯ᠎ᠤᠨ ᠤᠷᠠᠨ ᠵᠢᠷᠤᠭ᠍ᠴᠢᠳ᠎ᠤᠨ ᠨᠡᠢᠭᠡᠮᠯᠢᠭ᠂ ᠥᠪᠥᠷ ᠮᠣᠩᠭᠣᠯ᠎ᠤᠨ ᠠᠷᠠᠳ᠎ᠤᠨ ᠤᠳᠭ᠎ᠠ ᠤᠷᠠᠯᠢᠭ᠍ᠴᠢᠳ᠎ᠤᠨ ᠨᠡᠢᠭᠡᠮᠯᠢᠭ᠎ᠡᠴᠡ ᠬᠠᠮᠲᠤᠷᠠᠨ ᠡᠷᠭᠢᠯᠡᠵᠡᠢ᠃
ᠦᠵᠡᠰᠭᠦᠯᠡᠩ᠎ᠦᠨ ᠠᠭᠤᠯᠭ᠎ᠠ᠎ᠳᠤ ᠤᠷᠠᠨ ᠵᠢᠷᠤᠭ᠂ ᠤᠷᠠᠨ ᠪᠢᠴᠢᠯᠭᠡ᠂ ᠭᠠᠷ ᠤᠷᠠᠯᠠᠯ᠂ ᠬᠡᠷᠡᠯ ᠵᠢᠷᠤᠭ ᠵᠡᠷᠭᠡ ᠳᠥᠷᠪᠡᠨ ᠶᠡᠬᠡ ᠬᠡᠰᠡᠭ᠎ᠢ ᠬᠠᠮᠤᠷᠴᠠᠶ᠃ ᠤᠷᠠᠨ ᠵᠢᠷᠤᠭ᠎ᠤᠨ ᠪᠦᠲᠦᠭᠡᠯ᠎ᠦᠨ ᠦᠵᠡᠭᠦᠯᠭᠡ᠎ᠶ᠋ᠢᠨ ᠲᠣᠭᠣᠷᠢᠭ᠎ᠲᠤ ᠬᠢᠲᠠᠳ ᠵᠢᠷᠤᠭ᠂ ᠲᠣᠰᠣᠨ ᠪᠤᠳᠤᠭ᠎ᠤᠨ ᠵᠢᠷᠤᠭ᠂ ᠪᠠᠷ ᠵᠢᠷᠤᠭ᠂ ᠤᠰᠤᠨ ᠪᠤᠳᠤᠭ᠎ᠤᠨ ᠵᠢᠷᠤᠭ ᠵᠡᠷᠭᠡ ᠣᠯᠠᠨ ᠵᠦᠶ᠋ᠯ᠎ᠦᠨ ᠬᠡᠯᠪᠡᠷᠢ᠎ᠪᠡᠷ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠲᠠᠯᠠᠪᠤᠷ᠂ ᠲᠠᠮᠢᠷᠴᠢᠳ ᠵᠢᠴᠢ ᠪᠡᠶ᠎ᠡ᠎ᠶ᠋ᠢᠨ ᠲᠠᠮᠢᠷ᠎ᠤᠨ ᠲᠠᠯᠠᠪᠠᠶ ᠣᠷᠳᠣᠨ᠎ᠤ ᠪᠠᠷᠢᠯᠭ᠎ᠠ ᠵᠡᠷᠭᠡ᠎ᠶ᠋ᠢ ᠠᠮᠢᠳᠤᠯᠢᠭ ᠵᠢᠷᠤᠭ᠍ᠯᠠᠭ᠍ᠰᠠᠨ ᠪᠠᠢᠨ᠎ᠠ᠃ ᠤᠷᠠᠨ ᠪᠢᠴᠢᠯᠭᠡ᠎ᠶ᠋ᠢᠨ ᠪᠦᠲᠦᠭᠡᠯ᠎ᠦᠨ ᠦᠵᠡᠭᠦᠯᠭᠡ᠎ᠶ᠋ᠢᠨ ᠲᠣᠭᠣᠷᠢᠭ᠎ᠲᠤ᠂ ᠪᠡᠶ᠎ᠡ᠎ᠶ᠋ᠢᠨ ᠲᠠᠮᠢᠷ᠎ᠢᠶᠠᠷ ᠭᠣᠣᠯ ᠰᠡᠳᠦᠪ ᠪᠣᠯᠭᠠᠭ᠍ᠰᠠᠨ ᠪᠦᠲᠦᠭᠡᠯ᠂ ᠡᠷᠲᠡᠨ ᠡᠳᠦᠭᠡ ᠳᠣᠲᠣᠭᠠᠳᠤ ᠭᠠᠳᠠᠭᠠᠳᠤ᠎ᠶ᠋ᠢᠨ ᠪᠡᠶ᠎ᠡ᠎ᠶ᠋ᠢᠨ ᠲᠠᠮᠢᠷ᠎ᠤᠨ ᠨᠡᠷᠡᠲᠦ ᠦᠭᠡ ᠰᠤᠷᠭᠠᠯ ᠦᠭᠡ᠂ ᠱᠢᠯᠦᠭ ᠳᠠᠭᠤᠯᠠᠯ ᠮᠠᠭ᠍ᠲᠠᠭᠤᠶ᠋ᠢᠨ ᠤᠷᠠᠨ ᠪᠢᠴᠢᠯᠭᠡ ᠪᠠᠢᠬᠤ᠎ᠪᠠᠷ ᠪᠠᠷᠠᠬᠤ ᠦᠭᠡᠢ᠂ ᠪᠠᠰᠠ ᠵᠣᠬᠢᠶᠠᠭ᠍ᠴᠢ᠎ᠶ᠋ᠢᠨ ᠥᠪᠡᠷ᠎ᠢᠶᠡᠨ ᠪᠢᠴᠢᠭᠰᠡᠨ ᠪᠡᠶ᠎ᠡ᠎ᠶ᠋ᠢᠨ ᠲᠠᠮᠢᠷ᠎ᠤᠨ ᠰᠡᠳᠦᠪᠳᠦ ᠱᠢᠯᠦᠭ ᠪᠤᠢ᠃ ᠭᠠᠷ ᠤᠷᠠᠯᠠᠯ᠎ᠤᠨ ᠪᠦᠲᠦᠭᠡᠯ᠎ᠦᠨ ᠦᠵᠡᠭᠦᠯᠭᠡ᠎ᠶ᠋ᠢᠨ ᠲᠣᠭᠣᠷᠢᠭ ᠨᠢ ᠴᠠᠭᠠᠰᠤᠨ ᠬᠠᠢᠴᠢᠯᠠᠮᠠᠯ᠂ ᠰᠡᠢᠯᠦᠮᠡᠯ ᠤᠷᠠᠯᠢᠭᠶ᠋ᠢᠡᠷ ᠪᠡᠶ᠎ᠡ᠎ᠶ᠋ᠢᠨ ᠲᠠᠮᠢᠷ᠎ᠤᠨ ᠰᠣᠶᠣᠯ᠎ᠤᠨ ᠤᠯᠠᠮᠵᠢᠯᠠᠯ᠎ᠢ ᠢᠯᠡᠷᠡᠭᠦᠯᠪᠡ᠃ ᠬᠡᠷᠡᠯ ᠵᠢᠷᠤᠭ᠎ᠤᠨ ᠪᠦᠲᠦᠭᠡᠯ᠎ᠦᠨ ᠦᠵᠡᠭᠦᠯᠭᠡ᠎ᠶ᠋ᠢᠨ ᠲᠣᠭᠣᠷᠢᠭ᠎ᠨᠢ ᠥᠪᠥᠷ ᠮᠣᠩᠭᠣᠯ᠎ᠤᠨ ᠣᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ᠎ᠶ᠋ᠢᠨ ᠥᠷᠨᠢᠭᠦᠨ ᠪᠠᠢᠳᠠᠯ᠂ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠦᠨ ᠥᠪᠡᠷᠮᠢᠴᠡ ᠷᠢᠳᠢ ᠱᠢᠳᠢ᠂ ᠪᠡᠶ᠎ᠡ᠎ᠶ᠋ᠢᠨ ᠲᠠᠮᠢᠷ᠎ᠤᠨ ᠲᠠᠯᠠᠪᠠᠶ ᠣᠷᠳᠣᠨ᠎ᠤ ᠪᠥᠲᠥᠭᠡᠨ ᠪᠠᠢᠭᠤᠯᠤᠯᠲᠠ᠎ᠶ᠋ᠢᠨ ᠳᠦᠷᠰᠦ ᠪᠠᠢᠳᠠᠯ ᠵᠢᠴᠢ ᠪᠡᠶ᠎ᠡ᠎ᠶ᠋ᠢᠨ ᠲᠠᠮᠢᠷ᠎ᠤᠨ ᠡᠳᠡᠭᠡᠳ᠎ᠤᠨ ᠬᠢᠨ᠎ᠤ ᠰᠡᠳᠭᠢᠯ ᠬᠥᠳᠡᠯᠭᠡᠮ᠎ᠡ ᠴᠣᠭ ᠵᠢᠪᠬᠤᠭ᠎ᠠ᠎ᠶ᠋ᠢ ᠠᠮᠢᠳᠤᠯᠢᠭ᠎ᠢᠶᠠᠷ ᠢᠯᠡᠷᠡᠭᠦᠯᠪᠡ᠃ ᠤᠢᠯᠠᠭᠠᠭᠰᠠᠨ᠎ᠶ᠋ᠢᠡᠷ᠂ ᠲᠣᠰ ᠤᠳᠠᠭᠠᠨ᠎ᠤ ᠦᠵᠡᠰᠭᠦᠯᠡᠩᠳᠦ ᠨᠡᠢᠲᠡ 572 ᠪᠦᠲᠦᠭᠡᠯ᠎ᠢ ᠳᠡᠯᠭᠡᠨ ᠦᠵᠡᠬᠦᠯᠪᠡ᠃