2025 ᠣᠨ᠎ᠤ ᠤᠯᠤᠰ᠎ᠤᠨ ᠰᠦᠯᠵᠢᠶᠡᠨ᠎ᠦ ᠠᠮᠤᠷ ᠲᠦᠪᠰᠢᠨ᠎ᠦ ᠤᠬᠠᠭᠤᠯᠭ᠎ᠠ ᠢ᠋ᠢᠨ ᠭᠠᠷᠠᠭ᠎ᠤᠨ ᠬᠤᠪᠢ ᠬᠥᠮᠥᠨ᠎ᠦ ᠮᠡᠳᠡᠭᠡ ᠵᠠᠩᠭᠢ᠎ᠶᠢ ᠬᠠᠮᠠᠭᠠᠯᠠᠬᠤ ᠭᠣᠣᠯ ᠰᠡᠳᠦᠪᠲᠦ ᠡᠳᠦᠷ᠎ᠦᠨ ᠠᠵᠢᠯᠯᠠᠭ᠎ᠠ ᠶᠠᠪᠤᠬᠲᠠᠪᠠ
2025-09-22 09:30:27
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

9 ᠰᠠᠷ᠎ᠠ᠎ᠶᠢᠨ 15᠎ᠡᠴᠡ 21 ᠤ᠋ ᠡᠳᠦᠷ ᠪᠣᠯ ᠤᠯᠤᠰ᠎ᠤᠨ ᠰᠦᠯᠵᠢᠶᠡᠨ᠎ᠦ ᠠᠮᠤᠷ ᠲᠦᠪᠰᠢᠨ᠎ᠦ ᠤᠬᠠᠭᠤᠯᠭ᠎ᠠ ᠢ᠋ᠢᠨ ᠭᠠᠷᠠᠭ᠂ 9 ᠰᠠᠷ᠎ᠠ᠎ᠶᠢᠨ 21᠎ᠤ᠋ ᠡᠳᠦᠷ ᠪᠣᠯ ᠬᠤᠪᠢ ᠬᠥᠮᠥᠨ᠎ᠦ ᠮᠡᠳᠡᠭᠡ ᠵᠠᠩᠭᠢ᠎ᠶᠢ ᠬᠠᠮᠠᠭᠠᠯᠠᠬᠤ ᠡᠲᠦᠷ ᠪᠤᠯᠤᠨ᠎ᠠ᠃ ᠲᠤᠰ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠢᠴᠦᠳ᠎ᠦᠨ ᠬᠣᠯᠪᠣᠭ᠎ᠠ ᠡᠴᠡ ᠬᠠᠮᠲᠤᠷᠠᠨ ᠡᠷᠬᠢᠯᠡᠭᠰᠡᠨ 《ᠰᠦᠯᠵᠢᠶᠡᠨ᠎ᠦ ᠠᠮᠤᠷ ᠲᠦᠪᠰᠢᠨ ᠠᠷᠠᠳ ᠲᠦᠮᠡᠨ᠎ᠦ ᠲᠦᠯᠦᠭᠡ᠂ ᠰᠦᠯᠵᠢᠶᠡᠨ᠎ᠦ ᠠᠮᠤᠷ ᠲᠦᠪᠰᠢᠨ ᠠᠷᠠᠳ ᠲᠦᠮᠡᠨ᠎ᠢ ᠲᠦᠰᠢᠭᠯᠡᠨ᠎ᠠ — ᠥᠨᠳᠥᠷ ᠲᠦᠪᠰᠢᠨ ᠪᠦᠬᠦᠢ ᠠᠮᠤᠷ ᠲᠦᠪᠰᠢᠨ᠎ᠢᠶᠡᠷ ᠴᠢᠨᠠᠷ ᠰᠠᠢᠲᠠᠢ ᠬᠥᠭᠵᠢᠯᠲᠡ᠎ᠶᠢ ᠰᠠᠬᠢᠨ ᠬᠠᠮᠠᠭᠠᠯᠠᠶ᠎ᠠ》 2025 ᠣᠨ᠎ᠤ ᠤᠯᠤᠰ᠎ᠤᠨ ᠰᠦᠯᠵᠢᠶᠡᠨ᠎ᠦ ᠠᠮᠤᠷ ᠲᠦᠪᠰᠢᠨ᠎ᠦ ᠤᠬᠠᠭᠤᠯᠭ᠎ᠠ᠎ᠶᠢᠨ ᠭᠠᠷᠠᠭ᠎ᠤᠨ ᠬᠤᠪᠢ ᠬᠥᠮᠥᠨ᠎ᠦ ᠮᠡᠳᠡᠭᠡ ᠵᠠᠩᠭᠢ᠎ᠶᠢ ᠬᠠᠮᠠᠭᠠᠯᠠᠬᠤ ᠭᠣᠣᠯ ᠰᠡᠳᠦᠪᠲᠦ ᠡᠳᠦᠷ᠎ᠦᠨ ᠠᠵᠢᠯᠯᠠᠭ᠎ᠠ ᠬᠥᠬᠡᠬᠣᠲᠠ᠎ᠶᠢᠨ ᠢᠦᠢᠴᠢᠦᠸᠠᠨ ᠲᠣᠭᠣᠷᠢᠭ᠋᠎ᠤᠨ ᠰᠢ ᠼᠠᠢ ᠶᠤᠸᠠᠨ ᠵᠡᠭᠡᠯᠢ ᠭᠤᠳᠤᠮᠵᠢ᠎ᠶᠢᠨ ᠢ ᠵᠢᠩ ᠼᠦᠢ ᠬᠤᠸᠠ ᠯᠢᠨ ᠨᠡᠢᠭᠡᠮ ᠲᠣᠭᠣᠷᠢᠭ᠋᠂ ᠠᠵᠢᠯᠴᠢᠨ᠎ᠤ ᠡᠪᠯᠡᠯ᠎ᠦᠨ ᠤᠯᠠᠭ᠎ᠠ ᠦᠷᠳᠡᠭᠡ᠎ᠳᠦ ᠲᠤᠰ ᠲᠤᠰ ᠶᠠᠪᠤᠭᠳᠠᠪᠠ᠃

ᠠᠵᠢᠯᠯᠠᠭ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠪᠠ ᠥᠪᠡᠷᠲᠡᠭᠡᠨ ᠵᠠᠰᠠᠬᠤ ᠣᠷᠣᠨ᠎ᠤ ᠡᠮᠡᠭᠲᠡᠢᠴᠦᠳ᠎ᠦᠨ ᠬᠣᠯᠪᠣᠭ᠎ᠠ᠎ᠠᠴᠠ ᠪᠦᠬᠦ ᠣᠷᠣᠨ᠎ᠤ ᠠᠷᠠᠳ ᠲᠦᠮᠡᠨ᠎ᠳᠦ ᠰᠠᠨᠠᠭᠠᠴᠢᠯᠠᠭ᠎ᠠ᠎ᠶᠢᠨ ᠪᠢᠴᠢᠭ ᠲᠠᠷᠬᠠᠭᠠᠵᠦ᠂ ᠥᠷᠭᠡᠨ ᠤᠯᠠᠨ ᠠᠵᠢᠯᠲᠠᠨ ᠠᠵᠢᠯᠴᠢᠨ ᠪᠣᠯᠣᠨ ᠡᠮᠡᠭᠲᠡᠢᠴᠦᠳ ᠡᠳᠦᠷ ᠲᠤᠳᠤᠮ᠎ᠤᠨ ᠠᠵᠢᠯᠯᠠᠭ᠎ᠠ᠎ᠪᠠᠷ᠎ᠢᠶᠠᠨ ᠪᠢᠷ ᠪᠣᠯᠭᠠᠵᠤ᠂ ᠰᠦᠯᠵᠢᠶᠡᠨ᠎ᠦ ᠣᠷᠣᠨ ᠵᠠᠢ᠎ᠪᠠᠷ ᠬᠠᠭᠤᠳᠠᠰᠦ ᠪᠣᠯᠭᠠᠵᠤ᠂ 《ᠰᠦᠯᠵᠢᠶᠡᠨ᠎ᠦ ᠠᠮᠤᠷ ᠲᠦᠪᠰᠢᠨ ᠠᠷᠠᠳ ᠲᠦᠮᠡᠨ᠎ᠦ ᠲᠥᠯᠥᠭᠡ᠂ ᠰᠦᠯᠵᠢᠶᠡᠨ᠎ᠦ ᠠᠮᠤᠷ ᠲᠦᠪᠰᠢᠨ ᠠᠷᠠᠳ ᠲᠦᠮᠡᠨ᠎ᠳᠦ ᠲᠦᠰᠢᠭᠯᠡᠨ᠎ᠠ》 ᠭᠡᠭᠦ ᠣᠢᠯᠠᠭᠠᠭᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠂ ᠲᠣᠭᠠᠴᠢᠯᠠᠭᠰᠠᠨ ᠪᠣᠯᠪᠠᠰᠤᠨ᠎ᠤ ᠰᠢᠨ᠎ᠡ ᠬᠠᠭᠤᠳᠠᠰᠤ᠎ᠶᠢ ᠬᠠᠮᠲᠤ ᠪᠠᠷ ᠪᠢᠴᠢᠭᠯᠡᠰᠦᠭᠡᠢ ᠭᠡᠵᠦ ᠤᠷᠢᠶᠠᠯᠠᠪᠠ᠃

ᠭᠣᠣᠯᠯᠠᠨ ᠡᠷᠭᠢᠯᠡᠭᠰᠡᠨ ᠲᠠᠯ᠎ᠠ ᠡᠴᠡ ᠬᠤᠪᠢ ᠬᠥᠮᠥᠨ᠎ᠦ ᠮᠡᠳᠡᠭᠡ ᠵᠠᠩᠭᠢ᠎ᠶᠢᠨ ᠬᠠᠮᠠᠭᠠᠯᠠᠯᠲᠠ᠎ᠶᠢᠨ ᠱᠠᠩᠨᠠᠯᠳᠤ ᠰᠡᠳᠦᠪ ᠬᠠᠷᠢᠭᠤᠯᠬᠤ ᠠᠵᠢᠯᠯᠠᠭ᠎ᠠ ᠦᠷᠨᠢᠭᠦᠯᠵᠦ᠂ ᠬᠤᠪᠢ ᠬᠥᠮᠥᠨ᠎ᠦ ᠮᠡᠳᠡᠭᠡ ᠵᠠᠩᠭᠢ ᠵᠢ ᠬᠠᠮᠠᠭᠠᠯᠠᠬᠤ ᠡᠳᠦᠷ᠎ᠦᠨ ᠤᠬᠠᠭᠤᠯᠭ᠎ᠠ᠎ᠶᠢᠨ ᠡᠪᠬᠡᠮᠡᠯ ᠬᠠᠭᠤᠳᠠᠰᠤ᠂ ᠤᠬᠠᠭᠤᠯᠭ᠎ᠠ᠎ᠶᠢᠨ ᠮᠠᠲᠧᠷᠢᠶᠠᠯ᠎ᠲᠠᠷᠬᠠᠭᠠᠵᠤ᠂ ᠣᠯᠠᠨ ᠲᠦᠮᠡᠨ᠎ᠢ ᠰᠦᠯᠵᠢᠶᠡᠨ᠎ᠦ ᠠᠮᠤᠷ ᠲᠦᠪᠰᠢᠨ᠎ᠦ ᠤᠬᠠᠭᠤᠯᠭ᠎ᠠ ᠬᠥᠮᠦᠵᠢᠯ᠎ᠳᠦ ᠢᠳᠡᠪᠬᠢᠲᠡᠢ ᠣᠷᠣᠯᠴᠠᠭᠤᠯᠤᠨ᠂ ᠬᠤᠪᠢ ᠬᠥᠮᠥᠨ᠎ᠦ ᠮᠡᠳᠡᠭᠡ ᠵᠠᠩᠭᠢ᠎ᠶᠢᠨ ᠬᠠᠮᠠᠭᠠᠯᠠᠯᠲᠠ᠎ᠶᠢ ᠴᠢᠩᠭᠠᠳᠬᠠᠬᠤ ᠵᠢ ᠬᠦᠲᠦᠯᠦᠨ ᠵᠢᠯᠤᠭᠤᠳᠪᠠ᠃ ᠡᠭᠦᠨ᠎ᠦ ᠬᠠᠮᠲᠤ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ᠎ᠲᠤ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠤᠬᠠᠭᠤᠯᠤᠨ ᠲᠠᠢᠯᠪᠤᠷᠢᠯᠠᠯᠲᠠ᠂ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠦᠨ ᠤᠬᠠᠭᠤᠯᠤᠨ ᠲᠠᠢᠯᠪᠤᠷᠢᠯᠠᠯᠲᠠ᠂ ᠠᠯᠪᠠᠨ ᠵᠢᠷᠤᠮ᠎ᠤᠨ ᠡᠮᠴᠢᠯᠡᠭᠡ᠂ ᠠᠯᠪᠠᠨ ᠵᠢᠷᠤᠮ᠎ᠤᠨ ᠦᠰᠦ ᠵᠠᠰᠠᠬᠤ ᠵᠡᠷᠭᠡ ᠦᠢᠯᠡᠴᠢᠯᠡᠭᠡ ᠢ᠋ᠢᠨ ᠠᠵᠢᠯᠯᠠᠭ᠎ᠠ ᠥᠷᠨᠢᠭᠦᠯᠪᠡ᠃

ᠣᠢᠯᠠᠭᠠᠭᠰᠠᠨ᠎ᠢᠶᠠᠷ᠂ ᠲᠤᠬᠠᠢ᠎ᠶᠢᠨ ᠡᠳᠦᠷ᠂ ᠪᠥᠬᠥ ᠣᠷᠣᠨ᠎ᠤ ᠡᠯ᠎ᠡ ᠭᠠᠵᠠᠷ᠎ᠤᠨ ᠠᠵᠢᠯᠴᠢᠨ᠎ᠤ ᠶᠡᠷᠦᠩᠬᠡᠢ ᠡᠪᠯᠡᠯ᠂ ᠡᠮᠡᠭᠲᠡᠢᠴᠦᠳ᠎ᠦᠨ ᠬᠣᠯᠪᠣᠭ᠎ᠠ ᠭᠣᠣᠯ ᠰᠡᠳᠦᠪ᠎ᠦᠨ ᠲᠣᠭᠣᠷᠢᠨ᠎ᠳᠤ᠂ ᠰᠦᠯᠵᠢᠶᠡᠨ᠎ᠦ ᠠᠮᠤᠷ ᠲᠦᠪᠰᠢᠨ᠎ᠢ ᠨᠡᠢᠭᠡᠮ᠎ᠲᠤᠭᠤᠷᠢᠭ᠎ᠲᠦ ᠣᠷᠣᠭᠤᠯᠬᠤ᠂ ᠠᠵᠤ ᠠᠬᠤᠢᠯᠠᠯ᠎ᠳᠤ ᠣᠷᠣᠭᠤᠯᠬᠤ᠂ ᠪᠠᠢᠭᠤᠯᠭ᠎ᠠ᠎ᠳᠤ ᠣᠷᠣᠭᠤᠯᠬᠤ᠂ ᠭᠡᠷ ᠪᠦᠯᠢ᠎ᠳᠦ ᠣᠷᠣᠭᠤᠯᠬᠤ᠂ ᠠᠵᠢᠯᠴᠢᠨ᠎ᠤ ᠡᠪᠯᠡᠯ᠎ᠦᠨ ᠤᠯᠠᠭ᠎ᠠ ᠥᠷᠲᠡᠭᠡ᠎ᠳᠦ ᠣᠷᠣᠭᠤᠯᠬᠤ ᠵᠡᠷᠭᠡ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ᠎ᠶᠢ ᠢᠳᠡᠪᠬᠢᠲᠡᠢ ᠵᠣᠬᠢᠶᠠᠨ ᠪᠠᠢᠭᠤᠯᠤᠨ ᠥᠷᠨᠢᠭᠦᠯᠵᠦ᠂ ᠥᠷᠭᠡᠨ ᠣᠯᠠᠨ ᠠᠵᠢᠯᠲᠠᠨ ᠠᠵᠢᠯᠴᠢᠨ᠂ ᠡᠮᠡᠭᠲᠡᠢᠴᠦᠳ᠎ᠢ ᠳᠠᠶ᠋ᠢᠴᠢᠯᠠᠨ ᠰᠦᠯᠵᠢᠶᠡᠨ᠎ᠦ ᠠᠮᠤᠷ ᠲᠦᠪᠰᠢᠨ᠎ᠦ ᠤᠬᠠᠭᠤᠯᠭ᠎ᠠ ᠬᠥᠮᠦᠵᠢᠯ᠎ᠳᠦ ᠣᠷᠣᠯᠴᠠᠭᠤᠯᠵᠤ᠂ ᠠᠷᠠᠳ ᠣᠯᠠᠨ᠎ᠤ ᠰᠦᠯᠵᠢᠶᠡᠨ᠎ᠦ ᠠᠮᠤᠷ ᠲᠦᠪᠰᠢᠨ᠎ᠦ ᠤᠬᠠᠮᠰᠠᠷ ᠪᠠ ᠤᠷ᠎ᠠ ᠴᠢᠳᠠᠪᠤᠷᠢ᠎ᠶᠢ ᠳᠡᠭᠡᠭᠰᠢᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号