ᠠᠷᠪᠠᠨ ᠭᠤᠷᠪᠠᠳᠤᠭᠠᠷ ᠬᠤᠭᠤᠴᠠᠭᠠᠨ᠎ᠤ 《ᠳᠤᠮᠳᠠᠳᠤ ᠤᠯᠤᠰ᠎ᠢ ᠮᠡᠳᠡᠷᠡᠬᠦᠢ》 — ᠥᠪᠥᠷ ᠮᠣᠩᠭᠣᠯ᠎ᠤᠨ ᠰᠣᠶᠣᠯ᠎ᠤᠨ ᠭᠠᠷᠠᠭ᠎ᠤᠨ ᠳᠠᠳᠠᠯᠠᠭ᠎ᠠ
9 ᠰᠠᠷ᠎ᠠ᠎ᠶ᠋ᠢᠨ 15 ᠡᠴᠡ 19 ᠤ᠋ ᠡᠳᠦᠷ ᠪᠣᠯᠲᠠᠯ᠎ᠠ᠂ ᠠᠷᠪᠠᠨ ᠭᠤᠷᠪᠠᠳᠤᠭᠠᠷ ᠬᠤᠭᠤᠴᠠᠭᠠᠨ᠎ᠤ 《ᠳᠤᠮᠳᠠᠳᠤ ᠤᠯᠤᠰ᠎ᠢ ᠮᠡᠳᠡᠷᠡᠬᠦᠢ 》 — ᠥᠪᠥᠷ ᠮᠣᠩᠭᠣᠯ᠎ᠤᠨ ᠰᠣᠶᠣᠯ᠎ᠤᠨ ᠭᠠᠷᠠᠭ᠎ᠤᠨ ᠠᠵᠢᠯᠯᠠᠭ᠎ᠠ ᠮᠣᠩᠭᠣᠯ ᠤᠯᠤᠰ᠎ᠤᠨ ᠨᠡᠢᠰᠯᠡᠯ ᠤᠯᠠᠭᠠᠨᠪᠠᠭᠠᠲᠤᠷ᠎ᠲᠤ ᠠᠮᠵᠢᠯᠲᠠ᠎ᠲᠠᠶ ᠶᠠᠪᠤᠭ᠍ᠳᠠᠪᠠ᠃ ᠦᠵᠡᠭᠦᠯᠭᠡ᠂ ᠺᠢᠨᠣ᠋ ᠨᠡᠪᠳᠡᠷᠡᠭᠦᠯᠭᠡ᠂ ᠤᠷᠠᠨ ᠰᠠᠢᠬᠠᠨ᠎ᠤ ᠲᠣᠭ᠍ᠯᠠᠯᠲᠠ᠂ ᠳᠠᠭᠤᠤ᠎ᠶ᠋ᠢᠨ ᠤᠷᠤᠯᠳᠤᠭᠠᠨ᠂ ᠨᠣᠮ ᠪᠢᠴᠢᠭ᠎ᠦᠨ ᠬᠡᠪᠯᠡᠯ ᠤ᠋ᠨ ᠰᠣᠯᠢᠯᠴᠠᠭ᠎ᠠ᠂ ᠲᠧᠯᠸᠢᠰ ᠵᠦᠴᠦᠭᠡ᠎ᠶ᠋ᠢᠨ ᠨᠡᠪᠲᠡᠷᠡᠭᠦᠯᠭᠡ ᠵᠢᠨ ᠡᠬᠢᠯᠡᠬᠦ᠌ ᠶᠣᠰᠣᠯᠠᠯ᠂ ᠮᠣᠩᠭᠣᠯ ᠡᠮᠨᠡᠯᠭᠡ᠎ᠶ᠋ᠢᠨ ᠠᠯᠪᠠᠨ ᠵᠢᠷᠤᠮ᠎ᠤᠨ ᠡᠮᠴᠢᠯᠡᠭᠡ ᠁ ᠡᠯᠪᠡᠭ ᠪᠠᠶᠠᠯᠢᠭ ᠠᠭᠤᠯᠭ᠎ᠠ ᠪᠡᠷ ᠳᠤᠮᠳᠠᠳᠤ ᠮᠣᠩᠭᠣᠯ ᠬᠣᠶᠠᠷ ᠤᠯᠤᠰ᠎ᠤᠨ ᠠᠷᠠᠳ᠎ᠤᠨ ᠰᠡᠳᠭᠢᠯ᠎ᠦᠨ ᠬᠥᠭᠥᠷᠭᠡ᠎ᠶ᠋ᠢ ᠪᠤᠰᠭᠠᠵᠤ᠂ ᠨᠥᠬᠥᠷᠯᠡᠯ ᠪᠠ ᠬᠠᠮᠲᠤᠷᠠᠯᠴᠠᠭᠠᠨ᠎ᠤ ᠦᠷ᠎ᠡ᠎ᠶ᠋ᠢ ᠮᠣᠩᠭᠣᠯ ᠤᠯᠤᠰ᠎ᠤᠨ ᠦᠵᠡᠭ᠌ᠴᠢᠳ᠎ᠦᠨ ᠰᠡᠳᠭᠢᠯ᠎ᠳᠦ ᠦᠨᠳᠦᠰᠦᠯᠡᠭᠦᠯᠪᠡ᠃
ᠭᠤᠢᠳᠠ ᠰᠠᠢᠬᠠᠨ ᠦᠵᠡᠭᠦᠯᠭᠡ ᠦᠨᠡᠨ ᠰᠡᠳᠭᠢᠯ ᠤ᠋ᠨ ᠯᠡᠪᠡᠷᠡᠭᠦᠯᠦᠯ
1954 ᠣᠨ᠎ᠤ 4 ᠰᠠᠷ᠎ᠠ᠎ᠶ᠋ᠢᠨ 15 ᠤ᠋ ᠦᠳᠡ᠎ᠶ᠋ᠢᠨ 12 ᠴᠠᠭ᠎ᠲᠤ᠂ ᠮᠣᠩᠭᠣᠯ ᠤᠯᠤᠰ᠎ᠤᠨ 13 ᠲᠠᠮᠢᠷᠴᠢᠨ ᠳᠤᠭᠤᠶ ᠤᠨᠤᠵᠤ ᠤᠯᠠᠭᠠᠨᠪᠠᠭᠠᠲᠤᠷ᠎ᠡᠴᠡ ᠪᠡᠭᠡᠵᠢᠩ ᠵᠦᠭ ᠮᠤᠷᠳᠠᠪᠠ᠃
ᠭᠡᠷᠡᠯ ᠵᠢᠷᠤᠭ ᠲᠡᠬᠢ ᠬᠥᠮᠦᠰ ᠪᠠᠶᠠᠷᠳᠠᠢᠬᠠᠨ ᠢᠨᠢᠶᠡᠯᠴᠡᠵᠤ᠂ ᠮᠣᠩᠭᠣᠯ ᠤᠯᠤᠰ᠎ᠤᠨ ᠦᠵᠡᠭ᠌ᠴᠢᠳ ᠴᠤᠪᠤᠷᠠᠯᠳᠤᠨ ᠦᠵᠡᠵᠡᠭᠡᠨᠠ᠃
9 ᠰᠠᠷ᠎ᠠ᠎ᠶ᠋ᠢᠨ 16 ᠤ᠋ ᠡᠳᠦᠷ᠂ 《ᠳᠤᠮᠳᠠᠳᠤ ᠮᠣᠩᠭᠣᠯ᠎ᠤᠨ ᠨᠥᠬᠥᠷᠯᠡᠯ᠎ᠢ ᠦᠷᠭᠦᠯᠵᠢᠯᠡᠭᠦᠯᠵᠤ᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌ ᠶ᠋ᠢ ᠠᠬᠢᠭᠤᠯᠬᠤ 》 ᠶᠡᠷᠦᠩᠬᠡᠢᠯᠡᠭ᠌ᠰᠡᠨ ᠦᠵᠡᠰᠭᠦᠯᠡᠩ ᠡᠬᠢᠯᠡᠭ᠌ᠰᠡᠨ ᠡᠳᠦᠷ ᠲᠣᠭᠣᠷᠢᠨ ᠦᠵᠡᠭ᠌ᠰᠡᠨ ᠬᠥᠮᠦᠨ᠎ᠦ ᠲᠣᠭ᠎ᠠ 300 ᠵᠢ ᠳᠠᠪᠠᠵᠠᠢ᠃ ᠦᠵᠡᠰᠭᠦᠯᠡᠩ ᠨᠢ 《ᠨᠥᠬᠥᠷᠯᠡᠯ 》 ᠪᠣᠯᠤᠨ 《ᠬᠠᠮᠲᠤᠷᠠᠯᠴᠠᠭ᠎ᠠ》 ᠪᠡᠷ ᠭᠤᠤᠯᠳᠠᠭᠤᠯᠵᠤ᠂ ᠲᠤᠯᠤᠭᠠᠨ ᠬᠡᠰᠡᠭ ᠬᠤᠪᠢᠶᠠᠵᠤ᠂ ᠤᠯᠠᠨ ᠬᠠᠷᠠᠭᠠᠰᠤ ᠡᠴᠡ ᠳᠤᠮᠳᠠᠳᠤ᠎ᠶ᠋ᠢᠨ ᠰᠣᠶᠣᠯ᠎ᠤᠨ ᠤᠨᠴᠠᠯᠢᠭ᠎ᠢ ᠠᠮᠢᠳᠤᠯᠢᠭ᠎ᠢᠶᠠᠷ ᠢᠯᠡᠷᠡᠭᠦᠯᠪᠡ᠃
《ᠮᠣᠩᠭᠣᠯ ᠢ ᠲᠤᠰᠠᠯᠠᠭᠰᠠᠨ ᠠᠵᠢᠯᠴᠢᠳ ᠤ᠋ᠨ ᠲᠤᠬᠠᠶ᠎ᠶ᠋ᠢᠨ ᠦᠶ᠎ᠡ᠎ᠳᠦ ᠬᠡᠷᠡᠭ᠌ᠯᠡᠵᠦ᠍ ᠪᠠᠢᠭ᠍ᠰᠠᠨ ᠪᠠᠭᠠᠵᠢ ᠬᠡᠷᠡᠭ᠌ᠰᠡᠯ᠂ ᠡᠮᠦᠰᠴᠦ᠍ ᠪᠠᠢᠭᠰᠠᠨ ᠬᠤᠪᠴᠠᠰᠤ ᠬᠤᠨᠠᠷ ᠪᠠ ᠬᠤᠯᠪᠤᠭᠳᠠᠯ ᠪᠦᠬᠦᠢ ᠬᠡᠷᠡᠯ ᠵᠢᠷᠤᠭ᠎ᠢ ᠴᠥᠮ ᠡᠨᠡ ᠵᠢᠯ ᠠᠩᠬ᠎ᠠ ᠤᠳᠠᠭ᠎ᠠ ᠤᠯᠠᠭᠠᠨᠪᠠᠭᠠᠲᠤᠷ᠎ᠲᠤ ᠳᠡᠯᠭᠡᠨ ᠦᠵᠡᠭᠦᠯᠵᠦ᠍ ᠪᠠᠢᠨ᠎ᠠ 》 ᠭᠡᠵᠤ ᠮᠣᠩᠭᠣᠯ ᠤᠯᠤᠰ᠎ᠤᠨ ᠳᠤᠮᠳᠠᠳᠤ ᠤᠯᠤᠰ᠎ᠤᠨ ᠲᠡᠦᠬᠡ ᠰᠣᠶᠣᠯ᠎ᠤᠨ ᠰᠤᠳᠤᠯᠭᠠᠨ᠎ᠤ ᠨᠡᠢᠭᠡᠮᠯᠢᠭ᠎ᠦᠨ ᠳᠠᠷᠤᠭ᠎ᠠ ᠪᠠᠭᠠᠲᠤᠷᠬᠦᠦ ᠬᠡᠯᠡᠪᠡ᠃
ᠡᠨᠡ ᠵᠢᠯ ᠪᠣᠯ ᠳᠤᠮᠳᠠᠳᠤ ᠮᠣᠩᠭᠣᠯ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 76 ᠵᠢᠯ᠎ᠦᠨ ᠣᠶ ᠪᠣᠯᠬᠤ ᠪᠥᠭᠡᠳ ᠪᠠᠰᠠ ᠴᠤ᠌ ᠠᠩᠬᠠᠳᠠᠭ᠍ᠴᠢ ᠪᠦᠯᠦᠭ ᠳᠤᠮᠳᠠᠳᠤ ᠤᠯᠤᠰ᠎ᠤᠨ ᠮᠣᠩᠭᠣᠯ᠎ᠢ ᠲᠤᠰᠠᠯᠠᠬᠤ ᠠᠵᠢᠯᠴᠢᠳ ᠮᠣᠩᠭᠣᠯ᠎ᠳᠤ ᠬᠦᠷᠦᠭᠰᠡᠨ 70 ᠵᠢᠯ᠎ᠦᠨ ᠣᠶ ᠪᠣᠯᠤᠨ᠎ᠠ᠃ ᠦᠵᠡᠰᠭᠦᠯᠡᠩ ᠢ᠋ ᠵᠤᠬᠢᠶᠠᠨ ᠪᠠᠢᠭᠤᠯᠤᠭᠴᠢ᠂ ᠮᠣᠩᠭᠣᠯ ᠤᠯᠤᠰ᠎ᠤᠨ ᠲᠦᠮᠡᠨ ᠭᠠᠵᠠᠷ᠎ᠤᠨ ᠴᠠᠢ᠎ᠶ᠋ᠢᠨ ᠵᠠᠮ ᠤ᠋ᠨ ᠨᠡᠢᠭᠡᠮᠯᠢᠭ᠎ᠦᠨ ᠳᠠᠷᠤᠭ᠎ᠠ ᠷᠧᠨ ᡁᠢ ᠶᠢᠦ ᠄ 《 ᠡᠨᠡ ᠪᠣᠯ ᠵᠢᠩᠭᠢᠨᠢ ᠲᠡᠦᠬᠡ ᠮᠥᠨ᠂ ᠦᠨᠡᠨ ᠪᠣᠳᠠᠲᠠᠢ ᠪᠥᠭᠡᠳ ᠬᠥᠮᠦᠰ᠎ᠦᠨ ᠰᠡᠳᠭᠢᠯ᠎ᠢ ᠬᠥᠳᠡᠯᠭᠡᠨ᠎ᠡ᠃ ᠪᠢᠳᠡ ᠡᠭᠦᠨ᠎ᠢᠶᠡᠷ ᠳᠡᠮᠵᠢᠨ ᠨᠠᠩ ᠣᠯᠠᠨ ᠮᠣᠩᠭᠣᠯ ᠤᠯᠤᠰ᠎ᠤᠨ ᠵᠠᠯᠠᠭᠤᠴᠤᠳ᠎ᠲᠤ ᠡᠨᠡ ᠬᠦ᠌ ᠨᠥᠬᠥᠷᠯᠡᠯ᠎ᠢ ᠣᠢᠯᠠᠭᠠᠭᠤᠯᠬᠤ᠎ᠶ᠋ᠢᠨ ᠬᠠᠮᠲᠤ ᠦᠷᠭᠦᠯᠵᠢᠯᠡᠭᠦᠯᠬᠦ᠌᠎ᠶ᠋ᠢ ᠬᠦᠰᠡᠵᠦ᠍ ᠪᠠᠢᠨ᠎ᠠ 》 ᠭᠡᠵᠠᠢ᠃
ᠮᠣᠩᠭᠣᠯ ᠤᠯᠤᠰ᠎ᠤᠨ ᠦᠵᠡᠭ᠌ᠴᠢ᠂ ᠠᠯᠳᠠᠷᠲᠤ ᠱᠢᠯᠦᠭ᠌ᠴᠢᠨ ᠯ · ᠮᠦᠩᠬᠡᠲᠦᠢ᠍ᠷᠦ ᠳᠤᠮᠳᠠᠳᠤ ᠤᠯᠤᠰ᠎ᠲᠤ ᠠᠵᠢᠯᠯᠠᠵᠤ ᠥᠩᠭᠡᠷᠡᠭ᠌ᠰᠡᠨ ᠪᠥᠭᠡᠳ ᠳᠤᠮᠳᠠᠳᠤ ᠤᠯᠤᠰ᠎ᠤᠨ ᠰᠣᠶᠣᠯ᠎ᠳᠤ ᠭᠦᠨ ᠵᠤᠵᠠᠭᠠᠨ ᠬᠠᠢᠷ᠎ᠠ ᠰᠡᠳᠭᠢᠯᠭᠡ᠎ᠲᠡᠶ ᠶᠤᠮ᠃ 9 ᠰᠠᠷ᠎ᠠ᠎ᠶ᠋ᠢᠨ 17 ᠤ᠋ ᠦᠳᠡ᠎ᠶ᠋ᠢᠨ ᠡᠮᠦᠨ᠎ᠡ᠂ ᠲᠡᠷᠡ ᠳᠠᠬᠢᠨᠲᠠ 《ᠠᠨᠢᠷ ᠦᠭᠡᠢ ᠠᠮᠢᠨ ᠭᠣᠣᠯ 》 ᠱᠢᠨ᠎ᠡ ᠨᠣᠮ᠎ᠢ ᠲᠠᠨᠢᠯᠴᠠᠭᠤᠯᠬᠤ ᠠᠵᠢᠯᠯᠠᠭ᠎ᠠ᠎ᠳᠤ ᠣᠷᠣᠯᠴᠠᠵᠤ᠂ ᠲᠦᠷᠦᠭ᠌ᠳᠡᠯ᠎ᠢᠶᠡᠨ ᠬᠤᠪᠢᠶᠠᠯᠴᠠᠪᠠ᠃ ᠲᠡᠷᠡ 《ᠡᠳᠡᠭᠡᠷ ᠦᠵᠡᠰᠭᠦᠯᠡᠩ᠎ᠢ ᠲᠣᠭᠣᠷᠢᠨ ᠦᠵᠡᠭᠡᠳ ᠪᠢ ᠮᠠᠰᠢ ᠰᠡᠳᠭᠢᠯ ᠬᠥᠳᠡᠯᠪᠡ᠂ ᠡᠨᠡ ᠪᠣᠯ ᠬᠥᠮᠦᠨᠴᠢ ᠴᠢᠨᠠᠷ᠂ ᠶᠡᠬᠡ ᠬᠠᠢᠷ᠎ᠠ ᠪᠠ ᠤᠯᠠᠮᠵᠢᠯᠠᠯ ᠢ᠋ ᠬᠠᠷᠠᠭᠤᠯᠤᠭᠰᠠᠨ ᠨᠣᠮ ᠮᠥᠨ᠂ ᠵᠣᠬᠢᠶᠠᠯ᠎ᠳᠡᠬᠢ ᠬᠠᠯᠠᠭᠤᠨ ᠳᠤᠯᠠᠭᠠᠨ ᠬᠠᠢᠷ᠎ᠠ᠂ ᠡᠷᠡᠰ ᠬᠠᠲᠠᠭᠤ ᠴᠢᠨᠠᠷ ᠪᠠ ᠴᠠᠢᠯᠭᠠᠨ ᠰᠡᠳᠭᠢᠯ ᠨᠠᠮᠢ᠋ᠢ ᠭᠦᠨ ᠳᠣᠭ᠍ᠳᠣᠯᠤᠭᠤᠯᠪᠠ᠃ ᠡᠭᠦᠨ ᠢ᠋ ᠤᠷᠴᠢᠭᠤᠯᠤᠨ ᠲᠠᠷᠬᠠᠭᠠᠭᠰᠠᠨ ᠨᠢ ᠮᠣᠩᠭᠣᠯ ᠤᠯᠤᠰ᠎ᠤᠨ ᠤᠩᠱᠢᠭ᠍ᠴᠢᠳ᠎ᠲᠤ ᠦᠨᠳᠦᠰᠦᠲᠡᠨ ᠪᠠ ᠭᠠᠵᠠᠷ ᠣᠷᠣᠨ᠎ᠢ ᠠᠯᠤᠰᠯᠠᠭ᠍ᠰᠠᠨ ᠬᠠᠢᠷ᠎ᠠ ᠰᠡᠳᠭᠢᠯᠭᠡ ᠵᠢ ᠲᠠᠨᠢᠭᠤᠯᠬᠤ ᠪᠤᠯᠤᠨ᠎ᠠ》 ᠭᠡᠪᠡ᠃
ᠲᠣᠰ ᠡᠳᠦᠷ 《ᠵᠠᠭᠤᠨ ᠵᠢᠯ᠎ᠦᠨ ᠲᠤᠷᠱᠢᠬᠢ ᠳᠤᠮᠳᠠᠳᠤ ᠤᠯᠤᠰ᠎ᠤᠨ ᠬᠡᠦᠬᠡᠳ᠎ᠦᠨ ᠤᠳᠭ᠎ᠠ ᠵᠣᠬᠢᠶᠠᠯ᠎ᠤᠨ ᠵᠠᠭᠤᠨ ᠪᠣᠲᠢ ᠰᠣᠩᠭᠣᠳᠠᠭ ᠨᠣᠮ》 (ᠺᠢᠷᠢᠯ ᠮᠣᠩᠭᠣᠯ ᠬᠡᠯᠡᠨ᠎ᠦ ᠬᠡᠪᠯᠡᠯ)᠎ᠤ᠋ᠨ ᠬᠡᠪᠯᠡᠯ᠎ᠦᠨ ᠡᠷᠬᠡ᠎ᠶ᠋ᠢ ᠭᠠᠳᠠᠭ᠍ᠰᠢ ᠭᠠᠷᠭᠠᠬᠤ ᠠᠵᠢᠯᠯᠠᠭ᠎ᠠ ᠪᠠ 《ᠨᠠᠬᠢᠶ᠎ᠠ》 ᠳᠤᠮᠳᠠᠳᠤ ᠮᠣᠩᠭᠣᠯ᠎ᠤᠨ ᠬᠡᠪᠯᠡᠯ᠎ᠦᠨ ᠰᠣᠯᠢᠯᠴᠠᠭᠠᠨ᠎ᠤ ᠢᠨᠵᠧᠨᠧᠷᠢᠩ᠎ᠦᠨ ᠨᠣᠮ ᠪᠢᠴᠢᠭ ᠬᠠᠨᠳᠢᠪᠯᠠᠬᠤ ᠶᠣᠰᠣᠯᠠᠯ ᠴᠤ᠌ ᠠᠮᠵᠢᠯᠲᠠ᠎ᠲᠠᠶ ᠶᠠᠪᠤᠭ᠍ᠳᠠᠪᠠ᠃
ᠣᠢᠷ᠎ᠠ᠎ᠶ᠋ᠢᠨ ᠵᠢᠯ᠎ᠳᠦ ᠥᠪᠥᠷ ᠮᠣᠩᠭᠣᠯ ᠡᠴᠡ ᠮᠣᠩᠭᠣᠯ ᠤᠯᠤᠰ᠎ᠤᠨ ᠣᠯᠠᠨ ᠨᠡᠢᠲᠡ᠎ᠶ᠋ᠢᠨ ᠨᠣᠮ᠎ᠤᠨ ᠰᠠᠩ᠂ ᠰᠤᠷᠭᠠᠭᠤᠯᠢ᠎ᠳᠤ ᠨᠡᠢᠲᠡ 20 ᠲᠦᠮᠡᠨ ᠨᠣᠮ ᠪᠡᠯᠡᠭ᠌ᠯᠡᠪᠡ; ᠮᠣᠩᠭᠣᠯ ᠤᠯᠤᠰ᠎ᠤᠨ ᠶᠡᠬᠡ ᠰᠤᠷᠭᠠᠭᠤᠯᠢ᠂ ᠨᠣᠮ᠎ᠤᠨ ᠰᠠᠩ ᠵᠡᠷᠭᠡ ᠪᠠᠢᠭᠤᠯᠤᠮᠵᠢ᠎ᠲᠠᠶ 《ᠳᠤᠮᠳᠠᠳᠤ ᠤᠯᠤᠰ᠎ᠤᠨ ᠨᠣᠮ ᠤᠩᠱᠢᠬᠤ ᠲᠠᠰᠤᠭ 》 ᠢ᠋ ᠨᠢᠭᠡᠨᠲᠡ 7 ᠪᠠᠢᠭᠤᠯᠵᠤ᠂ ᠵᠢᠯ ᠪᠦᠷᠢ 100 ᠭᠠᠷᠤᠶ ᠵᠦᠶ᠋ᠯ᠎ᠦᠨ ᠰᠣᠳᠣᠨ ᠨᠣᠮ ᠪᠢᠴᠢᠭ᠎ᠢ ᠱᠢᠨᠡᠳᠭᠡᠵᠦ᠍᠂ ᠲᠣᠭᠠᠴᠢᠯᠠᠭ᠍ᠰᠠᠨ ᠡᠬᠢ ᠪᠠᠶᠠᠯᠢᠭ ᠪᠣᠯᠤᠨ ᠴᠠᠭᠠᠰᠤᠨ ᠨᠣᠮ ᠪᠢᠴᠢᠭ ᠢ᠋ ᠤᠯᠤᠰ ᠠᠯᠤᠰᠯᠠᠨ ᠬᠤᠪᠢᠶᠠᠯᠴᠠᠪᠠ᠃
ᠺᠢᠨᠣ᠋ ᠵᠦᠴᠦᠭᠡ ᠠᠷᠠᠳ ᠤ᠋ᠨ ᠰᠡᠳᠭᠢᠯ ᠤ᠋ᠨ ᠨᠡᠪᠳᠡᠷᠡᠯᠴᠡᠭᠡ ᠵᠢ ᠠᠬᠢᠭᠤᠯᠪᠠ
《ᠳᠤᠮᠳᠠᠳᠤ ᠤᠯᠤᠰ ᠤ᠋ᠨ ᠺᠢᠨᠣ᠋ ᠮᠠᠰᠢ ᠰᠠᠢᠨ! ᠪᠢ ᠠᠪᠢᠶ᠎ᠠ ᠲᠠᠭᠠᠷᠠᠭᠤᠯᠬᠤ᠎ᠳᠤ ᠣᠷᠣᠯᠴᠠᠬᠤ᠎ᠪᠠᠷ ᠳᠠᠮᠵᠢᠨ ᠳᠤᠮᠳᠠᠳᠤ ᠤᠯᠤᠰ᠎ᠤᠨ ᠺᠢᠨᠣ᠋᠎ᠶ᠋ᠢᠨ ᠠᠮᠵᠢᠯᠲᠠ᠎ᠵᠢ ᠲᠠᠰᠤᠷᠠᠯᠲᠠ ᠦᠭᠡᠢ ᠰᠤᠷᠤᠯᠴᠠᠨ ᠰᠤᠳᠤᠯᠵᠤ ᠪᠠᠢᠨ᠎ᠠ᠃ ᠢᠷᠡᠭᠡᠳᠦᠢ᠎ᠳᠦ ᠮᠣᠩᠭᠣᠯ ᠤᠯᠤᠰ᠎ᠤᠨ ᠨᠡᠩ ᠤᠯᠠᠨ ᠱᠢᠯᠢᠳᠡᠭ ᠺᠢᠨᠣ᠋ ᠳᠤᠮᠳᠠᠳᠤ ᠤᠯᠤᠰ᠎ᠲᠤ ᠬᠦᠷᠴᠤ᠂ ᠥᠷᠭᠡᠨ ᠤᠯᠠᠨ ᠳᠤᠮᠳᠠᠳᠤ ᠤᠯᠤᠰ᠎ᠤᠨ ᠦᠵᠡᠭ᠌ᠴᠢᠳ᠎ᠲᠡᠶ ᠵᠤᠯᠭᠠᠬᠤ᠎ᠶ᠋ᠢ ᠬᠦᠰᠡᠵᠦ᠍ ᠪᠠᠢᠨ᠎ᠠ 》 ᠭᠡᠵᠦ᠍ ᠮᠣᠩᠭᠣᠯ ᠤᠯᠤᠰ᠎ᠤᠨ ᠠᠪᠢᠶᠠᠯᠠᠭᠴᠢ ᠪᠠᠳᠤᠪᠤᠯᠤᠳ ᠶᠠᠷᠢᠨ᠎ᠠ᠃
ᠺᠢᠨᠣ᠋ ᠪᠣᠯ ᠨᠡᠭᠦᠳᠡᠯ ᠤᠷᠠᠯᠢᠭ ᠮᠦᠨ᠂ ᠨᠠᠩ ᠴᠤ᠌ ᠤᠯᠤᠰ ᠠᠯᠤᠰᠯᠠᠭ᠍ᠰᠠᠨ ᠰᠡᠳᠭᠢᠯ ᠤ᠋ᠨ ᠬᠤᠯᠪᠤᠭᠠᠰᠤ ᠮᠦᠨ᠃ 《 ᠳᠤᠮᠳᠠᠳᠤ ᠤᠯᠤᠰ᠎ᠤᠨ ᠺᠢᠨᠣ᠋᠎ᠶ᠋ᠢᠨ ᠭᠠᠷᠠᠭ 》 ᠡᠬᠢᠯᠡᠭ᠌ᠰᠡᠨ᠎ᠡᠴᠡ ᠨᠠᠭᠠᠰᠢ ᠬᠠᠯᠠᠭᠤᠨ ᠲᠤᠰᠭᠠᠯ ᠭᠠᠷᠴᠤ᠌᠂ 5 ᠺᠢᠨᠣ᠋ ᠵᠢ ᠨᠡᠢᠲᠡ 30 ᠲᠠᠯᠠᠪᠤᠷ ᠨᠡᠪᠳᠡᠷᠡᠭᠦᠯᠵᠤ᠂ ᠶᠡᠬᠡ ᠬᠡᠮᠵᠢᠶᠠᠨ ᠤ᠋ ᠦᠵᠡᠭ᠌ᠴᠢᠳ᠎ᠦᠨ ᠠᠩᠬᠠᠷᠤᠯ᠎ᠢ ᠲᠠᠲᠠᠪᠠ᠃
ᠮᠤᠩᠭᠤᠯ ᠤᠯᠤᠰ ᠤ᠋ᠨ ᠬᠡᠳᠦᠨ ᠪᠢᠴᠢᠬᠠᠨ ᠨᠠᠢᠵᠠ ᠄ 〈ᠨᠠᠯᠠᠺᠤᠸᠠᠷᠠ 2· ᠲᠡᠯᠡᠶ᠎ᠶ᠋ᠢ ᠲᠦᠶ᠋ᠪᠡᠭᠡᠭᠰᠡᠨ ᠨᠢ〉ᠭᠡᠬᠦ ᠺᠢᠨᠣ᠋ ᠵᠢ ᠦᠵᠡᠬᠦ ᠳᠤᠷᠠᠳᠠᠢ᠂ ᠢᠷᠡᠬᠦ ᠵᠢᠯ ᠨᠠᠩ ᠣᠯᠠᠨ ᠭᠣᠶᠣ ᠺᠠᠷᠲ᠋ᠣᠨ ᠺᠢᠨᠣ᠋ ᠠᠪᠴᠢᠷᠠᠬᠤ᠎ᠶ᠋ᠢ ᠬᠦᠰᠡᠵᠦ᠍ ᠪᠠᠢᠨ᠎ᠠ 》 ᠭᠡᠵᠡᠶ; 《 ᠪᠢ ᠨᠠᠰᠤ ᠠᠬᠠᠱᠢᠷᠠᠵᠤ ᠳᠤᠮᠳᠠᠳᠤ ᠤᠯᠤᠰ᠎ᠲᠤ ᠣᠴᠢᠵᠤ ᠴᠢᠳᠠᠬᠤ ᠥᠬᠡᠶ ᠪᠣᠯᠵᠠᠶ᠂ ᠭᠡᠪᠡᠴᠦ᠍ ᠡᠲᠡᠭᠡᠷ ᠺᠢᠨᠣ᠋ ᠡᠴᠡ ᠳᠤᠮᠳᠠᠳᠤ ᠤᠯᠤᠰ᠎ᠤᠨ ᠪᠠᠢᠳᠠᠯ᠎ᠢ ᠤᠢᠯᠠᠭᠠᠵᠤ ᠮᠡᠳᠡᠪᠡ》 ᠭᠡᠵᠦ ᠪᠠᠰᠠ ᠨᠢᠭᠡ ᠠᠨᠢᠶ᠎ᠠ ᠰᠡᠳᠭᠢᠯ ᠲᠤᠭᠳᠤᠯᠤᠨ ᠬᠡᠯᠡᠪᠡ᠃
《ᠮᠢᠩᠭ᠎ᠠ ᠲᠦᠮᠡ᠎ᠶ᠋ᠢᠨ ᠢᠨᠵᠧᠨᠧᠷᠢᠩ》 ᠤ᠋ᠨ ᠶᠡᠷᠦᠩᠬᠡᠢ ᠤᠳᠤᠷᠢᠳᠤᠭᠠᠴᠢ ᠶᠠᠩ ᠢ ᠶᠤᠸᠠᠨ᠄ 《ᠰᠠᠢ᠌ᠨ ᠦᠯᠢᠭᠡᠷ ᠰᠠᠯᠬᠢᠨ᠎ᠤ ᠠᠶ᠎ᠠ᠎ᠪᠠᠷ ᠲᠠᠮᠵᠢᠬᠳᠠᠵᠤ᠂ ᠥᠨᠳᠥᠷ ᠠᠭᠤᠯᠠᠲᠠᠯᠠ ᠨᠤᠲᠤᠭ᠎ᠢ ᠳᠠᠪᠠᠵᠤ᠂ ᠬᠥᠮᠦᠰ᠎ᠦᠨ ᠰᠡᠳᠭᠢᠯ᠎ᠳᠦ ᠦᠨᠳᠦᠰᠦᠯᠡᠨ ᠨᠠᠬᠢᠶᠠᠯᠠᠬᠤ ᠶᠤᠮ》 ᠭᠡᠵᠤ ᠬᠡᠯᠡᠪᠡ᠃
ᠡᠳᠡᠭᠡᠷ ᠭᠣᠢᠳᠠ ᠰᠠᠢᠬᠠᠨ ᠬᠠᠷᠠᠭ᠎ᠠ ᠰᠣᠨᠣᠷ᠎ᠤᠨ ᠦᠪᠡᠳᠡᠭ᠌ᠰᠢ ᠴᠤᠬᠯᠠᠭᠠᠨ ᠨᠢ ᠨᠠᠷᠢᠯᠢᠭ ᠠᠳᠠᠯ᠎ᠠ ᠴᠢᠩ ᠦᠨᠡᠨᠴᠢ ᠬᠦᠦᠷᠨᠢᠯ᠎ᠢᠶᠡᠷ ᠬᠣᠶᠠᠷ ᠤᠯᠤᠰ᠎ᠤᠨ ᠠᠷᠠᠳ ᠲᠦᠮᠡᠨ᠎ᠦ ᠰᠡᠳᠭᠢᠯ ᠢ ᠨᠡᠩ ᠤᠢ᠍ᠢᠷᠠᠳᠤᠭᠤᠯᠵᠤ᠂ ᠬᠣᠶᠠᠷ ᠤᠯᠤᠰ᠎ᠤᠨ ᠨᠥᠬᠥᠷᠰᠡᠭ ᠬᠠᠷᠢᠯᠴᠠᠭ᠎ᠠ᠎ᠳᠤ ᠬᠠᠯᠠᠭᠤᠨ ᠳᠤᠯᠠᠭᠠᠨ ᠪᠥᠭᠡᠳ ᠥᠨᠢ ᠤᠳᠠᠭᠠᠨ᠎ᠤ ᠰᠣᠶᠣᠯ᠎ᠤᠨ ᠬᠦᠴᠦᠨ᠎ᠢ ᠨᠡᠮᠡᠷᠢᠯᠡᠭ᠌ᠰᠡᠨ ᠪᠠᠢᠨ᠎ᠠ᠃
ᠬᠠᠯᠠᠭᠤᠮᠰᠤᠭ ᠦᠢᠯᠡᠴᠢᠯᠡᠭᠡ ᠰᠡᠳᠬᠢᠯ ᠢ᠋ ᠲᠤᠯᠠᠭᠠᠴᠠᠭᠤᠯᠵᠤ ᠬᠠᠢᠷ᠎ᠠ ᠰᠡᠳᠬᠢᠯᠭᠡ ᠪᠠᠨ ᠰᠤᠯᠢᠯᠴᠠᠨ ᠠᠭᠤᠰᠤᠯᠴᠠᠨ᠎ᠠ
ᠰᠣᠶᠣᠯ᠎ᠤᠨ ᠭᠠᠷᠠᠭ ᠪᠣᠯ ᠳᠡᠯᠭᠡᠨ ᠦᠵᠡᠭᠦᠯᠬᠦ᠌ ᠲᠠᠪᠴᠠᠩ ᠪᠣᠯᠬᠤ᠎ᠪᠦᠭᠡᠳ ᠨᠡᠩ ᠴᠤ᠌ ᠦᠢᠯᠡᠴᠢᠯᠡᠭᠡᠨ᠎ᠦ ᠬᠣᠯᠪᠣᠭᠠᠰᠤ ᠮᠥᠨ᠃
ᠮᠣᠩᠭᠣᠯ ᠤᠯᠤᠰ᠎ᠤᠨ ᠵᠠᠯᠠᠭᠤᠴᠤᠳ ᠤᠷᠤᠰᠤᠮ᠎ᠠ ᠰᠠᠢᠬᠠᠨ ᠬᠢᠲᠠᠳ ᠬᠡᠯᠡ᠎ᠪᠡᠷ《ᠳ᠋ᠧᠪᠠᠵᠠᠨ》᠂ 《 ᠣᠷᠣᠱᠢᠬᠤᠢ 》ᠵᠡᠷᠭᠡ ᠳᠠᠭᠤᠤ᠎ᠶ᠋ᠢ ᠬᠠᠩᠭᠢᠨᠠᠲᠠᠯ᠎ᠠ ᠳᠠᠭᠤᠯᠠᠬᠤ᠎ᠨᠢ ᠲᠡᠳᠡ ᠠᠶ᠎ᠠ ᠲᠠᠭᠤᠤ ᠡᠭᠡᠰᠢᠭᠯᠡᠨ ᠴᠤᠤᠷᠢᠶᠠᠳᠤᠭᠤᠯᠬᠤ ᠲᠡᠳᠦᠢ ᠪᠢᠰᠢ ᠨᠡᠩ ᠴᠤ᠌ ᠰᠣᠶᠣᠯ᠎ᠤᠨ ᠬᠢᠯᠢ᠎ᠶᠢ ᠳᠠᠪᠠᠵᠤ᠂ ᠳᠠᠭᠤᠤ᠎ᠳᠤ ᠬᠠᠳᠠᠭᠠᠯᠠᠭ᠍ᠳᠠᠵᠤ ᠪᠠᠢᠭ᠎ᠠ ᠳᠤᠮᠳᠠᠳᠤ ᠤᠯᠤᠰ᠎ᠤᠨ ᠰᠡᠳᠭᠢᠯᠭᠡ ᠪᠠ ᠳᠣᠷᠣᠨᠠᠳᠠᠬᠢᠨ᠎ᠤ ᠰᠠᠨᠠᠭ᠎ᠠ ᠠᠬᠤᠢ᠎ᠶ᠋ᠢ ᠦᠨᠡᠨ ᠬᠦ᠌ ᠮᠡᠳᠡᠷᠡᠨ ᠣᠢᠯᠠᠭᠠᠵᠠᠢ᠃
9 ᠰᠠᠷ᠎ᠠ᠎ᠶ᠋ᠢᠨ 18 ᠤ᠋ ᠣᠷᠣᠶ᠂《ᠢᠷᠠᠭᠤ ᠡᠭᠡᠱᠢᠭ᠌ᠲᠦ ᠱᠢᠨ᠎ᠡ ᠲᠠᠭᠤᠨ — 2025》ᠮᠣᠩᠭᠣᠯ ᠤᠯᠤᠰ᠎ᠤᠨ ᠵᠠᠯᠠᠭᠤᠴᠤᠳ᠎ᠤᠨ ᠬᠢᠲᠠᠳ ᠬᠡᠯᠡᠨ᠎ᠦ ᠳᠠᠭᠤᠤ᠎ᠶ᠋ᠢᠨ ᠤᠷᠤᠯᠳᠤᠭᠠᠨ᠎ᠤ ᠱᠢᠶ᠋ᠳᠪᠦᠷᠢᠲᠦ ᠤᠷᠤᠯᠳᠤᠭᠠᠨ ᠤᠯᠠᠭᠠᠨᠪᠠᠭᠠᠲᠤᠷ᠎ᠲᠤ ᠶᠠᠪᠤᠭ᠍ᠳᠠᠪᠠ᠃
《ᠪᠢ ᠤᠤᠯ ᠨᠢ〈ᠪᠢᠳᠡ ᠠᠳᠠᠯᠢ ᠦᠭᠡᠢ〉 ᠭᠡᠬᠦ᠌ ᠳᠠᠭᠤᠤ᠎ᠶ᠋ᠢ ᠰᠣᠨᠣᠰᠴᠤ᠌ ᠥᠩᠭᠡᠷᠡᠵᠡᠢ᠂ ᠥᠪᠥᠷ ᠮᠣᠩᠭᠣᠯ᠎ᠤᠨ ᠰᠣᠶᠣᠯ᠎ᠤᠨ ᠭᠠᠷᠠᠭ᠎ᠲᠤ ᠳᠠᠬᠢᠨ ᠡᠨᠡ ᠳᠠᠭᠤᠤ᠎ᠶ᠋ᠢ ᠰᠣᠨᠣᠰᠭᠤ ᠪᠡᠷ ᠮᠠᠰᠢ ᠤᠳᠭ᠎ᠠ ᠠᠭᠤᠯᠭ᠎ᠠ᠎ᠲᠠᠶ ᠰᠠᠨᠠᠭᠳᠠᠯ᠎ᠠ᠂ ᠪᠢᠳᠡ ᠠᠳᠠᠯᠢ ᠦᠭᠡᠢ᠂ ᠭᠡᠪᠡᠴᠦ᠍ ᠰᠣᠶᠣᠯ᠎ᠤᠨ ᠰᠣᠯᠢᠯᠴᠠᠭ᠎ᠠ᠎ᠨᠢ ᠪᠠᠰᠠ ᠪᠢᠳᠡᠨ᠎ᠢ ᠬᠠᠷᠢᠯᠴᠠᠨ ᠣᠢᠯᠠᠭᠠᠯᠴᠠᠭᠤᠯᠵᠤ᠂ ᠨᠠᠩ ᠤᠢᠷ᠎ᠡ ᠳᠣᠲᠣᠨᠣ ᠪᠣᠯᠭᠠᠪᠠ》ᠭᠡᠵᠦ᠍ ᠮᠣᠩᠭᠣᠯ ᠤᠯᠤᠰ᠎ᠤᠨ ᠦᠵᠡᠭ᠌ᠴᠢ ᠡᠷᠳᠡᠨᠢᠴᠢᠯᠠᠭᠤ ᠬᠡᠯᠡᠪᠡ᠃
9 ᠰᠠᠷ᠎ᠠ᠎ᠶ᠋ᠢᠨ 16 — 17 ᠤ᠋ ᠡᠳᠦᠷ ᠪᠣᠯᠲᠠᠯ᠎ᠠ᠂ ᠠᠷᠪᠠᠨ ᠭᠤᠷᠪᠠᠳᠤᠭᠠᠷ ᠬᠤᠭᠤᠴᠠᠭᠠᠨ᠎ᠤ《ᠳᠤᠮᠳᠠᠳᠤ ᠤᠯᠤᠰ᠎ᠢ ᠤᠢᠯᠠᠭᠠᠬᠤᠢ》ᠥᠪᠥᠷ ᠮᠣᠩᠭᠣᠯ᠎ᠤᠨ ᠰᠣᠶᠣᠯ᠎ᠤᠨ ᠭᠠᠷᠠᠭ ᠵᠢᠴᠢ 2025 ᠣᠨ᠎ᠤ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠢ ᠤᠭ᠍ᠲᠤᠬᠤ ᠳᠤᠮᠳᠠᠳᠤ ᠮᠣᠩᠭᠣᠯ᠎ᠤᠨ ᠤᠷᠠᠨ ᠰᠠᠢᠬᠠᠨ᠎ᠤ ᠲᠣᠭ᠍ᠯᠠᠯᠲᠠ ᠵᠠᠯᠭᠠᠭ᠎ᠠ᠎ᠪᠠᠷ ᠬᠣᠶᠠᠷ ᠲᠠᠯᠠᠪᠠᠶ ᠭᠣᠢᠳᠠ ᠰᠠᠢᠬᠠᠨ ᠶᠠᠪᠤᠭ᠍ᠳᠠᠪᠠ᠃ ᠲᠣᠭ᠍ᠯᠠᠯᠲᠠ ᠵᠢᠨ ᠠᠬᠤᠢ ᠲᠠᠯᠠᠪᠠᠶ ᠦᠵᠡᠭᠴᠢᠳ ᠵᠢᠡᠷ ᠲᠦᠬᠦᠷᠴᠤ᠂ ᠳᠤᠮᠳᠠᠳᠤ ᠮᠣᠩᠭᠣᠯ᠎ᠤᠨ ᠤᠷᠠᠯᠢᠭ᠍ᠴᠢᠳ ᠬᠠᠮᠲᠤ᠎ᠪᠠᠷ ᠲᠣᠭ᠍ᠯᠠᠯᠲᠠ ᠭᠠᠷᠭᠠᠵᠤ᠂ ᠰᠣᠶᠣᠯ᠎ᠤᠨ ᠠᠭᠤᠰᠤᠯᠴᠠᠯ ᠪᠠ ᠬᠠᠢᠷ᠎ᠠ ᠰᠡᠳᠭᠢᠯᠭᠡ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠤᠯᠠᠮ ᠨᠢᠭᠡ ᠠᠯᠬᠤᠮ ᠨᠡᠮᠡᠭ᠌ᠳᠡᠭᠦᠯᠪᠡ᠃
《ᠮᠣᠩᠭᠣᠯ ᠤᠯᠤᠰ᠎ᠤᠨ ᠰᠣᠶᠣᠯ ᠤᠷᠠᠯᠢᠭ᠎ᠤᠨ ᠠᠵᠢᠯᠲᠠᠳ᠎ᠤᠨ ᠲᠣᠭ᠍ᠯᠠᠯᠲᠠ᠎ᠳᠤ ᠣᠷᠣᠯᠴᠠᠭ᠍ᠰᠠᠨ ᠨᠢ ᠨᠠᠮᠠᠶ᠋ᠢ ᠭᠠᠢᠬᠠᠰᠢ ᠠᠯᠳᠠᠭᠤᠯᠤᠨ᠎ᠠ᠂ ᠢᠯᠠᠩᠭᠤᠶ᠎ᠠ ᠮᠣᠩᠭᠣᠯ ᠤᠯᠤᠰ᠎ᠤᠨ ᠳᠠᠭᠤᠤ ᠬᠥᠭ᠌ᠵᠢᠮ ᠪᠥᠵᠢᠭ᠎ᠦᠨ ᠶᠡᠬᠡ ᠰᠤᠷᠭᠠᠭᠤᠯᠢ᠎ᠶ᠋ᠢᠨ ᠪᠥᠵᠢᠭ᠌ᠴᠢᠳᠦᠨ ᠪᠦᠵᠢᠭᠯᠡᠭᠰᠡᠨ 〈ᠡᠷ᠎ᠠ ᠬᠦᠮᠦᠨ ᠲᠠ〉 ᠭᠡᠬᠦ᠌ ᠬᠠᠮᠲᠤ᠎ᠶ᠋ᠢᠨ ᠪᠥᠵᠢᠭ ᠨᠢ ᠡᠷ᠎ᠠ ᠬᠦᠮᠦᠨ ᠤ᠋ ᠡᠷᠡᠰ ᠬᠠᠳᠠᠨ ᠲᠦᠷᠢ ᠲᠦᠷᠬᠦ ᠵᠢ ᠢᠯᠡᠷᠡᠬᠦᠯᠵᠠᠢ》 ᠭᠡᠵᠦ ᠺᠠᠩ ᠮᠢᠨ ᠬᠡᠯᠡᠪᠡ᠃ ᠮᠣᠩᠭᠣᠯ ᠤᠯᠤᠰ᠎ᠤᠨ ᠢᠯᠠᠯᠳᠠ ᠳᠤᠮᠳᠠᠳᠤ ᠰᠤᠷᠭᠠᠭᠤᠯᠢ᠎ᠳᠤ ᠪᠠᠭ᠍ᠰᠢᠯᠠᠵᠤ ᠪᠠᠢᠭ᠎ᠠ ᠲᠡᠷᠡ ᠪᠣᠯ ᠬᠢᠲᠠᠳ ᠬᠡᠯᠡᠨ᠎ᠦ ᠰᠠᠢᠨ ᠳᠤᠷ᠎ᠠ᠎ᠶ᠋ᠢᠨ ᠪᠠᠭ᠍ᠰᠢ ᠶᠤᠮ᠃
ᠰᠣᠶᠣᠯ᠎ᠤᠨ ᠭᠠᠷᠠᠭ ᠨᠢ ᠰᠣᠶᠣᠯ᠎ᠤᠨ ᠦᠪᠡᠳᠡᠭ᠌ᠰᠢ ᠴᠤᠬᠯᠠᠭᠠᠨ ᠵᠢᠡᠨ ᠡᠷᠭᠦᠬᠦ᠌᠎ᠶ᠋ᠢᠨ ᠵᠡᠷᠭᠡ ᠪᠡᠷ ᠠᠷᠠᠳ᠎ᠲᠤ ᠠᠱᠢᠭ ᠬᠦᠷᠲᠡᠭᠡᠬᠦ᠌ ᠦᠶ᠋ᠯᠡᠴᠢᠯᠡᠭᠡᠨ᠎ᠦ ᠬᠠᠢᠷ᠎ᠠ ᠬᠠᠯᠠᠮᠵᠢ᠎ᠶ᠋ᠢ ᠪᠦᠵᠢᠭ ᠤ᠋ᠨ ᠲᠠᠢᠰᠠᠨ ᠡᠴᠡ ᠪᠤᠳᠠᠳᠤ ᠠᠮᠢᠳᠤᠷᠠᠯ᠎ᠳᠤ ᠬᠦᠷᠳᠡᠯ᠎ᠠ ᠤᠷᠳᠤᠳᠬᠠᠪᠠ᠃
ᠰᠣᠶᠣᠯ᠎ᠤᠨ ᠭᠠᠷᠠᠭ᠎ᠤᠨ ᠬᠤᠭᠤᠴᠠᠭᠠᠨ᠎ᠳᠤ ᠥᠪᠥᠷ ᠮᠣᠩᠭᠣᠯ᠎ᠤᠨ ᠣᠯᠠᠨ ᠤᠯᠤᠰ᠎ᠤᠨ ᠮᠣᠩᠭᠣᠯ ᠡᠮᠨᠡᠯᠭᠡ᠎ᠶ᠋ᠢᠨ ᠬᠣᠷᠢᠶ᠎ᠠ ᠵᠢᠨ ᠡᠮᠴᠢᠯᠡᠭᠡᠨ᠎ᠦ ᠪᠦᠯᠬᠦᠮ ᠤᠷᠢᠳ ᠬᠣᠵᠢᠳ ᠮᠣᠩᠭᠣᠯ ᠤᠯᠤᠰ᠎ᠤᠨ ᠨᠢᠭᠡᠳᠦᠭᠡᠷ ᠲᠥᠪ ᠡᠮᠨᠡᠯᠭᠡ᠎ᠶ᠋ᠢᠨ ᠬᠣᠷᠢᠶ᠎ᠠ᠂ ᠤᠯᠠᠭᠠᠨᠪᠠᠭᠠᠲᠤᠷ᠎ᠤᠨ ᠴᠡᠩᠭᠡᠯ᠎ᠲᠡᠶ ᠲᠣᠭᠣᠷᠢᠭ᠎ᠤᠨ ᠡᠮᠴᠢᠯᠡᠭᠡᠨ᠎ᠦ ᠲᠥᠪ᠎ᠲᠦ 3 ᠡᠳᠦᠷ᠎ᠦᠨ ᠬᠤᠭᠤᠴᠠᠭ᠎ᠠ᠎ᠲᠠᠶ ᠡᠷᠡᠭᠦᠯ ᠮᠡᠨᠳᠦ᠍᠎ᠶ᠋ᠢᠨ ᠠᠯᠪᠠᠨ ᠵᠢᠷᠤᠮ᠎ᠤᠨ ᠡᠮᠴᠢᠯᠡᠭᠡᠨ᠎ᠦ ᠠᠵᠢᠯᠯᠠᠭ᠎ᠠ ᠥᠷᠨᠢᠭᠦᠯᠬᠦ᠌᠎ᠶ᠋ᠢᠨ ᠵᠡᠷᠭᠡ ᠪᠡᠷ 8 ᠲᠦᠮᠡᠨ ᠲᠥᠭᠥᠷᠢᠭ᠎ᠦᠨ ᠥᠷᠲᠡᠭ ᠪᠥᠬᠥᠶ ᠮᠣᠩᠭᠣᠯ ᠡᠮ ᠪᠡᠯᠡᠭ᠌ᠯᠡᠪᠡ᠃
《ᠪᠢᠳᠡᠨ᠎ᠦ ᠠᠪᠴᠢᠷᠠᠭ᠍ᠰᠠᠨ ᠱᠢᠯᠢᠳᠡᠭ ᠡᠮᠴᠢᠯᠡᠭᠡᠨ᠎ᠦ ᠦᠶ᠋ᠯᠡᠴᠢᠯᠡᠭᠡ᠎ᠨᠢ ᠮᠣᠩᠭᠣᠯ ᠤᠯᠤᠰ᠎ᠤᠨ ᠡᠪᠡᠳᠴᠢᠲᠡᠨ᠎ᠦ ᠡᠪᠡᠳᠴᠢᠨ᠎ᠤ ᠡᠪᠡᠷᠰᠢᠶᠡᠯ᠎ᠢ ᠨᠢ ᠠᠷᠢᠯᠭᠠᠬᠤ ᠪᠦᠭᠡᠳ ᠪᠠᠰᠠ ᠬᠣᠶᠠᠷ ᠤᠯᠤᠰ᠎ᠤᠨ ᠡᠮᠴᠢ ᠡᠪᠡᠳᠴᠢᠲᠡᠨ᠎ᠦ ᠬᠣᠭᠣᠷᠣᠨᠳᠣᠬᠢ ᠳᠣᠲᠣᠨᠣ ᠰᠣᠯᠢᠯᠴᠠᠭ᠎ᠠ᠎ᠪᠠᠷ ᠳᠠᠮᠵᠢᠨ ᠳᠤᠮᠳᠠᠳᠤ ᠮᠣᠩᠭᠣᠯ᠎ᠤᠨ ᠨᠥᠬᠥᠷᠰᠡᠭ ᠬᠠᠷᠢᠯᠴᠠᠭ᠎ᠠ᠎ᠶ᠋ᠢ ᠭᠦᠨᠵᠡᠭᠡᠢᠷᠡᠭᠦᠯᠬᠦ᠌᠎ᠳᠦ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ》ᠭᠡᠵᠦ᠍ ᠥᠪᠥᠷ ᠮᠣᠩᠭᠣᠯ᠎ᠤᠨ ᠣᠯᠠᠨ ᠤᠯᠤᠰ᠎ᠤᠨ ᠮᠣᠩᠭᠣᠯ ᠡᠮᠨᠡᠯᠭᠡ᠎ᠶ᠋ᠢᠨ ᠬᠣᠷᠢᠶ᠎ᠠ ᠵᠢᠨ ᠮᠣᠩᠭᠣᠯ ᠡᠮᠨᠡᠯᠭᠡ᠎ᠶ᠋ᠢᠨ ᠬᠠᠪᠤᠳᠠᠷ᠎ᠤᠨ ᠰᠠᠯᠠᠭᠠᠨ᠎ᠤ ᠡᠷᠬᠢᠯᠡᠭ᠌ᠴᠢ ᠭᠤᠤ ᠢᠦᠶ ᠰᠧ ᠬᠡᠯᠡᠪᠠ᠃ ᠲᠡᠷᠡ ᠡᠨᠳᠡ ᠮᠠᠰᠢ ᠣᠯᠠᠨ 《ᠬᠠᠭᠤᠴᠢᠨ ᠨᠠᠢᠵᠠ》ᠲᠠᠶ᠎ᠪᠠᠨ ᠠᠭᠤᠯᠵᠠᠵᠤ᠂ ᠴᠥᠭᠡᠨ ᠪᠤᠰᠤ ᠬᠥᠮᠦᠰ ᠳᠤᠮᠳᠠᠳᠤ ᠤᠯᠤᠰ᠎ᠲᠤ ᠡᠮᠨᠡᠭᠦᠯᠵᠦ᠍ ᠪᠠᠢᠭ᠍ᠰᠠᠨ ᠡᠪᠡᠳᠴᠢᠨ᠎ᠦ ᠲᠡᠦᠬᠡ ᠪᠣᠯᠤᠨ ᠪᠠᠢᠴᠠᠭᠠᠯᠲᠠ᠎ᠶ᠋ᠢᠨ ᠮᠡᠳᠡᠭᠦᠯᠦᠯᠲᠡ᠎ᠪᠡᠨ ᠠᠪᠴᠤ᠌᠂ ᠲᠤᠰᠭᠠᠢᠯᠠᠨ ᠬᠡᠳᠦᠨ ᠵᠠᠭᠤᠨ ᠺᠢᠯᠣᠮᠧᠲ᠋ᠷ᠎ᠦᠨ ᠬᠣᠯᠠ᠎ᠡᠴᠡ ᠠᠯᠪᠠᠨ ᠵᠢᠷᠤᠮ᠎ᠤᠨ ᠡᠮᠴᠢᠯᠡᠭᠡᠨ᠎ᠦ ᠠᠬᠤᠶ ᠲᠠᠯᠠᠪᠠᠶ᠎ᠳᠤ ᠬᠦᠷᠴᠦ᠍ ᠢᠷᠡᠭ᠌ᠰᠡᠨ ᠪᠠᠢᠯ᠎ᠠ᠃
ᠣᠢᠷ᠎ᠠ᠎ᠶ᠋ᠢᠨ ᠵᠢᠯ ᠳ᠋ᠤ ᠮᠣᠩᠭᠣᠯ ᠡᠮ ᠡᠮᠨᠡᠯᠭᠡ᠎ᠶ᠋ᠢᠨ ᠮᠣᠩᠭᠣᠯ ᠤᠯᠤᠰ᠎ᠲᠤ ᠮᠡᠳᠡᠷᠡᠭ᠌ᠳᠡᠬᠦ᠌ ᠬᠡᠮᠵᠢᠶ᠎ᠡ᠎ᠶ᠋ᠢᠨ ᠳᠡᠭᠡᠭ᠌ᠰᠢᠯᠡᠬᠦ᠌᠎ᠶ᠋ᠢ ᠳᠠᠭᠠᠯᠳᠤᠨ ᠮᠣᠩᠭᠣᠯ ᠤᠯᠤᠰ᠎ᠤᠨ ᠠᠷᠠᠳ ᠣᠯᠠᠨ ᠳᠤᠮᠳᠠᠳᠤ ᠤᠯᠤᠰ᠎ᠲᠤ ᠢᠷᠠᠵᠤ ᠡᠪᠡᠳᠴᠢᠨ᠎ᠢᠶᠡᠨ ᠦᠵᠡᠭᠦᠯᠬᠦ᠌ ᠰᠣᠩᠭᠣᠯᠲᠠ ᠶᠠᠪᠤᠬᠤ ᠲᠤᠲᠤᠮ ᠣᠯᠠᠱᠢᠷᠠᠵᠤ᠂ ᠳᠤᠮᠳᠠᠳᠤ ᠮᠣᠩᠭᠣᠯ ᠬᠣᠶᠠᠷ ᠲᠠᠯ᠎ᠠ᠎ᠪᠠᠷ᠎ᠢᠶᠠᠨ ᠡᠮᠴᠢᠯᠡᠭᠡᠨ᠎ᠦ ᠪᠣᠯᠪᠠᠰᠤᠷᠠᠯ ᠪᠠ ᠴᠢᠳᠠᠪᠤᠷᠢᠲᠠᠨ᠎ᠤ ᠰᠣᠯᠢᠯᠴᠠᠭ᠎ᠠ᠎ᠪᠠᠨ ᠦᠷᠭᠦᠯᠵᠢᠯᠡᠨ ᠥᠷᠭᠡᠳᠭᠡᠵᠦ᠍᠂ ᠬᠣᠶᠠᠷ ᠤᠯᠤᠰ᠎ᠤᠨ ᠨᠥᠬᠥᠷᠯᠡᠯ᠎ᠦᠨ ᠠᠷᠠᠳ᠎ᠤᠨ ᠬᠣᠭᠣᠷᠣᠨᠳᠣᠬᠢ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠵᠦ᠍ ᠪᠠᠢᠨ᠎ᠠ᠃
ᠪᠣᠯᠪᠠᠰᠤᠨ᠎ᠢᠶᠠᠨ ᠬᠠᠷᠢᠯᠴᠠᠨ ᠲᠤᠯᠢ ᠪᠤᠯᠭᠠᠵᠤ᠂ ᠠᠷᠠᠳᠢᠷᠭᠡᠳ ᠰᠡᠳᠬᠢᠯ ᠰᠡᠳᠬᠢᠯ ᠵᠢᠡᠨ ᠤᠯᠤᠯᠴᠠᠨᠠ᠃ ᠲᠤᠰ ᠬᠤᠭᠤᠴᠠᠭᠠᠨ᠎ᠤ ᠰᠣᠶᠣᠯ᠎ᠤᠨ ᠭᠠᠷᠠᠭ ᠨᠢ ᠰᠣᠶᠣᠯ᠎ᠢᠶᠠᠷ ᠬᠥᠭᠥᠷᠭᠡ ᠪᠣᠯᠭᠠᠵᠤ᠂ ᠦᠢᠯᠡᠴᠢᠯᠡᠭᠡ᠎ᠪᠡᠷ ᠵᠠᠭᠤᠴᠢ ᠪᠣᠯᠭᠠᠵᠤ᠂ ᠬᠠᠢᠷ᠎ᠠ ᠰᠡᠳᠭᠢᠯᠭᠡ᠎ᠪᠡᠷ ᠠᠢᠵᠠᠮ ᠪᠣᠯᠭᠠᠵᠤ᠂ ᠦᠨᠡᠨᠴᠢ ᠶᠠᠷᠢᠯᠴᠠᠭ᠎ᠠ ᠪᠠ ᠬᠠᠯᠠᠭᠤᠮᠰᠤᠭ ᠠᠭᠤᠯᠵᠠᠯᠲᠠ᠎ᠶ᠋ᠢᠨ ᠳᠤᠮᠳᠠ ᠳᠤᠮᠳᠠᠳᠤ ᠮᠣᠩᠭᠣᠯ᠎ᠤᠨ ᠨᠥᠬᠥᠷᠯᠡᠯ᠎ᠦᠨ ᠮᠣᠳᠣ᠎ᠶ᠋ᠢ ᠦᠷᠭᠦᠯᠵᠢᠯᠡᠨ ᠱᠢᠮᠡᠵᠢᠭᠦᠯᠦᠨ ᠪᠤᠢᠵᠢᠭᠤᠯᠵᠤ᠂ ᠰᠠᠯᠠᠭ᠎ᠠ ᠨᠠᠮᠠᠭ᠎ᠠ᠎ᠶ᠋ᠢ ᠨᠢ ᠤᠯᠠᠮ ᠰᠠᠬᠤᠯᠢᠭ ᠪᠣᠯᠭᠠᠪᠠ!