ᠡᠯᠪᠡᠭ ᠬᠤᠷᠢᠶᠠᠯᠲᠠ — ᠨᠠᠢ᠍ᠮᠠᠳᠡᠬᠢ 《ᠳᠤᠮᠳᠠᠳᠤ ᠤᠯᠤᠰ ᠤ᠋ᠨ ᠲᠠᠷᠢᠶᠠᠴᠢᠳ ᠤ᠋ᠨ ᠡᠯᠪᠡᠭ ᠬᠤᠷᠢᠶᠠᠯᠲᠠ ᠶ᠋ᠢᠨ ᠪᠠᠶᠠᠷ》 ᠲᠦ᠍ ᠵᠤᠷᠢᠭᠤᠯᠪᠠ
2025-09-22 10:37:01
ᠵᠣᠬᠢᠶᠠᠭ᠍ᠴᠢ᠄
ᠼᠠᠢ ᠬᠤᠩ ᠨᠠᠮᠤᠭ ᠬᠠᠢ ᠵᠢᠶᠦ᠋ᠨ ᠪᠤᠶᠠᠠᠡᠨᠡᠷᠢᠯ ᠪᠦᠦ ᠴᠢᠩ ᠱᠧᠩ
ᠣᠩᠱᠢᠭ᠍ᠰᠠᠨ ᠣᠳᠠᠭ᠎ᠠ᠄
★★★☆☆

ᠨᠠᠢᠷᠠᠭᠤᠯᠤᠭᠴᠢ ᠶ᠋ᠢᠨ ᠦᠭᠡ᠄

ᠨᠠᠷᠠ ᠲᠤᠨᠤᠷᠠᠵᠤ᠂ ᠬᠤᠩᠭᠤᠷ ᠰᠠᠯᠬᠢ ᠰᠡᠪᠡᠯᠵᠡᠭᠡᠳ᠂ ᠡᠪᠡᠰᠦᠨ ᠤ᠋ ᠲᠤᠯᠤᠭᠠᠢ ᠰᠢᠷᠠᠯᠠᠵᠤ᠂ ᠨᠠᠷᠢᠮᠤ ᠶ᠋ᠢᠨ ᠲᠦᠷᠦᠭᠦᠦ ᠲᠤᠬᠢᠯᠵᠠᠭᠠᠳ᠂ ᠮᠠᠯᠴᠢᠨ ᠲᠠᠷᠢᠶᠠᠴᠢᠳ ᠤᠨᠠᠭᠰᠠᠨ ᠮᠠᠯᠠᠭᠠᠢ ᠪᠡᠨ ᠠᠪᠬᠤ ᠵᠠᠪ ᠦᠭᠡᠢ᠂ ᠤᠴᠠᠷᠠᠭᠰᠠᠨ ᠬᠦᠮᠦᠨ ᠲᠠᠢ ᠪᠡᠨ ᠬᠡᠯᠡᠯᠴᠡᠬᠦ ᠴᠢᠯᠦᠭᠡ ᠦᠭᠡᠢ ᠂ ᠪᠠᠰᠠ ᠨᠢᠭᠡᠨ ᠡᠯᠪᠡᠭ ᠬᠤᠷᠢᠶᠠᠯᠳᠠ ᠶ᠋ᠢᠨ ᠨᠠᠮᠤᠷ ᠬᠦᠷᠴᠤ ᠢᠷᠡᠯ᠎ᠠ᠃

2018 ᠤᠨ ᠡᠴᠡ ᠮᠠᠨ ᠤ᠋ ᠤᠯᠤᠰ ᠵᠢᠯ ᠪᠤᠯᠭᠠᠨ ᠤ᠋ ᠨᠠᠮᠤᠷ ᠤ᠋ᠨ ᠬᠤᠭᠤᠰ ᠤ᠋ᠨ ᠡᠳᠦᠷ ᠢ᠋ 《ᠲᠤᠮᠳᠠᠳᠤ ᠤᠯᠤᠰ ᠤ᠋ᠨ ᠲᠠᠷᠢᠶᠠᠴᠢᠳ ᠤ᠋ᠨ ᠡᠯᠪᠡᠭ ᠬᠤᠷᠢᠶᠠᠯᠳᠠ ᠵᠢᠨ ᠪᠠᠶᠠᠷ 》 ᠶ᠋ᠢᠡᠷ ᠳᠤᠭᠳᠠᠭᠠᠪᠠ᠃ ᠡᠨᠡ ᠵᠢᠯ ᠤ᠋ᠨ ᠨᠠᠮᠤᠷ ᠤ᠋ᠨ ᠬᠤᠭᠤᠰ ᠨᠢ 9 ᠰᠠᠷ᠎ᠠ ᠶ᠋ᠢᠨ 23 ᠤ᠋ ᠡᠳᠦᠷ ᠳᠤᠬᠢᠶᠠᠯᠳᠤᠬᠤ ᠶ᠋ᠢᠨ ᠬᠠᠮᠳᠤ 《ᠡᠯᠪᠡᠭ ᠬᠤᠷᠢᠶᠠᠯᠲᠠ ᠶ᠋ᠢᠨ ᠪᠠᠶᠠᠷ ᠶ᠋ᠢᠡᠨ ᠪᠡᠯᠭᠡᠯᠡᠵᠦ ᠡᠷᠬᠡ ᠵᠢᠷᠭᠠᠯᠳᠤ ᠠᠮᠢᠳᠤᠷᠠᠯ ᠶ᠋ᠢᠡᠨ ᠪᠠᠬᠠᠳᠤᠶ᠎ᠠ 》 ᠪᠡᠷ ᠭᠤᠤᠯ ᠰᠡᠳᠦᠪ ᠪᠤᠯᠭᠠᠭᠰᠠᠨ ᠨᠠᠢ᠍ᠮᠠᠳᠠᠬᠢ 《ᠲᠤᠮᠳᠠᠳᠤ ᠤᠯᠤᠰ ᠤ᠋ᠨ ᠲᠠᠷᠢᠶᠠᠴᠢᠳ ᠤ᠋ᠨ ᠡᠯᠪᠡᠭ ᠬᠤᠷᠢᠶᠠᠯᠳᠠ ᠵᠢᠨ ᠪᠠᠶᠠᠷ 》 ᠴᠤ᠌ ᠬᠦᠷᠴᠤ ᠢᠷᠡᠯ᠎ᠠ ᠃ ᠦᠩ ᠦᠷᠭᠡᠨ ᠠᠯᠠᠱᠠ ᠡᠴᠡ ᠦᠷᠭᠡᠨ ᠠᠭᠤᠳᠠᠮ ᠬᠦᠯᠦᠨ ᠪᠤᠢᠷ ᠬᠦᠷᠳᠡᠯ᠎ᠠ᠂ ᠪᠤᠷᠤᠳᠤᠬᠤᠢ ᠶ᠋ᠢᠨ ᠪᠤᠭᠤᠳᠠᠢ ᠶ᠋ᠢᠨ ᠲᠠᠷᠢᠶ᠎ᠠ ᠡᠴᠡ ᠬᠤᠷᠴᠢᠨ ᠤ᠋ ᠠᠮᠳᠠᠳᠤ ᠲᠦᠮᠦᠰᠦ ᠶ᠋ᠢᠨ ᠲᠠᠷᠢᠶ᠎ᠠ ᠬᠦᠷᠳᠡᠯ᠎ᠠ᠂ ᠡᠯᠪᠡᠭ ᠬᠤᠷᠢᠶᠠᠯᠳᠠ ᠶ᠋ᠢᠨ ᠪᠠᠶᠠᠷ ᠤ᠋ᠨ ᠴᠢᠮᠡᠭᠡ ᠲᠠᠰᠤᠷᠠᠯᠳᠠ ᠦᠭᠡᠢ ᠳᠠᠮᠵᠢᠭᠳᠠᠨ᠎ᠠ ᠃ 《ᠰᠢᠨ᠎ᠠ ᠬᠦᠳᠡᠭᠡ》 ᠲᠤᠰᠬᠠᠢ ᠬᠡᠪᠯᠡᠯ ᠲᠤᠰ ᠳ᠋ᠤᠭᠠᠷ ᠲᠠᠭᠠᠨ ᠪᠦᠬᠦ ᠤᠷᠤᠨ ᠤ᠋ ᠡᠯ᠎ᠠ ᠭᠠᠵᠠᠷ ᠤ᠋ᠨ ᠬᠢᠨ ᠤ᠋ ᠨᠠᠮᠤᠷ ᠤ᠋ᠨ ᠬᠤᠷᠢᠶᠠᠯᠳᠠ ᠳ᠋ᠠᠭᠠᠨ ᠶᠠᠭᠠᠷᠠᠵᠤ᠂ ᠡᠯᠪᠡᠭ ᠬᠤᠷᠢᠶᠠᠯᠳᠠ ᠪᠡᠨ ᠪᠠᠶᠠᠷ ᠬᠦᠷ ᠲᠠᠢ ᠪᠡᠯᠭᠡᠯᠡᠵᠦ ᠪᠠᠢᠭ᠎ᠠ ᠮᠡᠳᠡᠭᠡᠯᠡᠯ ᠤ᠋ᠳ ᠡᠴᠡ ᠨᠢᠭᠡ ᠬᠡᠰᠡᠭ ᠢ᠋ ᠰᠤᠩᠭᠤᠨ ᠨᠡᠢᠳᠡᠯᠡᠪᠡ᠃ ᠲᠠ ᠪᠦᠬᠦᠨ ᠳᠠᠪᠠᠳᠠᠢ ᠨᠠᠮᠤᠷᠵᠢᠵᠤ ᠲᠠᠭᠠᠯᠠᠨ ᠤᠩᠰᠢᠮᠤ!


QQ20250922-103118.png



ᠡᠯᠪᠡᠭ ᠬᠤᠷᠢᠶᠠᠯᠲᠠ ᠪᠡᠨ ᠪᠡᠯᠭᠡᠯᠡᠵᠦ ᠵᠢᠷᠭᠠᠯᠳᠤ ᠠᠮᠢᠳᠤᠷᠠᠯ ᠶ᠋ᠢᠡᠨ ᠪᠠᠬᠠᠳᠤᠨ᠎ᠠ

ᠨᠠᠢ᠍ᠮᠠᠳᠡᠬᠢ 《 ᠳᠤᠮᠳᠠᠳᠤ ᠤᠯᠤᠰ ᠤ᠋ᠨ ᠲᠠᠷᠢᠶᠠᠴᠢᠳ ᠤ᠋ᠨ ᠡᠯᠪᠡᠭ ᠬᠤᠷᠢᠶᠠᠯᠲᠠ ᠶ᠋ᠢᠨ ᠪᠠᠶᠠᠷ 》  ᠢ᠋ ᠪᠡᠯᠭᠡᠯᠡᠬᠦ ᠦᠪᠦᠷ ᠮᠤᠡᠭᠭᠤᠯ ᠤ᠋ᠨ ᠭᠤᠤᠯ ᠲᠠᠯᠠᠪᠠᠢ ᠶ᠋ᠢᠨ ᠠᠵᠢᠯᠯᠠᠭ᠎ᠠ 9 ᠰᠠᠷ᠎ᠠ ᠶ᠋ᠢᠨ 20 — 22 ᠤ᠋ᠨ ᠡᠳᠦᠷ ᠪᠤᠯᠲᠠᠯ᠎ᠠ ᠰᠢᠯᠢ ᠶ᠋ᠢᠨ ᠭᠤᠤᠯ ᠠᠢᠮᠠᠭ ᠤ᠋ᠨ ᠬᠦᠪᠡᠭᠡᠲᠦ ᠰᠢᠷ᠎ᠡ ᠬᠤᠰᠢᠭᠤᠨ ᠤ᠋  ᠪᠤᠭᠳᠠ ᠶ᠋ᠢᠨ ᠭᠤᠤᠯ ᠰᠤᠮᠤ ᠳ᠋ᠦ ᠶᠠᠪᠤᠭᠳᠠᠪᠠ᠃ ᠲᠤᠰ ᠤᠳᠠᠭ᠎ᠠ ᠵᠢᠨ ᠠᠵᠢᠯᠯᠠᠭ᠎ᠠ ᠨᠢ 《ᠡᠯᠪᠡᠭ ᠬᠤᠷᠢᠶᠠᠯᠲᠠ ᠶ᠋ᠢᠨ ᠪᠠᠶᠠᠷ ᠶ᠋ᠢᠡᠨ ᠪᠡᠯᠭᠡᠯᠡᠵᠦ ᠡᠷᠬᠡ ᠵᠢᠷᠭᠠᠯᠳᠤ ᠠᠮᠢᠳᠤᠷᠠᠯ ᠶ᠋ᠢᠡᠨ ᠪᠠᠬᠠᠳᠤᠶ᠎ᠠ 》 ᠪᠡᠷ ᠭᠤᠤᠯ ᠰᠡᠳᠦᠪ ᠪᠤᠯᠭᠠᠵᠤ᠂ 《ᠦᠷ᠎ᠡ ᠪᠦᠲᠦᠭᠡᠯ ᠶ᠋ᠢᠡᠨ ᠳᠡᠯᠭᠡᠬᠦ᠂ ᠡᠷᠴᠢ ᠵᠤᠷᠢᠭ ᠶ᠋ᠢᠡᠨ ᠮᠦᠷᠤᠢᠴᠡᠬᠦ᠂ ᠪᠠᠶᠠᠷ ᠪᠠᠶᠠᠰᠤᠯ ᠶ᠋ᠢᠡᠨ ᠬᠤᠪᠢᠶᠠᠯᠴᠠᠬᠤ᠂ ᠵᠢᠷᠭᠠᠯᠳᠤ ᠠᠮᠢᠳᠤᠷᠠᠯ ᠶ᠋ᠢᠡᠨ ᠪᠠᠬᠠᠳᠤᠬᠤ 》 ᠵᠡᠷᠭᠡ ᠬᠡᠯᠪᠡᠷᠢ ᠪᠡᠷ ᠳᠠᠮᠵᠢᠨ ᠮᠠᠨ ᠤ᠋ ᠤᠷᠤᠨ ᠤ᠋ ᠳᠠᠪᠤᠨ ᠲᠠᠷᠢᠶ᠎ᠠ ᠡᠯᠪᠡᠭ ᠬᠤᠷᠢᠶᠠᠯᠳᠠ ᠤᠯᠵᠤ᠂ ᠮᠠᠯ ᠰᠦᠷᠦᠭ ᠦᠨᠢᠷ ᠦᠰᠴᠤ᠂ ᠠᠩᠬᠢᠯᠤᠮ᠎ᠠ ᠰᠦ ᠶ᠋ᠢᠨ ᠦᠨᠦᠷ ᠳᠡᠯᠡᠬᠡᠢ ᠳ᠋ᠠᠬᠢᠨ ᠳ᠋ᠤ ᠬᠠᠩᠬᠤᠯᠵᠤ᠂ ᠨᠤᠤᠯᠤᠭᠤᠷ ᠤ᠋ᠨ ᠦᠢᠯᠡᠳᠬᠦᠨ ᠶᠢᠷᠳᠢᠨᠴᠤ ᠶ᠋ᠢ ᠳᠤᠯᠠᠭᠠᠴᠠᠭᠤᠯᠤᠭᠰᠠᠨ ᠮᠠᠯ ᠠᠵᠤ ᠠᠬᠤᠢ ᠲᠠᠷᠢᠶᠠᠯᠠᠩ ᠤ᠋ᠨ ᠴᠢᠨᠠᠷ ᠰᠠᠢᠲᠠᠢ ᠬᠦᠭᠵᠢᠯᠲᠡ ᠶ᠋ᠢᠨ ᠦᠷ᠎ᠡ ᠪᠦᠲᠦᠭᠡᠯ ᠢ᠋ ᠪᠦᠬᠦ ᠲᠠᠯ᠎ᠠ ᠪᠡᠷ ᠢᠯᠡᠷᠡᠭᠦᠯᠵᠦ᠂ ᠮᠠᠯᠴᠢᠨ ᠲᠠᠷᠢᠶᠠᠴᠢᠳ ᠤ᠋ᠨ ᠦᠢᠯᠡᠳᠪᠦᠷᠢᠯᠡᠯ ᠳ᠋ᠤ ᠤᠷᠤᠯᠴᠠᠬᠤ ᠤᠷᠬᠢᠯᠤᠮ᠎ᠠ ᠬᠠᠯᠠᠭᠤᠨ ᠰᠡᠳᠬᠢᠯᠭᠡ ᠪᠠ ᠡᠷᠴᠢ ᠵᠤᠷᠢᠭ ᠢ᠋ ᠬᠦᠭᠵᠢᠭᠡᠨ᠂ ᠬᠦᠳᠡᠭᠡ ᠲᠤᠰᠬᠤᠨ ᠢ᠋ ᠪᠦᠬᠦ ᠲᠠᠯ᠎ᠠ ᠪᠡᠷ ᠬᠦᠭᠵᠢᠭᠦᠯᠦᠨ ᠮᠠᠨᠳᠤᠭᠤᠯᠬᠤ ᠳ᠋ᠦ ᠬᠦᠴᠦᠨ ᠨᠡᠮᠡᠷᠢᠯᠡᠪᠡ᠃᠁


ᠡᠯᠪᠡᠭ ᠬᠤᠷᠢᠶᠠᠯᠳᠠ • ᠡᠪᠡᠰᠦ


ᠰᠢᠯᠢ ᠵᠢᠨ ᠭᠤᠤᠯ ᠤ᠋ᠨ ᠲᠠᠯ᠎ᠠ ᠨᠤᠲᠤᠭ ᠬᠤᠷ᠎ᠠ ᠪᠤᠷᠤᠭᠠᠨ ᠡᠯᠪᠡᠭᠲᠠᠢ ᠦᠩᠰᠢᠭᠦᠨ ᠰᠠᠢᠬᠠᠨ ᠵᠤᠨ ᠵᠢᠠᠨ ᠦᠳᠡᠭᠡᠳ᠂ ᠠᠭᠤᠯᠠ ᠲᠤᠯᠤᠭᠠᠳ ᠲᠠᠯ᠎ᠠ ᠬᠦᠨᠳᠡᠢ ᠡᠪᠡᠰᠤᠨ ᠲᠤᠯᠤᠭᠠᠢ ᠪᠦᠬᠦᠯᠵᠡᠭᠰᠡᠨ ᠡᠯᠪᠡᠭ ᠬᠤᠷᠢᠶᠠᠯᠳᠠ ᠵᠢᠨ ᠪᠠᠶᠠᠨ ᠨᠠᠮᠤᠷ ᠵᠢᠠᠨ ᠤᠭᠳᠤᠯ᠎ᠠ᠃ ᠮᠠᠯᠴᠢᠨ ᠲᠦᠮᠡᠨ ᠠᠮᠢ ᠠᠮᠢᠵᠢᠷᠠᠯ ᠤ᠋ᠨ ᠵᠢᠡᠨ ᠤᠨᠳᠤᠷᠤᠭ᠎ᠠ ᠪᠤᠯᠤᠭᠰᠠᠨ ᠮᠠᠯ ᠰᠦᠷᠦᠭ ᠤ᠋ᠨ ᠵᠢᠠᠨ ᠡᠪᠡᠰᠤ ᠲᠡᠵᠢᠭᠡᠯ᠎ᠢ ᠨᠦᠭᠡᠴᠡᠯᠡᠬᠦ ᠨᠦᠰᠡᠷ ᠠᠵᠢᠯ ᠢ᠋ ᠦᠷᠭᠡᠨ ᠲᠠᠯᠠᠢᠴᠠ ᠲᠠᠢ ᠬᠢᠵᠡᠭᠡᠵᠦ᠂ ᠪᠠᠢᠭᠠᠯᠢ ᠡᠵᠢ ᠵᠢᠨ ᠬᠡᠰᠢᠭ ᠪᠤᠯᠤᠭᠰᠠᠨ ᠪᠠᠶᠠᠨ ᠬᠠᠳᠤᠯᠠᠡᠭ ᠤ᠋ᠨ ᠵᠢᠠᠨ ᠲᠡᠭᠡᠵᠢ ᠰᠢᠮ᠎ᠡ ᠵᠢ ᠬᠠᠳᠤᠵᠦ ᠬᠤᠷᠢᠶᠠᠵᠠᠭᠠᠨ᠎ᠠ᠃


QQ20250922-103143.png


ᠰᠢᠯᠢ ᠵᠢᠨ ᠭᠤᠤᠯ ᠠᠢᠮᠠᠭ ᠤ᠋ᠨ ᠡᠨᠡ ᠵᠢᠯ ᠤ᠋ᠨ ᠬᠠᠳᠤᠯᠠᠩ ᠠᠪᠬᠤ ᠠᠵᠢᠯ 8 ᠰᠠᠷ᠎ᠠ ᠵᠢᠨ 20 ᠤ᠋ ᠡᠳᠤᠷ ᠡᠴᠡ ᠡᠬᠢᠯᠡᠵᠦ᠂ ᠪᠦᠬᠦ ᠠᠢᠮᠠᠭ ᠵᠢᠡᠷ ᠵᠢᠡᠨ ᠨᠡᠢᠳᠡ 1535.88 ᠲᠦᠮᠡᠨ ᠮᠦ᠍ ᠬᠠᠳᠤᠯᠠᠩ ᠠᠪᠬᠤ ᠪᠡᠷ ᠲᠦᠯᠦᠪᠵᠢᠭᠦᠯᠦᠭᠡᠳ ᠤᠳᠤ ᠬᠠᠳᠤᠯᠠᠡᠭ ᠤ᠋ᠨ ᠠᠵᠢᠯ ᠶᠠᠭ ᠡᠷᠴᠢᠮᠳᠡᠢ ᠰᠠᠢᠬᠠᠨ ᠶᠠᠪᠤᠭᠳᠠᠵᠦ ᠪᠠᠢᠨ᠎ᠠ᠃ ᠡᠭᠦᠨ ᠳ᠋ᠤ ᠲᠤᠰ ᠠᠢᠮᠠᠭ ᠤ᠋ᠨ ᠬᠤᠢᠳᠤ ᠬᠡᠰᠡᠭ ᠵᠢᠠᠷ ᠪᠠᠢᠷᠢᠰᠢᠬᠤ ᠠᠪᠠᠭ᠎ᠠ ᠬᠤᠰᠢᠭᠤ ᠡᠨᠡ ᠵᠢᠯ 147 ᠲᠦᠮᠡᠨ ᠮᠦ᠍ ᠬᠠᠳᠤᠯᠠᠩ ᠠᠪᠬᠤ ᠪᠡᠷ ᠲᠦᠯᠦᠪᠯᠡᠵᠦ᠂ ᠤᠳᠤᠬᠠᠨ ᠳ᠋ᠤ ᠪᠦᠬᠦ ᠠᠵᠢᠯ ᠨᠢ ᠨᠢᠬᠡᠨᠳᠡ ᠰᠢᠪᠳᠤᠷᠠᠭᠠᠨ ᠳ᠋ᠠᠭᠠᠨ ᠤᠷᠤᠵᠠᠢ᠃

ᠰᠤᠷᠪᠤᠯᠵᠢᠯᠠᠭᠴᠢ ᠠᠪᠠᠭ᠎ᠠ ᠬᠤᠰᠢᠭᠤᠨ ᠤ᠋ ᠲᠠᠷᠢᠶᠠᠯᠡᠡᠭ ᠮᠠᠯ ᠠᠵᠦ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠤᠪᠴᠢᠶ᠎ᠠ ᠡᠴᠡ ᠤᠢᠯᠠᠭᠠᠭᠰᠠᠨ ᠵᠢᠠᠷ᠂ ᠡᠨᠡ ᠵᠢᠯ ᠲᠤᠰ ᠬᠤᠰᠢᠭᠤᠨ ᠤ᠋ ᠬᠠᠳᠤᠯᠠᠡᠭ ᠨᠢ ᠬᠠᠮᠳᠤ ᠵᠢᠨ ᠪᠡᠯᠴᠢᠭᠡᠷ ᠬᠢᠭᠡᠳ ᠮᠠᠯᠵᠢᠬᠤ ᠡᠷᠦᠬᠡ ᠵᠢᠨ ᠲᠠᠭᠠᠭᠠᠴᠢᠯᠠᠭᠰᠠᠨ ᠪᠡᠯᠴᠢᠭᠡᠷ ᠵᠢᠡᠷ ᠭᠤᠤᠯᠳᠠᠵᠤ ᠂ 36.74 ᠲᠦᠮᠡᠨ ᠮᠦ᠍ ᠶ᠋ᠢᠨ ᠬᠠᠮᠳᠤ ᠵᠢᠨ ᠪᠡᠯᠴᠢᠭᠡᠷ ᠡᠴᠡ 2.04 ᠲᠦᠮᠡᠨ ᠲᠤᠨ ᠬᠦᠬᠡ ᠡᠪᠡᠰᠤ ᠬᠠᠳᠤᠵᠦ᠂ ᠮᠠᠯᠵᠢᠬᠤ ᠡᠷᠦᠬᠡ ᠵᠢᠨ ᠲᠠᠭᠠᠭᠠᠴᠢᠯᠠᠭᠰᠠᠨ 110.4 ᠲᠦᠮᠡᠨ ᠮᠦ᠍ ᠪᠡᠯᠴᠢᠭᠡᠷ ᠡᠴᠡ 5.15 ᠲᠦᠮᠡᠨ ᠲᠤᠨ ᠬᠦᠬᠡ ᠡᠪᠡᠰᠤ ᠬᠠᠳᠤᠵᠦ ᠬᠤᠷᠢᠶᠠᠬᠤ ᠪᠡᠷ ᠲᠦᠯᠦᠪᠯᠡᠨ ᠠᠵᠢᠯᠯᠠᠵᠠᠭᠠᠵᠦ ᠪᠠᠢᠨ᠎ᠠ᠃


ᠡᠯᠪᠡᠭ ᠬᠤᠷᠢᠶᠠᠯᠳᠠ • ᠪᠤᠭᠤᠳᠠᠢ

 

ᠰᠠᠯᠬᠢᠨ ᠤ᠋ ᠠᠶ᠎ᠠ ᠪᠡᠷ ᠰᠢᠷᠭᠠᠯ ᠲᠠᠪᠠᠯᠭᠠᠨ ᠬᠠᠶᠠᠯᠠᠬᠤ ᠪᠤᠭᠤᠳᠠᠢ ᠶ᠋ᠢᠨ ᠲᠠᠷᠢᠶ᠎ᠠ ᠳᠤᠮᠳᠠ ᠬᠠᠳᠤᠵᠤ ᠬᠤᠷᠢᠶᠠᠬᠤ ᠮᠠᠰᠢᠨ ᠬᠦᠷᠴᠢᠬᠢᠨᠡᠨ ᠠᠵᠢᠯᠯᠠᠵᠤ ᠂ ᠰᠢᠨ᠎ᠠ ᠪᠤᠭᠤᠳᠠᠢ ᠶ᠋ᠢᠨ ᠠᠩᠬᠢᠯᠤᠮ᠎ᠠ ᠰᠠᠢᠬᠠᠨ ᠦᠨᠦᠷ ᠬᠠᠮᠠᠷ ᠰᠡᠩᠬᠢᠨᠡᠭᠦᠯᠦᠨ᠎ᠠ ᠃ ᠤᠢᠷ᠎ᠠ ᠳ᠋ᠤ ᠤᠯᠠᠭᠠᠨᠴᠠᠪ ᠬᠤᠳᠠ ᠶ᠋ᠢᠨ ᠴᠠᠬᠠᠷ ᠪᠠᠷᠠᠭᠤᠨ ᠭᠠᠷᠤᠨ ᠲᠤᠮᠳᠠᠳᠤ ᠬᠤᠰᠢᠭᠤᠨ ᠤ᠋ 17 ᠲᠦᠮᠡᠨ ᠮᠤ᠌ ᠶ᠋ᠢᠨ ᠪᠤᠭᠤᠳᠠᠢ ᠪᠤᠯᠪᠠᠰᠤᠷᠠᠵᠤ᠂ ᠭᠠᠵᠠᠷ ᠪᠤᠯᠭᠠᠨ ᠡᠴᠡ ᠡᠯᠪᠡᠭ ᠬᠤᠷᠢᠶᠠᠯᠳᠠ ᠶ᠋ᠢᠨ ᠡᠭᠡᠰᠢᠭ ᠴᠤᠤᠷᠢᠶᠠᠳᠤᠨ᠎ᠠ᠃

9 ᠰᠠᠷ᠎ᠠ ᠵᠢᠨ 8 ᠤ᠋ ᠡᠳᠤᠷ᠂ ᠰᠤᠷᠪᠤᠯᠵᠢᠯᠠᠭᠴᠢ ᠴᠠᠬᠠᠷ ᠪᠠᠷᠠᠭᠤᠨ ᠭᠠᠷᠤᠨ ᠲᠤᠮᠳᠠᠳᠤ ᠬᠤᠰᠢᠭᠤᠨ ᠤ᠋ ᠬᠤᠡᠭ ᠫᠠᠨ ᠰᠢᠶᠠᠡᠭ ᠳ᠋ᠤ ᠬᠦᠷᠬᠦ ᠳ᠋ᠤ᠂ ᠪᠤᠭᠤᠳᠠᠢ ᠪᠡᠨ ᠬᠠᠳᠤᠨ ᠶᠠᠭᠠᠷᠠᠵᠤ ᠪᠠᠢᠭᠰᠠᠨ ᠲᠠᠷᠢᠶᠠᠴᠢᠨ ᠡᠤ ᠬᠦᠸᠸ ᠯᠢᠶᠠᠡᠭ ᠄ ︽ᠡᠨᠡ ᠵᠢᠯ ᠮᠠᠨ ᠤ᠋ ᠬᠢ 130 ᠭᠠᠷᠤᠢ ᠮᠤ᠌ ᠪᠤᠭᠤᠳᠠᠢ ᠲᠠᠷᠢᠵᠤ᠂ ᠮᠤ᠌ ᠪᠦᠷᠢ ᠵᠢᠨ ᠤᠨᠠᠯᠲᠠ 800 ᠵᠢᠡᠭ ᠢ᠋ ᠲᠠᠪᠠᠯ᠎ᠠ᠃ ᠤᠳᠤ ᠴᠦᠮ ᠮᠠᠰᠢᠨ ᠬᠡᠷᠡᠭᠯᠡᠬᠦ ᠪᠤᠯᠤᠭᠰᠠᠨ ᠴᠢᠨᠢ ᠬᠦᠴᠦᠨ ᠳ᠋ᠤ ᠠᠷᠪᠢᠳᠠᠢ ᠪᠦᠭᠡᠳ ᠴᠠᠭ ᠲᠤ᠌ ᠴᠦ᠍ ᠠᠷᠪᠢᠳᠠᠢ ᠪᠤᠯᠤᠭᠰᠠᠨ ᠡ ︾ ᠭᠡᠵᠦ ᠪᠠᠶᠠᠷᠳᠠᠢᠬᠠᠨ ᠶᠠᠷᠢᠵᠤ ᠪᠠᠢᠯ᠎ᠠ᠃


QQ20250922-103152.png


《ᠤᠢᠷ᠎ᠠ ᠵᠢᠨ ᠵᠢᠯ ᠳ᠋ᠤ ᠮᠠᠨ ᠤ᠋ ᠰᠢᠶᠠᠡᠭ ᠦᠨᠳᠤᠷ ᠪᠦᠲᠦᠮᠵᠢᠲᠠᠢ ᠪᠡᠷ ᠤᠰᠤ ᠠᠷᠪᠢᠯᠠᠬᠤ ᠮᠡᠷᠭᠡᠵᠢᠯ ᠢ᠋ ᠲᠡᠯᠭᠡᠷᠡᠭᠦᠯᠬᠦ ᠶ᠋ᠢᠨ ᠬᠠᠮᠳᠤ ᠲᠠᠷᠢᠮᠠᠯ ᠤ᠋ᠨ ᠪᠦᠳᠦᠴᠠ ᠵᠢ ᠲᠤᠬᠢᠷᠠᠭᠤᠯᠵᠤ᠂ ᠰᠢᠯᠢᠳᠡᠭ ᠡᠭᠦᠯᠳᠡᠷ ᠤ᠋ᠨ ᠪᠤᠭᠤᠳᠠᠢ ᠵᠢ ᠤᠷᠤᠭᠤᠯᠵᠤ ᠲᠠᠷᠢᠭᠰᠠᠨ ᠵᠢᠡᠷ ᠪᠤᠭᠤᠳᠠᠢ ᠶ᠋ᠢᠨ ᠶᠠᠰᠤ ᠴᠢᠨᠠᠷ ᠪᠠ ᠤᠨᠠᠯᠳᠠ ᠴᠦᠮ ᠳᠡᠭᠡᠭᠰᠢᠯᠡᠵᠠᠢ》 ᠬᠡᠵᠤ ᠬᠤᠡᠭ ᠫᠠᠨ ᠰᠢᠶᠠᠡᠭ ᠤ᠋ᠨ ᠲᠡᠳ᠋ ᠲᠠᠷᠤᠭ᠎ᠠ ᠵᠤᠤ ᠬᠦᠸᠸ ᠳ᠋ᠦᠡᠭ ᠶᠠᠷᠢᠪᠠ᠃

ᠤᠢᠷ᠎ᠠ ᠵᠢᠨ ᠵᠢᠯ ᠳ᠋ᠤ ᠴᠠᠬᠠᠷ ᠪᠠᠷᠠᠭᠤᠨ ᠭᠠᠷᠤᠨ ᠲᠤᠮᠳᠠᠳᠤ ᠬᠤᠰᠢᠭᠤ ᠲᠠᠷᠢᠶᠠᠴᠢᠳ ᠲᠤ᠌ ᠠᠰᠢᠭ ᠬᠦᠷᠳᠡᠬᠡᠬᠦ ᠡᠯ᠎ᠠ ᠵᠤᠢᠯ ᠤ᠋ᠨ ᠲᠦᠷᠦ ᠵᠢᠨ ᠪᠤᠳᠤᠯᠭ᠎ᠠ ᠵᠢ ᠢᠳᠡᠪᠬᠢᠲᠠᠢ ᠨᠠᠢᠳᠠᠪᠤᠷᠢᠵᠢᠭᠤᠯᠤᠨ᠂ ᠰᠢᠯᠢᠳᠡᠭ ᠡᠭᠦᠯᠳᠡᠷ ᠢ᠋ ᠪᠤᠢᠵᠢᠭᠤᠯᠬᠤ᠂ ᠲᠠᠷᠢᠶᠠᠯᠠᠩ ᠤ᠋ᠨ ᠮᠡᠷᠭᠡᠵᠢᠯ ᠢ᠋ ᠲᠡᠯᠭᠡᠷᠡᠭᠦᠯᠬᠦ ᠂ ᠠᠵᠤ ᠤᠢᠯᠡᠰ ᠢ᠋ ᠠᠭᠤᠰᠤᠯᠴᠠᠭᠤᠯᠬᠤ ᠵᠡᠷᠭᠡ ᠲᠠᠯ᠎ᠠ ᠪᠡᠷ ᠲᠠᠰᠤᠷᠠᠯᠳᠠ ᠦᠭᠡᠢ ᠬᠦᠴᠦᠯᠡᠨ ᠴᠢᠷᠮᠠᠢᠵᠤ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠢ᠋ ᠪᠠᠳᠤᠯᠠᠬᠤ ᠵᠢᠴᠢ ᠬᠦᠳᠡᠭᠡ ᠲᠤᠰᠬᠤᠨ ᠢ᠋ ᠪᠦᠬᠦ ᠲᠠᠯ᠎ᠠ ᠪᠡᠷ ᠬᠦᠭᠵᠢᠭᠦᠯᠦᠨ ᠮᠠᠨᠳᠤᠭᠤᠯᠬᠤ ᠳ᠋ᠤ ᠦᠪᠡᠷ ᠤ᠋ᠨ ᠭᠡᠰᠡᠨ ᠬᠤᠪᠢ ᠨᠡᠮᠡᠷᠢ ᠪᠡᠨ ᠦᠵᠡᠭᠦᠯᠦᠭᠰᠡᠨ ᠪᠠᠢᠨ᠎ᠠ᠃


ᠡᠯᠪᠡᠭ ᠬᠤᠷᠢᠶᠠᠯᠳᠠ  • ᠵᠢᠮᠢᠰ


ᠤᠷᠳᠤᠰ ᠬᠤᠳᠠ ᠶ᠋ᠢᠨ ᠵᠡᠬᠦᠨᠭᠠᠷ ᠬᠤᠰᠢᠭᠤᠨ ᠤ᠋ ᠱᠠᠭᠳᠡᠷ ᠪᠠᠯᠭᠠᠰᠤ ᠶ᠋ᠢᠨ ᠹᠦ ᠯᠦ᠍ ᠲᠣᠰᠬᠣᠨ ᠤ᠋ 200 ᠮᠦ᠍ ᠶ᠋ᠢᠨ ᠵᠢᠮᠢᠰ ᠤ᠋ᠨ ᠤᠢ ᠤᠢᠷ᠎ᠠ ᠳ᠋ᠤ ᠡᠯᠪᠡᠭ ᠬᠤᠷᠢᠶᠠᠯᠲᠠ ᠪᠡᠨ ᠤᠭᠳᠤᠵᠤ ᠂ ᠳᠠᠷᠢᠶᠠᠴᠢᠳ ᠪᠤᠯᠪᠠᠰᠤᠷᠠᠭᠰᠠᠨ ᠵᠢᠮᠢᠰ ᠶ᠋ᠢᠡᠨ ᠳᠡᠬᠦᠵᠦ ᠶᠠᠭᠠᠷᠠᠯᠳᠤᠨ᠎ᠠ᠃

《ᠡᠨᠡ ᠬᠦ᠌ ᠵᠢᠮᠢᠰ ᠤ᠋ᠨ ᠤᠢ ᠶ᠋ᠢᠨ ᠬᠦᠷᠢᠶᠡᠯᠡᠩ ᠢ᠋ 2023 ᠣᠨ ᠤ᠋ ᠬᠠᠪᠤᠷ ᠡᠴᠡ ᠡᠬᠢᠯᠡᠨ ᠪᠠᠢᠭᠤᠯᠵᠤ᠂ ᠠᠯᠮᠤᠷᠠᠳ᠂ 123 ᠵᠢᠵᠢᠭ ᠠᠯᠮᠤᠷᠠᠳ᠂ ᠠᠯᠢᠮ᠎ᠠ ᠵᠡᠷᠭᠡ 20 ᠭᠠᠷᠤᠢ ᠵᠦᠢᠯ ᠤ᠋ᠨ ᠵᠢᠮᠢᠰ ᠤ᠋ᠨ ᠮᠤᠳᠤ ᠵᠢ ᠲᠠᠷᠢᠵᠤ ᠤᠷᠭᠤᠭᠤᠯᠤᠨ᠂ ᠬᠣᠶᠠᠷ ᠵᠢᠯ ᠨᠢᠮᠪᠠᠢ ᠠᠷᠠᠴᠢᠯᠠᠭᠰᠠᠨ ᠶ᠋ᠢᠡᠷ ᠡᠨᠡ ᠵᠢᠯ ᠵᠢᠮᠢᠰ ᠰᠠᠭᠤᠵᠤ ᠡᠬᠢᠯᠡᠪᠡ ᠃ ᠵᠢᠮᠢᠰ ᠶ᠋ᠢᠡᠨ ᠪᠦᠬᠦᠨ ᠢ᠋ ᠵᠢᠮᠢᠰ ᠤ᠋ᠨ ᠰᠢᠬᠦᠰᠤᠨ ᠤ᠋ ᠦᠢᠯᠡᠳᠪᠦᠷᠢ ᠳ᠋ᠤ ᠬᠦᠷᠭᠡᠨ᠎ᠠ》 ᠭᠡᠵᠦ ᠥᠪᠥᠷ ᠮᠣᠩᠭᠣᠯ ᠤ᠋ᠨ ᠭᠦᠸᠧ ᠵᠢᠢ ᠬᠤᠸᠠ ᠢᠳᠡᠭᠡᠨ ᠤ᠋ ᠵᠦᠢᠯ ᠤ᠋ᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠵᠢᠨ ᠶᠡᠷᠦᠩᠬᠡᠢ ᠳᠠᠭᠠᠭᠠᠮᠠᠯ ᠶᠦᠨ ᠲᠢᠶᠧ ᠵᠤ᠌ ᠳᠠᠨᠢᠯᠴᠠᠭᠤᠯᠪᠠ᠃


QQ20250922-103227.png


2023 ᠤᠨ ᠳ᠋ᠤ᠂ ᠳᠤᠰ ᠺᠤᠮᠫᠠᠨᠢ ᠹᠦ ᠯᠦ᠍ ᠲᠣᠰᠬᠣᠨ ᠯᠤᠭ᠎ᠠ ᠬᠠᠮᠲᠤᠷᠠᠨ ᠠᠵᠢᠯᠯᠠᠵᠤ᠂ ᠳᠤᠰᠬᠤᠨ ᠤ᠋ ᠭᠠᠵᠠᠷ ᠰᠢᠷᠤᠢ ᠵᠢᠨ ᠡᠵᠡᠩᠨᠡᠯᠳᠡ ᠶ᠋ᠢᠨ ᠡᠷᠭᠡ ᠵᠢ ᠰᠢᠯᠵᠢᠬᠦᠯᠬᠦ ᠪᠡᠷ ᠳᠠᠮᠵᠢᠨ 200 ᠮᠤ᠌ ᠶ᠋ᠢᠨ ᠵᠢᠮᠢᠰ ᠤ᠋ᠨ ᠤᠢ ᠶ᠋ᠢᠨ ᠬᠦᠷᠢᠶᠡᠯᠡᠩ ᠢ᠋ ᠪᠠᠢᠭᠤᠯᠵᠤ᠂ ᠠᠵᠤ ᠠᠬᠤᠢᠯᠠᠯ ᠪᠠ ᠳᠤᠰᠬᠤᠨ ᠤ᠋ ᠠᠰᠢᠭ ᠳᠤᠰᠠ ᠶ᠋ᠢᠨ ᠬᠤᠯᠪᠤᠭᠠᠳᠤ ᠳᠤᠭᠳᠠᠴᠠ ᠵᠢ ᠪᠠᠢᠭᠤᠯᠵᠠᠢ᠃ 2024 ᠤᠨ ᠳ᠋ᠤ ᠳᠤᠰ ᠺᠤᠮᠫᠠᠨᠢ ᠪᠠᠰᠠ 2.3 ᠳ᠋ᠦᠩᠰᠢᠭᠤᠷ ᠲᠥᠭᠥᠷᠢᠭ ᠤ᠋ᠨ ᠪᠡᠯᠡ ᠣᠷᠣᠭᠤᠯᠤᠨ ᠵᠡᠭᠦᠨᠭᠠᠷ ᠤ᠋ᠨ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ᠋ ᠲᠤ᠌ ᠵᠢᠮᠢᠰ ᠤ᠋ᠨ ᠰᠢᠬᠦᠰᠦᠨ ᠤ᠋ ᠦᠢᠯᠡᠳᠪᠦᠷᠢ ᠪᠠᠢᠭᠤᠯᠵᠤ᠂ ᠴᠢᠴᠠᠷᠭᠠᠨ᠎ᠠ ᠵᠢᠨ ᠰᠢᠭᠦᠰᠦ᠂ ᠠᠯᠮᠤᠷᠠᠳ ᠤ᠋ᠨ ᠰᠢᠭᠦᠰᠦ ᠵᠡᠷᠭᠡ ᠤᠮᠳᠠᠭᠠᠨ ᠢ᠋ ᠪᠤᠯᠪᠠᠰᠤᠷᠠᠭᠤᠯᠵᠤ᠂ ᠤᠯᠤᠰ ᠤ᠋ᠨ ᠳᠣᠲᠣᠭᠠᠳᠤ ᠭᠠᠳᠠᠭᠠᠳᠤ ᠳ᠋ᠤ ᠪᠣᠷᠣᠯᠠᠭᠤᠯᠵᠤ ᠡᠬᠢᠯᠡᠪᠡ᠃


QQ20250922-103247.png


ᠵᠡᠭᠦᠨᠭᠠᠷ ᠬᠤᠰᠢᠭᠤ ᠵᠢᠮᠢᠰ ᠤ᠋ᠨ ᠠᠵᠤ ᠦᠢᠯᠡᠰ ᠤ᠋ᠨ ᠬᠦᠷᠢᠶᠡᠨ ᠳ᠋ᠤ ᠨᠢᠭᠡᠨᠲᠡ《ᠳᠠᠷᠢᠵᠤ ᠤᠷᠭᠤᠭᠤᠯᠬᠤ ︱ ᠡᠳ᠋ᠰᠢᠭᠦᠯᠤᠨ ᠪᠤᠯᠪᠠᠰᠤᠷᠠᠭᠤᠯᠬᠤ ︱ ᠪᠣᠷᠣᠯᠠᠭᠤᠯᠬᠤ 》 ᠪᠦᠷᠢᠨ ᠪᠦᠲᠦᠨ ᠠᠵᠤ ᠦᠢᠯᠡᠰ ᠤ᠋ᠨ ᠬᠡᠯᠬᠢᠶ᠎ᠡ ᠵᠢ ᠪᠦᠷᠢᠯᠳᠦᠭᠦᠯᠵᠦ ᠂ 93 ᠲᠦᠮᠡᠨ ᠮᠦ᠍ ᠶ᠋ᠢᠨ ᠴᠢᠴᠠᠷᠭᠠᠨ᠎ᠠ ᠶ᠋ᠢᠨ ᠤᠢ᠂ 90 ᠲᠦᠮᠡᠨ ᠮᠦ᠍ ᠶ᠋ᠢᠨ ᠬᠦᠢᠯᠡᠰᠦᠨ ᠤᠢ ᠂ 6 ᠲᠦᠮᠡᠨ ᠮᠦ᠍ ᠶ᠋ᠢᠨ ᠣᠨᠴᠠᠯᠢᠭ᠍ᠲᠤ ᠵᠢᠮᠢᠰ ᠤ᠋ᠨ ᠣᠢ ᠵᠡᠷᠭᠡ ᠵᠢᠮᠢᠰ ᠤ᠋ᠨ ᠲᠠᠷᠢᠮᠠᠯ ᠤ᠋ᠨ ᠰᠠᠭᠤᠷᠢᠨ ᠢ᠋ ᠪᠠᠢᠭᠤᠯᠤᠨ᠂ 10 ᠭᠠᠷᠤᠢ ᠲᠥᠷᠥᠯ ᠤ᠋ᠨ ᠥᠨᠳᠥᠷ ᠨᠡᠮᠡᠯᠲᠡ ᠥᠷᠲᠡᠭ ᠪᠦᠬᠦᠢ ᠦᠢᠯᠡᠳᠬᠦᠨ ᠪᠤᠯᠪᠠᠰᠤᠷᠠᠭᠤᠯᠵᠤ᠂ ᠠᠮᠢ ᠠᠬᠤᠢ ᠪᠡᠨ ᠰᠠᠢᠵᠢᠷᠠᠭᠤᠯᠬᠤ ᠶ᠋ᠢᠨ ᠬᠠᠮᠳᠤ ᠲᠠᠷᠢᠶᠠᠴᠢᠳ ᠤ᠋ᠨ ᠣᠷᠣᠯᠭ᠎ᠠ ᠵᠢ ᠨᠡᠮᠡᠭᠳᠡᠬᠦᠯᠵᠤ ᠪᠠᠢᠨ᠎ᠠ᠃


ᠡᠯᠪᠡᠭ ᠬᠤᠷᠢᠶᠠᠯᠳᠠ • ᠠᠮᠲᠠᠲᠤ ᠲᠥᠮᠥᠰᠥ


ᠠᠯᠳᠠᠨ ᠨᠠᠮᠤᠷ ᠤ᠋ᠨ ᠶᠢᠰᠥᠨ ᠰᠠᠷ᠎ᠠ ᠳ᠋ᠤ᠂ ᠵᠠᠷᠤᠳ ᠬᠣᠰᠢᠭᠤᠨ ᠤ᠋ ᠱᠠᠩᠰᠢᠨ ᠮᠤᠳᠤ ᠪᠠᠯᠭᠠᠰᠤ ᠶ᠋ᠢᠨ ᠶᠦᠩ ᠯᠸ ᠲᠣᠰᠬᠣᠨ ᠤ᠋ ᠠᠮᠲᠠᠲᠤ ᠲᠥᠮᠥᠰᠥ ᠲᠠᠷᠢᠬᠤ ᠰᠠᠭᠤᠷᠢᠨ ᠳ᠋ᠤ ᠲᠣᠰᠬᠣᠨ ᠤ᠋ ᠠᠷᠠᠳ ᠰᠢᠨᠡᠭᠡᠨ ᠮᠠᠯᠲᠠᠵᠤ ᠭᠠᠷᠭᠠᠭᠰᠠᠨ ᠠᠮᠲᠠᠲᠤ ᠲᠥᠮᠥᠰᠥ ᠪᠡᠨ ᠢᠯᠭᠠᠨ ᠰᠠᠯᠭᠠᠬᠤ᠂ ᠬᠠᠢᠷᠴᠠᠬᠯᠠᠬᠤ᠂ ᠳᠡᠭᠡᠭᠡᠪᠥᠷᠢᠯᠡᠬᠥ ᠵᠡᠷᠭᠡ ᠠᠵᠢᠯ ᠳ᠋ᠤ ᠶᠠᠭᠠᠷᠠᠯᠳᠤᠨ᠂ ᠲᠠᠷᠢᠶᠠᠨ ᠭᠠᠵᠠᠷ ᠲᠤ᠌ ᠬᠦᠷ ᠬᠥᠭᠵᠢᠶᠡᠨ ᠵᠢᠨᠷ ᠪᠢᠯᠬᠠᠵᠤ ᠪᠠᠢᠯ᠎ᠠ᠃

ᠡᠨᠡ ᠵᠢᠯ ᠲᠣᠰᠬᠣᠨ ᠤ᠋ ᠨᠠᠮ ᠤ᠋ᠨ ᠡᠭᠦᠷ ᠦ᠋ᠨ ᠱᠦᠵᠢ ᠶ᠋ᠢᠨ ᠳᠠᠭᠠᠭᠤᠯᠭ᠎ᠠ ᠪᠠᠷ ᠶᠦᠩ ᠯᠸ ᠲᠤᠰᠬᠤᠨ ᠤ᠋ ᠨᠢᠭᠡ ᠪᠦᠯᠦᠭ ᠲᠠᠷᠢᠶᠠᠴᠢᠳ ᠬᠠᠮᠳᠤᠷᠠᠨ 400 ᠮᠦ᠍ ᠶ᠋ᠢᠨ ᠠᠮᠲᠠᠲᠤ ᠲᠥᠮᠥᠰᠥ ᠲᠠᠷᠢᠵᠦ᠂ ᠵᠢᠱ᠌ᠢᠯᠳᠡ ᠪᠡᠷ ᠮᠦ᠍ ᠨᠢᠭᠡᠴᠢ ᠶ᠋ᠢᠨ ᠤᠨᠠᠯᠲᠠ ᠨᠢ 5000 ᠵᠢᠩ᠎ᠳᠦ ᠬᠦᠷᠬᠦ ᠪᠤᠯᠤᠨ᠎ᠠ᠃ ᠬᠠᠪᠤᠷ ᠤ᠋ᠨ ᠲᠠᠷᠢᠶᠠᠯᠠᠭ᠎ᠠ ᠡᠴᠡ ᠨᠠᠮᠤᠷ ᠤ᠋ᠨ ᠬᠤᠷᠢᠶᠠᠯᠲᠠ ᠪᠣᠯᠲᠠᠯ᠎ᠠ᠂ ᠲᠣᠰ ᠰᠠᠭᠤᠷᠢᠨ ᠨᠢ ᠨᠤᠳᠤᠭ ᠤ᠋ᠨ ᠤᠯᠠᠨ ᠲᠦᠮᠡᠨ ᠳ᠋ᠡᠭᠡᠨ 1000 ᠭᠠᠷᠤᠢ ᠬᠥᠮᠥᠨ ᠤᠳᠠᠭ᠎ᠠ᠎ᠶᠢᠨ ᠠᠵᠢᠯ ᠤ᠋ᠨ ᠪᠠᠢᠷᠢ ᠬᠠᠩᠭᠠᠵᠤ᠂ ᠥᠢᠷ᠎ᠠ ᠬᠠᠪᠢ ᠵᠢᠨ ᠲᠠᠷᠢᠶᠠᠯᠠᠬᠤ ᠡᠷᠦᠬᠡ ᠶ᠋ᠢᠨ ᠵᠢᠯ ᠤ᠋ᠨ ᠳᠤᠮᠳᠠᠴᠢ ᠣᠷᠣᠯᠭ᠎ᠠ ᠵᠢ 1500 ᠭᠠᠷᠤᠢ ᠲᠥᠭᠥᠷᠢᠭ᠎ᠨᠡᠮᠡᠭᠳᠡᠬᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号