ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠭᠡᠷ 19 ᠤ᠋ ᠡᠳᠦᠷ《ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠮᠡᠭ᠌ᠲᠡᠢᠴᠦᠳ᠎ᠦᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠤᠭᠰᠠᠨ ᠦᠢᠯᠡᠳᠦᠯᠭᠡ ᠪᠠ ᠠᠮᠵᠢᠯᠲᠠ ᠪᠦᠲᠦᠮᠵᠢ》 ᠭᠡᠬᠦ᠌ ᠴᠠᠭᠠᠨ ᠭᠠᠳᠠᠷᠳᠤ ᠪᠢᠴᠢᠭ ᠨᠡᠢᠲᠡᠯᠡᠪᠡ᠃
ᠴᠠᠭᠠᠨ ᠭᠠᠳᠠᠷᠲᠤ ᠪᠢᠴᠢᠭ ᠨᠢ ᠡᠮᠦᠨᠡᠬᠢ ᠦᠭᠡ᠂ ᠲᠡᠭᠦᠰᠭᠡᠯ᠎ᠦᠨ ᠦᠭᠡ᠎ᠡᠴᠡ ᠭᠠᠳᠠᠨ᠎ᠠ ᠲᠠᠪᠤᠨ ᠬᠡᠰᠡᠭ ᠬᠤᠪᠢᠶᠠᠪᠠ᠃ ᠲᠣᠰ ᠲᠣᠰ ᠳᠤᠮᠳᠠᠳᠤ ᠤᠯᠤᠰ᠎ᠤᠨ ᠡᠮᠡᠭ᠌ᠲᠡᠢᠴᠦᠳ᠎ᠦᠨ ᠦᠶ᠋ᠯᠡᠰ᠎ᠦᠨ ᠬᠥᠭ᠌ᠵᠢᠯᠲᠡ᠎ᠶ᠋ᠢᠨ ᠵᠠᠮ᠎ᠢ ᠪᠥᠬᠥ᠌ ᠲᠠᠯ᠎ᠠ᠎ᠪᠠᠷ ᠨᠡᠭᠡᠭᠡᠭᠰᠡᠨ᠂ ᠡᠮᠡᠭ᠌ᠲᠡᠢᠴᠦᠳ᠎ᠦᠨ ᠪᠥᠬᠥ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠶᠠᠪᠤᠳᠠᠯ᠎ᠢ ᠤᠯᠤᠰ᠎ᠤᠨ ᠠᠵᠢᠯᠯᠠᠭ᠎ᠠ ᠪᠣᠯᠭᠠᠭᠰᠠᠨ᠂ ᠡᠮᠡᠭ᠌ᠲᠡᠢᠴᠦᠳ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠰᠡᠨ᠂ ᠡᠮᠡᠭ᠌ᠲᠡᠢᠴᠦᠳ᠎ᠦᠨ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠦ ᠶᠠᠪᠤᠬᠤ᠎ᠶ᠋ᠢ ᠠᠬᠢᠭᠤᠯᠤᠭᠰᠠᠨ᠂ ᠪᠥᠬᠥ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠦᠶ᠋ᠯᠡᠰ᠎ᠦᠨ ᠬᠥᠭ᠌ᠵᠢᠯᠲᠡ᠎ᠳᠦ ᠳᠤᠮᠳᠠᠳᠤ ᠤᠯᠤᠰ᠎ᠤᠨ ᠬᠦᠴᠦᠨ ᠴᠢᠳᠠᠯ᠎ᠢᠶᠠᠨ ᠡᠷᠭᠦᠭᠰᠡᠨ ᠵᠡᠷᠭᠡ ᠪᠣᠯᠤᠨ᠎ᠠ᠃
ᠴᠠᠭᠠᠨ ᠭᠠᠳᠠᠷᠳᠤ ᠪᠢᠴᠢᠭ᠎ᠲᠦ᠂ ᠡᠮᠡᠭ᠌ᠲᠡᠢᠴᠦᠳ ᠪᠣᠯ ᠬᠥᠮᠦᠨ ᠲᠥᠷᠥᠯᠬᠢᠲᠡᠨ᠎ᠦ ᠪᠣᠯᠪᠠᠰᠤᠨ᠎ᠤ ᠡᠭᠦᠳᠦᠭ᠌ᠴᠢ᠂ ᠨᠡᠢᠭᠡᠮ᠎ᠦᠨ ᠲᠠᠪᠱᠢᠯᠳᠠ᠎ᠶ᠋ᠢᠨ ᠠᠬᠢᠭᠤᠯᠤᠬ᠍ᠴᠢ ᠮᠥᠨ᠃ ᠡᠷᠡᠭ᠌ᠲᠡᠢ ᠡᠮᠡᠭ᠌ᠲᠡᠢ ᠡᠷᠬᠡ ᠲᠡᠭ᠌ᠰᠢ ᠪᠠ ᠡᠮᠡᠭ᠌ᠲᠡᠢᠴᠦᠳ᠎ᠦᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠬᠥᠮᠦᠨ ᠲᠥᠷᠥᠯᠬᠢᠲᠡᠨ ᠶᠡᠷᠦ᠍ ᠪᠤᠰᠤ᠎ᠶ᠋ᠢᠨ ᠲᠡᠦᠬᠡᠨ ᠶᠠᠪᠤᠴᠠ᠎ᠶ᠋ᠢ ᠥᠩᠭᠡᠷᠡᠭᠡᠵᠡᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ ᠱᠢᠨ᠎ᠡ ᠴᠠᠭ ᠦᠶ᠎ᠡ᠎ᠳᠦ ᠣᠷᠣᠪᠠ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠡᠮᠡᠭ᠌ᠲᠡᠢᠴᠦᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠬᠤ᠂ ᠡᠷᠡᠭ᠌ᠲᠡᠢ ᠡᠮᠡᠭ᠌ᠲᠡᠢ ᠡᠷᠬᠡ ᠲᠡᠭ᠌ᠰᠢ ᠪᠠᠢᠬᠤ ᠪᠠ ᠡᠮᠡᠭ᠌ᠲᠡᠢᠴᠦᠳ᠎ᠦᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠶ᠋ᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠴᠢᠬᠤᠯᠠ ᠠᠭᠤᠯᠭ᠎ᠠ ᠪᠣᠯᠭᠠᠵᠤ᠂ ᠡᠮᠡᠭ᠌ᠲᠡᠢᠴᠦᠳ᠎ᠦᠨ ᠦᠢᠯᠡᠰ᠎ᠦᠨ ᠬᠥᠭ᠌ᠵᠢᠯᠲᠡ᠎ᠳᠦ ᠠᠯᠢ ᠤᠯᠠᠨ ᠡᠭᠦᠳᠦᠯᠲᠡ᠎ᠶ᠋ᠢᠨ ᠴᠢᠨᠠᠷᠲᠠᠢ᠂ ᠪᠦᠬᠦ᠌ ᠲᠠᠯ᠎ᠠ᠎ᠶ᠋ᠢᠨ ᠴᠢᠨᠠᠷᠲᠠᠢ᠂ ᠠᠯᠤᠰ ᠬᠡᠳᠦ᠍᠎ᠶ᠋ᠢᠨ ᠴᠢᠨᠠᠷᠲᠠᠢ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠬᠢᠪᠡ ᠭᠡᠵᠦ ᠴᠢᠬᠤᠯᠠᠴᠢᠯᠠᠵᠡᠢ᠃
ᠴᠠᠭᠠᠨ ᠭᠠᠳᠠᠷᠳᠤ ᠪᠢᠴᠢᠭ᠎ᠲᠦ᠂ ᠳᠤᠮᠳᠠᠳᠤ ᠤᠯᠤᠰ ᠡᠮᠡᠭ᠌ᠲᠡᠢᠴᠦᠳ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠤᠯᠤᠰ ᠠᠷᠠᠳ᠎ᠤᠨ ᠠᠵᠤ ᠠᠬᠤᠢ ᠪᠣᠯᠤᠨ ᠨᠡᠢᠭᠡᠮ᠎ᠦᠨ ᠬᠥᠭ᠌ᠵᠢᠯᠲᠡ᠎ᠶ᠋ᠢᠨ ᠲᠠᠪᠤᠨ ᠵᠢᠯ᠎ᠦᠨ ᠲᠥᠯᠥᠪᠵᠢᠭᠦᠯᠭᠡ᠎ᠳᠦ ᠣᠷᠣᠭᠤᠯᠵᠤ᠂ ᠡᠮᠡᠭ᠌ᠲᠡᠢᠴᠦᠳ᠎ᠦᠨ ᠬᠥᠭ᠌ᠵᠢᠯᠲᠡ᠎ᠶ᠋ᠢᠨ ᠲᠦᠪᠱᠢᠨ᠎ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠲᠦᠪᠱᠢᠨ᠎ᠢ ᠬᠡᠮᠵᠢᠬᠦ᠌ ᠴᠢᠬᠤᠯᠠ ᠪᠠᠷᠢᠮᠵᠢᠶ᠎ᠠ ᠪᠣᠯᠭᠠᠵᠤ᠂ ᠡᠮᠡᠭ᠌ᠲᠡᠢᠴᠦᠳ᠎ᠦᠨ ᠦᠢᠯᠡᠰ᠎ᠦᠨ ᠬᠥᠭ᠌ᠵᠢᠯᠲᠡ᠎ᠶ᠋ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠲᠡᠶ ᠢᠵᠢᠯ ᠠᠯᠬᠤᠮ᠎ᠢᠶᠠᠷ ᠲᠥᠯᠥᠪᠵᠢᠭᠦᠯᠬᠦ᠌᠂ ᠢᠵᠢᠯ ᠠᠯᠬᠤᠮ᠎ᠢᠶᠠᠷ ᠪᠠᠢᠷᠢᠯᠠᠭᠤᠯᠬᠤ᠂ ᠢᠵᠢᠯ ᠠᠯᠬᠤᠮ᠎ᠢᠶᠠᠷ ᠠᠬᠢᠭᠤᠯᠬᠤ᠂ ᠢᠵᠢᠯ ᠠᠯᠬᠤᠮ᠎ᠢᠶᠠᠷ ᠨᠠᠢᠳᠠᠪᠤᠷᠢᠵᠢᠭᠤᠯᠬᠤ᠎ᠶ᠋ᠢ ᠪᠡᠶᠡᠯᠡᠭᠦᠯᠵᠦ᠍᠂ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠨᠡᠩ ᠤᠯᠠᠨ ᠨᠡᠩ ᠡᠷᠬᠡ ᠲᠡᠭ᠌ᠰᠢ᠎ᠪᠡᠷ ᠥᠷᠭᠡᠨ ᠤᠯᠠᠨ ᠡᠮᠡᠭ᠌ᠲᠡᠢᠴᠦᠳ᠎ᠲᠦ ᠬᠦᠷᠲᠡᠭᠡᠵᠦ᠍᠂ ᠡᠮᠡᠭ᠌ᠲᠡᠢᠴᠦᠳ᠎ᠦᠨ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠨᠡᠩ ᠲᠡᠭᠦᠯᠳᠡᠷ᠂ ᠨᠡᠩ ᠪᠠᠲᠤᠯᠠᠭ᠎ᠠ᠎ᠲᠠᠶ᠂ ᠨᠡᠩ ᠦᠷᠭᠦᠯᠵᠢᠯᠡᠬᠦ᠌ ᠴᠢᠨᠠᠷᠲᠠᠢ ᠪᠣᠯᠭᠠᠵᠠᠢ ᠭᠡᠵᠦ᠍ ᠲᠠᠨᠢᠯᠴᠠᠭᠤᠯᠪᠠ᠃
ᠴᠠᠭᠠᠨ ᠭᠠᠳᠠᠷᠳᠤ ᠪᠢᠴᠢᠭ᠎ᠲᠦ᠂ ᠳᠤᠮᠳᠠᠳᠤ ᠤᠯᠤᠰ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠤᠮᠳᠠ ᠡᠮᠡᠭ᠌ᠲᠡᠢᠴᠦᠳ᠎ᠦᠨ ᠣᠷᠣᠯᠴᠠᠬᠤ ᠠᠷᠭ᠎ᠠ ᠵᠠᠮ᠎ᠢ ᠥᠷᠭᠡᠳᠭᠡᠵᠦ᠍᠂ ᠣᠷᠣᠯᠴᠠᠬᠤ ᠴᠢᠳᠠᠪᠤᠷᠢ᠎ᠶᠢ ᠳᠡᠭᠡᠭ᠌ᠰᠢᠯᠡᠭᠦᠯᠵᠦ᠍᠂ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠥᠷᠭᠡᠨ ᠤᠯᠠᠨ ᠡᠮᠡᠭ᠌ᠲᠡᠢᠴᠦᠳ᠎ᠦᠨ 《ᠲᠦᠷᠦ᠍᠎ᠶ᠋ᠢᠨ ᠬᠠᠭᠠᠰ ᠲᠤᠯᠭᠠᠭᠤᠷᠢ》 ᠵᠢᠨ ᠦᠢᠯᠡᠳᠦᠯ᠎ᠢ ᠭᠦᠢᠴᠡᠳ ᠢᠯᠡᠷᠡᠭᠦᠯᠪᠡ᠃ ᠳᠤᠮᠳᠠᠳᠤ ᠤᠯᠤᠰ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ ᠳᠤᠮᠳᠠ ᠡᠮᠡᠭ᠌ᠲᠡᠢᠴᠦᠳ᠎ᠦᠨ ᠭᠠᠪᠢᠶ᠎ᠠ ᠵᠢᠳᠬᠦᠯ ᠪᠠᠢᠭᠤᠯᠬᠤ᠎ᠶ᠋ᠢ ᠠᠬᠢᠭᠤᠯᠵᠤ᠂ ᠪᠦᠬᠦ᠌ ᠶᠠᠪᠤᠴᠠ ᠵᠢᠨ ᠠᠷᠠᠳ᠎ᠤᠨ ᠠᠷᠠᠳᠴᠢᠯᠠᠯ ᠳᠤᠮᠳᠠ ᠡᠷᠬᠡ ᠲᠡᠭ᠌ᠰᠢ᠎ᠪᠡᠷ ᠣᠷᠣᠯᠴᠠᠵᠤ᠂ ᠰᠣᠶᠣᠯ᠎ᠤᠨ ᠬᠥᠭ᠌ᠵᠢᠯ ᠴᠡᠴᠡᠭ᠌ᠯᠡᠯ ᠳᠤᠮᠳᠠ ᠴᠤᠭ ᠵᠢᠪᠬᠤᠭ᠎ᠠ᠎ᠪᠠᠨ ᠢᠯᠡᠷᠡᠭᠦᠯᠵᠦ᠍᠂ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠪᠣᠳᠠᠲᠠᠢ ᠠᠵᠢᠯᠯᠠᠵᠤ ᠬᠤᠪᠢ ᠨᠡᠮᠡᠷᠢ ᠦᠵᠡᠭᠦᠯᠪᠡ ᠭᠡᠵᠦ ᠬᠡᠯᠡᠪᠡ᠃
ᠴᠠᠭᠠᠨ ᠭᠠᠳᠠᠷᠳᠤ ᠪᠢᠴᠢᠭ᠎ᠲᠦ᠂ ᠣᠳᠣᠬᠠᠨ᠎ᠤ ᠳᠡᠯᠡᠬᠡᠢ ᠶᠢᠷᠲᠢᠨᠴᠦ᠍ ᠡᠷᠡᠭ᠌ᠲᠡᠢ ᠡᠮᠡᠭ᠌ᠲᠡᠢ ᠡᠷᠬᠡ ᠲᠡᠭ᠌ᠰᠢ ᠪᠠᠢᠬᠤ ᠪᠠ ᠡᠮᠡᠭ᠌ᠲᠡᠢᠴᠦᠳ᠎ᠦᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠳᠤ ᠠᠵᠠ ᠲᠣᠬᠢᠶᠠᠯ ᠲᠤᠯᠭᠠᠷᠠᠵᠤ ᠪᠠᠢᠬᠤ ᠪᠥᠭᠡᠳ ᠡᠭᠦᠷᠭᠡ ᠬᠦᠨᠳᠦ ᠵᠠᠮ ᠬᠤᠯᠠ ᠪᠠᠢᠨ᠎ᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ᠎ᠶ᠋ᠢᠨ ᠡᠯ᠎ᠡ ᠤᠯᠤᠰ᠎ᠲᠠᠶ ᠬᠠᠮᠲᠤ᠎ᠪᠠᠷ ᠭᠠᠷ ᠬᠣᠯᠪᠣᠯᠴᠠᠨ ᠬᠠᠮᠲᠤ᠎ᠪᠠᠷ ᠤᠷᠤᠭ᠍ᠰᠢᠯᠠᠵᠤ᠂ ᠲᠦᠷᠭᠡᠨ ᠬᠥᠳᠡᠯᠦᠯᠴᠡᠵᠦ᠍᠂ ᠡᠮᠡᠭ᠌ᠲᠡᠢᠴᠦᠳ᠎ᠦᠨ ᠬᠥᠭ᠌ᠵᠢᠯᠲᠡ᠎ᠶ᠋ᠢᠨ ᠰᠠᠢ᠌ᠨ ᠰᠠᠢᠬᠠᠨ ᠢᠷᠡᠭᠡᠳᠦᠢ᠎ᠶ᠋ᠢ ᠬᠠᠮᠲᠤ᠎ᠪᠠᠷ ᠴᠣᠭ᠍ᠴᠠᠯᠠᠵᠤ᠂ ᠪᠦᠬᠦ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠨ᠎ᠡ ᠭᠡᠵᠦ ᠵᠢᠭᠠᠵᠤ ᠭᠠᠷᠭᠠᠪᠠ!
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 9 ᠰᠠᠷ᠎ᠠ᠎ᠶ᠋ᠢᠨ 19 ᠤ᠋ ᠴᠠᠬᠢᠯᠭᠠᠨ ᠮᠡᠳᠡᠭᠡ)