9 ᠰᠠᠷ᠎ᠠ᠎ᠶ᠋ᠢᠨ 7 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ 《ᠵᠢᠷᠭᠤᠭᠠᠨ ᠵᠢᠵᠢᠭ ᠪᠥᠮᠪᠥᠭᠡ》 ᠶ᠋ᠢᠨ ᠬᠣᠲᠠ᠎ᠶ᠋ᠢᠨ ᠬᠣᠯᠪᠣᠭᠠᠲᠤ ᠤᠷᠤᠯᠳᠤᠭᠠᠨ᠎ᠤ ᠲᠡᠪᠡᠭ᠎ᠦᠨ ᠲᠥᠷᠥᠯ ᠵᠦᠶ᠋ᠯ᠎ᠦᠨ ᠬᠢᠩᠭᠠᠨ ᠠᠢᠮᠠᠭ᠎ᠤᠨ ᠬᠤᠪᠢᠶᠠᠷᠢ ᠥᠷᠲᠡᠭᠡᠨ᠎ᠤ ᠤᠷᠤᠯᠳᠤᠭᠠᠨ ᠬᠢᠩᠭᠠᠨ ᠠᠢᠮᠠᠭ᠎ᠤᠨ ᠪᠡᠶ᠎ᠡ᠎ᠶ᠋ᠢᠨ ᠲᠠᠮᠢᠷ᠎ᠤᠨ ᠣᠷᠳᠣᠨ᠎ᠳᠤ ᠥᠨᠳᠥᠷᠯᠡᠪᠡ᠃ ᠲᠣᠰ ᠤᠳᠠᠭᠠᠨ᠎ᠤ ᠤᠷᠤᠯᠳᠤᠭᠠᠨ᠎ᠢ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠡᠪᠯᠡᠯ᠎ᠡᠴᠡ ᠭᠤᠤᠯᠯᠠᠨ ᠡᠷᠭᠢᠯᠡᠵᠦ᠍᠂ ᠬᠢᠩᠭᠠᠨ ᠠᠢᠮᠠᠭ᠎ᠤᠨ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠬᠢᠩᠭᠠᠨ ᠠᠢᠮᠠᠭ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠨᠡᠢᠭᠡᠮᠯᠢᠭ᠂ ᠥᠪᠥᠷ ᠮᠣᠩᠭᠣᠯ᠎ᠤᠨ ᠲᠡᠪᠡᠭ᠎ᠦᠨ ᠨᠡᠢᠭᠡᠮᠯᠢᠭ᠎ᠡᠴᠡ ᠬᠠᠮᠲᠤ ᠪᠠᠷ ᠳᠠᠭᠠᠭᠠᠨ ᠡᠷᠭᠢᠯᠡᠵᠦ᠍᠂ 100 ᠭᠠᠷᠤᠢ ᠲᠡᠪᠡᠭ᠎ᠦᠨ ᠬᠥᠳᠡᠯᠭᠡᠭᠡᠨ᠎ᠦ ᠪᠠᠬᠠᠲᠠᠳ ᠤᠷᠤᠯᠴᠠᠪᠠ᠃
ᠲᠤᠰ ᠤᠷᠤᠯᠳᠤᠭᠠᠨ ᠨᠢ ᠬᠢᠩᠭᠠᠨ ᠠᠢᠮᠠᠭ᠎ᠤᠨ ᠲᠣᠰ ᠭᠠᠵᠠᠷ ᠣᠷᠣᠨ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠲᠡᠪᠡᠭ᠎ᠤᠨ ᠪᠠᠬᠠᠲᠠᠳ᠎ᠤᠨ ᠦᠪᠡᠳᠡᠭ᠌ᠰᠢ ᠴᠤᠭ᠍ᠯᠠᠭᠠᠨ ᠪᠣᠯᠤᠭ᠍ᠰᠠᠨ᠎ᠤ ᠬᠤᠪᠢ᠎ᠳᠤ᠂ ᠤᠷᠤᠯᠳᠤᠭᠠᠨ᠎ᠳᠤ ᠭᠢᠷᠢᠨ ᠮᠤᠵᠢ᠎ᠶ᠋ᠢᠨ ᠵᠧᠨ ᠯᠠᠶ ᠱᠢᠶᠠᠨ᠂ ᠪᠠᠶ ᠴᠧᠩ ᠬᠣᠲᠠ᠎ᠶ᠋ᠢᠨ 10 ᠭᠠᠷᠤᠶ ᠲᠡᠪᠡᠭ᠎ᠤᠨ ᠪᠠᠬᠠᠲᠠᠳ ᠬᠦᠷᠦᠯᠴᠡᠨ ᠢᠷᠡᠵᠦ ᠤᠷ᠎ᠠ ᠮᠡᠷᠭᠡᠵᠢᠯ᠎ᠢᠶᠡᠨ ᠰᠣᠯᠢᠯᠴᠠᠵᠤ᠂ ᠬᠤᠪᠢᠶᠠᠷᠢ ᠥᠷᠲᠡᠭᠡᠨ᠎ᠦ ᠤᠷᠤᠯᠳᠤᠭᠠᠨ ᠨᠢ ᠣᠷᠣᠨ ᠪᠦᠰᠡ ᠠᠯᠤᠰᠯᠠᠭ᠍ᠰᠠᠨ ᠪᠡᠶ᠎ᠡ᠎ᠶ᠋ᠢᠨ ᠲᠠᠮᠢᠷ᠎ᠤᠨ ᠰᠣᠶᠣᠯ᠎ᠤᠨ ᠰᠣᠯᠢᠯᠴᠠᠭᠠᠨ᠎ᠤ ᠬᠣᠯᠪᠣᠭᠠᠰᠤ ᠪᠣᠯᠵᠦ᠂ ᠲᠡᠪᠡᠭ᠎ᠦᠨ ᠬᠥᠳᠡᠯᠭᠡᠭᠡᠨ᠎ᠦ ᠨᠥᠯᠥᠭᠡᠯᠡᠬᠦ᠌ ᠬᠦᠴᠦᠨ ᠪᠠ ᠬᠠᠮᠤᠷᠬᠤ ᠬᠡᠪᠴᠢᠶ᠎ᠡ᠎ᠶ᠋ᠢ ᠤᠯᠠᠮ ᠨᠢᠭᠡ ᠠᠯᠬᠤᠮ ᠥᠷᠭᠡᠳᠭᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠵᠢᠷᠭᠤᠭᠠᠨ ᠵᠢᠵᠢᠭ ᠪᠥᠮᠪᠥᠭᠡ》 ᠶ᠋ᠢᠨ ᠬᠣᠲᠠ᠎ᠶ᠋ᠢᠨ ᠬᠣᠯᠪᠣᠭᠠᠲᠤ ᠤᠷᠤᠯᠳᠤᠭᠠᠨ ᠪᠣᠯ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠭᠤᠤᠯᠳᠠᠯᠭ᠎ᠠ᠎ᠲᠠᠶ ᠶᠠᠪᠤᠭᠳᠠᠭᠤᠯᠵᠦ ᠪᠦᠬᠦᠢ ᠪᠡᠶ᠎ᠡ᠎ᠶ᠋ᠢᠨ ᠲᠠᠮᠢᠷ᠎ᠤᠨ ᠨᠠᠷᠠᠲᠤ ᠲᠥᠷᠥᠯ ᠲᠡᠮᠳᠡᠭ᠌ᠲᠦ᠍᠎ᠶ᠋ᠢᠨ ᠤᠷᠤᠯᠳᠤᠭᠠᠨ ᠪᠣᠯᠤᠨ᠎ᠠ᠃ ᠤᠷᠤᠯᠳᠤᠭᠠᠨ᠎ᠨᠢ 6 ᠰᠠᠷ᠎ᠠ ᠶᠠᠪᠤᠭ᠍ᠳᠠᠵᠤ᠂ ᠪᠥᠬᠥ᠌ ᠣᠷᠣᠨ᠎ᠤ 12 ᠠᠢᠮᠠᠭ ᠬᠣᠲᠠ᠎ᠶ᠋ᠢ ᠬᠠᠮᠤᠷᠴᠤ᠌᠂ ᠲᠤᠤᠷ ᠪᠥᠮᠪᠥᠭᠡ᠂ ᠥᠲᠥᠨ ᠪᠥᠮᠪᠥᠭᠡ᠂ ᠲᠡᠪᠡᠭ᠂ ᠡᠭᠦᠳᠡᠨ ᠪᠥᠮᠪᠥᠭᠡ᠂ ᠱᠢᠳᠠᠮ ᠪᠥᠮᠪᠥᠭᠡ᠂ ᠫᠢᠩᠫᠠᠩ ᠪᠥᠮᠪᠥᠭᠡ ᠵᠡᠷᠭᠡ 6 ᠲᠥᠷᠥᠯ ᠵᠦᠶ᠋ᠯ᠎ᠢ ᠬᠠᠮᠤᠷᠴᠠᠶ᠃