《ᠰᠡᠳᠭᠢᠯ ᠨᠢᠭᠡᠳᠤᠨ ᠤᠮᠠᠷᠠᠲᠤ ᠬᠢᠯᠢ᠎ᠶ᠋ᠢ ᠵᠢᠷᠤᠭ᠍ᠯᠠᠨᠠᠮ》 ᠬᠡᠮᠡᠬᠦ ᠤᠷᠠᠨ ᠪᠦᠳᠦᠭᠡᠯ᠎ᠤᠨ ᠦᠵᠡᠰᠬᠦᠯᠡᠩ ᠶᠠᠪᠤᠭ᠍ᠳᠠᠪᠠ
2025-09-22 10:08:36
ᠵᠣᠬᠢᠶᠠᠭ᠍ᠴᠢ᠄
​ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠡᠮᠦᠨᠡᠬᠡᠨ᠂ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ ᠪᠠᠢᠭᠤᠯᠤᠭ᠍ᠳᠠᠭ᠍ᠰᠠᠨ 80 ᠵᠢᠯ᠎ᠦᠨ ᠣᠶ᠂ ᠥᠪᠥᠷ ᠮᠣᠩᠭᠣᠯ᠎ᠤᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ ᠪᠠᠢᠭᠤᠯᠤᠭ᠍ᠳᠠᠭ᠍ᠰᠠᠨ 35 ᠵᠢᠯ᠎ᠦᠨ ᠣᠶ᠎ᠶ᠋ᠢ  ᠪᠡᠯᠭᠡᠯᠡᠬᠦ᠌ ᠪᠡᠷ ᠭᠤᠤᠯ ᠰᠡᠳᠦᠪ ᠪᠤᠯᠭᠠᠭᠰᠠᠨ 《ᠰᠡᠳᠭᠢᠯ ᠨᠢᠭᠡᠳᠤᠨ ᠤᠮᠠᠷᠠᠲᠤ ᠬᠢᠯᠢ᠎ᠶ᠋ᠢ ᠵᠢᠷᠤᠭ᠍ᠯᠠᠨᠠᠮ》 ᠬᠡᠮᠡᠬᠦ ᠤᠷᠠᠨ ᠵᠢᠷᠤᠭ᠎ᠤᠨ ᠪᠦᠲᠦᠭᠡᠯ᠎ᠦᠨ ᠦᠵᠡᠰᠬᠦᠯᠡᠩ ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠳᠤ ᠶᠠᠪᠤᠭ᠍ᠳᠠᠪᠠ᠃

ᠤᠷᠠᠨ ᠵᠢᠷᠤᠭ᠎ᠤᠨ ᠪᠦᠲᠦᠭᠡᠯ᠎ᠦᠨ ᠦᠵᠡᠰᠬᠦᠯᠡᠩ ᠨᠢ ᠤᠷᠤᠨ᠎ᠤ ᠲᠤᠳᠤᠷ᠎ᠠ ᠭᠠᠳᠠᠨᠠᠬᠢ 107 ᠪᠦᠳᠦᠭᠡᠯ᠎ᠢ ᠲᠡᠯᠭᠡᠨ ᠦᠵᠡᠬᠦᠯᠵᠤ᠂ ᠬᠢᠳᠡᠳ ᠵᠢᠷᠤᠭ᠂  ᠤᠷᠠᠨ ᠪᠢᠴᠢᠯᠭᠡ᠂  ᠲᠤᠰᠤᠨ  ᠪᠤᠳᠤᠭ᠎ᠦᠨ ᠵᠢᠷᠤᠭ᠂ ᠭᠡᠷᠡᠯ ᠵᠢᠷᠤᠭ ᠵᠡᠷᠭᠡ ᠣᠯᠠᠨ  ᠤᠷᠠᠯᠢᠭ᠎ᠤᠨ ᠲᠥᠷᠥᠯ᠎ᠢ ᠪᠠᠭ᠍ᠲᠠᠭᠠᠵᠠᠢ᠃ ᠦᠵᠡᠰᠬᠦᠯᠡᠩ᠎ᠦᠨ ᠪᠦᠲᠦᠭᠡᠯ ᠨᠢ ᠰᠡᠳᠦᠪᠯᠡᠬᠦᠨ ᠪᠠᠶᠠᠯᠢᠭ᠂ ᠰᠠᠨᠠᠭ᠎ᠠ ᠠᠬᠤᠶ ᠭᠦᠨ ᠭᠦᠨᠵᠡᠭᠡᠶ ᠪᠠᠢᠵᠤ᠂ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠢᠷᠠᠭᠤ ᠠᠯᠳᠠᠷᠲᠤ ᠲᠡᠦᠬᠡ᠎ᠶ᠋ᠢ ᠡᠷᠭᠢᠴᠡᠭᠦᠯᠦᠭᠰᠡᠨ᠂ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠱᠢᠯᠢᠳᠡᠭ ᠤᠯᠠᠮᠵᠢᠯᠠᠯ᠎ᠢ ᠵᠠᠯᠭᠠᠮᠵᠢᠯᠠᠭ᠍ᠰᠠᠨ ᠰᠣᠳᠣᠨ ᠪᠦᠲᠦᠭᠡᠯ ᠪᠠᠢᠬᠤ ᠪᠥᠭᠡᠳ ᠪᠠᠰᠠ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠂ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠴᠠᠭ ᠦᠶ᠎ᠡ᠎ᠶ᠋ᠢᠨ ᠬᠠᠭᠤᠳᠠᠰᠤ᠎ᠶ᠋ᠢ ᠲᠡᠮᠳᠡᠭ᠌ᠯᠡᠭᠰᠡᠨ᠂ ᠤᠷᠠᠯᠢᠭ᠍ᠴᠢᠳ᠎ᠤᠨ ᠡᠬᠡ ᠤᠯᠤᠰ᠎ᠤᠨ᠎ᠢᠶᠠᠨ ᠦᠵᠡᠰᠭᠦᠯᠡᠩᠲᠦ ᠰᠠᠢᠬᠠᠨ ᠠᠭᠤᠯᠠ ᠤᠰᠤᠨ᠎ᠳᠤ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠤᠶᠠᠩᠭᠠᠯᠠᠭᠰᠠᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠲᠠᠶ ᠨᠢᠭᠡ ᠰᠡᠳᠭᠢᠯ ᠨᠢᠭᠡ ᠵᠣᠷᠢᠭ ᠎ᠢᠶᠡᠷ ᠤᠷᠤᠭᠰᠢᠯᠠᠭᠰᠠᠨ ᠤᠯᠤᠰ ᠲᠥᠷᠥ᠎ᠶ᠋ᠢᠨ ᠤᠤᠷ ᠴᠢᠨᠠᠷ᠎ᠢ ᠢᠯᠡᠷᠡᠭᠦᠯᠦᠭᠰᠡᠨ ᠪᠦᠳᠦᠭᠡᠯ᠎ᠤᠳ ᠪᠤᠢ ᠃

ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠥᠪᠥᠷ  ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ᠎ᠶ᠋ᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠡᠴᠡ᠂ ᠦᠵᠡᠰᠬᠦᠯᠡᠩ᠎ᠢᠶᠡᠷ ᠳᠠᠮᠵᠢᠨ ᠮᠠᠰᠢ ᠤᠯᠠᠨ ᠤᠷᠠᠯᠢᠭ᠍ᠴᠢᠳ᠎ᠤᠨ ᠱᠢᠯᠢᠳᠡᠭ ᠪᠦᠲᠦᠭᠡᠯ᠎ᠢ ᠰᠤᠨᠢᠷᠬᠠᠭᠰᠠᠨ ᠪᠥᠭᠡᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠠᠨ ᠨᠠᠮ  ᠬᠠᠮᠲᠤᠷᠠᠨ ᠠᠵᠢᠯᠯᠠᠬᠤ ᠪᠠ ᠤᠯᠤᠰ ᠲᠦᠷᠦ᠍᠎ᠶ᠋ᠢᠨ ᠵᠥᠪᠯᠡᠯᠭᠡ ᠬᠢᠬᠦ᠌ ᠲᠦᠷᠢᠮ᠎ᠤᠨ ᠲᠤᠬᠠᠢ ᠣᠢᠯᠠᠭᠠᠯᠲᠠ᠎ᠪᠠᠨ ᠨᠡᠮᠡᠭ᠌ᠳᠡᠭᠦᠯᠵᠠᠢ ᠬᠡᠵᠤ ᠢᠯᠡᠳᠭᠡᠪᠠ᠃

ᠲᠣᠰ ᠤᠳᠠᠭᠠᠨ᠎ᠤ ᠦᠵᠡᠰᠬᠦᠯᠡᠩ᠎ᠢ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠠᠴᠠ ᠭᠤᠤᠯᠯᠠᠨ ᠡᠷᠭᠢᠯᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号