ᠱᠢᠯᠢ᠎ᠶ᠋ᠢᠨ ᠭᠤᠤᠯ ᠠᠢᠮᠠᠭ᠄ ᠠᠷᠠᠳ ᠤᠯᠠᠨ᠎ᠤ ᠰᠠᠨᠠᠯ ᠰᠠᠨᠠᠭᠤᠯᠭ᠎ᠠ ᠵᠢ ᠰᠤᠨᠤᠰᠬᠤ ᠠᠷᠭ᠎ᠠ ᠵᠠᠮ᠎ᠢ ᠦᠷᠭᠡᠳᠭᠡᠨ ᠪᠣᠳᠠᠲᠤ ᠠᠵᠢᠯᠯᠠᠭ᠎ᠠ᠎ᠪᠠᠷ᠎ᠬᠠᠯᠠᠭᠤᠨ ᠦᠢᠯᠡᠴᠢᠯᠡᠭᠡ ᠬᠦᠷᠲᠡᠭᠡᠨ᠎ᠡ
2025-09-23 09:34:07
ᠵᠣᠬᠢᠶᠠᠭ᠍ᠴᠢ᠄
ᠪᠢᠯᠢᠭ᠌ᠪᠠᠭᠠᠲᠤᠷ
ᠣᠩᠱᠢᠭ᠍ᠰᠠᠨ ᠣᠳᠠᠭ᠎ᠠ᠄
★★★☆☆

ᠡᠨᠡ ᠵᠤᠨ ᠱᠢᠯᠢ᠎ᠶ᠋ᠢᠨ ᠭᠤᠤᠯ ᠠᠢᠮᠠᠭ᠎ᠤᠨ ᠱᠢᠯᠤᠭᠤᠨ ᠬᠥᠬᠡ ᠬᠣᠱᠢᠭᠤᠨ᠎ᠤ ᠱᠠᠩᠳᠤ ᠪᠠᠯᠭᠠᠰᠤᠨ᠎ᠤ ᠬᠤᠪᠢᠯᠠᠶ ᠠᠭᠤᠳᠠᠮ ᠲᠠᠯᠠᠪᠠᠶ᠎ᠶ᠋ᠢᠨ ᠰᠥᠨᠢ᠎ᠶ᠋ᠢᠨ ᠵᠠᠬ᠎ᠠ ᠲᠤᠢᠯ᠎ᠤᠨ ᠬᠦᠭᠵᠢᠶᠡᠨᠳᠡᠢ ᠪᠠᠢᠵᠦ᠂ ᠳ᠋ᠸᠡᠭ᠎ᠤᠨ ᠭᠡᠷᠡᠯ ᠰᠤᠯᠤᠡᠭᠭᠠᠷᠠᠨ᠂ ᠠᠮᠳᠠᠳᠤ ᠢᠳᠡᠭᠡᠨ᠎ᠤ ᠠᠡᠭᠭᠢᠯᠤᠮ᠎ᠠ ᠦᠨᠦᠷ ᠰᠠᠮᠰᠠ ᠵᠢ ᠰᠡᠡᠭᠬᠢᠨᠡᠭᠦᠯᠦᠨ᠂ ᠬᠦᠮᠦᠰ᠎ᠤᠨ ᠲᠠᠪᠠ ᠲᠤᠬᠠᠳᠠᠢ ᠰᠡᠯᠡᠭᠦᠴᠡᠨ ᠵᠤᠭᠠᠯᠠᠬᠤ ᠰᠠᠢᠬᠠᠨ ᠭᠠᠵᠠᠷ ᠪᠤᠯᠵᠠᠢ᠃

《ᠡᠨᠡ ᠬᠦ᠌ ᠰᠥᠨᠢ᠎ᠶ᠋ᠢᠨ ᠵᠠᠬ᠎ᠠ ᠵᠢ ᠨᠡᠭᠡᠭᠡᠬᠦ ᠪᠤᠯ ᠮᠠᠨ᠎ᠤ ᠰᠠᠭᠤᠭᠠᠯᠢ ᠠᠷᠠᠳ᠎ᠤᠨ ᠬᠠᠮᠲᠤ ᠵᠢᠨ ᠬᠦᠰᠡᠯ ᠪᠤᠯᠤᠨ᠎ᠠ》 ᠭᠡᠵᠦ ᠱᠤᠷᠤᠯᠢᠭ᠎ᠤᠨ ᠭᠠᠵᠠᠷ᠎ᠤᠨ ᠡᠵᠡᠨᠳᠡᠨ ᠯᠢ ᠣᠪᠣᠭ᠍ᠲᠤ ᠰᠤᠷᠪᠤᠯᠵᠢᠯᠠᠭ᠍ᠴᠢ᠎ᠳᠤ ᠬᠡᠯᠡᠪᠠ᠃ ᠲᠡᠭᠦᠨ᠎ᠤ ᠲᠠᠨᠢᠯᠴᠠᠭᠤᠯᠬᠤ ᠪᠡᠷ᠂ ᠠᠭᠤᠳᠠᠮ ᠲᠠᠯᠠᠪᠠᠢ ᠳᠡᠭᠡᠷ᠎ᠡ ᠬᠦᠮᠦᠨ ᠬᠠᠷ᠎ᠠ ᠤᠯᠠᠨ ᠪᠦᠭᠡᠳ ᠰᠠᠭᠤᠭᠠᠯᠢ ᠠᠷᠠᠳ ᠪᠠᠰᠠ ᠰᠦᠨᠢ ᠵᠢᠨ ᠵᠠᠬ᠎ᠠ ᠭᠠᠷᠭᠠᠬᠤ ᠬᠡᠷᠡᠭᠴᠡᠭᠡ ᠲᠠᠢ ᠪᠤᠯᠬᠤᠷ ᠬᠡᠳᠦᠨ ᠬᠦᠮᠦᠨ ᠲᠤᠷᠰᠢᠵᠦ ᠦᠵᠡᠬᠦ ᠪᠡᠷ 12345 ᠬᠠᠯᠠᠮᠱᠢᠯ ᠤᠲᠠᠰᠤ ᠵᠢ ᠠᠪᠴᠤ ᠰᠠᠨᠠᠯ ᠵᠢᠡᠨ ᠲᠤᠰᠬᠠᠪᠠ᠃

ᠱᠢᠯᠤᠭᠤᠨ ᠬᠥᠬᠡ ᠬᠣᠱᠢᠭᠤᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ ᠠᠷᠠᠳ᠎ᠤᠨ ᠰᠠᠨᠠᠯ᠎ᠢ ᠦᠨᠳᠦᠰᠦᠯᠡᠨ᠂ ᠬᠤᠪᠢᠯᠠᠢ ᠠᠭᠤᠳᠠᠮ ᠲᠠᠯᠠᠪᠠᠢ᠎ᠳᠤ ᠵᠠᠬ᠎ᠠ ᠳᠡᠯᠭᠡᠭᠦᠷ᠎ᠦᠨ ᠬᠠᠮᠢᠶᠠᠷᠤᠯᠲᠠ᠎ᠶ᠋ᠢᠨ ᠲᠣᠭᠣᠷᠢᠭ ᠪᠠᠢᠭᠤᠯᠵᠤ᠂ ᠬᠣᠲᠠ ᠲᠣᠭᠣᠷᠢᠭ᠎ᠤᠨ ᠬᠣᠭᠣᠯᠠᠨ ᠲᠡᠷᠭᠡ᠂ ᠵᠢᠵᠢᠭ ᠳᠡᠯᠭᠡᠭᠦᠷ᠂ ᠨᠡᠭᠦᠳᠡᠯ ᠬᠤᠳᠠᠯᠳᠤᠭᠠᠴᠢᠨ᠎ᠢ ᠡᠨᠳᠡ ᠲᠦᠪᠯᠡᠷᠡᠭᠦᠯᠦᠨ ᠨᠡᠭᠡᠭᠡᠯᠳᠡᠳᠦ ᠵᠠᠬ᠎ᠠ ᠭᠠᠷᠭᠠᠵᠠᠢ᠃ ᠡᠭᠦᠨ᠎ᠦ ᠬᠠᠮᠲᠤ᠂ ᠬᠣᠲᠠ᠎ᠶ᠋ᠢᠨ ᠬᠠᠮᠢᠶᠠᠷᠤᠯᠲᠠ᠂ ᠳᠣᠲᠣᠭᠠᠳᠤ᠎ᠶ᠋ᠢ ᠬᠠᠮᠠᠭᠠᠯᠠᠬᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ ᠵᠡᠷᠭᠡ ᠣᠯᠠᠨ ᠰᠠᠯᠠᠭ᠎ᠠ ᠮᠥᠴᠢᠷ ᠬᠣᠯᠪᠣᠭᠠᠯᠠᠭᠠᠳ᠂ ᠢᠳᠡᠭᠡᠨ᠎ᠦ ᠠᠮᠤᠷ ᠲᠦᠪᠱᠢᠨ᠎ᠢ ᠬᠢᠨᠠᠨ ᠬᠠᠮᠢᠶᠠᠷᠬᠤ᠂ ᠣᠷᠴᠢᠨ ᠲᠣᠭᠣᠷᠢᠨ᠎ᠤ ᠠᠷᠢᠭᠤᠨ ᠴᠡᠪᠡᠷ᠎ᠢ ᠴᠡᠭ᠌ᠴᠡᠯᠡᠨ ᠵᠠᠰᠠᠬᠤ᠂ ᠰᠠᠭᠤᠷᠢ ᠲᠥᠬᠥᠭᠡᠷᠦᠮᠵᠢ᠎ᠶ᠋ᠢ ᠰᠠᠢᠵᠢᠷᠠᠭᠤᠯᠬᠤ ᠵᠢᠴᠢ ᠠᠮᠤᠷ᠎ᠢ ᠬᠠᠮᠠᠭᠠᠯᠠᠬᠤ ᠴᠠᠭ᠍ᠳᠠᠨ ᠲᠣᠭᠣᠷᠢᠬᠤ ᠰᠡᠷᠭᠡᠢᠯᠡᠨ ᠡᠵᠡᠮᠳᠡᠬᠦ᠌ ᠵᠡᠷᠭᠡ ᠠᠵᠢᠯ᠎ᠢ ᠴᠢᠩᠭᠠᠳᠭᠠᠵᠤ᠂ ᠡᠷᠲᠡ ᠵᠢᠨ ᠪᠤᠯᠤᠨ ᠰᠥᠨᠢ᠎ᠶ᠋ᠢᠨ ᠵᠠᠬ᠎ᠠ ᠵᠢᠨ ᠪᠣᠯᠪᠠᠰᠤᠨ ᠡᠮᠬᠢ ᠲᠢᠭᠯᠢᠮ᠎ᠲᠠᠶ ᠡᠵᠡᠩᠨᠡᠬᠦ ᠵᠢ ᠪᠦᠲᠦᠮᠵᠢᠲᠡᠶ ᠬᠠᠮᠠᠭᠠᠯᠠᠵᠤ᠂ ᠵᠠᠰᠠᠭ᠎ᠤᠨ ᠣᠷᠳᠣᠨ ᠬᠦᠲᠦᠯᠦᠨ ᠲᠠᠭᠠᠭᠤᠯᠤᠭᠰᠠᠨ᠂ ᠰᠠᠯᠠᠭ᠎ᠠ ᠮᠥᠴᠢᠷ ᠬᠣᠯᠪᠣᠭᠠᠯᠠᠭᠰᠠᠨ᠂ ᠬᠤᠳᠠᠯᠳᠤᠭᠠᠴᠢᠨ ᠡᠷᠦᠬᠡ ᠣᠷᠣᠯᠴᠠᠭ᠍ᠰᠠᠨ᠂ ᠣᠯᠠᠨ ᠲᠦᠮᠡᠨ ᠠᠱᠢᠭ ᠭᠥᠷᠳᠡᠭ᠌ᠰᠡᠨ ᠡᠷᠲᠡ ᠵᠢᠨ ᠪᠤᠯᠤᠨ ᠰᠥᠨᠢ᠎ᠶ᠋ᠢᠨ ᠵᠠᠬ᠎ᠠ ᠵᠢ ᠬᠠᠮᠲᠤ ᠪᠠᠷ ᠪᠠᠢᠭᠤᠯᠵᠤ ᠬᠠᠮᠲᠤ ᠪᠠᠷ ᠵᠠᠰᠠᠵᠤ ᠬᠠᠮᠲᠤ᠎ᠪᠠᠷ ᠡᠳ᠋ᠯᠡᠬᠦ᠌ ᠱᠢᠨ᠎ᠡ ᠲᠤᠭᠳᠠᠯᠴᠠᠭ᠎ᠠ ᠵᠢ ᠪᠠᠢᠭᠤᠯᠵᠠᠢ᠃

ᠱᠢᠯᠤᠭᠤᠨ ᠬᠥᠬᠡ ᠬᠣᠱᠢᠭᠤ ᠣᠯᠠᠨ ᠲᠦᠮᠡᠨ᠎ᠦ ᠬᠦᠰᠡᠯ ᠰᠠᠨᠠᠯ᠎ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠦ᠂ ᠣᠯᠠᠨ ᠠᠷᠭ᠎ᠠ ᠵᠠᠮ᠎ᠢᠶᠠᠷ ᠠᠷᠠᠳ᠎ᠤᠨ ᠰᠠᠨᠠᠯ᠎ᠳᠤ ᠬᠠᠷᠢᠭᠤ ᠦᠭᠬᠦ ᠵᠢ ᠱᠢᠯᠤᠭᠤᠳᠭᠠᠪᠠ᠃ ᠡᠳᠦᠭᠡ ᠨᠡᠢᠲᠡ 60 ᠰᠠᠯᠠᠭ᠎ᠠ ᠮᠥᠴᠢᠷ ᠨᠢᠭᠡᠴᠢ᠎ᠡᠭᠡᠯᠵᠢ᠎ᠪᠡᠷ 12345 ᠬᠠᠯᠠᠮᠱᠢᠯ ᠤᠲᠠᠰᠤᠨ᠎ᠤ ᠠᠵᠢᠯᠯᠠᠬᠤ ᠥᠷᠲᠡᠭᠡᠨ᠎ᠳᠦ ᠠᠯᠪᠠᠯᠠᠵᠦ᠂ ᠣᠯᠠᠨ ᠲᠦᠮᠡᠨ᠎ᠦ ᠬᠦᠰᠡᠯ ᠰᠠᠨᠠᠯ᠎ᠢ 13 ᠴᠤᠭᠯᠠᠭᠤᠯᠤᠭᠠᠳ ᠲᠤᠰᠢᠶᠠᠨ ᠱᠢᠶ᠋ᠳᠪᠦᠷᠢᠯᠡᠭᠦᠯᠪᠡ᠃

ᠥᠩᠭᠡᠷᠡᠭ᠌ᠰᠡᠨ᠎ᠳᠦ᠂ ᠣᠯᠠᠨ ᠲᠦᠮᠡᠨ 12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ᠌ ᠬᠠᠯᠠᠮᠱᠢᠯ ᠤᠲᠠᠰᠤ᠎ᠪᠡᠷ ᠬᠡᠷᠡᠭᠴᠡᠭᠡ ᠪᠠᠨ ᠲᠤᠰᠭᠠᠭᠰᠠᠨ᠎ᠤ ᠳᠠᠷᠠᠭ᠎ᠠ ᠲᠡᠮᠲᠡᠭᠯᠡᠬᠦ᠂ ᠰᠠᠯᠠᠭ᠎ᠠ ᠮᠥᠴᠢᠷ᠎ᠲᠦ ᠱᠢᠯᠵᠢᠭᠦᠯᠬᠦ᠌ ᠵᠡᠷᠭᠡ ᠭᠣᠭ᠍ᠴᠣᠭ᠎ᠠ᠎ᠶ᠋ᠢ ᠳᠠᠮᠵᠢᠪᠠᠯ ᠰᠠᠶᠢ ᠡᠬᠢᠯᠡᠨ ᠭᠦᠶ᠋ᠴᠡᠳᠭᠡᠵᠦ᠍᠂ ᠶᠠᠪᠤᠴᠠ᠎ᠨᠢ ᠨᠡᠯᠢᠶᠡᠳ ᠪᠤᠳᠤᠯᠢᠶᠠᠨᠲᠠᠢ ᠪᠦᠭᠡᠳ ᠴᠠᠭ᠎ᠨᠢ ᠨᠡᠯᠢᠶᠡᠳ ᠣᠷᠳᠣ ᠪᠠᠢᠪᠠ᠃ ᠡᠨᠡ ᠵᠢᠯ ᠱᠢᠯᠢ᠎ᠶ᠋ᠢᠨ ᠭᠤᠤᠯ ᠠᠢᠮᠠᠭ 12345 ᠬᠠᠯᠠᠮᠱᠢᠯ ᠤᠲᠠᠰᠤᠨ᠎ᠤ ᠦᠢᠯᠡᠳᠦᠯ ᠴᠢᠳᠠᠮᠵᠢ ᠵᠢ ᠲᠠᠰ ᠳᠡᠪᠱᠢᠭᠦᠯᠦᠭᠡᠳ᠂ ᠠᠢᠮᠠᠭ᠂ ᠬᠣᠱᠢᠭᠤ ᠬᠣᠶᠠᠷ ᠱᠠᠲᠤᠨ᠎ᠤ ᠠᠷᠠᠳ᠎ᠤᠨ ᠠᠮᠢᠳᠤᠷᠠᠯ᠎ᠤᠨ ᠰᠠᠯᠠᠭ᠎ᠠ ᠮᠥᠴᠢᠷ᠎ᠦᠨ ᠤᠳᠤᠷᠢᠳᠤᠯᠭ᠎ᠠ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ᠎ᠬᠦᠴᠦ ᠪᠠᠨ ᠳᠠᠭᠠᠭᠤᠯᠤᠨ ᠠᠯᠪᠠᠯᠠᠨ ᠵᠢᠵᠢᠭᠦᠷᠯᠡᠵᠦ᠂ ᠣᠯᠠᠨ ᠲᠦᠮᠡᠨ᠎ᠦ ᠰᠠᠨᠠᠯ ᠬᠡᠷᠡᠭᠴᠡᠭᠡ ᠵᠢ ᠬᠦᠯᠢᠶᠡᠨ ᠠᠪᠴᠦ᠂ ᠲᠤᠬᠠᠶ᠎ᠶ᠋ᠢᠨ ᠲᠠᠯᠠᠪᠠᠢ᠎ᠳᠤ ᠣᠨᠣᠪᠴᠢᠲᠠᠶ ᠬᠠᠷᠢᠭᠤᠯᠲᠠ ᠥᠭ᠌ᠴᠦ ᠳᠡᠢᠯᠬᠦ᠌ ᠮᠥᠷᠲᠡᠭᠡᠨ ᠨᠠᠩ ᠴᠤ᠌ ᠬᠠᠮᠢᠶ᠎ᠠ ᠪᠥᠬᠥᠶ ᠰᠠᠯᠠᠭ᠎ᠠ ᠮᠥᠴᠢᠷ᠎ᠯᠤᠭ᠎ᠠ ᠬᠣᠯᠪᠣᠭᠠᠯᠠᠨ ᠴᠠᠭ ᠲᠤᠬᠠᠶ᠎ᠳᠤᠨᠢ ᠱᠢᠶ᠋ᠳᠪᠦᠷᠢᠯᠡᠵᠦ᠍᠂ ᠣᠯᠠᠨ ᠲᠦᠮᠡᠨ᠎ᠳᠦ 《ᠲᠣᠳᠣᠷᠬᠠᠶ ᠠᠰᠠᠭᠤᠵᠤ ᠳᠡᠢᠯᠬᠦ᠌᠂ ᠣᠨᠣᠪᠴᠢᠲᠠᠶ ᠬᠠᠷᠢᠭᠤᠯᠵᠤ ᠳᠡᠢᠯᠬᠦ᠌᠂ ᠲᠦᠷᠭᠡᠨ ᠱᠢᠶ᠋ᠳᠪᠦᠷᠢᠯᠡᠵᠦ᠍ ᠳᠡᠢᠯᠬᠦ᠌》 ᠬᠠᠯᠠᠭᠤᠨ ᠦᠶ᠋ᠯᠡᠴᠢᠯᠡᠭᠡ ᠬᠠᠩᠭᠠᠭᠰᠠᠨ ᠪᠠᠢᠨ᠎ᠠ᠃

《ᠡᠳᠦᠭᠡ ᠪᠢ ᠰᠥᠨᠢ᠎ᠶ᠋ᠢᠨ ᠵᠠᠬ᠎ᠠ᠎ᠳᠤ ᠬᠤᠳᠠᠯᠳᠤᠭ᠎ᠠ ᠮᠠᠢᠮᠠᠢ ᠬᠢᠵᠦ᠂ ᠤᠷᠤᠢ ᠪᠦᠷᠢ᠎ᠬᠡᠳᠦᠨ ᠵᠠᠭᠤᠨ ᠲᠥᠭᠥᠷᠢᠭ᠎ᠤᠨ ᠤᠷᠤᠯᠭ᠎ᠠ ᠲᠠᠢ ᠪᠤᠯᠤᠯ᠎ᠠ᠂ ᠦᠨᠳᠦᠰᠦᠨ ᠱᠠᠲᠤᠨ᠎ᠳᠤ ᠤᠢ᠍ᠢᠷᠠᠳᠤᠭ᠍ᠰᠠᠨ ᠲᠦᠷᠦ᠍᠎ᠶ᠋ᠢᠨ ᠪᠤᠳᠤᠯᠭ᠎ᠠ ᠳ᠋ᠦ ᠲᠠᠯᠠᠷᠬᠠᠨ᠎ᠠ》 ᠭᠡᠵᠦ ᠯᠢ ᠤᠪᠤᠭᠲᠤ ᠬᠠᠨᠤᠮᠵᠢᠲᠠᠢ ᠶᠠᠷᠢᠨ᠎ᠠ᠃

ᠡᠨᠡ ᠵᠢᠯ ᠣᠯᠠᠨ ᠲᠦᠮᠡᠨ᠎ᠦ ᠠᠩᠬᠠᠷᠴᠤ᠌ ᠪᠠᠢᠭ᠎ᠠ ᠬᠠᠯᠠᠮᠰᠢᠯ ᠠᠰᠠᠭᠤᠳᠠᠯ᠎ᠳᠤ ᠬᠠᠨᠤᠮᠵᠢᠲᠠᠢ ᠬᠠᠷᠢᠭᠤᠯᠲᠠ ᠦᠭᠭᠦ ᠵᠢᠨ ᠲᠥᠯᠥᠭᠡ᠂ ᠱᠢᠯᠢ᠎ᠶ᠋ᠢᠨ ᠭᠤᠤᠯ ᠠᠢᠮᠠᠭ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠬᠠᠯᠠᠮᠱᠢᠯ ᠤᠲᠠᠰᠤ᠎ᠪᠠᠷ ᠰᠤᠨᠤᠰᠬᠤ᠂ ᠮᠡᠷᠭᠡᠨ ᠴᠤᠬᠤᠷ ᠵᠢᠠᠷ ᠰᠤᠨᠤᠰᠬᠤ᠂ ᠶᠠᠷᠢᠯᠴᠠᠵᠦ ᠰᠤᠨᠤᠰᠬᠤ᠂ ᠨᠠᠷᠢᠯᠢᠭ ᠤᠨᠤᠪᠴᠢᠳᠠᠢ ᠰᠤᠨᠤᠰᠬᠤ》᠂ 《ᠳᠦᠷᠪᠠᠨ ᠠᠷᠭ᠎ᠠ ᠵᠠᠮ ᠵᠢᠡᠷ ᠰᠤᠨᠤᠰᠬᠤ》 ᠠᠵᠢᠯ᠎ᠤᠨ ᠠᠷᠭ᠎ᠠ᠎ᠶ᠋ᠢᠨ ᠱᠢᠨ᠎ᠡ᠎ᠵᠢ ᠡᠭᠦᠳᠴᠦ᠍᠂ ᠦᠶ᠋ᠯᠡᠴᠢᠯᠡᠭᠡ᠎ᠶ᠋ᠢ ᠣᠯᠠᠨ ᠲᠦᠮᠡᠨ᠎ᠦ ᠰᠡᠳᠭᠢᠯ᠎ᠳᠦ ᠬᠦᠷᠭᠡᠵᠦ᠍᠂ ᠤᠳᠤᠬᠠᠨ᠎ᠳᠤ ᠨᠢᠭᠡᠨᠲᠡ ᠣᠯᠠᠨ ᠲᠦᠮᠡᠨ᠎ᠦ ᠤᠰᠤ ᠴᠠᠬᠢᠯᠭᠠᠨ᠂ ᠵᠠᠮ ᠨᠡᠪᠲᠡᠷᠡᠯᠭᠡ᠂ ᠴᠢᠮᠡᠭᠡ ᠬᠣᠯᠪᠣᠭ᠎ᠠ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠬᠦᠷᠢᠶᠡᠨ᠎ᠳᠡᠬᠢ ᠬᠤᠯᠪᠤᠭᠳᠠᠯ ᠪᠦᠬᠦᠢ ᠪᠠᠴᠢᠮ ᠲᠦᠪᠡᠭ ᠳᠡᠢ ᠠᠰᠠᠭᠤᠳᠠᠯ᠎ᠢ ᠨᠡᠢᠳᠡ 1812 ᠱᠢᠶ᠋ᠳᠪᠦᠷᠢᠯᠡᠵᠦ᠍᠂ ᠠᠷᠠᠳ᠎ᠤᠨ ᠠᠮᠢᠳᠤᠷᠠᠯ᠎ᠤᠨ 《ᠬᠡᠷᠡᠭ᠌ᠴᠡᠭᠡ᠎ᠶ᠋ᠢᠨ ᠨᠠᠷᠢᠨ ᠲᠠᠩᠰᠠ》 ᠵᠢ ᠦᠨᠡᠨ ᠬᠦ᠌ ᠣᠯᠠᠨ ᠲᠦᠮᠡᠨ᠎ᠦ 《ᠵᠣᠯ ᠵᠢᠷᠭᠠᠯ᠎ᠤᠨ ᠲᠠᠩᠰᠠ》 ᠪᠣᠯᠭᠠᠵᠠᠢ᠃

ᠬᠠᠯᠠᠮᠱᠢᠯ ᠤᠲᠠᠰᠤ᠎ᠪᠠᠷ ᠰᠤᠨᠤᠰᠬᠤ ᠲᠠᠯ᠎ᠠ ᠪᠡᠷ᠂ ᠱᠢᠯᠢ᠎ᠶ᠋ᠢᠨ ᠭᠤᠤᠯ ᠠᠢᠮᠠᠭ᠎ᠤᠨ 787 ᠰᠠᠯᠠᠭ᠎ᠠ ᠮᠥᠴᠢᠷ ᠨᠢᠭᠡᠴᠢ ᠨᠢᠭᠡᠨᠲᠡ 1148 ᠪᠦᠯᠦᠭ ᠤᠳᠠᠭ᠎ᠠ ᠬᠤᠪᠢᠶᠠᠨ ᠬᠠᠯᠠᠮᠱᠢᠯ ᠤᠲᠠᠰᠤᠨ᠎ᠤ ᠲᠠᠪᠴᠠᠩ᠎ᠳᠤ ᠠᠯᠪᠠᠯᠠᠵᠦ᠂ ᠨᠡᠢᠲᠡ 304 ᠬᠤᠪᠢ ᠰᠠᠨᠠᠯ ᠰᠠᠨᠠᠭᠤᠯᠭ᠎ᠠ ᠵᠢ ᠬᠤᠷᠢᠶᠠᠪᠠ᠃ ᠡᠭᠦᠨ᠎ᠦ ᠬᠠᠮᠲᠤ᠂ ᠬᠠᠯᠠᠮᠱᠢᠯ ᠤᠲᠠᠰᠤᠨ᠎ᠤ ᠴᠢᠳᠠᠮᠵᠢ᠎ᠶ᠋ᠢ ᠤᠯᠠᠮ ᠥᠷᠭᠡᠳᠭᠡᠵᠦ᠍᠂ ᠡᠯ᠎ᠡ ᠭᠠᠵᠠᠷ 《ᠬᠣᠶᠠᠷ ᠲᠦᠯᠦᠭᠡᠯᠡᠭᠴᠢ ᠨᠢᠭᠡ ᠭᠡᠱᠢᠭᠦᠨ》 ᠤ᠋ ᠲᠤᠰᠬᠠᠢ ᠦᠢᠯᠡᠴᠢᠯᠡᠭᠡᠨ᠎ᠤ ᠠᠵᠢᠯ᠎ᠤᠨ ᠪᠠᠢᠷᠢ ᠲᠤᠬᠢᠷᠠᠭᠤᠯᠵᠦ᠂ ᠲᠥᠯᠥᠭᠡᠯᠡᠭ᠌ᠴᠢ ᠭᠡᠱᠢᠭᠦᠳ ᠣᠯᠠᠨ ᠲᠦᠮᠡᠨ᠎ᠦ ᠬᠦᠴᠢᠷ ᠠᠰᠠᠭᠤᠳᠠᠯ᠎ᠢ ᠰᠠᠨᠠᠭᠠᠴᠢᠯᠠᠭ᠎ᠠ ᠡᠴᠡ᠎ᠪᠠᠨ ᠡᠭᠦᠷᠭᠡᠯᠡᠬᠦ᠌ 《ᠵᠣᠬᠢᠴᠠᠭᠤᠯᠤᠭ᠍ᠴᠢ》 ᠪᠠ ᠦᠨᠳᠦᠰᠦᠨ ᠱᠠᠲᠤᠨ᠎ᠤ ᠵᠠᠰᠠᠯᠲᠠ᠎ᠶ᠋ᠢᠨ 《ᠵᠥᠪᠯᠡᠭ᠌ᠴᠢ》 ᠪᠣᠯᠵᠣ᠂ ᠲᠤᠱᠢᠶᠠᠯ ᠬᠠᠷᠢᠭᠤᠴᠠᠯᠭ᠎ᠠ᠎ᠪᠠᠨ ᠢᠳᠡᠪᠬᠢᠲᠡᠶ ᠭᠦᠶ᠋ᠴᠡᠳᠭᠡᠵᠦ᠍᠂ ᠮᠠᠯᠴᠢᠨ ᠲᠠᠷᠢᠶᠠᠴᠢᠨ ᠣᠯᠠᠨ ᠲᠦᠮᠡᠨ᠎ᠦ ᠬᠠᠯᠠᠭᠤᠨ ᠬᠦᠷᠢᠶᠡᠯᠡᠯ᠎ᠢ ᠤᠯᠪᠠ᠃

ᠡᠭᠦᠨ᠎ᠦ ᠬᠠᠮᠲᠤ᠂ ᠱᠢᠯᠢ᠎ᠶ᠋ᠢᠨ ᠭᠤᠤᠯ ᠠᠢᠮᠠᠭ᠎ᠤᠨ ᠡᠯ᠎ᠡ ᠭᠠᠵᠠᠷ ᠡᠯᠧᠺᠲ᠋ᠷᠣᠨ ᠪᠠᠢᠴᠠᠭᠠᠯᠲᠠ᠎ᠶ᠋ᠢᠨ ᠠᠰᠠᠭᠤᠯᠲᠠ᠎ᠶ᠋ᠢᠨ ᠬᠠᠭᠤᠳᠠᠰᠤ᠎ᠶ᠋ᠢ ᠠᠰᠢᠭᠯᠠᠵᠦ᠂ ᠠᠢᠮᠠᠭ᠂ ᠬᠣᠱᠢᠭᠤ ᠬᠣᠶᠠᠷ ᠱᠠᠲᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ᠎ᠦᠨ ᠡᠯᠧᠺᠲ᠋ᠷᠣᠨ ᠲᠣᠮᠣ ᠳᠡᠯᠭᠡᠴᠡ ᠵᠢᠴᠢ ᠭᠠᠷᠲᠠᠨ ᠭᠦᠶ᠋ᠴᠡᠳᠭᠡᠬᠦ᠌ ᠦᠶ᠋ᠯᠡᠴᠢᠯᠡᠭᠡᠨ᠎ᠦ ᠴᠤᠩᠬᠤᠪᠴᠢ᠎ᠳ᠋ᠤ ᠲᠦᠱᠢᠭ᠌ᠯᠡᠨ᠂ ᠠᠰᠠᠭᠤᠯᠲᠠ᠎ᠶ᠋ᠢᠨ ᠬᠠᠭᠤᠳᠠᠰᠤ᠎ᠶ᠋ᠢᠨ ᠮᠡᠷᠭᠡᠨ ᠴᠤᠬᠤᠷ᠎ᠢ ᠢᠯᠡ ᠨᠡᠢᠲᠡᠯᠡᠬᠦ᠌᠎ᠪᠡᠷ ᠳᠠᠮᠵᠢᠭᠤᠯᠤᠨ᠂ ᠣᠯᠠᠨ ᠲᠦᠮᠡᠨ᠎ᠦ ᠰᠠᠨᠠᠯ ᠰᠠᠨᠠᠭᠤᠯᠭ᠎ᠠ ᠵᠢ ᠬᠣᠷᠢᠶᠠᠨ ᠴᠤᠭ᠍ᠯᠠᠭᠤᠯᠵᠤ᠂ ᠵᠦᠢ ᠵᠤᠬᠢᠰᠲᠠᠢ ᠰᠠᠨᠠᠯ᠎ᠰᠠᠨᠠᠭᠤᠯᠭ᠎ᠠ ᠵᠢ ᠬᠠᠮᠤᠭ᠎ᠤᠨ ᠬᠤᠷᠳᠤᠨ ᠡᠮᠬᠢᠯᠡᠨ ᠳᠢᠭ᠌ᠯᠡᠬᠦ᠌᠎ᠶ᠋ᠢᠨ ᠬᠠᠮᠲᠤ ᠴᠡᠭ᠌ᠴᠡᠯᠡᠨ ᠰᠠᠢᠵᠢᠷᠠᠭᠤᠯᠬᠤ ᠲᠣᠳᠣᠷᠬᠠᠶ ᠬᠠᠭᠤᠳᠠᠰᠤᠨ᠎ᠳᠤ ᠣᠷᠣᠭᠤᠯᠵᠤ᠂ ᠣᠯᠠᠨ ᠲᠦᠮᠡᠨ᠎ᠦ ᠠᠩᠬᠠᠷᠤᠯ᠎ᠳᠤ ᠬᠦᠷᠦᠭᠰᠡᠨ 《ᠶᠠᠪᠤᠳᠠᠯ ᠪᠣᠯᠭᠠᠨ᠎ᠳᠤ ᠬᠠᠷᠢᠭᠤ ᠥᠭ᠌ᠬᠦ》 ᠵᠢ ᠦᠨᠡᠨ᠎ᠬᠦ᠌ ᠪᠠᠲᠤᠯᠠᠪᠠ᠃ ᠣᠳᠣᠬᠠᠨ ᠪᠣᠯᠲᠠᠯ᠎ᠠ᠂ ᠪᠥᠬᠥ᠌ ᠠᠢᠮᠠᠭ᠎ᠤᠨ ᠠᠵᠢᠯ ᠶᠠᠪᠤᠳᠠᠯ ᠭᠦᠶ᠋ᠴᠡᠳᠭᠡᠬᠦ᠌ 319 ᠣᠯᠠᠨ ᠲᠦᠮᠡᠨ 《ᠮᠡᠷᠭᠡᠨ ᠴᠤᠬᠤᠷ ᠵᠢᠠᠷ ᠰᠤᠨᠤᠰᠬᠤ》 ᠠᠰᠠᠭᠤᠯᠲᠠ᠎ᠶ᠋ᠢᠨ ᠬᠠᠭᠤᠳᠠᠰᠤ᠎ᠶ᠋ᠢᠨ ᠪᠠᠢᠴᠠᠭᠠᠯᠲᠠ᠎ᠳᠤ ᠣᠷᠣᠯᠴᠠᠪᠠ᠃ 《ᠮᠡᠷᠭᠡᠨ ᠴᠤᠬᠤᠷ ᠵᠢᠠᠷ ᠰᠤᠨᠤᠰᠬᠤ》 ᠳ᠋ᠦ᠎ᠲᠤᠰᠭᠠᠭ᠍ᠰᠠᠨ ᠠᠰᠠᠭᠤᠳᠠᠯ᠎ᠳᠤ ᠴᠢᠭ᠌ᠯᠡᠭᠦᠯᠦᠨ᠂ ᠡᠯ᠎ᠡ ᠭᠠᠵᠠᠷ ᠴᠤᠤᠷᠢᠶᠠᠲᠤᠨ ᠳᠠᠭᠠᠬᠤ ᠲᠣᠭ᠍ᠲᠠᠴᠠ᠎ᠶ᠋ᠢ ᠪᠠᠢᠭᠤᠯᠵᠤ᠂ 《ᠴᠤᠭ᠍ᠯᠠᠭᠤᠯᠬᠤ᠂ ᠲᠤᠱᠢᠶᠠᠨ ᠭᠦᠶ᠋ᠴᠡᠳᠭᠡᠯᠭᠡᠬᠦ᠌᠂ ᠭᠦᠶ᠋ᠴᠡᠳᠭᠡᠵᠦ᠍ ᠳᠠᠭᠤᠰᠭᠠᠬᠤ᠂ ᠬᠠᠷᠢᠭᠤ ᠦᠭᠬᠦ》᠎ᠶᠢ ᠨᠢᠭᠡ ᠴᠤᠭᠴᠠᠵᠢᠭᠤᠯᠤᠭᠰᠠᠨ ᠬᠠᠮᠢᠶᠠᠷᠤᠯᠲᠠ᠎ᠶ᠋ᠢᠨ ᠶᠠᠪᠤᠴᠠ ᠪᠡᠷ ᠣᠯᠠᠨ ᠲᠦᠮᠡᠨ᠎ᠦ ᠬᠦᠰᠡᠯ ᠬᠡᠷᠡᠭᠴᠡᠭᠡ᠎ᠳᠤ ᠴᠠᠭ ᠲᠤᠬᠠᠶ᠎ᠳᠤᠨᠢ ᠬᠠᠷᠢᠭᠤ ᠦᠭᠴᠦ᠂ ᠥᠨᠳᠥᠷ ᠪᠦᠲᠦᠮᠵᠢᠲᠡᠶ᠎ᠱᠢᠶ᠋ᠳᠪᠦᠷᠢᠯᠡᠨ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠶᠠᠰᠤ ᠴᠢᠨᠠᠷ ᠬᠢᠭᠡᠳ ᠴᠢᠳᠠᠮᠵᠢ ᠵᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃

ᠱᠢᠯᠢ᠎ᠶ᠋ᠢᠨ ᠭᠤᠤᠯ ᠠᠢᠮᠠᠭ ᠪᠠᠰᠠ ᠡᠯ᠎ᠡ ᠱᠠᠲᠤᠨ᠎ᠤ ᠤᠳᠤᠷᠢᠳᠭᠤ ᠺᠠᠳ᠋ᠷ᠎ᠤᠨ ᠨᠢᠭᠤᠷᠲᠠᠨ ᠶᠠᠷᠢᠯᠴᠠᠬᠤ᠂ ᠬᠠᠯᠠᠭᠤᠨ ᠳᠣᠲᠣᠨᠣ ᠶᠠᠷᠢᠯᠴᠠᠬᠤ ᠬᠡᠯᠪᠡᠷᠢ᠎ᠪᠡᠷ ᠦᠨᠳᠦᠰᠦᠨ ᠱᠠᠲᠤᠨ᠎ᠳᠤ ᠭᠦᠨᠵᠡᠭᠡᠢᠷᠡᠬᠥ ᠎ᠶᠢ ᠬᠡᠷᠡᠭᠵᠢᠬᠥᠯᠵᠥ᠂ ᠠᠷᠠᠳ᠎ᠤᠨ ᠠᠮᠢᠳᠤᠷᠠᠯ᠎ᠢ ᠰᠤᠷᠪᠤᠯᠵᠢᠯᠠᠨ᠂ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠂ ᠱᠢᠨ᠎ᠡ ᠨᠢᠭᠡ ᠡᠭᠡᠯᠵᠢ᠎ᠶ᠋ᠢᠨ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠨ ᠤᠷᠤᠭᠰᠢᠯᠠᠬᠤ》 ᠤᠬᠠᠭᠤᠯᠤᠨ ᠲᠠᠢᠯᠪᠤᠷᠢᠯᠠᠬᠤ ᠠᠵᠢᠯ᠎ᠢ ᠪᠥᠬᠥ᠌ ᠲᠠᠯ᠎ᠠ᠎ᠪᠠᠷ ᠡᠬᠢᠯᠡᠭᠦᠯᠵᠦ᠍᠂ ᠥᠩᠭᠡᠷᠡᠭ᠌ᠰᠡᠨ᠎ᠦ ᠲᠠᠩ ᠴᠢᠭ᠌ᠯᠡᠯ᠎ᠢᠶᠡᠷ ᠤᠬᠠᠭᠤᠯᠬᠤ ᠠᠷᠭ᠎ᠠ ᠬᠡᠯᠪᠡᠷᠢ᠎ᠪᠡᠨ ᠬᠤᠪᠢᠷᠠᠭᠤᠯᠤᠨ᠂ ᠴᠢᠩ ᠰᠡᠳᠭᠢᠯ᠎ᠡᠴᠡ ᠪᠠᠨ ᠶᠠᠷᠢᠯᠴᠠᠬᠤ ᠬᠡᠯᠪᠡᠷᠢ᠎ᠪᠡᠷ ᠣᠯᠠᠨ ᠲᠦᠮᠡᠨ ᠯᠤᠭᠡ ᠤᠢᠷᠠᠳᠤᠨ᠂ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠨᠢᠭᠤᠷᠲᠠᠨ ᠶᠠᠷᠢᠵᠤ᠂ ᠣᠯᠠᠨ ᠲᠦᠮᠡᠨ᠎ᠦ ᠰᠡᠳᠭᠢᠯ᠎ᠦᠨ ᠦᠭᠡ᠎ᠶ᠋ᠢ ᠰᠣᠨᠣᠰᠴᠤ᠌᠂ ᠪᠠᠴᠢᠮ ᠬᠦᠴᠢᠷ ᠲᠤᠯᠭᠠᠮ ᠠᠰᠠᠭᠤᠳᠠᠯ᠎ᠢ ᠦᠨᠡᠨ ᠪᠣᠳᠠᠲᠠᠶ᠎ᠬᠠᠪᠰᠤᠷᠤᠨ ᠱᠢᠶ᠋ᠳᠪᠦᠷᠢᠯᠡᠬᠦ᠌ ᠵᠢ ᠱᠠᠭᠠᠷᠳᠠᠪᠠ᠃ ᠣᠳᠣᠬᠠᠨ ᠪᠣᠯᠲᠠᠯ᠎ᠠ᠂ ᠲᠤᠰ ᠠᠢᠮᠠᠭ᠎ᠤᠨ ᠡᠯ᠎ᠡ ᠱᠠᠲᠤᠨ᠎ᠤ ᠤᠳᠤᠷᠢᠳᠭᠤ ᠺᠠᠳ᠋ᠷ 18.4 ᠲᠦᠮᠡᠨ ᠡᠷᠦᠬᠡ᠎ᠪᠡᠷ ᠭᠦᠨᠵᠡᠭᠡᠢᠷᠡᠨ᠂ ᠬᠠᠯᠠᠭᠤᠨ ᠦᠢᠯᠡᠴᠢᠯᠡᠭᠡ᠎ᠶ᠋ᠢ ᠤᠯᠠᠨ ᠲᠦᠮᠡᠨ᠎ᠦ ᠡᠭᠦᠳᠡᠨ᠎ᠳᠦ ᠬᠦᠷᠭᠡᠭᠰᠡᠨ ᠪᠠᠢᠨ᠎ᠠ᠃

ᠱᠢᠯᠢ᠎ᠶ᠋ᠢᠨ ᠭᠤᠤᠯ ᠠᠢᠮᠠᠭ 《ᠺᠠᠳ᠋ᠷ ᠣᠯᠠᠨ ᠲᠦᠮᠡᠨ᠎ᠨᠢᠭᠤᠷᠳᠠᠨ ᠶᠠᠷᠢᠯᠴᠠᠬᠤ᠂ ᠨᠠᠮ ᠣᠯᠠᠨ ᠲᠦᠮᠡᠨ ᠰᠡᠳᠭᠢᠯ ᠵᠢᠡᠨ ᠤᠯᠤᠯᠴᠠᠬᠤ》 ᠣᠢᠯᠠᠭᠠᠭ᠍ᠳᠠᠬᠤᠨ᠎ᠢ ᠢᠮᠠᠭ᠍ᠲᠠ ᠪᠠᠷᠢᠮᠲᠠᠯᠠᠵᠤ᠂ ᠠᠳᠠᠯᠢ ᠪᠤᠰᠤ ᠬᠥᠮᠦᠰ᠎ᠦᠨ ᠤᠯᠠᠨ ᠵᠦᠢᠯ᠎ᠤᠨ ᠬᠡᠷᠡᠭ᠌ᠴᠡᠭᠡ᠎ᠳᠤ ᠠᠩᠬᠠᠷᠤᠯ᠎ᠢᠶᠠᠨ ᠲᠥᠪᠯᠡᠷᠡᠭᠦᠯᠦᠨ᠂ 《ᠪᠠᠢᠳᠠᠯ᠎ᠳᠤᠨᠢ ᠲᠣᠬᠢᠷᠠᠭᠤᠯᠤᠨ ᠲᠣᠭ᠍ᠲᠠᠭᠠᠬᠤ》 ᠦᠶ᠋ᠯᠡᠴᠢᠯᠡᠭᠡᠨ᠎ᠦ ᠠᠷᠭ᠎ᠠ ᠬᠡᠮᠵᠢᠶ᠎ᠡ᠎ᠶ᠋ᠢ ᠡᠭᠦᠳᠦᠨ ᠬᠡᠷᠡᠭᠵᠢᠭᠦᠯᠵᠦ᠂ ᠣᠨᠢᠨ ᠳᠡᠭᠡᠷ᠎ᠡ᠎ᠨᠢ ᠬᠦᠴᠦᠯᠡᠵᠦ᠂ ᠦᠨᠳᠦᠰᠦᠨ ᠱᠠᠲᠤᠨ᠎ᠤ ᠣᠯᠠᠨ ᠲᠦᠮᠡᠨ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ ᠵᠡᠷᠭᠡ ᠦᠶ᠋ᠯᠡᠴᠢᠯᠡᠬᠦ᠌ ᠡᠲᠡᠭᠡᠳ᠎ᠦᠨ ᠰᠠᠨᠠᠯ ᠰᠠᠨᠠᠭᠤᠯᠭ᠎ᠠ᠎ᠶ᠋ᠢ ᠱᠢᠰᠲ᠋ᠧᠮ᠎ᠲᠡᠶ ᠴᠤᠭ᠍ᠯᠠᠭᠤᠯᠵᠠᠢ᠂ ᠡᠭᠦᠨ᠎ᠳᠤ ᠡᠯ᠎ᠡ ᠲᠥᠷᠥᠯ᠎ᠦᠨ ᠰᠠᠨᠠᠯ ᠰᠠᠨᠠᠭᠤᠯᠭ᠎ᠠ᠎ᠶ᠋ᠢ ᠨᠡᠢᠲᠡ 1170 ᠬᠤᠪᠢ ᠴᠤᠭ᠍ᠯᠠᠭᠤᠯᠤᠨ᠂ ᠨᠢᠭᠡᠨᠲᠡ ᠣᠯᠠᠨ ᠲᠦᠮᠡᠨ ᠪᠠ ᠠᠵᠤ ᠠᠬᠤᠢᠯᠠᠯ᠎ᠤᠨ ᠲᠤᠰᠭᠠᠭ᠍ᠰᠠᠨ 888 ᠪᠣᠳᠠᠲᠠᠶ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠠᠬᠢᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ᠎ᠪᠡᠷ ᠺᠠᠳ᠋ᠷ ᠣᠯᠠᠨ ᠲᠦᠮᠡᠨ᠎ᠢ ᠤᠢᠷᠠᠳᠤᠭᠤᠯᠤᠨ᠂ ᠨᠠᠮ ᠪᠠ ᠣᠯᠠᠨ ᠲᠦᠮᠡᠨ᠎ᠦ ᠰᠡᠳᠭᠢᠯ᠎ᠦᠨ ᠬᠥᠭᠥᠷᠭᠡ᠎ᠶ᠋ᠢ ᠪᠠᠲᠤ ᠴᠣᠭ᠍ᠴᠠᠯᠠᠪᠠ᠃

ᠱᠢᠯᠢ᠎ᠶ᠋ᠢᠨ ᠭᠣᠣᠯ ᠠᠢᠮᠠᠭ 《ᠳᠦᠷᠪᠡᠨ ᠠᠷᠭ᠎ᠠ ᠵᠠᠮ ᠵᠢᠠᠷ ᠰᠤᠨᠤᠰᠬᠤ》 ᠠᠷᠭ᠎ᠠ ᠬᠡᠯᠪᠡᠷᠢ ᠪᠡᠷ ᠭᠠᠷᠳᠠᠴᠠ ᠪᠣᠯᠭᠠᠵᠤ᠂ ᠠᠵᠢᠯ᠎ᠤᠨ ᠰᠤᠷᠲᠠᠯ᠎ᠢᠶᠠᠨ ᠬᠤᠪᠢᠷᠠᠭᠤᠯᠵᠤ᠂ ᠦᠢᠯᠡᠴᠢᠯᠡᠭᠡ᠎ᠪᠡᠨ ᠱᠢᠯᠢᠳᠡᠭ᠌ᠵᠢᠭᠦᠯᠦᠨ᠂ ᠤᠯᠠᠨ ᠲᠦᠮᠡᠨ᠎ᠦ ᠬᠦᠷᠳᠡᠮᠵᠢ᠎ᠶ᠋ᠢᠨ ᠲᠦᠷᠦᠭ᠌ᠳᠡᠯ᠂ ᠵᠤᠯ ᠵᠢᠷᠭᠠᠯ᠎ᠤᠨ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠨᠡᠩ ᠭᠦᠢᠴᠡᠳ᠂ ᠨᠡᠩ ᠪᠠᠲᠤᠯᠠᠭ᠎ᠠ᠎ᠲᠠᠶ᠂ ᠨᠡᠩ ᠦᠷᠭᠦᠯᠵᠢᠯᠡᠬᠦ ᠪᠣᠯᠭᠠᠵᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠨ ᠤᠷᠤᠭᠰᠢᠯᠠᠬᠤ》 ᠢᠲᠡᠭᠡᠯ ᠵᠣᠷᠢᠭ᠎ᠢ ᠨᠡᠩ ᠪᠠᠲᠤ ᠴᠢᠩᠭ᠎ᠠ ᠪᠣᠯᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号