9 ᠰᠠᠷ᠎ᠠ᠎ᠶ᠋ᠢᠨ 15 ᠤ᠋ ᠡᠳᠦᠷ᠂《ᠰᠦᠯᠵᠢᠶᠡᠨ᠎ᠦ ᠠᠮᠤᠷ ᠲᠦᠪᠱᠢᠨ ᠠᠷᠠᠳ ᠲᠦᠮᠡᠨ᠎ᠦ ᠲᠥᠯᠥᠭᠡ᠂ ᠰᠦᠯᠵᠢᠶᠡᠨ ᠦ ᠠᠮᠤᠷ ᠲᠦᠪᠱᠢᠨ ᠠᠷᠠᠳ ᠲᠦᠮᠡᠨ᠎ᠳᠦ ᠲᠦᠱᠢᠭ᠌ᠯᠡᠨ᠎ᠡ》ᠭᠡᠬᠦ᠌ ᠭᠣᠣᠯ ᠰᠡᠳᠦᠪᠲᠦ ᠤᠬᠠᠭᠤᠯᠭ᠎ᠠ ᠬᠥᠮᠦᠵᠢᠯ ᠦᠨ ᠠᠵᠢᠯᠯᠠᠭ᠎ᠠ ᠴᠡᠭᠡ ᠪᠣᠭᠣᠮᠲᠠ᠎ᠳᠤ ᠶᠠᠪᠤᠭ᠍ᠳᠠᠪᠠ᠃ ᠴᠡᠬᠡ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠥᠷᠲᠡᠭᠡ᠎ᠶ᠋ᠢᠨ ᠠᠷᠠᠳ᠎ᠤᠨ ᠴᠠᠭ᠍ᠳᠠᠭ᠎ᠠ ᠬᠡᠷᠡᠭ᠎ᠦᠨ ᠵᠢᠱ᠌ᠢᠶ᠎ᠡ᠎ᠶ᠋ᠢᠨ ᠲᠠᠢᠯᠤᠮᠵᠢ ᠬᠢᠬᠦ᠌᠂ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭᠠᠬᠤ᠂ ᠲᠤᠬᠠᠶ᠎ᠶ᠋ᠢᠨ ᠲᠠᠯᠠᠪᠠᠢ ᠳ᠋ᠤ ᠵᠦᠪᠯᠡᠯᠭᠡ ᠦᠭᠭᠦ ᠵᠡᠷᠭᠡ ᠠᠷᠭ᠎ᠠ ᠮᠠᠶᠢᠭ᠎ᠢᠶᠠᠷ ᠳᠡᠮᠵᠢᠨ᠂ ᠬᠢᠯᠢ᠎ᠪᠡᠷ ᠣᠷᠣᠵᠤ ᠭᠠᠷᠬᠤ ᠠᠶᠠᠨᠴᠢᠳ ᠪᠣᠯᠤᠨ ᠪᠣᠭᠣᠮᠲᠠ᠎ᠶ᠋ᠢᠨ ᠠᠵᠢᠯᠯᠠᠭ᠍ᠰᠠᠳ ᠲᠤ ᠰᠦᠯᠵᠢᠶᠡᠨ ᠦ ᠠᠮᠤᠷ ᠲᠦᠪᠱᠢᠨ ᠦ ᠮᠡᠳᠡᠯᠭᠡ᠎ᠶ᠋ᠢ ᠲᠦᠭᠡᠮᠡᠯᠵᠢᠭᠦᠯᠪᠡ᠃
ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠴᠡᠬᠡ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠦᠷᠳᠡᠭᠡ ᠠᠷᠠᠳ᠎ᠤᠨ ᠴᠠᠭ᠍ᠳᠠᠭ᠎ᠠ᠎ᠶ᠋ᠢ ᠵᠣᠬᠢᠶᠠᠨ ᠪᠠᠢᠭᠤᠯᠤᠨ ᠪᠣᠭᠣᠮᠲᠠ᠎ᠶ᠋ᠢᠨ ᠬᠠᠮᠲᠤᠷᠠᠨ ᠪᠠᠢᠴᠠᠭᠠᠬᠤ ᠶᠡᠬᠡ ᠲᠢᠩᠬᠢᠮ᠂ ᠭᠠᠢᠯᠢ ᠬᠡᠯᠳᠤᠷᠢᠬᠦᠯᠬᠦ᠌ ᠬᠤᠳᠠᠯᠳᠤᠭᠠᠨ ᠤ ᠲᠠᠯᠠᠪᠠᠢ᠂ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ ᠵᠡᠷᠭᠡ ᠬᠥᠮᠦᠨ ᠬᠠᠷ᠎ᠠ ᠲᠥᠪᠯᠡᠷᠡᠭ᠌ᠰᠡᠨ ᠣᠷᠣᠨ ᠪᠦᠰᠡ᠎ᠳᠦ ᠭᠦᠨᠵᠡᠭᠡᠢᠷᠡᠵᠦ᠍᠂ ᠤᠯᠠᠨ ᠶᠠᠩᠵᠤ ᠬᠡᠯᠪᠡᠷᠢ᠎ᠶ᠋ᠢᠨ᠂ ᠤᠯᠠᠨ ᠲᠦᠮᠡᠨ᠎ᠲᠡᠶ ᠤᠢ᠍ᠢᠷᠠᠳᠤᠭ᠍ᠰᠠᠨ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠪᠡ᠃ ᠠᠷᠠᠳ᠎ᠤᠨ ᠴᠠᠭ᠍ᠳᠠᠭ᠎ᠠ ᠣᠢᠷ᠎ᠠ᠎ᠶ᠋ᠢᠨ ᠬᠤᠭᠤᠴᠠᠭᠠᠨ᠎ᠳᠤ ᠣᠯᠠᠨ ᠡᠭᠦᠰᠴᠦ ᠪᠠᠢᠭ᠎ᠠ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠂ ᠨᠠᠰᠤᠵᠢᠯ᠎ᠤᠨ ᠠᠰᠠᠷᠠᠮᠵᠢ᠎ᠶ᠋ᠢᠨ ᠮᠡᠬᠡᠯᠡᠯ᠎ᠦᠨ ᠨᠡᠢᠲᠡᠯᠢᠭ ᠬᠡᠷᠡᠭ᠎ᠦᠨ ᠵᠢᠱ᠌ᠢᠶ᠎ᠡ᠎ᠲᠡᠶ ᠤᠶᠠᠯᠳᠤᠭᠤᠯᠤᠨ᠂ ᠮᠡᠬᠡᠯᠡᠯ᠎ᠦᠨ ᠠᠷᠭ᠎ᠠ ᠮᠡᠬᠡ ᠶ᠋ᠢ ᠲᠥᠬᠥᠮ ᠣᠢᠯᠠᠭᠠᠮᠵᠢᠲᠠᠶ ᠦᠭᠡ ᠬᠡᠯᠡ᠎ᠪᠡᠷ ᠵᠠᠳᠠᠯᠤᠨ ᠱᠢᠨᠵᠢᠯᠡᠵᠦ᠍᠂ ᠣᠯᠠᠨ ᠲᠦᠮᠡᠨ ᠳ᠋ᠤ 《ᠬᠤᠳᠠᠯ ᠬᠠᠭᠤᠷᠮᠠᠭ᠎ᠢᠶᠠᠷ ᠪᠠᠯᠠ ᠣᠷᠣᠭᠤᠯᠤᠨ ᠡᠳ᠋ ᠦᠨ ᠶᠠᠪᠤᠳᠠᠯ᠎ᠢ ᠬᠠᠮᠢᠶᠠᠷᠬᠤ》 ᠵᠡᠷᠭᠡ ᠮᠡᠬᠡᠯᠡᠯ᠎ᠢ ᠭᠤᠤᠯᠳᠠᠯᠭ᠎ᠠ᠎ᠲᠠᠶ ᠰᠡᠷᠡᠮᠵᠢᠯᠡᠭᠦᠯᠵᠦ᠍᠂《ᠠᠮᠠᠷᠬᠠᠨ ᠢᠲᠡᠭᠡᠬᠦ᠌ ᠥᠬᠡᠶ᠂ ᠵᠠᠳᠠᠷᠠᠭᠤᠯᠬᠤ ᠥᠬᠡᠶ᠂ ᠲᠠᠩᠰᠠ ᠱᠢᠯᠵᠢᠭᠦᠯᠬᠦ᠌ ᠥᠬᠡᠶ》 ᠪᠠᠢᠬᠤ᠎ᠶ᠋ᠢ ᠦᠨᠡᠨ ᠬᠦ᠌ ᠪᠡᠶᠡᠯᠡᠭᠦᠯᠪᠡ᠃
ᠴᠡᠬᠡ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠥᠷᠲᠡᠭᠡ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠢᠯᠡᠷᠬᠡᠢᠯᠡᠬᠦ᠌᠎ᠳᠡᠭᠡᠨ᠂ ᠬᠤᠢᠰᠢᠳᠠ ᠪᠠᠢᠴᠠᠭᠠᠬᠤ ᠥᠷᠲᠡᠭᠡ ᠨᠢ ᠰᠦᠯᠵᠢᠶᠡᠨ᠎ᠦ ᠠᠮᠤᠷ ᠲᠦᠪᠱᠢᠨ ᠦ ᠤᠬᠠᠭᠤᠯᠭ᠎ᠠ᠎ᠶ᠋ᠢ ᠪᠠᠢᠩᠭᠤᠵᠢᠭᠤᠯᠤᠨ ᠦᠷᠨᠢᠬᠦᠯᠵᠦ᠂ 《ᠪᠥᠬᠥ᠌ ᠠᠷᠠᠳ ᠢᠶᠠᠷ ᠢᠶᠠᠨ ᠮᠡᠳᠡᠬᠦ᠌᠂ ᠪᠥᠬᠥ᠌ ᠠᠷᠠᠳ᠎ᠢᠶᠠᠷ᠎ᠢᠶᠠᠨ ᠣᠷᠣᠯᠴᠠᠬᠤ᠂ ᠪᠥᠬᠥ᠌ ᠠᠷᠠᠳ᠎ᠢᠶᠠᠷ᠎ᠢᠶᠠᠨ ᠰᠡᠷᠭᠡᠢᠯᠡᠬᠦ》 ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠬᠤ᠎ᠶ᠋ᠢ ᠠᠬᠢᠭᠤᠯᠵᠤ᠂ ᠪᠣᠭᠣᠮᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠪᠠᠲᠤᠯᠠᠭ᠎ᠠ ᠬᠠᠩᠭᠠᠨ᠎ᠠ ᠭᠡᠵᠡᠶ᠃