ᠵᠢᠷᠭᠤᠭᠠᠨ ᠮᠤᠵᠢ ᠣᠷᠣᠨ᠎ᠤ ᠬᠠᠮᠲᠤᠷᠠᠨ ᠦᠷᠨᠢᠬᠦᠯᠦᠭᠰᠡᠨ ᠠᠵᠢᠯᠲᠠᠨ ᠡᠯᠰᠡᠬᠦ ᠠᠵᠢᠯᠯᠠᠭ᠎ᠠ 2.9 ᠲᠦᠮᠡ ᠭᠠᠷᠤᠢ ᠠᠵᠢᠯ ᠤ᠋ᠨ ᠪᠠᠢᠷᠢ ᠬᠠᠩᠭᠠᠪᠠ
2025-09-23 10:38:38
ᠵᠣᠬᠢᠶᠠᠭ᠍ᠴᠢ᠄
​ ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ  ᠵᠠᠯᠠᠭᠤᠴᠤᠳ ᠤ᠋ᠨ ᠠᠵᠢᠯ ᠣᠯᠭᠣᠯᠲᠠ ᠵᠢ ᠠᠬᠢᠭᠤᠯᠬᠤ ᠠᠵᠢᠯ ᠤ᠋ᠨ ᠲᠤᠬᠠᠢ ᠨᠠᠮ ᠤ᠋ᠨ ᠲᠥᠪ ᠬᠣᠷᠢᠶ᠎ᠠ᠂ ᠲᠥᠷᠥ ᠵᠢᠨ ᠶᠠᠪᠤᠳᠠᠯ ᠤ᠋ᠨ ᠬᠣᠷᠢᠶᠠᠨ ᠤ᠋ ᠰᠢᠢᠳᠪᠦᠷᠢᠲᠦ ᠪᠣᠳᠣᠯᠭ᠎ᠠ ᠵᠢᠨ ᠪᠠᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠵᠤ᠂ ᠣᠷᠣᠨ ᠪᠦᠰᠡ ᠵᠢᠨ ᠬᠠᠮᠲᠤᠷᠠᠯᠴᠠᠭ᠎ᠠ ᠰᠣᠯᠢᠯᠴᠠᠭ᠎ᠠ ᠵᠢ ᠴᠢᠩᠭᠠᠳᠬᠠᠬᠤ ᠵᠢᠨ ᠲᠥᠯᠥᠭᠡ᠂ 9 ᠰᠠᠷ᠎ᠠ ᠵᠢᠨ 13 — 14 ᠤ᠋ ᠡᠳᠦᠷ ᠪᠣᠯᠲᠠᠯ᠎ᠠ᠂ 《ᠠᠵᠢᠯ ᠤᠯᠭᠤᠯᠳᠠ ᠪᠡᠷ ᠢᠷᠡᠭᠡᠳᠦᠢ ᠵᠢ ᠬᠦᠳᠦᠯᠦᠶ᠎ᠡ ︱2025 ᠣᠨ ᠤ᠋ ᠪᠥᠬᠥ ᠤᠯᠤᠰ ᠤ᠋ᠨ ᠬᠣᠲᠠ ᠬᠠᠮᠲᠤᠷᠠᠨ ᠦᠷᠨᠢᠬᠦᠯᠦᠭᠰᠡᠨ ᠠᠵᠢᠯᠳᠠᠨ ᠡᠯᠰᠡᠬᠦ ᠪᠠᠷᠠᠭᠤᠨ ᠬᠣᠢᠲᠤ ᠣᠷᠣᠨ ᠤ᠋ ᠲᠤᠰᠬᠠᠢ ᠲᠠᠯᠠᠪᠠᠢ ᠠᠵᠢᠯᠯᠠᠭ᠎ᠠ》 ᠣᠷᠳᠣᠰ ᠬᠣᠲᠠ ᠵᠢᠨ ᠣᠯᠠᠨ ᠤᠯᠤᠰ ᠤ᠋ᠨ ᠬᠤᠷᠠᠯ ᠦᠵᠡᠰᠬᠦᠯᠡᠩ ᠤ᠋ᠨ ᠲᠥᠪ ᠲᠤ᠌ ᠶᠠᠪᠤᠭᠳᠠᠵᠠᠢ᠃

ᠲᠣᠰ ᠠᠵᠢᠯᠯᠠᠭ᠎ᠠ ᠵᠢ ᠬᠥᠮᠥᠨ ᠤ᠋ ᠬᠦᠴᠦᠨ ᠤ᠋ ᠡᠬᠢ ᠪᠠᠶᠠᠯᠢᠭ᠋ ᠪᠠ ᠨᠡᠢᠭᠡᠮ ᠤ᠋ᠨ ᠪᠠᠲᠤᠯᠠᠭ᠎ᠠ ᠵᠢᠨ ᠶᠠᠮᠤᠨ ᠤ᠋ ᠪᠥᠬᠥ ᠤᠯᠤᠰ ᠤ᠋ᠨ ᠴᠢᠳᠠᠪᠤᠷᠢᠲᠠᠨ ᠤ᠋ ᠤᠷᠤᠰᠬᠠᠯ ᠤ᠋ᠨ ᠲᠥᠪ᠂ ᠥᠪᠡᠷᠲᠡᠭᠡᠨ ᠵᠠᠰᠠᠬᠤ ᠣᠷᠣᠨ ᠤ᠋ ᠬᠥᠮᠥᠨ ᠤ᠋ ᠬᠦᠴᠦᠨ ᠤ᠋ ᠡᠬᠢ ᠪᠠᠶᠠᠯᠢᠭ᠋ ᠪᠠ ᠨᠡᠢᠭᠡᠮ ᠤ᠋ᠨ ᠪᠠᠲᠤᠯᠠᠭ᠎ᠠ ᠵᠢᠨ ᠲᠢᠩᠬᠢᠮ᠂ ᠣᠷᠳᠣᠰ ᠬᠣᠲᠠ ᠵᠢᠨ ᠵᠠᠰᠠᠭ ᠤ᠋ᠨ ᠣᠷᠳᠣᠨ ᠵᠡᠷᠭᠡ  ᠪᠠᠢᠭᠤᠯᠭ᠎ᠠ ᠨᠢᠬᠡᠴᠢ ᠡᠴᠨ ᠬᠠᠮᠲᠤᠷᠠᠨ ᠡᠷᠭᠢᠯᠡᠵᠦ᠂ ᠱᠠᠨᠰᠢ᠂ ᠭᠠᠨᠰᠤ᠂ ᠬᠥᠬᠡᠨᠠᠭᠤᠷ᠂ ᠨᠢᠩᠰᠢᠶᠠ᠂ ᠰᠢᠨᠵᠢᠶᠠᠩ ᠵᠡᠷᠭᠡ ᠪᠠᠷᠠᠭᠤᠨ ᠬᠣᠢᠲᠤ ᠵᠢᠨ 5 ᠮᠤᠵᠢ ᠣᠷᠣᠨ ᠤ᠋ ᠬᠥᠮᠥᠨ ᠤ᠋ ᠬᠦᠴᠦᠨ ᠤ᠋ ᠡᠬᠢ ᠪᠠᠶᠠᠯᠢᠭ᠋ ᠪᠠ ᠨᠡᠢᠭᠡᠮ ᠤ᠋ᠨ ᠪᠠᠲᠤᠯᠠᠭ᠎ᠠ ᠵᠢᠨ ᠲᠢᠩᠬᠢᠮ ᠬᠠᠮᠵᠢᠯᠴᠠᠨ ᠡᠷᠭᠢᠯᠡᠪᠡ᠃

《ᠠᠵᠢᠯ ᠤᠯᠭᠤᠯᠳᠠ ᠪᠡᠷ ᠢᠷᠡᠭᠡᠳᠦᠢ ᠵᠢ ᠬᠦᠳᠦᠯᠵᠦ ᠂ ᠤᠮᠠᠷᠠᠲᠤ ᠬᠢᠯᠢ ᠳ᠋ᠤ ᠦᠨᠳᠦᠰᠦᠯᠡᠶ᠎ᠡ》 ᠭᠡᠬᠦ ᠭᠣᠣᠯ ᠰᠡᠳᠦᠪᠲᠤ ᠲᠤᠰ ᠠᠵᠢᠯᠯᠠᠭ᠎ᠠ  ᠨᠢ ᠪᠠᠷᠠᠭᠤᠨ ᠬᠣᠢᠲᠤ ᠣᠷᠣᠨ ᠤ᠋ ᠶᠡᠬᠡ ᠳᠡᠭᠡᠳᠦ ᠰᠤᠷᠭᠠᠭᠤᠯᠢ ᠡᠴᠨ ᠲᠡᠭᠦᠰᠦᠭᠰᠡᠨ ᠰᠤᠷᠤᠭ᠍ᠴᠢ᠂ ᠬᠥᠯᠥᠰᠦᠨ ᠠᠵᠢᠯᠴᠢᠨ᠂ ᠠᠵᠢᠯ ᠠᠯᠳᠠᠭᠰᠠᠳ᠂ ᠴᠡᠷᠢᠭ ᠤ᠋ᠨ ᠠᠯᠪᠠ ᠡᠴᠡ ᠬᠠᠯᠠᠭᠳᠠᠭᠰᠠᠳ ᠵᠡᠷᠭᠡ ᠭᠣᠣᠯᠳᠠᠯᠭ᠎ᠠ ᠲᠠᠢ ᠤᠯᠠᠨ ᠳᠦᠮᠡᠨ ᠳ᠋ᠤ ᠬᠠᠨᠳᠤᠭᠤᠯᠤᠨ᠂ 6 ᠮᠤᠵᠢ ᠣᠷᠣᠨ ᠬᠣᠯᠪᠤᠭᠠᠯᠠᠨ ᠬᠥᠳᠡᠯᠦᠯᠴᠡᠬᠦ ᠪᠡᠷ ᠳᠠᠮᠵᠢᠭᠤᠯᠵᠤ᠂ ᠥᠨᠳᠥᠷ ᠪᠦᠲᠦᠮᠵᠢᠲᠡᠢ᠂ ᠤᠨᠢᠨ ᠳᠡᠭᠡᠷ᠎ᠡ ᠨᠢ ᠬᠦᠴᠦᠯᠡᠬᠦ᠂ ᠤᠯᠠᠨ ᠡᠰᠢᠴᠢᠯᠡᠭᠰᠡᠨ ᠠᠵᠢᠯ ᠣᠯᠭᠣᠯᠲᠠ ᠵᠢᠨ ᠦᠢᠯᠡᠴᠢᠯᠡᠭᠡᠨ ᠤ᠋ ᠲᠠᠪᠴᠠᠩ ᠢ᠋ ᠬᠠᠮᠲᠤ ᠪᠠᠷ ᠪᠠᠶ᠋ᠢᠭᠤᠯᠵᠠᠢ᠃ ᠠᠵᠢᠯᠲᠠᠨ ᠡᠯᠰᠡᠬᠦ ᠠᠵᠢᠯ ᠢ᠋ ᠰᠦᠯᠵᠢᠶᠡᠨ ᠳᠡᠭᠡᠷ᠎ᠡ ᠪᠠ ᠳᠤᠬᠠᠢ ᠶ᠋ᠢᠨ ᠳᠠᠯᠠᠪᠠᠢ ᠳ᠋ᠤ ᠵᠡᠷᠭᠡ ᠪᠡᠷ ᠶᠠᠪᠤᠭᠳᠠᠭᠤᠯᠵᠤ᠂ ᠨᠡᠶ᠋ᠢᠲᠡ 573 ᠬᠥᠮᠥᠨ ᠬᠡᠷᠡᠭᠯᠡᠬᠦ  ᠪᠠᠢᠭᠤᠯᠭ᠎ᠠ ᠤᠷᠤᠯᠴᠠᠨ᠂ 29054 ᠠᠵᠢᠯ ᠤ᠋ᠨ ᠪᠠᠢᠷᠢ ᠬᠠᠩᠭᠠᠪᠠ᠂ ᠡᠭᠦᠨ ᠳ᠋ᠤ ᠳᠤᠬᠠᠢ ᠶ᠋ᠢᠨ ᠳᠠᠯᠠᠪᠠᠢ ᠶ᠋ᠢᠨ ᠠᠵᠢᠯᠯᠠᠭ᠎ᠠ ᠳ᠋ᠤ ᠣᠷᠣᠯᠴᠠᠭᠰᠠᠨ ᠠᠵᠤ ᠠᠬᠤᠢᠯᠠᠯ 201 ᠪᠠᠢᠵᠤ᠂ 6332 ᠠᠵᠢᠯ ᠤ᠋ᠨ ᠪᠠᠢᠷᠢ ᠬᠠᠩᠭᠠᠵᠠᠢ᠃ ᠲᠤᠬᠠᠢ ᠵᠢᠨ ᠲᠠᠯᠠᠪᠠᠢ᠎ᠳᠤ ᠪᠠᠰᠠ ᠲᠥᠷᠥ ᠵᠢᠨ ᠪᠣᠳᠣᠯᠭ᠎ᠠ ᠵᠢᠨ ᠦᠢᠯᠡᠴᠢᠯᠡᠭᠡ᠂ ᠶᠡᠷᠦᠩᠬᠡᠢᠯᠡᠭᠰᠡᠨ ᠠᠵᠢᠯᠲᠠᠨ ᠡᠯᠰᠡᠬᠦ ᠲᠤᠰᠬᠠᠢ ᠳᠤᠭᠤᠷᠢᠭ᠂ ᠲᠣᠭᠠᠴᠢᠯᠠᠭᠰᠠᠨ ᠠᠵᠢᠯ ᠣᠯᠭᠣᠯᠲᠠ ᠵᠢᠨ ᠲᠤᠰᠬᠠᠢ ᠳᠤᠭᠤᠷᠢᠭ᠂ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ ᠤ᠋ᠨ ᠦᠢᠯᠡᠴᠢᠯᠡᠭᠡᠨ ᠤ᠋ ᠲᠤᠰᠬᠠᠢ ᠳᠤᠭᠤᠷᠢᠭ᠂ ᠠᠵᠢᠯ ᠮᠡᠷᠭᠡᠵᠢᠯ ᠤ᠋ᠨ ᠪᠡᠶᠡᠴᠢᠯᠡᠨ ᠣᠢᠯᠠᠭᠠᠬᠤ ᠲᠤᠰᠬᠠᠢ ᠳᠤᠭᠤᠷᠢᠭ᠂ ᠭᠣᠣᠯᠳᠠᠯᠭ᠎ᠠ ᠲᠠᠢ ᠠᠵᠤ ᠠᠬᠤᠢᠯᠠᠯ ᠤ᠋ᠨ ᠠᠵᠢᠯᠲᠠᠨ ᠡᠯᠰᠡᠬᠦ ᠲᠤᠰᠬᠠᠢ ᠳᠤᠭᠤᠷᠢᠭ ᠵᠡᠷᠭᠡ 6 ᠴᠢᠳᠠᠮᠵᠢ ᠵᠢᠨ ᠳᠤᠭᠤᠷᠢᠭ ᠭᠠᠷᠭᠠᠨ᠂ ᠣᠯᠠᠨ ᠬᠡᠯᠪᠡᠷᠢ ᠵᠢᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ᠂ ᠤᠷᠤᠨ ᠪᠦᠰᠡ ᠵᠢᠨ ᠠᠵᠤ ᠠᠬᠤᠢᠯᠠᠯ ᠤ᠋ᠨ ᠠᠵᠢᠯᠲᠠᠨ ᠡᠯᠰᠡᠬᠦ᠂ ᠪᠥᠬᠥ ᠶᠠᠪᠤᠴᠠ ᠵᠢᠨ ᠪᠣᠯᠪᠠᠰᠤᠷᠠᠯ ᠤ᠋ᠨ ᠲᠠᠢᠯᠤᠮᠵᠢ᠂ ᠰᠣᠳᠣᠨ ᠠᠵᠢᠯ ᠮᠡᠷᠭᠡᠵᠢᠯ ᠤ᠋ᠨ ᠵᠢᠯᠣᠭᠣᠳᠤᠯᠭ᠎ᠠ ᠬᠢᠬᠦ ᠪᠡᠷ ᠳᠠᠮᠵᠢᠭᠤᠯᠤᠨ᠂ ᠮᠤᠵᠢ ᠤᠷᠤᠨ ᠤ᠋ ᠬᠣᠭᠣᠷᠣᠨᠳᠣᠬᠢ ᠠᠵᠢᠯ ᠣᠯᠭᠤᠬᠤ ᠠᠵᠢᠯ  ᠡᠷᠢᠬᠦ  ᠠᠵᠢᠯᠲᠠᠨ ᠡᠯᠰᠡᠬᠦ ᠠᠷᠭ᠎ᠠ ᠵᠠᠮ ᠢ᠋ ᠨᠡᠪᠲᠡᠷᠡᠭᠦᠯᠵᠠᠢ᠃

ᠠᠵᠢᠯᠯᠠᠭ᠎ᠠ ᠵᠢᠨ ᠬᠤᠭᠤᠴᠠᠭᠠᠨ ᠳ᠋ᠤ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠤ᠋ᠨ ᠠᠵᠢᠯ ᠣᠯᠭᠣᠯᠲᠠ ᠵᠢᠨ ᠵᠢᠯᠤᠭᠣᠳᠬᠤ ᠲᠠᠢᠯᠤᠮᠵᠢ ᠵᠢ ᠵᠡᠷᠭᠡ ᠪᠡᠷ ᠥᠷᠨᠢᠭᠦᠯᠵᠦ᠂ ᠤᠯᠤᠰ ᠤ᠋ᠨ ᠠᠵᠢᠯ ᠮᠡᠷᠭᠡᠵᠢᠯ ᠤ᠋ᠨ ᠵᠢᠯᠣᠭᠣᠳᠤᠭ᠍ᠴᠢ᠂ ᠰᠢ ᠠᠨ ᠤ᠋ ᠵᠠᠮ ᠬᠠᠷᠢᠯᠴᠠᠭᠠᠨ ᠤ᠋ ᠶᠡᠬᠡ ᠰᠤᠷᠭᠠᠭᠤᠯᠢ ᠵᠢᠨ ᠫᠷᠤᠹᠸᠰᠰᠤᠷ ᠳ᠋ᠦᠩ ᠶᠠᠨ ᠯᠢᠨ ᠢ᠋ ᠤᠷᠢᠵᠤ ᠣᠷᠳᠣᠰ ᠤ᠋ᠨ ᠬᠡᠷᠡᠭᠯᠡᠭᠡᠨ ᠤ᠋ ᠮᠡᠷᠭᠡᠵᠢᠯ ᠤ᠋ᠨ ᠳᠡᠭᠡᠳᠦ ᠰᠤᠷᠭᠠᠭᠤᠯᠢ ᠳ᠋ᠤ ᠪᠤᠯᠪᠠᠰᠤᠷᠠᠯ ᠦᠷᠨᠢᠬᠦᠯᠦᠨ᠂ ᠰᠤᠷᠤᠭ᠍ᠴᠢᠳ ᠢ᠋ ᠬᠠᠪᠰᠤᠷᠤᠨ ᠠᠵᠢᠯ ᠮᠡᠷᠭᠡᠵᠢᠯ ᠤ᠋ᠨ ᠴᠢᠭᠯᠡᠯ ᠢ᠋ ᠨᠢ ᠲᠣᠳᠣᠷᠬᠠᠢ ᠪᠣᠯᠭᠠᠵᠤ᠂ ᠠᠵᠢᠯ ᠣᠯᠬᠤ ᠴᠢᠳᠠᠪᠤᠷᠢ ᠵᠢ ᠨᠢ ᠳᠡᠭᠡᠭᠰᠢᠯᠡᠭᠦᠯᠪᠡ᠃ ᠲᠤᠰ ᠠᠵᠢᠯᠯᠠᠭ᠎ᠠ ᠵᠢᠨ ᠪᠦᠬᠦ ᠶᠠᠪᠤᠴᠠ ᠵᠢ ᠪᠧᠨ ᠲᠧᠩ ᠬᠠᠮ ᠵᠠᠭᠤᠴᠢᠯᠠᠭᠤᠷ᠂ ᠠᠵᠢᠯ ᠣᠯᠭᠣᠯᠲᠠ ᠥᠪᠥᠷ ᠮᠣᠩᠭᠣᠯ᠂ ᠴᠤᠤᠷᠢᠶ᠎ᠠ ᠵᠡᠷᠭᠡ ᠤᠯᠠᠨ ᠲᠠᠪᠴᠠᠩ ᠶ᠋ᠢᠡᠷ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠪᠡᠷ ᠳᠠᠮᠵᠢᠭᠤᠯᠵᠤ᠂ ᠶᠡᠬᠡ ᠬᠡᠮᠵᠢᠶᠡᠨ ᠤ᠋ ᠶᠡᠬᠡ ᠳᠡᠭᠡᠳᠦ ᠰᠤᠷᠭᠠᠭᠤᠯᠢ ᠵᠢᠨ ᠰᠤᠷᠤᠭ᠍ᠴᠢᠳ ᠢ᠋ ᠰᠦᠯᠵᠢᠶᠡᠨ ᠳᠡᠭᠡᠷ᠎ᠡ ᠣᠷᠣᠯᠴᠠᠭᠤᠯᠤᠨ᠂ ᠰᠦᠯᠵᠢᠶᠡᠨ ᠳᠡᠭᠡᠷᠡᠬᠢ ᠦᠵᠡᠭᠴᠢᠳ ᠤ᠋ᠨ ᠲᠣᠭ᠎ᠠ 28.9 ᠲᠦᠮᠡ ᠵᠢ ᠳᠠᠪᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号