ᠭᠠᠷ ᠬᠤᠯᠪᠤᠯᠴᠠᠨ ᠨᠡᠢᠲᠡ᠎ᠶ᠋ᠢᠨ ᠠᠰᠠᠷᠠᠮᠵᠢ᠎ᠶᠢᠨ ᠠᠵᠢᠯᠯᠠᠭ᠎ᠠ ᠦᠷᠨᠢᠬᠦᠯᠦᠨ ᠵᠡᠮᠳᠡᠭ᠌ᠴᠦᠳ᠎ᠢ ᠬᠠᠯᠠᠮᠵᠢᠯᠠᠨ ᠬᠠᠢᠷᠠᠯᠠᠨ᠎ᠠ
2025-09-23 10:56:32
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠬᠥᠬᠡᠬᠣᠲᠠ᠎ᠶ᠋ᠢᠨ ᠵᠡᠮᠳᠡᠭ᠌ᠴᠦᠳ᠎ᠦᠨ ᠠᠰᠠᠷᠠᠮᠵᠢ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ ᠡᠴᠡ ᠢᠥᠢᠴᠢᠥᠸᠠᠠ ᠲᠤᠭᠤᠷᠢᠭ ᠎ᠤᠨ ᠳᠠ ᠵᠤᠤ ᠠᠭᠤᠳᠠᠮ ᠲᠠᠯᠠᠪᠠᠶ᠎ᠳᠤ《ᠵᠡᠮᠳᠡᠭ᠌ᠴᠦᠳ᠎ᠢ ᠬᠠᠯᠠᠮᠵᠢᠯᠠᠨ ᠬᠠᠢᠷᠠᠯᠠᠵᠤ᠂ ᠭᠠᠷ ᠬᠤᠯᠪᠤᠯᠴᠠᠨ ᠨᠡᠢᠲᠡ᠎ᠶ᠋ᠢᠨ ᠠᠰᠠᠷᠠᠮᠵᠢ᠎ᠶᠢᠨ ᠠᠵᠢᠯᠯᠠᠭ᠎ᠠ ᠦᠷᠨᠢᠬᠦᠯᠬᠦ》 ᠭᠤᠤᠯ ᠰᠡᠳᠦᠪᠲᠦ ᠤᠬᠠᠭᠤᠯᠭ᠎ᠠ᠎ᠶ᠋ᠢᠨ ᠠᠵᠢᠯᠯᠠᠭ᠎ᠠ ᠡᠷᠭᠢᠯᠡᠪᠡ᠃ 

ᠬᠠᠨᠳᠢᠪᠯᠠᠨ ᠬᠦᠷᠭᠡᠬᠦ᠌ ᠭᠣᠭ᠍ᠴᠣᠭ᠎ᠠ ᠎ᠳᠤ᠂ ᠣᠯᠠᠨ ᠬᠠᠯᠠᠭᠤᠨ ᠰᠡᠳᠭᠢᠯᠲᠦ ᠠᠵᠤ ᠠᠬᠤᠢᠯᠠᠯᠳᠠᠨ᠎ᠤ ᠬᠠᠨᠳᠢᠪᠯᠠᠭ᠍ᠰᠠᠨ ᠵᠣᠭᠣᠰ ᠮᠥᠩᠭᠥ᠌ ᠡᠳ᠋ ᠪᠣᠳᠠᠰ ᠎ᠤᠨ ᠦᠷᠳᠡᠭ ᠨᠡᠢᠲᠡ 122.37 ᠲᠦᠮᠡᠨ ᠲᠥᠭᠥᠷᠢᠭ᠎ᠲᠦ ᠬᠦᠷᠴᠡᠶ᠃ ᠬᠥᠬᠡᠬᠣᠲᠠ᠎ᠶ᠋ᠢᠨ ᠵᠡᠮᠳᠡᠭ᠌ᠴᠦᠳ ᠎ᠦᠨ ᠠᠰᠠᠷᠠᠮᠵᠢ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ᠎ᠡᠴᠡ ᠬᠥᠬᠡᠬᠣᠲᠠ᠎ᠵᠢᠨ ᠬᠣᠱᠢᠭᠤ ᠱᠢᠶᠠᠨ ᠲᠣᠭᠣᠷᠢᠭ᠎ᠤᠨ ᠵᠡᠮᠳᠡᠭ᠌ᠴᠦᠳ᠎ᠦᠨ ᠬᠣᠯᠪᠣᠭ᠎ᠠ᠎ᠳᠤ ᠬᠠᠨᠳᠢᠪᠯᠠᠭ᠍ᠰᠠᠨ ᠡᠳ᠋ ᠪᠣᠳᠠᠰ᠎ᠤᠨ ᠥᠷᠲᠡᠭ 322 ᠭᠠᠷᠤᠶ ᠲᠦᠮᠡᠨ ᠲᠥᠭᠥᠷᠢᠭ᠎ᠲᠦ ᠬᠦᠷᠴᠡᠶ᠃ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠪᠠᠰᠠ ᠬᠠᠢᠷ᠎ᠠ ᠬᠠᠯᠠᠮᠵᠢ ᠬᠦᠷᠭᠡᠬᠦ᠌ ᠠᠯᠪᠠᠨ ᠵᠢᠷᠤᠮ᠎ᠤᠨ ᠡᠮᠴᠢᠯᠡᠭᠡ᠂ ᠵᠡᠮᠳᠡᠭ᠌ᠴᠦᠳ᠎ᠦᠨ ᠭᠠᠷ ᠤᠷᠠᠯᠠᠯ᠎ᠤᠨ ᠪᠦᠲᠦᠭᠡᠭ᠌ᠳᠡᠬᠦᠨ᠎ᠤ ᠬᠤᠳᠠᠯᠳᠤᠭ᠎ᠠ᠂ ᠬᠠᠤᠯᠢ ᠴᠠᠭᠠᠵᠠ᠎ᠶ᠋ᠢᠨ ᠯᠠᠪᠯᠠᠭ᠎ᠠ᠂ ᠵᠡᠮᠳᠡᠭ᠌ᠴᠦᠳ᠎ᠲᠦ ᠠᠱᠢᠭ ᠬᠦᠷᠲᠡᠭᠡᠵᠦ᠍ ᠵᠡᠮᠳᠡᠭ᠌ᠴᠦᠳ ᠎ᠢ ᠲᠤᠰᠠᠯᠠᠬᠤ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠂ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠴᠢ ᠦᠨᠳᠦᠰᠦᠲᠡᠨ᠎ᠦ ᠠᠵᠢᠯ᠎ᠤᠨ ᠤᠬᠠᠭᠤᠯᠭ᠎ᠠ ᠵᠡᠷᠭᠡ᠎ᠶ᠋ᠢ ᠪᠠᠭ᠍ᠲᠠᠭᠠᠭ᠍ᠰᠠᠨ ᠣᠯᠠᠨ ᠴᠢᠳᠠᠮᠵᠢᠳᠤ ᠲᠤᠭᠤᠷᠢᠭ ᠲᠣᠬᠢᠷᠠᠭᠤᠯᠵᠤ᠂ ᠵᠡᠮᠳᠡᠭ᠌ᠴᠦᠳ᠎ᠲᠦ ᠦᠨᠡᠨ ᠬᠦ᠌ ᠦᠶ᠋ᠯᠡᠴᠢᠯᠡᠭᠡ ᠬᠠᠩᠭᠠᠬᠤ᠎ᠶ᠋ᠢᠨ ᠬᠠᠮᠲᠤ ᠣᠯᠠᠨ ᠨᠡᠢᠲᠡ᠎ᠶ᠋ᠢᠨ ᠵᠡᠮᠳᠡᠭ᠌ᠴᠦᠳ᠎ᠦᠨ ᠦᠶ᠋ᠯᠡᠰ᠎ᠦᠨ ᠲᠤᠬᠠᠶ ᠣᠢᠯᠠᠭᠠᠯᠲᠠ ᠪᠠ ᠠᠩᠬᠠᠷᠤᠯ᠎ᠢ ᠨᠡᠮᠡᠭ᠌ᠳᠡᠭᠦᠯᠪᠡ᠃ 

ᠲᠤᠰ ᠤᠳᠠᠭ᠎ᠠ᠎ᠶ᠋ᠢᠨ《ᠵᠡᠮᠳᠡᠭ᠌ᠴᠦᠳ᠎ᠢ ᠬᠠᠢᠷᠠᠯᠠᠨ ᠬᠠᠯᠠᠮᠵᠢᠯᠠᠵᠦ᠂ ᠭᠠᠷ ᠬᠤᠯᠪᠤᠯᠴᠠᠨ ᠨᠡᠢᠲᠡ᠎ᠶ᠋ᠢᠨ ᠠᠰᠠᠷᠠᠮᠵᠢ ᠵᠢᠨ ᠠᠵᠢᠯᠯᠠᠭ᠎ᠠ ᠦᠷᠨᠢᠬᠦᠯᠬᠦ》 ᠭᠣᠣᠯ ᠰᠡᠳᠦᠪᠲᠦ ᠤᠬᠠᠭᠤᠯᠭ᠎ᠠ᠎ᠶ᠋ᠢᠨ ᠠᠵᠢᠯᠯᠠᠭ᠎ᠠ ᠪᠣᠯ ᠬᠥᠬᠡᠬᠣᠲᠠ᠎ᠶ᠋ᠢᠨ ᠵᠡᠮᠳᠡᠭ᠌ᠴᠦᠳ ᠎ᠢ ᠬᠠᠢᠷᠠᠯᠠᠨ ᠬᠠᠯᠠᠮᠵᠢᠯᠠᠭ᠍ᠰᠠᠨ ᠠᠮᠢᠳᠤᠯᠢᠭ ᠦᠢᠯᠡᠳᠦᠯᠭᠡ ᠪᠤᠯᠤᠨ᠎ᠠ᠃ ᠬᠣᠢᠱᠢᠳᠠ᠂ ᠬᠥᠬᠡᠬᠣᠲᠠ᠎ᠶ᠋ᠢᠨ ᠵᠡᠮᠳᠡᠭ᠌ᠴᠦᠳ᠎ᠦᠨ ᠬᠤᠯᠪᠤᠭ᠎ᠠ᠎ᠨᠢ ᠨᠡᠢᠭᠡᠮ᠎ᠦᠨ ᠬᠠᠢᠷ᠎ᠠ ᠬᠠᠯᠠᠮᠵᠢ᠎ᠶ᠋ᠢᠨ ᠬᠦᠴᠦᠨ᠎ᠢ ᠦᠷᠭᠦᠯᠵᠢᠯᠡᠨ ᠨᠢᠭ᠍ᠲᠠᠷᠠᠭᠤᠯᠵᠤ᠂ ᠥᠷᠭᠡᠨ ᠣᠯᠠᠨ ᠵᠡᠮᠳᠡᠭ᠌ᠴᠦᠳ᠎ᠦᠨ ᠵᠣᠯ ᠵᠢᠷᠭᠠᠯᠲᠤ ᠲᠥᠷᠥᠭ᠌ᠳᠡᠯ᠂ ᠬᠦᠷᠲᠡᠮᠵᠢ᠎ᠶ᠋ᠢᠨ ᠲᠥᠷᠥᠭ᠌ᠳᠡᠯ ᠪᠠ ᠠᠮᠤᠷ ᠲᠦᠪᠱᠢᠨ᠎ᠦ ᠲᠥᠷᠥᠭ᠌ᠳᠡᠯ ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠬᠥᠬᠡᠬᠣᠲᠠ᠎ᠶ᠋ᠢᠨ ᠵᠡᠮᠳᠡᠭ᠌ᠴᠦᠳ᠎ᠦᠨ ᠠᠰᠠᠷᠠᠮᠵᠢ ᠎ᠶ᠋ᠢᠨ ᠦᠶ᠋ᠯᠡᠰ ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠪᠠᠲᠤ ᠪᠠᠬᠢ ᠲᠤᠯᠭᠠᠭᠤᠷᠢᠯᠠᠯ ᠬᠠᠩᠭᠠᠵᠤ᠂ ᠦᠷᠭᠦᠯᠵᠢᠯᠡᠬᠦ᠌ ᠬᠥᠳᠡᠯᠭᠡᠬᠦ᠌ ᠬᠦᠴᠦᠨ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号