ᠰᠤᠶᠤᠯ ᠵᠢᠭᠤᠯᠴᠢᠯᠠᠯ ᠵᠢᠡᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠭᠰᠠᠨ ᠠᠮᠵᠢᠯᠳᠠᠳᠠᠢ ᠦᠢᠯᠡᠳᠦᠯᠭᠡ
2025-09-24 10:59:15
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

《ᠭᠤᠷᠪᠠᠨ ᠵᠦᠢᠯ ᠤ᠋ᠨ ᠲᠦᠯᠤᠪᠯᠡᠬᠡ》 ᠵᠢᠨ ᠤᠯᠤᠰ ᠤ᠋ᠨ ᠲᠤᠷᠰᠢᠯᠲᠠ ᠵᠢᠨ ᠴᠡᠭ ᠤ᠋ᠨ ᠲᠦᠷᠦᠯ ᠵᠦᠢᠯ ᠤ᠋ᠨ ᠦᠢᠯᠡᠲᠤᠯᠬᠡ ᠵᠢᠨ ᠲᠤᠬᠠᠢ ᠠᠵᠢᠭᠯᠠᠯᠲᠠ ②

— ᠮᠤᠨᠢ ᠠᠭᠤᠯᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠯᠭᠠᠰᠤ ᠵᠢ ᠲᠡᠮᠳᠡᠭᠯᠡᠪᠠ


ᠮᠤᠨᠢ ᠠᠭᠤᠯᠠ ᠪᠣᠳᠠᠰ᠎ᠤᠨ ᠪᠤᠰᠤ ᠰᠣᠶᠣᠯ᠎ᠤᠨ ᠥᠪ᠎ᠦᠨ  ᠪᠠᠯᠭᠠᠰᠤ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠶᠤᠤᠮᠠᠢ ᠵᠢᠨ ᠪᠠᠢᠰᠢᠩ ᠪᠠᠯᠭᠠᠰᠤᠨ᠎ᠳᠤ ᠪᠠᠢᠷᠢᠯᠠᠵᠤ᠂ ᠥᠪᠥᠷ ᠮᠣᠩᠭᠣᠯ᠎ᠤᠨ ᠳᠠᠯᠠᠨ ᠬᠠᠷ᠎ᠠ ᠠᠭᠤᠯᠠ᠎ᠶ᠋ᠢᠨ ᠤᠯᠤᠰ᠎ᠤᠨ ᠠᠮᠢ ᠠᠬᠤᠶ᠎ᠶ᠋ᠢᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠂ ᠮᠠᠨ᠎ᠤ ᠣᠷᠣᠨ᠎ᠤ ᠠᠩᠬᠠᠳᠠᠭ᠍ᠴᠢ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ᠂ ᠪᠣᠳᠠᠰ᠎ᠤᠨ ᠪᠤᠰᠤ ᠰᠣᠶᠣᠯ᠎ᠤᠨ ᠥᠪ᠎ᠢ  ᠤᠯᠠᠮᠵᠢᠯᠠᠨ ᠬᠥᠭ᠌ᠵᠢᠭᠦᠯᠬᠦ᠌᠎ᠪᠡᠷ ᠭᠤᠤᠯ ᠰᠡᠳᠦᠪ ᠪᠣᠯᠭᠠᠭ᠍ᠰᠠᠨ ᠤᠯᠤᠰ᠎ᠤᠨ 4A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠪᠣᠯᠤᠨ᠎ᠠ᠃

ᠤᠢᠷ᠎ᠠ ᠵᠢᠨ ᠵᠢᠯ ᠳ᠋ᠤ᠂ ᠮᠤᠨᠢ ᠠᠭᠤᠯᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠯᠭᠠᠰᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠡᠷ ᠭᠤᠤᠯ ᠰᠢᠵᠢᠮ ᠪᠤᠯᠭᠠᠵᠤ᠂ ᠭᠠᠵᠠᠷ ᠣᠷᠣᠨ᠎ᠤ ᠤᠨᠴᠠᠯᠢᠭ ᠲᠠᠭᠠᠨ ᠲᠣᠬᠢᠷᠠᠭᠤᠯᠬᠤ᠎ᠶ᠋ᠢ ᠪᠠᠷᠢᠮᠲᠠᠯᠠᠨ᠂ 《ᠳᠡᠯᠭᠡᠨ ᠦᠵᠡᠭᠦᠯᠵᠦ᠍ ᠳᠡᠰ ᠳᠡᠪᠱᠢᠭᠦᠯᠬᠦ᠌ ᠠᠵᠢᠯᠯᠠᠭ᠎ᠠ》᠂ 《ᠣᠨᠴᠠᠯᠢᠭ᠍ᠲᠤ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌ ᠠᠵᠢᠯᠯᠠᠭ᠎ᠠ》 ᠶ᠋ᠢ ᠬᠦᠴᠦᠯᠡᠨ ᠬᠡᠷᠡᠭ᠌ᠵᠢᠭᠦᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠂ ᠬᠤᠪᠢᠰᠭᠠᠯ᠎ᠦᠨ ᠰᠤᠶᠤᠯ᠂ ᠲᠠᠷᠢᠶᠠᠯᠠᠬᠤ ᠰᠤᠶᠤᠯ᠎ᠢ ᠦᠵᠡᠮᠵᠢ᠎ᠶ᠋ᠢᠨ ᠣᠷᠣᠨ᠎ᠤ ᠡᠬᠢ ᠪᠠᠶᠠᠯᠢᠭ ᠲᠠᠢ ᠣᠷᠭᠠᠨᠢᠭ᠎ᠢᠶᠠᠷ ᠠᠭᠤᠰᠤᠯᠴᠠᠭᠤᠯᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠠᠭᠤᠯᠤᠭ᠍ᠳᠠᠬᠤᠨ᠎ᠢ ᠭᠦᠶ᠋ᠴᠡᠳ ᠠᠭᠤᠳᠠᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷ᠎ᠠ ᠮᠡᠷᠭᠡᠱᠢᠯ ᠎ᠢ ᠤᠯᠠᠮᠵᠢᠯᠠᠨ ᠵᠠᠯᠭᠠᠮᠵᠢᠯᠠᠬᠤ᠂ ᠪᠣᠳᠠᠰ᠎ᠤᠨ ᠪᠤᠰᠤ ᠰᠣᠶᠣᠯ ᠎ᠤᠨ ᠥᠪ᠎ᠦᠨ ᠲᠥᠷᠥᠯ ᠵᠦᠶ᠋ᠯ᠎ᠢ ᠳᠡᠯᠭᠡᠨ ᠦᠵᠡᠭᠦᠯᠬᠦ᠌᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠦᠳᠦᠭᠡᠯᠴᠢ ᠦᠢᠯᠡᠳᠬᠦᠨ ᠎ᠢ ᠰᠤᠳᠤᠯᠤᠨ ᠨᠡᠭᠡᠭᠡᠬᠦ᠌ ᠵᠡᠷᠭᠡ᠎ᠪᠡᠷ ᠭᠤᠤᠯᠳᠠᠯᠭ᠎ᠠ ᠪᠣᠯᠭᠠᠵᠤ᠂ ᠵᠢᠭᠤᠯᠴᠢᠯᠠᠯ ᠰᠡᠯᠡᠭᠦᠴᠡᠯ᠂ ᠰᠤᠳᠤᠯᠤᠨ ᠰᠤᠷᠤᠯᠴᠠᠬᠤ᠂ ᠰᠤᠷᠭᠠᠨ ᠬᠥᠮᠦᠵᠢᠯ᠎ᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠴᠢᠨᠠᠷᠲᠠᠶ ᠥᠪᠡᠷᠮᠢᠴᠡ ᠣᠨᠴᠠᠯᠢᠭ ᠪᠦᠬᠦᠢ ᠪᠠᠯᠭᠠᠰᠤ᠎ᠶ᠋ᠢ ᠬᠦᠴᠦᠯᠡᠨ ᠪᠠᠢᠭᠤᠯᠵᠤ ᠪᠤᠢ᠃


1.png


ᠮᠤᠨᠢ ᠠᠭᠤᠯᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠯᠭᠠᠰᠤ


ᠤᠯᠠᠮᠵᠢᠯᠠᠯᠲᠤ ᠰᠣᠶᠣᠯ ᠪᠠ ᠣᠲᠣ ᠦᠶ᠎ᠡ᠎ᠶ᠋ᠢᠨ ᠤᠷᠠᠯᠢᠭ᠎ᠢ ᠬᠠᠷᠢᠯᠴᠠᠨ ᠤᠶᠠᠯᠳᠤᠭᠤᠯᠵᠤ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠪᠠ

ᠬᠥᠬᠡᠬᠣᠲᠠ᠎ᠶ᠋ᠢᠨ ᠮᠤᠨᠢ ᠠᠭᠤᠯᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠯᠭᠠᠰᠤ ᠤᠯᠠᠮᠵᠢᠯᠠᠯᠲᠤ ᠰᠣᠶᠣᠯ ᠪᠠ ᠣᠲᠣ ᠦᠶ᠎ᠡ᠎ᠶ᠋ᠢᠨ ᠤᠷᠠᠯᠢᠭ᠎ᠢ ᠬᠠᠷᠢᠯᠴᠠᠨ ᠤᠶᠠᠯᠳᠤᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠶ᠋ᠯ᠎ᠢ ᠳᠡᠯᠭᠡᠨ ᠦᠵᠡᠭᠦᠯᠬᠦ᠌᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠦᠳᠦᠭᠡᠯᠴᠢ ᠦᠢᠯᠡᠳᠬᠦᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠤᠳᠤᠯᠤᠨ ᠰᠤᠷᠤᠯᠴᠠᠬᠤ ᠪᠣᠯᠪᠠᠰᠤᠷᠠᠯ ᠵᠡᠷᠭᠡ ᠣᠯᠠᠨ ᠬᠦᠷᠢᠶ᠎ᠡ᠎ᠶ᠋ᠢ ᠬᠠᠮᠤᠷᠴᠤ᠌᠂ ᠣᠳᠣᠬᠠᠨ᠎ᠳᠤ ᠤᠯᠤᠰ᠎ᠤᠨ ᠲᠠᠰ᠎ᠤᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠂ ᠬᠣᠲᠠ᠎ᠶ᠋ᠢᠨ ᠲᠠᠰ᠎ᠤᠨ᠂ ᠬᠣᠱᠢᠭᠤ ᠱᠢᠶᠠᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠤᠷᠠᠯᠠᠯ᠂ ᠤᠷᠠᠨ ᠵᠢᠷᠤᠭ᠂ ᠤᠷ᠎ᠠ ᠮᠡᠷᠭᠡᠵᠢᠯ᠂ ᠠᠮᠲᠠᠲᠤ ᠢᠳᠡᠭᠡᠨ ᠵᠡᠷᠭᠡ᠎ᠶ᠋ᠢ ᠪᠠᠭ᠍ᠲᠠᠭᠠᠭ᠍ᠰᠠᠨ 80 ᠭᠠᠷᠤᠶ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠶ᠋ᠯ᠎ᠢ ᠪᠠᠭ᠍ᠲᠠᠭᠠᠨ᠎ᠠ᠃《ᠮᠤᠨᠢ ᠠᠭᠤᠯᠠ᠎ᠶ᠋ᠢᠨ ᠤᠷᠠᠯᠢᠭ᠎ᠤᠨ ᠲᠥᠪ》᠂ 《ᠪᠣᠳᠠᠰ᠎ᠤᠨ ᠪᠤᠰᠤ ᠰᠣᠶᠣᠯ᠎ᠤᠨ ᠥᠪ᠎ᠦᠨ ᠰᠤᠳᠤᠯᠤᠨ ᠰᠤᠷᠤᠯᠴᠠᠬᠤ ᠰᠠᠭᠤᠷᠢᠨ》᠂ 《ᠠᠷᠠᠰᠤᠨ ᠤᠷᠠᠯᠢᠭ᠎ᠤᠨ ᠮᠦᠽᠧᠢ》᠂ 《ᠸᠠᠭᠠᠷ ᠱᠠᠭᠠᠵᠠᠩ᠎ᠤᠨ ᠠᠮᠢᠳᠤᠷᠠᠯ᠎ᠤᠨ ᠣᠷᠳᠣᠨ》 ᠵᠡᠷᠭᠡ᠎ᠲᠡᠶ ᠬᠣᠯᠪᠣᠭᠠᠯᠠᠵᠤ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠱᠤᠭᠤᠮ᠎ᠢ ᠨᠡᠭᠡᠭᠡᠵᠦ᠂ 《ᠮᠤᠨᠢ ᠠᠭᠤᠯᠠ᠎ᠶ᠋ᠢᠨ ᠮᠠᠭ᠍ᠲᠠᠭᠠᠯ》᠂ 《ᠴᠠᠢ᠎ᠶ᠋ᠢᠨ ᠵᠠᠮ᠎ᠤᠨ ᠲᠡᠮᠡᠭᠡᠨ ᠵᠢᠩ》᠂ 《ᠬᠤᠪᠢᠰᠬᠠᠯᠳᠤ ᠪᠦᠰᠡᠭᠦᠶ ᠴᠡᠷᠢᠭ》 ᠵᠡᠷᠭᠡ ᠲᠣᠭ᠍ᠯᠠᠯᠲᠠ᠎ᠶ᠋ᠢ ᠵᠤᠬᠢᠶᠠᠨ ᠪᠦᠳᠦᠭᠡᠵᠦ᠍᠂ ᠥᠷᠭᠡᠨ ᠤᠯᠠᠨ ᠵᠢᠭᠤᠯᠴᠢᠯᠠᠭᠰᠠᠳ᠎ᠤᠨ ᠠᠶᠠᠯᠠᠯ ᠵᠢᠭᠤᠯᠴᠢᠯᠠᠯ᠎ᠦᠨ ᠳᠤᠮᠳᠠ ᠤᠯᠤᠰ ᠭᠡᠷ᠎ᠦᠨ ᠬᠠᠢᠷ᠎ᠠ ᠰᠡᠳᠭᠢᠯᠭᠡ᠎ᠪᠡᠨ ᠵᠤᠵᠠᠭᠠᠳᠬᠠᠬᠤ ᠵᠢ ᠬᠦᠳᠦᠯᠦᠨ ᠵᠢᠯᠤᠭᠤᠳᠴᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠎ᠢ ᠦᠨᠡᠨ ᠪᠣᠳᠠᠲᠠᠢ ᠪᠥᠭᠡᠳ ᠪᠦᠲᠦᠮᠵᠢᠲᠡᠢ ᠠᠬᠢᠭᠤᠯᠪᠠ᠃


2.png


ᠵᠠᠯᠠᠭᠤᠴᠤᠳ ᠪᠠᠭᠠᠴᠤᠳ᠎ᠤᠨ ᠰᠤᠳᠤᠯᠤᠨ ᠰᠤᠷᠤᠯᠴᠠᠬᠤ ᠠᠵᠢᠯᠯᠠᠭ᠎ᠠ


《ᠦᠶ᠋ᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ》 ᠤ᠋ ᠬᠠᠮᠲᠤᠷᠠᠯᠴᠠᠭ᠎ᠠ᠎ᠶ᠋ᠢ ᠥᠷᠨᠢᠭᠦᠯᠵᠦ᠍᠂ ᠶᠡᠬᠡ ᠳᠡᠭᠡᠳᠦ ᠰᠤᠷᠭᠠᠭᠤᠯᠢ᠎ᠳᠤ ᠣᠷᠣᠵᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠯᠲᠤ ᠭᠠᠷ ᠤᠷᠠᠯᠠᠯ ᠦᠶ᠋ᠯᠡᠳᠬᠦ᠌ ᠤᠷ᠎ᠠ ᠮᠡᠷᠭᠡᠵᠢᠯ᠎ᠦᠨ ᠪᠣᠯᠪᠠᠰᠤᠷᠠᠯ ᠰᠣᠯᠢᠯᠴᠠᠭ᠎ᠠ᠎ᠶ᠋ᠢ ᠥᠷᠨᠢᠭᠦᠯᠵᠦ᠍᠂ ᠪᠠᠭ᠎ᠠ ᠰᠤᠷᠭᠠᠭᠤᠯᠢ᠂  ᠳᠤᠮᠳᠠᠳᠤ ᠰᠤᠷᠭᠠᠭᠤᠯᠢ ᠵᠡᠷᠭᠡ ᠠᠳᠠᠯᠢ ᠪᠤᠰᠤ ᠱᠠᠲᠤ ᠦᠶ᠎ᠡ᠎ᠳᠦ ᠳᠣᠭᠢᠷᠠᠬᠤ ᠣᠯᠠᠨ ᠲᠥᠷᠥᠯ᠎ᠦᠨ ᠰᠤᠳᠤᠯᠤᠨ ᠰᠤᠷᠤᠯᠴᠠᠬᠤ ᠬᠢᠴᠢᠶᠡᠯ᠎ᠢ ᠲᠤᠬᠢᠷᠠᠭᠤᠯᠵᠤ᠂ ᠤᠯᠠᠮᠵᠢᠯᠠᠯᠲᠤ ᠰᠣᠶᠣᠯ ᠪᠠ ᠦᠨᠳᠦᠰᠦᠲᠡᠨ᠎ᠦ ᠰᠣᠶᠣᠯ᠎ᠤᠨ ᠷᠢᠳᠢ ᠱᠢᠳᠢ᠎ᠶ᠋ᠢ ᠣᠯᠠᠨ ᠡᠱᠢᠴᠢᠯᠡᠨ ᠢᠯᠡᠷᠡᠭᠦᠯᠵᠦ᠍᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠠᠪᠴᠠᠩ᠎ᠢ ᠪᠠᠢᠭᠤᠯᠪᠠ᠃

《ᠪᠢᠳᠡ ᠢᠮᠠᠭ᠍ᠲᠠ ᠰᠣᠶᠣᠯ᠎ᠢ ᠴᠢᠬᠤᠯᠠᠴᠢᠯᠠᠬᠤ᠂ ᠪᠡᠶᠡᠴᠢᠯᠡᠨ ᠣᠢᠯᠠᠭᠠᠬᠤ᠎ᠶ᠋ᠢ ᠴᠢᠬᠤᠯᠠᠴᠢᠯᠠᠬᠤ᠂ ᠳᠤᠷ᠎ᠠ ᠰᠣᠨᠢᠷᠬᠠᠯ᠎ᠢ ᠴᠢᠬᠤᠯᠠᠴᠢᠯᠠᠬᠤ〈ᠤᠮᠠᠷᠠᠲᠤ ᠬᠢᠯᠢ᠎ᠶ᠋ᠢᠨ ᠰᠣᠶᠣᠯ〉᠂ 〈ᠰᠤᠳᠤᠯᠤᠨ ᠰᠤᠷᠤᠯᠴᠠᠬᠤ +〉 ᠬᠥᠭ᠌ᠵᠢᠯᠲᠡ᠎ᠶ᠋ᠢᠨ ᠵᠠᠭ᠍ᠪᠤᠷ᠎ᠢ ᠢᠳᠡᠪᠬᠢᠲᠡᠶ ᠰᠦᠪᠡᠭ᠌ᠴᠢᠯᠡᠵᠦ᠍᠂ ᠰᠤᠳᠤᠯᠤᠨ ᠰᠤᠷᠤᠯᠴᠠᠬᠤ ᠰᠠᠭᠤᠷᠢᠨ᠎ᠢ ᠪᠠᠢᠭᠤᠯᠵᠤ᠂ ᠤᠮᠠᠷᠠᠲᠤ ᠬᠢᠯᠢ᠎ᠶ᠋ᠢᠨ ᠰᠣᠶᠣᠯ᠎ᠲᠠᠶ ᠤᠶᠠᠯᠳᠤᠭᠰᠠᠨ ᠲᠠᠷᠢᠶᠠᠯᠠᠬᠤ ᠰᠤᠶᠤᠯ᠎ᠢ ᠪᠡᠶᠡᠴᠢᠯᠡᠨ ᠣᠢᠯᠠᠭᠠᠬᠤ᠂ ᠱᠢᠨᠵᠢᠯᠡᠬᠦ᠌ ᠤᠬᠠᠭᠠᠨᠴᠢ ᠠᠵᠢᠭ᠍ᠯᠠᠯᠳᠠ ᠬᠢᠬᠦ᠂ ᠬᠡᠭᠡᠷ᠎ᠡ ᠭᠠᠳᠠᠨ᠎ᠠ ᠣᠷᠣᠱᠢᠨ ᠠᠮᠢᠳᠤᠷᠠᠬᠤ ᠵᠡᠷᠭᠡ ᠣᠯᠠᠨ ᠵᠦᠶ᠋ᠯ᠎ᠦᠨ ᠰᠤᠳᠤᠯᠤᠨ ᠰᠤᠷᠤᠯᠴᠠᠬᠤ ᠪᠦᠲᠦᠭᠡᠭ᠌ᠳᠡᠬᠦᠨ᠎ᠢ ᠤᠬᠠᠭᠠᠯᠠᠨ ᠰᠡᠳᠦᠵᠦ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ ᠪᠠᠢᠨ᠎ᠠ》 ᠬᠡᠵᠤ ᠮᠤᠨᠢ ᠠᠭᠤᠯᠠ  ᠪᠣᠳᠠᠰ᠎ᠤᠨ ᠪᠤᠰᠤ ᠰᠣᠶᠣᠯ᠎ᠤᠨ ᠥᠪ᠎ᠦᠨ  ᠪᠠᠯᠭᠠᠰᠤᠨ᠎ᠤ ᠡᠵᠡᠩᠨᠡᠨ ᠪᠣᠷᠣᠯᠠᠭᠤᠯᠬᠤ ᠬᠡᠯᠲᠡᠰ᠎ᠦᠨ ᠳᠠᠭᠠᠭᠠᠮᠠᠯ ᠬᠤᠤ ᠨᠢᠩ ᠬᠡᠯᠡᠪᠡ᠃

ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠤ ᠠᠵᠢᠯ ᠣᠯᠵᠤ ᠦᠶ᠋ᠯᠡᠰ ᠪᠤᠰᠭᠠᠬᠤ᠎ᠶ᠋ᠢ ᠳᠠᠢᠴᠢᠯᠠᠵᠤ ᠬᠠᠮᠲᠤ᠎ᠪᠠᠷ ᠴᠢᠨᠠᠭᠡᠯᠢᠭᠵᠢᠬᠦ᠎ᠶ᠋ᠢ ᠠᠬᠢᠭᠤᠯᠪᠠ

ᠮᠤᠨᠢ ᠠᠭᠤᠯᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠯᠭᠠᠰᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳ᠋ᠤ ᠠᠵᠢᠯ ᠣᠯᠭᠤᠵᠤ ᠦᠶ᠋ᠯᠡᠰ ᠪᠤᠰᠬᠠᠬᠤ᠎ᠶ᠋ᠢ ᠳᠠᠢᠴᠢᠯᠠᠬᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠴᠢᠨᠠᠭᠡᠯᠢᠭᠵᠢᠬᠦ᠎ᠶ᠋ᠢ ᠠᠬᠢᠭᠤᠯᠬᠤ᠎ᠪᠠᠷ ᠴᠢᠬᠤᠯᠠ ᠡᠭᠦᠷᠭᠡ ᠬᠠᠷᠠᠯᠲᠠ ᠪᠣᠯᠭᠠᠵᠤ᠂ ᠵᠢᠭᠤᠯᠴᠢᠯᠠᠯ᠎ᠤᠨ ᠱᠢᠨ᠎ᠡ ᠡᠵᠡᠩᠨᠡᠯᠲᠡ᠎ᠶ᠋ᠢᠨ ᠪᠠᠢᠳᠠᠯ᠎ᠢ ᠬᠥᠭ᠌ᠵᠢᠭᠦᠯᠬᠦ᠌᠂ ᠤᠯᠠᠮᠵᠢᠯᠠᠯᠲᠤ ᠱᠢᠯᠢᠳᠡᠭ ᠭᠠᠷ ᠤᠷᠠᠯᠠᠯ᠎ᠢ ᠤᠯᠠᠮᠵᠢᠯᠠᠨ ᠬᠦᠭᠵᠢᠬᠦᠯᠬᠦ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠴᠢᠨᠠᠭᠡᠯᠢᠭᠵᠢᠬᠦ ᠠᠷᠭ᠎ᠠ ᠵᠠᠮ᠎ᠢ ᠲᠠᠰᠤᠷᠠᠯᠲᠠ ᠥᠬᠡᠶ ᠥᠷᠭᠡᠳᠭᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠦᠳᠦᠯᠤᠨ ᠵᠢᠯᠤᠭᠤᠳᠴᠤ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠨ ᠤᠷᠤᠭᠰᠢᠯᠠᠨ᠎ᠠ᠃


3.png


ᠪᠤᠳᠠᠰ᠎ᠤᠨ ᠪᠤᠰᠤ ᠰᠤᠶᠤᠯ᠎ᠤᠨ ᠦᠪ᠎ᠤᠨ ᠪᠦᠲᠦᠭᠡᠭᠳᠡᠭᠦᠨ᠎ᠤ ᠦᠢᠯᠡᠳᠬᠦ ᠶᠠᠪᠤᠴᠠ ᠵᠢ ᠪᠡᠶᠡᠴᠢᠯᠡᠨ ᠤᠢᠯᠠᠭᠠᠵᠤ ᠪᠠᠢᠭ᠎ᠠ ᠨᠢ


ᠲᠤᠰ ᠲᠦᠷᠦᠯ ᠵᠦᠢᠯ ᠨᠢ ᠣᠷᠣᠯᠭ᠎ᠠ ᠲᠤᠤᠷ᠎ᠠ ᠬᠥᠮᠦᠰ᠎ᠢ ᠵᠣᠬᠢᠶᠠᠨ ᠪᠠᠢᠭᠤᠯᠤᠨ ᠦᠨᠳᠦᠰᠦᠲᠡᠨ᠎ᠦ ᠣᠨᠴᠠᠯᠢᠭ᠍ᠲᠤ ᠲᠥᠷᠥᠯ ᠵᠦᠶ᠋ᠯ᠎ᠦᠨ ᠪᠣᠯᠪᠠᠰᠤᠷᠠᠯ᠎ᠳᠤ ᠣᠷᠣᠯᠴᠠᠭᠤᠯᠵᠤ᠂ ᠲᠡᠳᠡᠨ᠎ᠢ ᠬᠠᠪᠰᠤᠷᠤᠨ ᠠᠷᠠᠰᠤᠨ ᠤᠷᠠᠯᠠᠯ ᠦᠶ᠋ᠯᠡᠳᠬᠦ᠌᠂ ᠤᠯᠠᠮᠵᠢᠯᠠᠯᠲᠤ ᠨᠡᠬᠡᠮᠡᠯ ᠵᠡᠷᠭᠡ ᠮᠡᠷᠭᠡᠵᠢᠯ ᠴᠢᠳᠠᠪᠤᠷᠢ᠎ᠶ᠋ᠢ ᠡᠵᠡᠮᠱᠢᠭᠦᠯᠵᠦ᠍᠂ ᠠᠮᠢᠳᠤᠷᠠᠯ ᠨᠢ ᠬᠦᠴᠢᠷᠳᠡᠯᠳᠠᠢ ᠬᠥᠮᠦᠰ᠎ᠦᠨ ᠰᠠᠷ᠎ᠠ᠎ᠶ᠋ᠢᠨ ᠣᠷᠣᠯᠭ᠎ᠠ᠎ᠶ᠋ᠢ 3500 ᠲᠥᠭᠥᠷᠢᠭ ᠣᠷᠴᠢᠮ ᠳᠡᠭᠡᠭ᠌ᠰᠢᠯᠡᠭᠦᠯᠪᠡ; ᠪᠣᠳᠠᠰ᠎ᠤᠨ ᠪᠤᠰᠤ ᠰᠣᠶᠣᠯ᠎ᠤᠨ ᠥᠪ ᠎ᠢ ᠤᠯᠠᠮᠵᠢᠯᠠᠨ ᠵᠠᠯᠭᠠᠮᠵᠢᠯᠠᠬᠤ ᠰᠤᠳᠤᠯᠤᠨ ᠰᠤᠷᠤᠯᠴᠠᠬᠤ ᠪᠣᠯᠪᠠᠰᠤᠷᠠᠯ᠎ᠢ ᠥᠷᠨᠢᠭᠦᠯᠵᠦ᠍᠂ 12 ᠭᠠᠷ ᠤᠷᠠᠯᠠᠯ᠎ᠦᠨ ᠳᠠᠭᠠᠭᠤᠯᠤᠭ᠍ᠴᠢ᠎ᠶ᠋ᠢ ᠬᠥᠮᠦᠵᠢᠭᠦᠯᠵᠤ᠂ ᠳᠡᠭᠡᠳᠦ ᠰᠤᠷᠭᠠᠭᠤᠯᠢ ᠵᠢᠴᠢ ᠲᠤᠰᠭᠠᠢ ᠮᠡᠷᠭᠡᠵᠢᠯ᠎ᠦᠨ ᠪᠦᠯᠬᠦᠮ ᠨᠡᠢᠲᠡ᠎ᠲᠡᠶ ᠬᠠᠮᠲᠤᠷᠠᠨ ᠰᠣᠶᠣᠯ᠎ᠤᠨ ᠪᠦᠳᠦᠭᠡᠯᠴᠢ ᠦᠢᠯᠡᠳᠬᠦᠨ ᠎ᠢ 15 ᠵᠦᠢᠯ ᠰᠤᠳᠤᠯᠤᠨ ᠨᠡᠭᠡᠭᠡᠵᠦ᠍᠂ ᠡᠯ᠎ᠡ ᠲᠥᠷᠥᠯ᠎ᠦᠨ ᠤᠯᠠᠮᠵᠢᠯᠠᠯᠲᠤ ᠭᠠᠷ ᠤᠷᠠᠯᠠᠯ᠎ᠢ ᠤᠬᠠᠭᠤᠯᠤᠨ ᠳᠡᠯᠭᠡᠨ ᠦᠵᠡᠭᠦᠯᠬᠦ᠌ ᠠᠵᠢᠯᠯᠠᠭ᠎ᠠ᠎ᠶ᠋ᠢ ᠡᠷᠬᠢᠯᠡᠵᠦ᠍᠂ ᠰᠣᠶᠣᠯ᠎ᠤᠨ ᠪᠦᠳᠦᠭᠡᠯᠴᠢ ᠦᠢᠯᠡᠳᠬᠦᠨ᠎ᠦ ᠪᠣᠷᠣᠯᠠᠭᠤᠯᠭ᠎ᠠ ᠶ᠋ᠢᠨ ᠬᠡᠮᠵᠢᠶ᠎ᠡ ᠨᠢ 15 ᠲᠦᠮᠡᠨ ᠲᠥᠭᠥᠷᠢᠭ ᠲᠸ᠋ ᠬᠦᠷᠴᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠠᠬ᠎ᠠ ᠳᠡᠯᠭᠡᠭᠦᠷ᠎ᠢ ᠨᠡᠭᠡᠭᠡᠪᠡ᠃

《ᠮᠤᠨᠢ ᠠᠭᠤᠯᠠ  ᠪᠣᠳᠠᠰ᠎ᠤᠨ ᠪᠤᠰᠤ ᠰᠣᠶᠣᠯ᠎ᠤᠨ ᠥᠪ᠎ᠦᠨ  ᠪᠠᠯᠭᠠᠰᠤ  ᠣᠯᠠᠨ᠎ᠢᠶᠠᠷ᠎ᠢᠶᠠᠨ ᠱᠢᠨ᠎ᠡ᠎ᠶ᠋ᠢ ᠡᠭᠦᠳᠬᠦ᠌ ᠣᠷᠣᠨ ᠵᠠᠶ ᠪᠣᠯᠤᠭ᠍ᠰᠠᠨ᠎ᠤ ᠬᠤᠪᠢ᠎ᠳᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠣᠯᠠᠨ ᠲᠥᠷᠥᠯ ᠵᠦᠶ᠋ᠯ᠎ᠢ ᠨᠡᠪᠴᠢᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠠᠯᠠᠭᠤ ᠤᠯᠠᠮᠵᠢᠯᠠᠨ ᠵᠠᠯᠭᠠᠮᠵᠢᠯᠠᠭ᠍ᠴᠢ᠎ᠳᠤ ᠠᠵᠢᠯ ᠣᠯᠭᠣᠬᠤ᠎ᠶ᠋ᠢᠨ ᠬᠠᠮᠲᠤ᠂ ᠡᠵᠡᠩᠨᠡᠯᠲᠡ᠎ᠶ᠋ᠢᠨ ᠬᠡᠯᠪᠡᠷᠢ᠎ᠪᠡᠨ ᠪᠠᠶᠠᠯᠢᠭ᠍ᠵᠢᠭᠤᠯᠬᠤ᠎ᠪᠠᠷ ᠳᠠᠮᠵᠢᠭᠤᠯᠤᠨ᠂ ᠬᠥᠳᠡᠭᠡ ᠲᠣᠰᠭᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠨ ᠵᠠᠯᠭᠠᠮᠵᠢᠯᠠᠭ᠍ᠴᠢ᠎ᠳᠤ ᠬᠡᠷ᠎ᠦᠨ ᠡᠭᠦᠳᠡᠨ᠎ᠳᠡᠭᠡᠨ ᠠᠵᠢᠯ ᠤᠯᠭᠤᠬᠤ ᠲᠣᠬᠢᠶᠠᠯ ᠬᠠᠩᠭᠠᠵᠤ ᠦᠭᠴᠠᠢ》 ᠬᠡᠵᠤ ᠬᠦᠬᠡᠬᠤᠳᠠ᠎ᠶ᠋ᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠠᠬᠢᠭᠤᠯᠬᠤ ᠨᠡᠢᠭᠡᠮᠯᠢᠭ᠎ᠦᠨ ᠳᠠᠷᠤᠭ᠎ᠠ ᠵᠢᠶᠠ ᠬᠣᠩ ᠸᠧᠶ ᠬᠡᠯᠡᠪᠠ᠃

ᠪᠣᠳᠠᠰ᠎ᠤᠨ ᠪᠤᠰᠤ ᠰᠣᠶᠣᠯ᠎ᠤᠨ ᠥᠪ᠎ᠢ ᠬᠦᠨᠵᠡᠭᠡᠢ ᠠᠭᠤᠳᠠᠯᠵᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠯᠢᠭᠡᠷ᠎ᠢ ᠰᠠᠢᠲᠤᠷ ᠶᠠᠷᠢᠪᠠ

ᠮᠤᠨᠢ ᠠᠭᠤᠯᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠯᠭᠠᠰᠤ ᠲᠡᠦᠬᠡ ᠰᠣᠶᠣᠯ᠎ᠤᠨ ᠬᠦᠨ ᠵᠤᠵᠠᠭᠠᠨ ᠡᠬᠢ ᠪᠠᠶᠠᠯᠢᠭ᠎ᠦᠨ ᠳᠠᠪᠠᠭᠤᠯᠢᠭ᠎ᠵᠢᠡᠨ ᠭᠦᠶ᠋ᠴᠡᠳ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠠᠪᠴᠠᠩ᠎ᠢ ᠢᠳᠡᠪᠬᠢᠲᠡᠶ ᠪᠠᠢᠭᠤᠯᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠲᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠯᠢᠭᠡᠷ᠎ᠢ ᠰᠠᠢᠲᠤᠷ ᠶᠠᠷᠢᠵᠤ ᠦᠭᠬᠦᠨ᠎ᠠ᠃ 2024 ᠣᠨ᠎ᠤ ᠵᠤᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ᠂ 《ᠠᠨᠠᠷ᠎ᠤᠨ ᠦᠷ᠎ᠡ ᠨᠢᠭᠡ ᠭᠡᠷ ᠮᠡᠲᠦ ᠳᠣᠲᠣᠨᠣ》 ᠭᠣᠣᠯ ᠰᠡᠳᠦᠪᠲᠦ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠪᠦᠬᠦ᠌ ᠤᠯᠤᠰ᠎ᠤᠨ ᠡᠯ᠎ᠡ ᠭᠠᠵᠠᠷ᠎ᠠᠴᠠ ᠬᠦᠷᠦᠯᠴᠡᠨ ᠢᠷᠡᠭ᠌ᠰᠡᠨ 56 ᠦᠨᠳᠦᠰᠦᠲᠡᠨ᠎ᠦ ᠪᠠᠭᠠᠴᠤᠳ ᠬᠡᠦᠬᠡᠳ᠎ᠦᠨ ᠲᠥᠯᠥᠭᠡᠯᠡᠭ᠌ᠴᠢ ᠮᠤᠨᠢ ᠠᠭᠤᠯᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠯᠭᠠᠰᠤᠨ᠎ᠳᠤ ᠬᠤᠷᠠᠨ ᠴᠤᠭ᠍ᠯᠠᠷᠠᠵᠤ᠂ ᠳᠤᠮᠳᠠᠳᠤ᠎ᠶ᠋ᠢᠨ ᠰᠣᠶᠣᠯ᠎ᠤᠨ ᠲᠤᠬᠠᠢ ᠣᠢᠯᠠᠭᠠᠯᠲᠠ ᠪᠠ ᠲᠠᠨᠢᠯᠲᠠ᠎ᠶ᠋ᠢᠨ ᠠᠶᠠᠯᠠᠯ᠎ᠢᠶᠠᠨ ᠡᠬᠢᠯᠡᠭᠦᠯᠪᠡ᠃ ᠪᠣᠳᠠᠲᠤ ᠦᠵᠡᠭ᠌ᠳᠡᠯᠲᠦ ᠵᠦᠴᠦᠭᠡ 《ᠮᠤᠨᠢ ᠠᠭᠤᠯᠠ᠎ᠶ᠋ᠢᠨ ᠮᠠᠭ᠍ᠲᠠᠭᠠᠯ》 ᠨᠢ ᠦᠨᠳᠦᠰᠦᠲᠡᠨ᠎ᠦ ᠪᠦᠯᠬᠦᠮᠳᠡᠯ ᠪᠣᠯᠤᠨ ᠲᠦᠮᠡᠨ ᠭᠠᠵᠠᠷ᠎ᠤᠨ ᠴᠠᠢ᠎ᠶ᠋ᠢᠨ ᠵᠠᠮ᠎ᠤᠨ ᠴᠡᠴᠡᠭ᠌ᠯᠡᠨ ᠬᠥᠭ᠌ᠵᠢᠭ᠌ᠰᠡᠨ ᠪᠠᠢᠳᠠᠯ ᠵᠢᠴᠢ ᠦᠨᠳᠦᠰᠦᠲᠡᠨ᠎ᠨᠦᠭᠦᠳ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠵᠤ ᠴᠡᠴᠡᠭ᠌ᠯᠡᠨ ᠬᠥᠭ᠌ᠵᠢᠭ᠌ᠰᠡᠨ ᠪᠠᠢᠳᠠᠯ᠎ᠢ ᠠᠮᠢᠳᠤᠯᠢᠭ᠎ᠢᠶᠠᠷ ᠢᠯᠡᠷᠡᠭᠦᠯᠵᠦ᠂ 《ᠮᠤᠨᠢ ᠠᠭᠤᠯᠠ᠎ᠶ᠋ᠢᠨ ᠮᠠᠭ᠍ᠲᠠᠭᠠᠯ》 ᠨᠢ ᠲᠤᠰ ᠪᠠᠯᠭᠠᠰᠤᠨ᠎ᠤ ᠳᠤᠮᠳᠠᠳᠤ᠎ᠶ᠋ᠢᠨ ᠰᠣᠶᠣᠯ᠎ᠢ ᠤᠯᠠᠮᠵᠢᠯᠠᠨ ᠲᠡᠯᠭᠡᠷᠡᠬᠦᠯᠬᠦ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠭᠰᠠᠨ ᠭᠤᠶᠤ ᠰᠠᠢᠬᠠᠨ ᠨᠡᠷ᠎ᠡ᠎ᠶ᠋ᠢᠨ ᠬᠠᠭᠤᠳᠠᠰᠤ ᠪᠣᠯᠵᠠᠢ᠃


4.png


《ᠠᠷᠠᠰᠤᠨ ᠤᠷᠠᠯᠢᠭ᠎ᠤᠨ ᠠᠶᠠᠯᠭᠤᠲᠤ ᠵᠢᠭᠤᠯᠴᠢᠯᠠᠯ ᠦᠪᠦᠷ ᠮᠤᠨᠭᠭᠤᠯ》᠎ᠤᠨ ᠦᠵᠡᠭᠦᠯᠭᠡ


ᠲᠥᠷᠥᠯ ᠵᠦᠶ᠋ᠯ᠎ᠨᠢ ᠤᠯᠤᠰ᠎ᠤᠨ ᠲᠠᠰ᠎ᠤᠨ《ᠵᠢᠭᠤᠯᠴᠢᠯᠠᠯ ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ》 ᠶ᠋ᠢᠨ ᠲᠤᠷᠱᠢᠯᠲᠠ᠎ᠶ᠋ᠢᠨ ᠲᠥᠷᠥᠯ ᠵᠦᠶ᠋ᠯ ᠪᠣᠯᠤᠭ᠍ᠰᠠᠨ᠎ᠤ ᠬᠤᠪᠢ᠎ᠳᠤ᠂ ᠡᠯᠪᠡᠭ ᠪᠠᠶᠠᠯᠢᠭ ᠠᠭᠤᠯᠭ᠎ᠠ ᠪᠥᠬᠥᠶ ᠠᠵᠢᠯᠯᠠᠭ᠎ᠠ ᠪᠠ ᠥᠪᠡᠷᠮᠢᠴᠡ ᠰᠤᠶᠤᠯ᠎ᠢᠶᠡᠷ᠎ᠢᠶᠡᠨ ᠰᠣᠶᠣᠯ ᠵᠢᠭᠤᠯᠴᠢᠯᠠᠯ᠎ᠤᠨ ᠬᠠᠯᠠᠮᠱᠢᠯ᠎ᠤᠨ ᠤᠷᠤᠨ ᠪᠣᠯᠵᠣ᠂ ᠵᠢᠭᠤᠯᠴᠢᠯᠠᠭ᠍ᠰᠠᠳ᠎ᠲᠤ 《ᠪᠣᠳᠠᠰ᠎ᠤᠨ ᠪᠤᠰᠤ ᠰᠣᠶᠣᠯ᠎ᠤᠨ ᠥᠪ᠎ᠦᠨ ᠳᠤᠮᠳᠠᠳᠤ᠎ᠵᠢᠨ ᠣᠨ》᠂ 《ᠤᠯᠤᠰ᠎ᠦᠨ ᠰᠤᠶᠤᠯ ᠪᠠ ᠪᠠᠢᠭᠠᠯᠢ ᠵᠢᠨ ᠦᠪ᠎ᠦᠨ ᠡᠳᠤᠷ》 ᠵᠡᠷᠭᠡ ᠡᠯ᠎ᠠ ᠲᠦᠷᠦᠯ᠎ᠦᠨ ᠭᠤᠤᠯ ᠰᠡᠳᠤᠪᠳᠤ ᠠᠵᠢᠯᠯᠠᠭ᠎ᠠ ᠵᠢ 240 ᠭᠠᠷᠤᠢ ᠲᠠᠯᠠᠪᠤᠷ ᠤᠳᠠᠭ᠎ᠠ ᠦᠷᠨᠢᠬᠦᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠪᠡᠷᠮᠢᠴᠡ ᠷᠢᠳᠢ ᠱᠢᠳᠢ᠎ᠶ᠋ᠢ ᠡᠯ᠎ᠡ ᠦᠨᠳᠦᠰᠦᠲᠡᠨ᠎ᠦ ᠤᠯᠠᠨ ᠲᠦᠮᠡᠨ ᠳ᠋ᠤ ᠮᠡᠳᠡᠷᠡᠭᠦᠯᠪᠠ᠃ 2024 ᠣᠨ᠎ᠳ᠋ᠤ ᠭᠥᠯᠢᠶᠡᠨ ᠠᠪᠤᠭ᠍ᠰᠠᠨ ᠵᠢᠭᠤᠯᠴᠢᠯᠠᠭᠰᠠᠳ ᠤ᠋ᠨ ᠲᠣᠭ᠎ᠠ 150 ᠲᠦᠮᠡᠨ ᠬᠥᠮᠦᠨ ᠤᠳᠠᠭ᠎ᠠ᠎ᠶ᠋ᠢ ᠳᠠᠪᠠᠵᠤ᠂ 2025 ᠣᠨ᠎ᠤ ᠴᠠᠭᠠᠨ ᠰᠠᠷ᠎ᠠ ᠎ᠶ᠋ᠢᠨ ᠠᠮᠠᠷᠠᠯᠳᠠ ᠵᠢᠨ ᠬᠤᠭᠤᠴᠠᠭᠠᠨ᠎ᠳᠤ ᠭᠥᠯᠢᠶᠡᠨ ᠠᠪᠤᠭ᠍ᠰᠠᠨ ᠵᠢᠭᠤᠯᠴᠢᠯᠠᠭᠰᠠᠳ᠎ᠤᠨ ᠲᠣᠭ᠎ᠠ ᠨᠡᠢᠲᠡ 4.7 ᠲᠦᠮᠡᠨ ᠬᠥᠮᠦᠨ ᠤᠳᠠᠭ᠎ᠠ᠎ᠳᠤ ᠬᠦᠷᠴᠠᠢ᠃

《ᠪᠣᠳᠠᠰ᠎ᠤᠨ ᠪᠤᠰᠤ ᠰᠣᠶᠣᠯ᠎ᠤᠨ ᠥᠪ ᠪᠣᠯ ᠳᠤᠮᠳᠠᠳᠤ᠎ᠶ᠋ᠢᠨ ᠦᠨᠳᠦᠰᠦᠲᠡᠨ᠎ᠨᠦᠭᠦᠳ᠎ᠦᠨ ᠰᠡᠳᠭᠢᠯ᠎ᠢ ᠨᠢᠭ᠍ᠲᠠᠷᠠᠭᠤᠯᠬᠤ ᠣᠶᠤᠨ ᠰᠠᠨᠠᠭᠠᠨ᠎ᠤ ᠬᠣᠯᠪᠣᠭᠠᠰᠤ ᠮᠥᠨ᠂ ᠪᠠᠰᠠ ᠴᠤ᠌ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠳᠡᠭᠡᠭ᠌ᠰᠢᠯᠡᠭᠦᠯᠬᠦ᠌ ᠴᠢᠬᠤᠯᠠ ᠡᠬᠢ ᠪᠠᠶᠠᠯᠢᠭ ᠮᠥᠨ᠃ ᠪᠣᠳᠠᠰ᠎ᠤᠨ ᠪᠤᠰᠤ ᠰᠣᠶᠣᠯ᠎ᠤᠨ ᠥᠪ᠎ᠢ ᠳᠡᠯᠭᠡᠨ ᠦᠵᠡᠭᠦᠯᠬᠦ᠌᠂ ᠤᠬᠠᠭᠤᠯᠬᠤ᠂ ᠤᠯᠠᠮᠵᠢᠯᠠᠨ ᠵᠠᠯᠭᠠᠮᠵᠢᠯᠠᠬᠤ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ ᠵᠡᠷᠭᠡ ᠠᠵᠢᠯᠯᠠᠭ᠎ᠠ ᠎ᠶ᠋ᠢ ᠥᠷᠭᠡᠨ ᠎ᠢᠶᠡᠷ ᠥᠷᠨᠢᠭᠦᠯᠬᠦ᠌ ᠎ᠪᠡᠷ ᠳᠠᠮᠵᠢᠭᠤᠯᠤᠨ᠂ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠰᠣᠶᠣᠯ ᠎ᠤᠨ ᠢᠲᠡᠭᠡᠯ ᠎ᠢᠶᠡᠨ ᠤᠯᠠᠮ ᠴᠢᠨᠠᠭ᠍ᠰᠢᠳᠠ ᠨᠡᠮᠡᠭ᠌ᠳᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠨ᠎ᠠ》 ᠬᠡᠵᠤ ᠵᠢᠶᠠ ᠬᠣᠩ ᠸᠧᠶ ᠲᠠᠨᠢᠯᠴᠠᠭᠤᠯᠪᠠ᠃


5.png


ᠸᠠᠭᠠᠷ ᠱᠠᠭᠠᠵᠠᠩ᠎ᠤᠨ ᠰᠤᠶᠤᠯ᠎ᠤᠨ ᠤᠷᠳᠤᠨ


ᠮᠤᠨᠢ ᠠᠭᠤᠯᠠ  ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠯᠭᠠᠰᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠡᠷ ᠭᠤᠤᠯ ᠰᠢᠵᠢᠮ ᠪᠤᠯᠭᠠᠨ᠂ ᠵᠢᠭᠤᠯᠴᠢᠯᠠᠯ᠎ᠢᠶᠠᠷ ᠡᠯ᠎ᠡ ᠦᠨᠳᠦᠰᠦᠲᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ᠎ᠶ᠋ᠢᠨ ᠲᠤᠷᠱᠢᠯᠲᠠ᠎ᠶ᠋ᠢᠨ ᠲᠥᠷᠥᠯ ᠵᠦᠶ᠋ᠯ᠎ᠢᠶᠡᠷ ᠠᠵᠠ ᠲᠣᠬᠢᠶᠠᠯ ᠪᠣᠯᠭᠠᠵᠤ᠂ ᠪᠣᠳᠠᠰ᠎ᠤᠨ ᠪᠤᠰᠤ ᠰᠣᠶᠣᠯ᠎ᠤᠨ ᠥᠪ ᠬᠢᠭᠡᠳ ᠵᠢᠭᠤᠯᠴᠢᠯᠠᠯ᠎ᠤᠨ ᠠᠵᠤ ᠦᠢᠯᠡᠰ᠎ᠦᠨ ᠠᠭᠤᠰᠤᠯᠴᠠᠨ ᠬᠥᠭ᠌ᠵᠢᠵᠦ᠍ ᠳᠡᠰ ᠳᠡᠪᠱᠢᠬᠦ ᠵᠢ ᠢᠳᠡᠪᠬᠢᠲᠡᠶ᠎ᠪᠡᠷ ᠰᠦᠪᠡᠭ᠌ᠴᠢᠯᠡᠵᠤ᠂ ᠵᠢᠭᠤᠯᠴᠢᠯᠠᠯ᠎ᠢᠶᠠᠷ ᠦᠨᠳᠤᠰᠦᠳᠡᠨ ᠨᠤᠬᠦᠳ᠎ᠦᠨ ᠤᠯᠠᠨ ᠲᠦᠮᠡᠨ᠎ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠠᠬᠢᠭᠤᠯᠬᠤ ᠴᠢᠬᠤᠯᠠ ᠴᠣᠩᠬᠣᠪᠴᠢ ᠪᠣᠯᠭᠠᠵᠤ᠂ 《ᠲᠠᠪᠤᠨ ᠲᠠᠨᠢᠯᠳᠠ》 ᠶ᠋ᠢ ᠲᠠᠰᠤᠷᠠᠯᠲᠠ ᠦᠭᠡᠢ ᠴᠢᠩᠭᠠᠳᠭᠠᠵᠤ᠂ ᠬᠦᠳᠡᠭᠡ ᠲᠤᠰᠬᠤᠨ᠎ᠢ ᠬᠦᠭᠵᠢᠬᠦᠯᠤᠨ ᠮᠡᠨᠳᠤᠭᠤᠯᠬᠤ᠎ᠳᠦ ᠬᠦᠴᠦᠨ ᠨᠡᠮᠡᠷᠢᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号