ᠦᠴᠦᠸᠠᠨ ᠱᠢᠶᠠᠨ᠄ ᠬᠤᠪᠢᠰᠭᠠᠯ᠎ᠤᠨ ᠡᠬᠢ ᠪᠠᠶᠠᠯᠢᠭ᠎ᠢ ᠬᠦᠢᠴᠡᠳ ᠬᠦᠭᠵᠢᠭᠡᠵᠦ ᠪᠠᠢᠨ᠎ᠠ
2025-09-24 11:13:10
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠵᠢᠯ᠎ᠡᠴᠡ ᠬᠥᠬᠡᠬᠣᠲᠠ᠎ᠶ᠋ᠢᠨ ᠦᠴᠦᠸᠠᠨ ᠱᠢᠶᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠣᠣᠯ ᠱᠢᠵᠢᠮ ᠪᠣᠯᠭᠠᠵᠤ᠂ ᠬᠤᠪᠢᠰᠭᠠᠯ᠎ᠤᠨ ᠡᠬᠢ ᠪᠠᠶᠠᠯᠢᠭ᠎ᠢᠶᠠᠷ ᠠᠴᠢᠶᠠᠯᠠᠪᠤᠷᠢ ᠪᠣᠯᠭᠠᠵᠤ᠂ ᠰᠤᠷᠭᠠᠨ ᠬᠥᠮᠦᠵᠢᠯ᠎ᠦᠨ ᠰᠠᠭᠤᠷᠢᠨ᠎ᠢ ᠪᠠᠢᠭᠤᠯᠤᠨ ᠬᠦᠴᠦᠷᠬᠡᠭ᠌ᠵᠢᠭᠦᠯᠬᠦ᠌᠂ ᠠᠵᠢᠯᠯᠠᠭ᠎ᠠ᠎ᠶ᠋ᠢᠨ ᠠᠴᠢᠶᠠᠯᠠᠪᠤᠷᠢ᠎ᠵᠢᠨ ᠰᠢᠨ᠎ᠡ ᠵᠢ ᠡᠬᠦᠳᠬᠦ᠌᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠭᠦᠨᠵᠡᠭᠡᠢᠷᠡᠭᠦᠯᠬᠦ᠌ ᠵᠡᠷᠭᠡ ᠠᠷᠭ᠎ᠠ ᠬᠡᠮᠵᠢᠢ᠎ᠡ᠎ᠪᠡᠷ ᠳᠠᠮᠵᠢᠭᠤᠯᠤᠨ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠳᠤᠮᠳᠠ ᠬᠠᠮᠲᠤ᠎ᠶ᠋ᠢᠨ ᠲᠠᠨᠢᠯᠲᠠ᠎ᠵᠢ ᠨᠢᠭ᠍ᠲᠠᠷᠠᠭᠤᠯᠵᠤ ᠪᠠᠢᠨ᠎ᠠ᠃

ᠬᠤᠪᠢᠰᠭᠠᠯ᠎ᠤᠨ ᠡᠬᠢ ᠪᠠᠶᠠᠯᠢᠭ ᠎ᠢ ᠬᠠᠮᠠᠭᠠᠯᠠᠨ ᠬᠦᠭᠵᠢᠬᠦᠯᠬᠦ᠎ᠶ᠋ᠢ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠲᠡᠶ ᠭᠦᠨᠵᠡᠭᠡᠢ ᠠᠭᠤᠰᠤᠯᠴᠠᠭᠤᠯᠵᠤ᠂ ᠤᠷᠢᠳ ᠬᠣᠵᠢᠳ ᠲᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠲᠠᠢᠨ᠎ᠤ ᠰᠠᠭᠤᠷᠢᠨ ᠭᠠᠵᠠᠷ᠎ᠤᠨ  ᠱᠲ᠋ᠠᠪ᠎ᠤᠨ ᠭᠠᠵᠠᠷ᠎ᠤᠨ ᠬᠠᠭᠤᠴᠢ  ᠪᠠᠭᠤᠷᠢ᠂ ᠲᠠᠯᠠᠨ ᠬᠠᠷ᠎ᠠ ᠠᠭᠤᠯᠠ᠎ᠶ᠋ᠢᠨ ᠬᠤᠪᠢᠰᠭᠠᠯ᠎ᠤᠨ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ᠂ ᠦᠴᠦᠸᠠᠨ ᠮᠦᠽᠧᠢ ᠵᠡᠷᠭᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ ᠦᠢᠯᠡᠳᠦᠯᠭᠡ᠎ᠶ᠋ᠢᠨ ᠰᠠᠭᠤᠷᠢᠨ᠎ᠢ 8 ᠪᠠᠢᠭᠤᠯᠵᠤ᠂ 《ᠨᠢᠭᠡ ᠲᠥᠪ ᠤᠯᠠᠨ ᠴᠡᠭ》 ᠤ᠋ᠨ ᠬᠥᠮᠦᠵᠢᠯ ᠦᠢᠯᠡᠳᠦᠯᠭᠡ ᠵᠢᠨ ᠰᠠᠭᠤᠷᠢᠨ᠎ᠤ ᠲᠣᠣᠷ᠎ᠢ ᠪᠦᠷᠢᠯᠳᠦᠭᠦᠯᠪᠡ᠃ ᠡᠭᠦᠨ᠎ᠳᠦ᠂ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠲᠠᠢᠨ᠎ᠤ ᠰᠠᠭᠤᠷᠢᠨ᠎ᠭᠠᠵᠠᠷ᠎ᠤᠨ ᠬᠠᠭᠤᠴᠢ ᠪᠠᠭᠤᠷᠢ᠎ᠨᠢ ᠪᠥᠬᠥ᠌ ᠤᠯᠤᠰ᠎ᠤᠨ ᠬᠤᠪᠢᠰᠭᠠᠯ᠎ᠤᠨ ᠵᠢᠭᠤᠯᠴᠢᠯᠠᠯ᠎ᠤᠨ 100 ᠰᠣᠩᠭᠣᠳᠠᠭ ᠦᠵᠡᠮᠵᠢ᠎ᠶ᠋ᠢᠨ ᠣᠷᠣᠨ᠎ᠤ ᠨᠢᠭᠡ ᠪᠣᠯᠤᠭ᠍ᠰᠠᠨ᠎ᠤ ᠬᠤᠪᠢ᠎ᠳᠤ᠂ 2024 ᠣᠨ᠎ᠳᠤ 80 ᠲᠦᠮᠡᠨ ᠬᠥᠮᠦᠨ ᠤᠳᠠᠭ᠎ᠠ᠎ᠶ᠋ᠢᠨ ᠵᠢᠭᠤᠯᠴᠢᠯᠠᠭᠰᠠᠳ᠎ᠢ ᠭᠥᠯᠢᠶᠡᠨ ᠠᠪᠴᠤ᠌᠂ ᠬᠤᠪᠢᠰᠭᠠᠯ᠎ᠦᠨ ᠵᠣᠷᠢᠭ ᠰᠠᠨᠠᠭ᠎ᠠ᠎ᠶ᠋ᠢ ᠤᠯᠠᠮᠵᠢᠯᠠᠬᠤ ᠴᠢᠬᠤᠯᠠ ᠴᠤᠩᠬᠤᠪᠴᠢ ᠪᠣᠯᠵᠠᠶ᠃

ᠨᠠᠮ᠎ᠦᠨ ᠲᠡᠦᠭᠡ ᠵᠢᠨ ᠰᠤᠷᠤᠯᠴᠠᠯᠭ᠎ᠠ ᠬᠦᠮᠤᠵᠢᠯ᠎ᠢ ᠪᠠᠢᠩᠭᠤᠵᠢᠭᠤᠯᠤᠨ ᠬᠦᠨᠵᠡᠭᠡᠢᠷᠡᠬᠦᠯᠵᠤ᠂ 335 ᠰᠠᠯᠠᠭᠠᠨ ᠳᠡᠰ᠎ᠤᠨ ᠤᠳᠤᠷᠢᠳᠭᠤ ᠺᠠᠳ᠋ᠷ ᠲᠦᠷᠦᠭᠦᠯᠡᠨ᠂ ᠬᠤᠪᠢᠰᠬᠠᠯ᠎ᠦᠨ ᠰᠤᠳᠤᠯᠤᠨ ᠰᠤᠷᠤᠯᠴᠠᠬᠤ ᠠᠵᠢᠯᠯᠠᠭ᠎ᠠ ᠦᠷᠨᠢᠬᠦᠯᠵᠤ᠂ ᠡᠯ᠎ᠡ ᠨᠠᠮ᠎ᠤᠨ ᠡᠭᠦᠷ ᠬᠥᠮᠦᠵᠢᠯ ᠦᠢᠯᠡᠳᠦᠯᠭᠡ᠎ᠶ᠋ᠢᠨ ᠰᠠᠭᠤᠷᠢᠨ᠎ᠳᠤ 《ᠶᠠᠫᠣᠨ᠎ᠢ ᠡᠰᠡᠷᠭᠦᠴᠡᠬᠦ᠌ ᠳᠠᠢ᠌ᠨ᠎ᠦ ᠵᠠᠮ᠎ᠢᠶᠠᠷ ᠳᠠᠬᠢᠨ ᠵᠠᠮᠨᠠᠬᠤ》᠂ 《ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ᠎ᠮᠡᠲᠦ ᠳᠣᠲᠣᠨᠣ ᠪᠠᠢᠬᠤ》 ᠵᠡᠷᠭᠡ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ᠎ᠶ᠋ᠢ 70 ᠭᠠᠷᠤᠢ ᠤᠳᠠᠭ᠎ᠠ ᠥᠷᠨᠢᠭᠦᠯᠪᠡ᠃ ᠡᠨᠡ ᠵᠢᠯ᠎ᠦᠨ ᠲᠦᠷᠦᠭᠦᠦ ᠬᠠᠭᠠᠰ ᠵᠢᠯ᠎ᠳᠦ᠂ ᠪᠥᠬᠥ᠌ ᠱᠢᠶᠠᠨ᠎ᠳᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠰᠭᠠᠶ ᠰᠡᠳᠦᠪᠲᠦ ᠪᠣᠯᠪᠠᠰᠤᠷᠠᠯ᠎ᠢ 60 ᠭᠠᠷᠤᠶ ᠤᠳᠠᠭ᠎ᠠ ᠥᠷᠨᠢᠭᠦᠯᠵᠦ᠍᠂ ᠪᠠᠭ᠍ᠰᠢ ᠠᠵᠢᠯᠲᠠᠨ ᠠᠵᠢᠯᠴᠢᠨ᠂ ᠨᠡᠢᠭᠡᠮ ᠲᠣᠭᠣᠷᠢᠭ᠎ᠤᠨ ᠠᠵᠢᠯᠲᠠᠨ ᠵᠡᠷᠭᠡ 2900 ᠭᠠᠷᠤᠶ ᠬᠥᠮᠦᠨ ᠤᠳᠠᠭ᠎ᠠ᠎ᠶ᠋ᠢ ᠬᠠᠮᠤᠷᠴᠠᠶ᠃

ᠵᠠᠯᠠᠭᠤᠴᠤᠳ ᠪᠠᠭᠠᠴᠤᠳ᠎ᠤᠨ ᠰᠤᠳᠤᠯᠤᠨ ᠰᠤᠷᠤᠯᠴᠠᠬᠤ ᠦᠢᠯᠡᠳᠦᠯᠭᠡ᠎ᠶ᠋ᠢ ᠭᠦᠨᠵᠡᠭᠡᠢᠷᠡᠭᠦᠯᠵᠤ 《ᠠᠨᠠᠷ᠎ᠤᠨ ᠦᠷ᠎ᠡ ᠨᠢᠭᠡ ᠭᠡᠷ ᠮᠡᠲᠦ ᠳᠣᠲᠣᠨᠣ》 ᠰᠤᠳᠤᠯᠤᠨ ᠰᠤᠷᠤᠯᠴᠠᠬᠤ ᠠᠵᠢᠯᠯᠠᠭ᠎ᠠ᠎ᠶ᠋ᠢ 26 ᠤᠳᠠᠭ᠎ᠠ ᠥᠷᠨᠢᠭᠦᠯᠵᠦ᠍᠂ ᠦᠨᠳᠦᠰᠦᠲᠡᠨ ᠨᠤᠬᠦᠳ᠎ᠦᠨ ᠰᠤᠷᠤᠬ᠍ᠴᠢᠳ᠎ᠢ ᠵᠣᠬᠢᠶᠠᠨ ᠪᠠᠢᠭᠤᠯᠵᠤ᠂ ᠳ᠋ᠧ ᠱᠧᠩ ᠭᠸᠤ ᠵᠢᠨ ᠱᠲ᠋ᠠᠪ᠎ᠤᠨ ᠭᠠᠵᠠᠷ᠎ᠤᠨ ᠬᠠᠭᠤᠴᠢ ᠪᠠᠭᠤᠷᠢ᠎ᠳᠤ ᠬᠦᠷᠴᠤ᠂ 《ᠵᠠᠩ ᠯᠠᠨ ᠨᠢᠦᠢ ᠠᠮᠢ ᠪᠡᠶ᠎ᠡ᠎ᠪᠡᠨ ᠴᠦᠯᠡᠵᠦ᠍ ᠱᠢᠷᠬᠠᠲᠤᠭ᠍ᠰᠠᠳ᠎ᠢ ᠠᠪᠤᠷᠠᠭᠰᠠᠨ ᠨᠢ》 ᠵᠡᠷᠭᠡ ᠬᠤᠪᠢᠰᠭᠠᠯ᠎ᠤᠨ ᠦᠯᠢᠭᠡᠷ᠎ᠢ ᠰᠤᠨᠤᠰᠤᠭᠤᠯᠵᠤ᠂ ᠰᠤᠷᠤᠭᠴᠢᠳ᠎ᠤᠨ ᠤᠯᠤᠰ᠎ᠢᠶᠠᠨ ᠬᠠᠢᠷᠠᠯᠠᠬᠤ ᠬᠠᠢᠷ᠎ᠠ ᠰᠡᠳᠭᠢᠯᠭᠡ᠎ᠶ᠋ᠢ ᠵᠤᠵᠠᠭᠠᠳᠬᠠᠪᠠ᠃ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ᠎ᠳᠤ ᠬᠤᠪᠢᠰᠭᠠᠯ᠎ᠤᠨ ᠰᠤᠶᠤᠯ᠎ᠤᠨ ᠡᠯᠧᠮᠧᠨ᠋ᠲ᠎ᠢ ᠠᠭᠤᠰᠤᠯᠴᠠᠭᠤᠯᠵᠤ᠂ 《ᠤᠮᠠᠷᠠᠲᠤ ᠬᠢᠯᠢ ᠳ᠋ᠤ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌》 ᠦᠵᠡᠭᠦᠯᠭᠡ᠎ᠶ᠋ᠢ 4 ᠤᠳᠠᠭ᠎ᠠ ᠡᠷᠬᠢᠯᠡᠵᠦ᠍᠂ ᠭᠣᠣᠯ ᠰᠡᠳᠦᠪᠲᠦ ᠠᠩᠭᠢ᠎ᠶ᠋ᠢᠨ ᠬᠤᠷᠠᠯ᠎ᠢ 900 ᠭᠠᠷᠤᠢ ᠲᠠᠯᠠᠪᠤᠷ ᠥᠷᠨᠢᠭᠦᠯᠵᠦ᠍᠂ ᠤᠯᠤᠰ᠎ᠢᠶᠠᠨ ᠬᠠᠢᠷᠠᠯᠠᠬᠤ ᠦᠵᠡᠯ᠎ᠦᠨ ᠬᠦᠮᠦᠵᠢᠯ᠎ᠢ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠡᠳᠭᠢᠯ ᠵᠢᠷᠦᠬᠡᠨ᠎ᠳᠦ ᠬᠠᠳᠠᠩᠱᠢᠭᠤᠯᠪᠠ᠃

ᠬᠤᠪᠢᠰᠭᠠᠯ᠎ᠤᠨ ᠵᠢᠭᠤᠯᠴᠢᠯᠠᠯ᠎ᠤᠨ ᠰᠣᠳᠣᠨ ᠱᠤᠭᠤᠮ ᠎ᠢ ᠰᠤᠳᠤᠯᠤᠨ ᠨᠡᠭᠡᠭᠡᠵᠦ᠂ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠲᠠᠢᠨ᠎ᠤ ᠰᠠᠭᠤᠷᠢᠨ᠎ᠭᠠᠵᠠᠷ᠎ᠤᠨ ᠬᠠᠭᠤᠴᠢ ᠪᠠᠭᠤᠷᠢ᠂ ᠵᠢᠩ ᠡᠯ ᠭᠸᠤ ᠵᠢᠨ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ᠂ ᠳ᠋ᠸ ᠱᠧᠩ ᠭᠸᠤ ᠵᠢᠨ ᠱᠲ᠋ᠠᠪ᠎ᠤᠨ ᠭᠠᠵᠠᠷ ᠵᠡᠷᠭᠡ ᠡᠬᠢ ᠪᠠᠶᠠᠯᠢᠭ᠎ᠢ ᠨᠡᠢᠳᠭᠡᠵᠦ᠍᠂ ᠬᠣᠶᠠᠷ ᠵᠤᠷᠪᠤᠰ ᠵᠢᠭᠤᠯᠴᠢᠯᠠᠯ᠎ᠦᠨ ᠰᠤᠳᠤᠨ ᠱᠤᠭᠤᠮ᠎ᠢ ᠨᠡᠭᠡᠭᠡᠵᠦ᠂ 2024 ᠣᠨ᠎ᠳᠤ᠂ ᠪᠥᠬᠥ᠌ ᠱᠢᠶᠠᠨ᠎ᠤ ᠬᠤᠪᠢᠰᠭᠠᠯ᠎ᠤᠨ ᠵᠢᠭᠤᠯᠴᠢᠯᠠᠯ᠎ᠤᠨ ᠣᠷᠣᠯᠭ᠎ᠠ 1.3 ᠳ᠋ᠦᠩᠱᠢᠭᠤᠷ ᠲᠥᠭᠥᠷᠢᠭ᠎ᠲᠦ ᠬᠦᠷᠴᠦ᠍᠂ ᠡᠷᠬᠢᠨ ᠲᠣᠭᠣᠷᠢᠨ᠎ᠤ 320 ᠮᠠᠯᠴᠢᠨ ᠲᠠᠷᠢᠶᠠᠴᠢᠨ᠎ᠢ ᠳᠠᠢᠴᠢᠯᠠᠨ ᠲᠠᠷᠢᠶᠠᠴᠢᠨ ᠠᠢᠯ᠎ᠤᠨ ᠵᠢᠭᠤᠯᠴᠢᠯᠠᠯ ᠪᠠ ᠭᠠᠷ ᠤᠷᠠᠯᠠᠯ᠎ᠤᠨ ᠦᠶ᠋ᠯᠡᠳᠭᠡᠯ᠎ᠦᠨ ᠭᠠᠵᠠᠷ᠎ᠢ ᠬᠥᠭ᠌ᠵᠢᠭᠦᠯᠵᠦ᠍᠂ ᠡᠷᠦᠬᠡ ᠪᠦᠷᠢ᠎ᠶ᠋ᠢᠨ ᠵᠢᠯ ᠳᠤᠮᠳᠠᠴᠢ ᠵᠢᠨ  ᠣᠷᠣᠯᠭ᠎ᠠ 3.8 ᠲᠦᠮᠡᠨ ᠲᠥᠭᠥᠷᠢᠭ᠎ᠲᠦ ᠬᠦᠷᠴᠡᠶ᠃ ᠳ᠋ᠸ ᠱᠧᠩ ᠭᠸᠤ ᠲᠣᠰᠭᠣᠨ᠎ᠤ ᠮᠢᠩ ᠱᠢᠤ ᠶᠤᠸᠠᠨ ᠵᠡᠷᠭᠡ ᠲᠠᠷᠢᠶᠠᠴᠢᠨ ᠠᠢᠯ᠎ᠤᠨ ᠬᠦᠷᠢᠶᠡᠯᠡᠩ᠎ᠳᠦ᠂ ᠨᠠᠢ᠍ᠮᠠᠳᠤᠭᠠᠷ ᠵᠠᠮ᠎ᠤᠨ ᠴᠡᠷᠢᠭ᠎ᠦᠨ ᠬᠡᠷᠡᠭᠯᠡᠵᠤ ᠪᠠᠢᠭᠰᠠᠨ ᠵᠦᠢᠯᠡᠰ ᠪᠠ ᠬᠤᠪᠢᠰᠭᠠᠯ᠎ᠤᠨ ᠬᠠᠭᠤᠴᠢᠨ ᠬᠡᠷᠡᠯ ᠵᠢᠷᠤᠭ᠎ᠢ ᠳᠡᠯᠭᠡᠨ ᠦᠵᠡᠭᠦᠯᠬᠦ᠌ ᠵᠡᠷᠭᠡ ᠤᠨᠴᠠᠯᠢᠬ᠍ᠳᠤ ᠡᠵᠡᠩᠨᠡᠯᠲᠡ᠎ᠪᠡᠷ ᠳᠠᠮᠵᠢᠨ ᠵᠢᠯ᠎ᠳᠦ 1.2 ᠲᠦᠮᠡᠨ ᠵᠢᠭᠤᠯᠴᠢᠯᠠᠭᠰᠠᠳ᠎ᠢ ᠬᠦᠯᠢᠶᠡᠨ ᠠᠪᠴᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号