ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠨᠠᠢᠷᠠᠯ ᠬᠥᠭ᠌ᠵᠢᠮ ᠤ᠋ᠨ ᠪᠦᠯᠬᠦᠮ ᠤ᠋ᠨ ᠬᠢᠨ ᠤᠷᠴᠢᠮᠬᠠᠨ ᠳ᠋ᠦᠩᠹᠸᠩ ᠰᠠᠨᠰᠠᠷ ᠤ᠋ᠨ ᠬᠤᠳᠠ ᠳ᠋ᠤ ᠬᠦᠷᠴᠦ᠍᠂ 《ᠲᠡᠦᠬᠡ ᠶ᠋ᠢᠨ ᠴᠤᠤᠷᠢᠶ᠎ᠠ·ᠠᠭᠤᠤ ᠶᠡᠬᠡ ᠢᠯᠠᠯᠲᠠ》 ᠬᠡᠬᠦ ᠨᠠᠢᠷᠠᠯ ᠬᠥᠭ᠌ᠵᠢᠮ ᠤ᠋ᠨ ᠦᠳᠡᠱᠢᠯᠡᠭᠡ ᠪᠡᠷ ᠳᠤᠮᠳᠠᠳᠤ ᠤᠯᠤᠰ ᠤ᠋ᠨ ᠠᠷᠠᠳ ᠲᠦᠮᠡᠨ ᠤ᠋ ᠶᠠᠫᠣᠨ ᠢ᠋ ᠡᠰᠡᠷᠭᠦᠴᠡᠬᠦ᠌ ᠲᠠᠢ᠌ᠨ ᠵᠢᠴᠢ ᠳᠡᠯᠡᠬᠡᠢ ᠶ᠋ᠢᠨ ᠹᠠᠱ᠌ᠢᠰ ᠢ᠋ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ 80 ᠵᠢᠯ ᠤ᠋ᠨ ᠤᠢ ᠵᠢ ᠦᠪᠡᠳᠡᠭ᠌ᠰᠢ ᠶᠡᠬᠡ ᠪᠡᠷ ᠳᠤᠷᠠᠰᠭᠠᠪᠠ᠃ ᠲᠣᠰ ᠤᠳᠠᠭ᠎ᠠ ᠵᠢᠨ ᠤᠷᠠᠯᠢᠭ ᠤ᠋ᠨ ᠠᠶᠠᠯᠠᠯ ᠪᠣᠯ ᠮᠢᠩᠭᠠᠨ ᠭᠠᠵᠠᠷ ᠢ᠋ ᠠᠯᠤᠰᠯᠠᠭ᠍ᠰᠠᠨ ᠰᠣᠶᠣᠯ ᠤ᠋ᠨ ᠠᠶᠠᠨ ᠮᠥᠨ᠂ ᠨᠠᠩ ᠴᠤ᠌ ᠲᠡᠦᠬᠡ ᠪᠠ ᠢᠷᠡᠭᠡᠳᠦᠶ ᠵᠢ ᠬᠣᠯᠪᠣᠭ᠍ᠰᠠᠨ ᠣᠶᠤᠨ ᠰᠠᠨᠠᠭᠠᠨ ᠤ᠋ ᠳᠠᠪᠲᠠᠯᠲᠠ ᠪᠤᠯᠬᠤ ᠶᠤᠮ᠃
《ᠲᠡᠦᠬᠡ ᠶ᠋ᠢᠨ ᠴᠤᠤᠷᠢᠶ᠎ᠠ·ᠠᠭᠤᠤ ᠶᠡᠬᠡ ᠢᠯᠠᠯᠲᠠ》 ᠳᠠᠭᠤᠤ ᠬᠥᠭ᠌ᠵᠢᠮ ᠤ᠋ᠨ ᠦᠳᠡᠱᠢᠯᠡᠭᠡ ᠳ᠋ᠦᠡᠭ᠌ᠹᠸᠩ ᠰᠠᠨᠰᠠᠷ ᠤ᠋ᠨ ᠬᠤᠳᠠ ᠶ᠋ᠢᠨ ᠶᠣᠰᠣᠯᠠᠯ ᠤ᠋ᠨ ᠲᠠᠩᠬᠢᠮᠳᠤ ᠶᠠᠪᠤᠭᠳᠠᠵᠤ᠂ ᠦᠳᠡᠱᠢᠯᠡᠭᠡ ᠵᠢ ᠴᠠᠢ ᠬᠤᠤ ᠹᠦ᠋ ᠤᠳᠤᠷᠢᠳᠤᠭᠠᠯᠠᠨ᠂ 《ᠮᠥᠬᠥᠯ ᠡᠴᠡ ᠠᠪᠤᠷᠠᠬᠤ ᠤᠷᠤᠭ᠍ᠰᠢᠯᠠᠯᠲᠠ ᠶ᠋ᠢᠨ ᠬᠥᠭ᠌ᠵᠢᠮ》 ᠢ᠋ᠶ᠋ᠡᠷ ᠬᠥᠱᠢᠭᠡ ᠪᠡᠨ ᠰᠡᠬᠦᠵᠦ᠍᠂ ᠦᠨᠳᠦᠰᠦᠲᠡᠨ ᠮᠥᠬᠥᠵᠦ᠍ ᠰᠥᠨᠥᠬᠦ᠌ ᠠᠶᠤᠯ ᠲᠦᠭ᠌ᠰᠢᠭᠦᠷᠢ ᠲᠡᠶ ᠴᠠᠭ ᠮᠥᠴᠡ ᠳ᠋ᠤ ᠡᠷᠡᠯᠬᠡᠭ᠌ᠯᠡᠨ ᠪᠣᠰᠴᠤ᠌ ᠲᠡᠮᠡᠴᠡᠭᠰᠡᠨ ᠪᠠᠢᠳᠠᠯ ᠢ᠋ ᠢᠯᠡᠷᠡᠭᠦᠯᠪᠡ; 《ᠲᠠᠢ ᠬᠠᠩ ᠱᠠᠨ ᠠᠭᠤᠯᠠᠨ ᠳᠡᠭᠡᠷ᠎ᠡ》᠂ 《ᠳᠤᠮᠳᠠᠳᠤ ᠤᠯᠤᠰ ᠤ᠋ᠨ ᠴᠡᠷᠢᠭ ᠤ᠋ᠨ ᠰᠦᠭ ᠰᠦᠨᠡᠰᠦ》 ᠭᠡᠬᠦ᠌ ᠨᠠᠢᠷᠠᠯ ᠳᠠᠭᠤᠤ ᠨᠢ ᠪᠠᠭᠠᠲᠤᠷ ᠢᠳᠡᠲᠡᠨ ᠢ᠋ ᠮᠠᠭ᠍ᠲᠠᠨ ᠳᠠᠭᠤᠯᠠᠵᠦ᠂ ᠨᠠᠢᠷᠠᠯ ᠬᠥᠭ᠌ᠵᠢᠮ ᠤ᠋ᠨ ᠣᠷᠣᠱᠢᠯ ᠬᠥᠭ᠌ᠵᠢᠮ 《ᠢ ᠮᠸᠩ ᠱᠠᠨ ᠠᠭᠤᠯᠠ》 ᠪᠣᠯᠤᠨ 《ᠠᠷᠠᠳ ᠲᠦᠮᠡᠨ ᠤ᠋ ᠢᠯᠠᠯᠲᠠ》 ᠨᠢ ᠴᠡᠷᠢᠭ ᠠᠷᠠᠳ ᠰᠡᠳᠭᠢᠯ ᠨᠢᠭᠡᠲᠦᠭᠰᠡᠨ ᠲᠡᠦᠬᠡ ᠶ᠋ᠢᠨ ᠬᠠᠭᠤᠳᠠᠰᠤ ᠵᠢ ᠳᠡᠯᠭᠡᠵᠡᠢ; 《ᠡᠪ ᠬᠠᠮᠲᠤ ᠨᠠᠮ ᠪᠠᠢᠬᠤ ᠦᠭᠡᠢ ᠪᠣᠯ ᠱᠢᠨ᠎ᠡ ᠳᠤᠮᠳᠠᠳᠤ ᠤᠯᠤᠰ ᠦᠭᠡᠢ》 ᠭᠡᠬᠦ᠌ ᠨᠠᠢᠷᠠᠯ ᠳᠠᠭᠤᠤ ᠪᠠᠷ ᠬᠦᠮᠦᠰ ᠤ᠋ᠨ ᠢᠲᠡᠭᠡᠯ ᠵᠣᠷᠢᠭ ᠢ᠋ ᠨᠢᠭ᠍ᠲᠠᠷᠠᠭᠤᠯᠵᠤ᠂ 《ᠰᠠᠨᠰᠠᠷᠲᠤ ᠳᠡᠭᠦᠯᠢᠭ᠌ᠰᠡᠨ ᠨᠢ》 ᠬᠡᠬᠦ ᠨᠠᠢᠷᠠᠯ ᠬᠥᠭ᠌ᠵᠢᠮ ᠵᠢᠡᠷ ᠰᠠᠨᠰᠠᠷ ᠤ᠋ᠨ ᠠᠶᠠᠯᠠᠯ ᠤ᠋ᠨ ᠵᠣᠷᠢᠭ ᠰᠠᠨᠠᠭ᠎ᠠ ᠵᠢ ᠨᠣᠲ ᠲᠡᠮᠳᠡᠭ ᠲᠦ᠍ ᠠᠭᠤᠰᠭᠠᠨ᠂ ᠣᠭ᠍ᠲᠠᠷᠭᠤᠢᠳᠤ ᠳᠡᠭᠦᠯᠢᠨ ᠬᠦᠰᠡᠯ ᠵᠡᠭᠦᠳᠦ᠍ᠪᠡᠨ ᠲᠡᠷᠭᠡᠯᠱᠢᠭᠦᠯᠬᠦ᠌ ᠣᠮᠣᠭ ᠵᠣᠷᠢᠭ ᠲᠦ᠍ ᠬᠦᠨᠳᠦᠳᠭᠡᠯ ᠳᠡᠪᠱᠢᠭᠦᠯᠪᠡ; ᠲᠡᠬᠦᠰᠬᠡᠯ ᠤ᠋ᠨ ᠠᠶ᠎ᠠ 《ᠬᠦᠰᠡᠯ ᠡᠷᠡᠮᠡᠯᠵᠡᠯ》 ᠪᠣᠯᠤᠨ 《ᠡᠬᠡ ᠤᠯᠤᠰ ᠢ᠋ᠶ᠋ᠠᠨ ᠮᠠᠭ᠍ᠲᠠᠨ ᠳᠠᠭᠤᠯᠠᠶ᠎ᠠ》 ᠨᠢ ᠦᠵᠡᠭᠴᠢ ᠤᠯᠠᠨ ᠤ᠋ ᠤᠯᠤᠰ ᠢ᠋ᠶ᠋ᠠᠨ ᠬᠠᠢᠷᠠᠯᠠᠬᠤ ᠬᠠᠯᠠᠭᠤᠨ ᠰᠡᠳᠭᠢᠯᠭᠡ ᠵᠢ ᠬᠥᠭ᠌ᠵᠢᠭᠡᠵᠡᠢ᠃
ᠲᠣᠰ ᠤᠳᠠᠭ᠎ᠠ ᠵᠢᠨ ᠤᠷᠠᠯᠢᠭ ᠤ᠋ᠨ ᠠᠶᠠᠯᠠᠯ ᠳ᠋ᠤ ᠤᠷᠠᠯᠢᠭᠴᠢᠳ ᠮᠢᠨᠢ ᠲᠤᠬᠠᠢ ᠵᠢᠨ ᠭᠠᠵᠠᠷ ᠲᠦ᠍ ᠲᠣᠭᠣᠷᠢᠨ ᠦᠵᠡᠬᠦ᠌᠂ ᠳᠠᠭᠤᠤ ᠬᠥᠭ᠌ᠵᠢᠮ ᠤ᠋ᠨ ᠨᠠᠮ ᠤ᠋ᠨ ᠬᠢᠴᠢᠶᠡᠯ ᠪᠣᠯᠤᠨ ᠲᠤᠰᠭᠠᠢ ᠲᠠᠯᠠᠪᠤᠷ ᠤ᠋ᠨ ᠲᠣᠭ᠍ᠯᠠᠯᠲᠠ ᠵᠡᠷᠭᠡ ᠭᠤᠷᠪᠠᠨ ᠬᠠᠷᠠᠭᠠᠰᠤ ᠵᠢ ᠭᠦᠨᠵᠡᠭᠡᠢ ᠠᠭᠤᠰᠤᠯᠴᠠᠭᠤᠯᠵᠤ᠂ ᠨᠢᠭᠡᠨ ᠤᠳᠠᠭ᠎ᠠ ᠶ᠋ᠢᠨ ᠪᠣᠰᠣᠭ᠎ᠠ ᠴᠣᠭ᠍ᠴᠠᠲᠤ ᠤᠷᠠᠯᠢᠭ ᠤ᠋ᠨ ᠦᠢᠯᠡᠳᠦᠯᠭᠡ ᠵᠢ ᠠᠮᠵᠢᠯᠲᠠ ᠲᠠᠶ ᠴᠣᠭ᠍ᠴᠠᠯᠠᠪᠠ᠃ ᠣᠯᠠᠨ ᠢ᠋ᠶ᠋ᠠᠷ ᠢ᠋ᠶ᠋ᠠᠨ ᠰᠠᠨᠰᠠᠷ ᠤ᠋ᠨ ᠠᠶᠠᠯᠠᠯ ᠤ᠋ᠨ ᠲᠡᠦᠬᠡᠨ ᠡᠴᠡ ᠣᠶᠤᠨ ᠰᠠᠨᠠᠭᠠᠨ ᠤ᠋ ᠱᠢᠮ᠎ᠡ ᠲᠡᠵᠢᠭᠡᠯ ᠭᠥᠷᠳᠡᠭ᠌ᠰᠡᠨ ᠮᠥᠷᠲᠡᠭᠡᠨ ᠳᠠᠭᠤᠤ ᠬᠥᠭ᠌ᠵᠢᠮ ᠤ᠋ᠨ ᠨᠠᠮ ᠤ᠋ᠨ ᠬᠢᠴᠢᠶᠡᠯ ᠳ᠋ᠤ ᠤᠷᠠᠯᠢᠭ ᠤ᠋ᠨ ᠲᠠᠨᠢᠯᠲᠠ ᠪᠠᠨ ᠳᠡᠭᠡᠭ᠌ᠰᠢᠯᠡᠭᠦᠯᠵᠦ᠍᠂ ᠡᠴᠦᠰ ᠲᠡᠬᠡᠨ ᠲᠠᠢᠰᠠᠨ ᠤ᠋ ᠲᠣᠭ᠍ᠯᠠᠯᠲᠠ ᠪᠠᠷ ᠣᠶᠤᠨ ᠰᠠᠨᠠᠭᠠᠨ ᠤ᠋ ᠬᠤᠪᠢᠷᠠᠭᠤᠯᠤᠯᠲᠠ ᠪᠠ ᠳᠠᠮᠵᠢᠭᠤᠯᠭ᠎ᠠ ᠵᠢ ᠪᠡᠶᠡᠯᠡᠭᠦᠯᠦᠭ᠌ᠰᠡᠨ ᠪᠠᠢᠨ᠎ᠠ᠃ ᠡᠨᠡ ᠬᠦ᠌ ᠲᠠᠪᠠᠯᠳᠠᠳᠤ ᠤᠷᠠᠯᠢᠭ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠲᠡᠦᠬᠡ ᠪᠣᠯᠤᠨ ᠢᠷᠡᠭᠡᠳᠦᠶ ᠵᠢ ᠬᠣᠯᠪᠣᠭ᠍ᠰᠠᠨ ᠲᠣᠭ᠍ᠯᠠᠯᠲᠠ ᠨᠢ ᠬᠤᠪᠢᠰᠭᠠᠯ ᠤ᠋ᠨ ᠤᠳᠤᠮᠱᠢᠯ ᠢ᠋ ᠵᠠᠯᠭᠠᠮᠵᠢᠯᠠᠬᠤ᠂ ᠴᠠᠭ ᠦᠶ᠎ᠡ ᠶ᠋ᠢᠨ ᠵᠣᠷᠢᠭ ᠰᠠᠨᠠᠭ᠎ᠠ ᠵᠢ ᠪᠠᠳᠠᠷᠠᠭᠤᠯᠬᠤ ᠲᠠᠯ᠎ᠠ ᠪᠠᠷᠬᠢ ᠨᠠᠢᠷᠠᠯ ᠬᠥᠭ᠌ᠵᠢᠮ ᠤ᠋ᠨ ᠤᠷᠠᠯᠢᠭ ᠤ᠋ᠨ ᠥᠪᠡᠷᠮᠢᠴᠡ ᠦᠨ᠎ᠡ ᠥᠷᠲᠡᠭ ᠢ᠋ ᠭᠦᠶ᠋ᠴᠡᠳ ᠢᠯᠡᠷᠡᠭᠦᠯᠵᠦ᠍᠂ ᠱᠢᠨ᠎ᠡ ᠴᠠᠭ ᠦᠶ᠎ᠡ ᠶ᠋ᠢᠨ ᠤᠳᠭ᠎ᠠ ᠤᠷᠠᠯᠢᠭ ᠤ᠋ᠨ ᠠᠵᠢᠯᠲᠠᠳ ᠤ᠋ᠨ ᠬᠠᠷᠢᠭᠤᠴᠠᠯᠭ᠎ᠠ ᠡᠭᠦᠷᠭᠡᠯᠡᠯ ᠳ᠋ᠤ ᠠᠮᠢᠳᠤᠯᠢᠭ ᠲᠠᠢᠯᠪᠤᠷᠢᠯᠠᠯᠲᠠ ᠬᠢᠵᠡᠶ᠃