ᠦᠪᠡᠷᠳᠡᠭᠡᠨ ᠵᠠᠰᠠᠬᠤ ᠤᠷᠤᠨ ᠤ᠋ ᠴᠡᠷᠢᠭ ᠤ᠋ᠨ ᠠᠯᠪᠠ ᠡᠴᠨ ᠬᠠᠯᠠᠬᠳᠠᠬᠰᠠᠳ ᠤ᠋ᠨ ᠶᠠᠪᠤᠳᠠᠯ ᠤ᠋ᠨ ᠲᠢᠡᠭᠭᠢᠮ ᠡᠴᠨ ᠤᠢᠯᠠᠭᠠᠬᠰᠠᠨ ᠵᠢᠡᠷ᠂ 9 ᠰᠠᠷ᠎ᠠ᠎ᠶ᠋ᠢᠨ 10 ᠤ᠋ ᠡᠳᠦᠷ ᠂ ᠦᠬᠠᠶ ᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠤᠨ ᠶᠠᠪᠤᠳᠠᠯ᠎ᠤᠨ ᠲᠣᠪᠴᠢᠶ᠎ᠠ 《ᠴᠡᠷᠢᠭ ᠪᠠᠭ᠍ᠰᠢ》 ᠶ᠋ᠢᠨ ᠲᠥᠯᠥᠭᠡᠯᠡᠭ᠌ᠴᠢᠳ᠎ᠦᠨ ᠶᠠᠷᠢᠯᠴᠠᠬᠤ ᠬᠤᠷᠠᠯ ᠬᠢᠵᠤ᠂ 《ᠴᠡᠷᠢᠭ᠎ᠦᠨ ᠠᠯᠪᠠ᠎ᠠᠴᠠ ᠬᠠᠯᠠᠬᠳᠠᠬᠰᠠᠳ ᠲᠸ᠋ ᠬᠠᠷᠠᠭᠠᠯᠵᠠᠯ ᠦᠵᠡᠬᠦᠯᠵᠦ᠂ ᠠᠷᠠᠳ᠎ᠤᠨ ᠪᠠᠭ᠍ᠰᠢ ᠳ᠋ᠤ ᠬᠦᠨᠳᠦᠳᠭᠡᠯ ᠳᠡᠪᠱᠢᠭᠦᠯᠬᠦ᠌》 ᠪᠠᠷ ᠭᠤᠤᠯ ᠰᠡᠳᠦᠪ ᠪᠣᠯᠭᠠᠨ᠂ ᠴᠡᠷᠢᠭ᠎ᠦᠨ ᠬᠤᠸᠠᠷᠠᠨ᠎ᠠᠴᠠ ᠶᠠᠷᠢᠶᠠᠨ᠎ᠤ ᠲᠠᠪᠴᠠᠩ ᠳᠠᠢᠰᠢ ᠰᠢᠯᠵᠢᠭᠰᠡᠨ 《ᠴᠡᠷᠢᠭ ᠪᠠᠭ᠍ᠰᠢ》 ᠳ᠋ᠤ ᠪᠠᠶᠠᠷ᠎ᠤᠨ ᠡᠳᠦᠷ᠎ᠦᠨ ᠵᠥᠩᠨᠡᠯ ᠳᠡᠪᠱᠢᠭᠦᠯᠵᠦ᠍᠂ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠢ ᠬᠦᠨᠳᠦᠳᠭᠡᠨ ᠬᠠᠯᠠᠮᠵᠢᠯᠠᠵᠤ᠂ ᠠᠷᠠᠳ ᠤ᠋ᠨ ᠪᠠᠭ᠍ᠰᠢ᠎ᠶ᠋ᠢ ᠬᠦᠨᠳᠦᠳᠭᠡᠨ ᠰᠤᠷᠭᠠᠨ ᠬᠥᠮᠦᠵᠢᠯ᠎ᠢ ᠴᠢᠬᠤᠯᠠᠴᠢᠯᠠᠬᠤ ᠭᠦᠨ ᠵᠤᠵᠠᠭᠠᠨ ᠨᠡᠢᠭᠡᠮ᠎ᠦᠨ ᠠᠭᠤᠷ ᠠᠮᠢᠰᠭᠤᠯ᠎ᠢ ᠪᠣᠶ ᠪᠣᠯᠭᠠᠪᠠ᠃
ᠶᠠᠷᠢᠯᠴᠠᠬᠤ ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭ᠍ᠰᠠᠨ 《ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠬᠤ ᠲᠤᠰᠭᠠᠢ ᠰᠡᠳᠦᠪᠲᠦ ᠹᠢᠯᠢᠮ》 ᠢ᠋ ᠬᠠᠮᠲᠤ᠎ᠪᠠᠷ ᠰᠣᠨᠢᠷᠬᠠᠵᠤ᠂ ᠶᠠᠫᠣᠨ ᠢ ᠡᠰᠡᠷᠭᠦᠴᠡᠬᠦ᠌ ᠠᠭᠤᠤ ᠶᠡᠬᠡ ᠲᠠᠢ᠌ᠨ᠎ᠦ ᠵᠣᠷᠢᠭ ᠰᠠᠨᠠᠭ᠎ᠠ᠎ᠶ᠋ᠢ ᠣᠢᠯᠠᠭᠠᠵᠤ᠂ ᠲᠡᠦᠬᠡ᠎ᠪᠡᠨ ᠪᠠᠲᠤ ᠴᠡᠭᠡᠵᠢᠯᠡᠬᠦ᠌᠂ ᠡᠷᠡᠮᠡᠬᠡᠢᠯᠡᠨ ᠤᠷᠤᠭ᠍ᠰᠢᠯᠠᠬᠤ ᠢᠲᠡᠭᠡᠯ ᠪᠢᠱᠢᠷᠡᠯ᠎ᠦᠨ ᠬᠦᠴᠦᠨ᠎ᠢ ᠨᠢᠭ᠍ᠲᠠᠷᠠᠭᠤᠯᠪᠠ᠃ 《ᠴᠡᠷᠢᠭ ᠪᠠᠭ᠍ᠰᠢ》 ᠶ᠋ᠢᠨ ᠲᠥᠯᠥᠭᠡᠯᠡᠭ᠌ᠴᠢᠳ ᠴᠡᠷᠢᠭ᠎ᠦᠨ ᠠᠯᠪᠠ᠎ᠠᠴᠠ ᠪᠠᠭᠤᠬᠤ ᠲᠠᠩᠭᠠᠷᠢᠭ᠎ᠢᠶᠠᠨ ᠳᠠᠬᠢᠨᠳᠠ ᠤᠩᠱᠢᠵᠤ᠂ ᠴᠡᠷᠢᠭ᠎ᠦᠨ ᠬᠤᠪᠴᠠᠰᠤ᠎ᠪᠠᠨ ᠲᠠᠢᠯᠤᠭ᠍ᠰᠠᠨ ᠴᠤ᠌ ᠣᠤᠷ ᠴᠢᠨᠠᠷ᠎ᠢᠶᠠᠨ ᠬᠠᠳᠠᠭᠠᠯᠠᠬᠤ ᠦᠨᠡᠨᠴᠢ ᠱᠢᠳᠤᠷᠭᠤ ᠪᠠ ᠡᠭᠦᠷᠭᠡᠯᠡᠯ᠎ᠢ ᠢᠯᠡᠷᠡᠭᠦᠯᠪᠡ᠃
ᠶᠠᠷᠢᠯᠴᠠᠬᠤ ᠬᠤᠷᠠᠯ ᠳ᠋ᠤ᠂ 《ᠴᠡᠷᠢᠭ ᠪᠠᠭ᠍ᠰᠢ》 ᠶ᠋ᠢᠨ ᠲᠥᠯᠥᠭᠡᠯᠡᠭ᠌ᠴᠢᠳ ᠲᠣᠰ ᠪᠡᠶ᠎ᠡ ᠶ᠋ᠢᠨ ᠥᠩᠭᠡᠷᠡᠯᠲᠡ᠎ᠲᠡᠶ᠎ᠪᠡᠨ ᠤᠶᠠᠯᠳᠤᠭᠤᠯᠤᠨ᠂ ᠴᠡᠷᠢᠭ ᠠᠩᠭᠢ᠎ᠶ᠋ᠢᠨ ᠰᠠᠬᠢᠯᠭ᠎ᠠ ᠪᠠᠲᠤ᠎ᠶ᠋ᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ᠌ ᠵᠣᠷᠢᠭ ᠰᠠᠨᠠᠭ᠎ᠠ᠂ ᠲᠡᠮᠡᠴᠡᠯ᠎ᠦᠨ ᠰᠤᠷᠲᠠᠯ᠎ᠢ ᠬᠡᠷᠬᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠳᠤ ᠠᠭᠤᠰᠤᠯᠴᠠᠭᠤᠯᠵᠤ᠂ ᠴᠡᠷᠢᠭ ᠬᠥᠮᠦᠨ᠎ᠦ ᠤᠤᠷ ᠴᠢᠨᠠᠷ᠎ᠢ ᠬᠡᠷᠬᠢᠨ ᠬᠥᠮᠦᠨ ᠬᠥᠮᠦᠵᠢᠭᠦᠯᠬᠦ᠌ ᠳᠠᠪᠠᠭᠤᠯᠢᠭ ᠪᠣᠯᠭᠠᠨ ᠬᠤᠪᠢᠷᠠᠭᠤᠯᠬᠤ ᠲᠤᠬᠠᠢ ᠤᠯᠤᠯᠳᠠ ᠪᠤᠳᠤᠯ ᠵᠦᠬᠠᠶ ᠬᠣᠲᠠ᠎ᠶ᠋ᠢᠨ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ ᠲᠣᠰ ᠤᠳᠠᠭᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭᠠᠵᠤ᠂ 《ᠴᠡᠷᠢᠭ ᠪᠠᠭ᠍ᠰᠢ》᠎ᠳ᠋ᠤ ᠰᠠᠢᠲᠤᠷ ᠦᠶ᠋ᠯᠡᠴᠢᠯᠡᠵᠦ᠍᠂ ᠲᠡᠳᠡᠨ᠎ᠢ ᠴᠡᠷᠢᠭ ᠠᠩᠭᠢ᠎ᠶ᠋ᠢᠨ ᠱᠢᠯᠢᠳᠡᠭ ᠰᠤᠷᠲᠠᠯ᠎ᠢᠶᠠᠨ ᠪᠠᠳᠠᠷᠠᠭᠤᠯᠵᠤ᠂ ᠠᠵᠢᠯ ᠦᠶ᠋ᠯᠡᠰ᠎ᠢᠶᠡᠨ ᠬᠠᠢᠷᠠᠯᠠᠨ᠂ ᠰᠤᠷᠭᠠᠨ ᠬᠥᠮᠦᠵᠢᠯ᠎ᠦᠨ ᠦᠶ᠋ᠯᠡᠰ᠎ᠲᠦ ᠬᠤᠪᠢ ᠨᠡᠮᠡᠷᠢ ᠦᠵᠡᠭᠦᠯᠬᠦ᠌ ᠳ᠋ᠤ ᠬᠦᠴᠦᠨ ᠨᠡᠮᠡᠷᠢᠯᠡᠨ᠎ᠠ᠃