ᠮᠠᠨ ᠤ᠋ ᠤᠷᠤᠨ ᠲᠥᠷᠥ᠎ᠶ᠋ᠢᠨ ᠪᠣᠳᠣᠯᠭ᠎ᠠ᠎ᠵᠢ ᠬᠦᠨᠵᠡᠬᠡᠢ ᠲᠤᠭᠤᠰᠢᠯᠠᠭᠤᠯᠵᠤ ᠬᠡᠷᠡᠭᠯᠡᠬᠡ ᠢ᠋ᠢᠨ ᠳᠠᠯᠳᠠ ᠬᠦᠴᠦᠨ᠎ᠢ ᠬᠦᠭᠵᠢᠬᠡᠵᠤ ᠪᠤᠢ
2025-09-24 10:05:47
ᠵᠣᠬᠢᠶᠠᠭ᠍ᠴᠢ᠄
​ᠰᠠᠷᠭᠠᠢ
ᠣᠩᠱᠢᠭ᠍ᠰᠠᠨ ᠣᠳᠠᠭ᠎ᠠ᠄
★★★☆☆

《ᠬᠡᠷᠡᠭ᠌ᠯᠡᠭᠡ᠎ᠶ᠋ᠢ ᠶᠡᠬᠡ᠎ᠪᠡᠷ ᠬᠥᠭ᠌ᠵᠢᠭᠡᠬᠦ᠌》 ᠲᠤᠬᠠᠶ ᠤᠯᠤᠰ ᠤ᠋ᠨ ᠴᠢᠬᠤᠯᠠ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠬᠡᠷᠡᠭᠯᠡᠬᠡ ᠢ᠋ᠢᠨ ᠢᠲᠡᠭᠡᠯ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠡᠨᠡ ᠵᠢᠯ᠎ᠤᠨ ᠡᠬᠢᠨ ᠡᠴᠡ ᠨᠠᠭᠠᠰᠢ᠂ ᠮᠠᠨ ᠤ᠋ ᠤᠷᠤᠨ ᠡᠳ᠋᠎ᠦᠨ ᠵᠠᠰᠠᠭ᠎ᠤᠨ ᠲᠥᠷᠥ᠎ᠶ᠋ᠢᠨ ᠪᠣᠳᠣᠯᠭ᠎ᠠ᠎ᠵᠢᠨ ᠲᠤᠭᠤᠰᠢᠯᠠᠭᠤᠯᠤᠯᠳᠠ᠎ᠵᠢ ᠦᠷᠭᠦᠯᠵᠢᠯᠡᠨ ᠴᠢᠩᠭᠠᠳᠭᠠᠵᠤ᠂ ᠬᠡᠷᠡᠭᠯᠡᠬᠡ ᠢ᠋ᠢᠨ ᠳᠠᠯᠳᠠ ᠬᠦᠴᠦᠨ᠎ᠢ ᠨᠠᠡᠭ ᠬᠥᠭ᠌ᠵᠢᠭᠡᠵᠤ ᠪᠠᠢᠨ᠎ᠠ᠃

ᠬᠤᠰᠢᠭᠤ ᠱᠢᠶᠠᠨ᠎ᠤ ᠬᠡᠪᠴᠢᠶᠡᠨ᠎ᠦ ᠬᠤᠳᠠᠯᠳᠤᠭᠠᠨ᠎ᠤ ᠱᠢᠰᠲ᠋ᠧᠮ᠎ᠤ᠋ᠨ ᠪᠠᠢᠭᠤᠯᠤᠯᠲᠠ᠎ᠶ᠋ᠢ ᠲᠡᠮᠵᠢᠪᠡ᠃ ᠮᠠᠨ ᠤ᠋ ᠤᠷᠤᠨ ᠲᠤᠰᠭᠠᠶ ᠪᠠᠯᠠ ᠮᠥᠩᠭᠥ᠌ ᠪᠠᠭᠤᠯᠭᠠᠬᠤ᠎ᠪᠠᠷ ᠲᠡᠮᠵᠢᠨ ᠪᠥᠬᠥ᠌ ᠣᠷᠣᠨ᠎ᠤ ᠬᠡᠪᠴᠢᠶᠡᠨ᠎ᠳᠦ ᠬᠤᠰᠢᠭᠤ ᠱᠢᠶᠠᠨ᠎ᠤ ᠬᠡᠪᠴᠢᠶ᠎ᠡ᠎ᠪᠡᠷ ᠲᠥᠪ ᠪᠣᠯᠭᠠᠭ᠍ᠰᠠᠨ᠂ ᠱᠢᠶᠠᠩ ᠪᠠᠯᠭᠠᠰᠤ᠎ᠪᠠᠷ ᠭᠤᠤᠯᠳᠠᠯᠭ᠎ᠠ ᠪᠣᠯᠭᠠᠭ᠍ᠰᠠᠨ ᠬᠤᠰᠢᠭᠤ ᠱᠢᠶᠠᠨ᠎ᠤ ᠬᠡᠪᠴᠢᠶᠡᠨ᠎ᠦ ᠬᠤᠳᠠᠯᠳᠤᠭᠠᠨ᠎ᠤ ᠱᠢᠰᠲ᠋ᠧᠮ ᠢ᠋ ᠪᠠᠢᠭᠤᠯᠬᠤ᠎ᠶ᠋ᠢ ᠳᠡᠮᠵᠢᠵᠦ᠍᠂ ᠦᠶ᠋ᠯᠡᠴᠢᠯᠡᠭᠡ ᠲᠡᠭᠦᠯᠳᠡᠷ᠂ ᠠᠵᠤ ᠦᠶ᠋ᠯᠡᠰ ᠬᠠᠷᠢᠴᠠᠩᠭᠤᠶ ᠲᠥᠪᠯᠡᠷᠡᠭ᠌ᠰᠡᠨ ᠬᠤᠰᠢᠭᠤ ᠱᠢᠶᠠᠨ ᠎ᠤ ᠬᠡᠪᠴᠢᠶᠡᠨ᠎ᠦ ᠬᠡᠷᠡᠭᠯᠡᠬᠡ ᠢ᠋ᠢᠨ ᠭᠦᠶ᠋ᠯᠭᠡᠭᠡᠨ᠎ᠦ ᠱᠢᠰᠲ᠋ᠧᠮ ᠢ᠋ ᠪᠦᠷᠢᠯᠳᠤᠬᠦᠯᠪᠠ᠃ ᠬᠠᠩᠭᠠᠨ ᠪᠣᠷᠣᠯᠠᠭᠤᠯᠬᠤ ᠱᠢᠰᠲ᠋ᠧᠮ᠎ᠦᠨ ᠬᠠᠩᠭᠠᠯᠭ᠎ᠠ᠎ᠶ᠋ᠢ ᠪᠠᠲᠤᠯᠠᠬᠤ ᠬᠡᠯᠪᠡᠷᠢ᠎ᠶ᠋ᠢᠨ ᠬᠦᠶ᠋ᠲᠡᠨ ᠬᠡᠯᠬᠢᠶᠡᠲᠦ ᠪᠠᠷᠠᠭᠠᠨ᠎ᠤ ᠬᠦᠢᠯᠬᠡᠬᠡ ᠢ᠋ᠢᠨ ᠱᠢᠰᠲ᠋ᠧᠮ᠎ᠤ᠋ᠨ ᠪᠠᠢᠭᠤᠯᠤᠯᠲᠠ᠎ᠶ᠋ᠢ ᠳᠡᠮᠵᠢᠵᠦ᠍᠂ ᠬᠦᠶ᠋ᠲᠡᠨ ᠬᠡᠯᠬᠢᠶᠡᠲᠦ ᠪᠠᠷᠠᠭᠠᠨ᠎ᠤ ᠬᠦᠢᠯᠬᠡᠬᠡ ᠢ᠋ᠢᠨ ᠠᠵᠤ ᠠᠬᠤᠢᠯᠠᠯ ᠬᠢᠭᠡᠳ ᠮᠠᠯ᠎ᠤᠨ ᠠᠱᠢᠭ ᠱᠢᠮ᠎ᠡ᠎ᠲᠠᠷᠢᠶᠠᠯᠠᠨᠭ᠌ ᠤ᠋ᠨ ᠪᠦᠲᠦᠭᠡᠭ᠌ᠳᠡᠬᠦᠨ᠎ᠦ ᠲᠠᠭᠠᠭᠤᠯᠤᠭᠴᠢ ᠠᠵᠤ ᠠᠬᠤᠢᠯᠠᠯ᠂ ᠲᠤᠰᠭᠠᠶ ᠬᠣᠷᠱᠢᠶ᠎ᠠ᠂ ᠴᠤᠭ᠍ᠯᠠᠭ᠎ᠠ  ᠮᠠᠢᠮᠠᠶ ᠎ᠶ᠋ᠢᠨ  ᠵᠠᠬ᠎ᠠ ᠳᠡᠯᠭᠡᠭᠦᠷ ᠵᠡᠷᠭᠡ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠬᠦᠶ᠋ᠲᠡᠨ ᠬᠡᠯᠬᠢᠶᠡᠲᠦ ᠪᠠᠷᠠᠭᠠᠨ ᠎ᠤ  ᠬᠦᠢᠯᠬᠡᠬᠡ  ᠢ᠋ᠢᠨ 《ᠲᠠᠪᠴᠠᠩ ᠤ᠋ᠨ ᠠᠵᠤ  ᠠᠬᠤᠢᠯᠠᠯ + ᠲᠠᠷᠢᠶᠠᠯᠠᠩ ᠎ᠤᠨ ᠰᠠᠭᠤᠷᠢᠨ》᠂ 《ᠡᠯᠧᠺᠲ᠋ᠷᠣᠨ ᠬᠤᠳᠠᠯᠳᠤᠭ᠎ᠠ + ᠭᠠᠷᠤᠯᠲᠠ᠎ᠶ᠋ᠢᠨ ᠣᠷᠣᠨ᠎ᠳᠤ ᠱᠢᠭᠤᠳ ᠣᠯᠭᠣᠬᠤ》 ᠵᠠᠭ᠍ᠪᠤᠷ ᠪᠠᠢᠭᠤᠯᠬᠤ᠎ᠶ᠋ᠢ ᠳᠡᠮᠵᠢᠵᠦ᠍᠂ ᠬᠡᠷᠡᠭ᠌ᠯᠡᠭᠡ᠎ᠶ᠋ᠢ ᠠᠬᠢᠭᠤᠯᠬᠤ᠎ᠳᠤ ᠨᠥᠬᠥᠴᠡᠯ ᠪᠦᠷᠢᠯᠳᠦᠭᠦᠯᠵᠦ᠍ ᠦᠭᠪᠡ᠃ ᠣᠳᠣᠬᠠᠨ ᠪᠣᠯᠲᠠᠯ᠎ᠠ᠂ ᠪᠥᠬᠥ᠌ ᠣᠷᠣᠨ᠎ᠤ ᠠᠷᠠᠯᠵᠢᠶ᠎ᠠ ᠬᠤᠳᠠᠯᠳᠤᠭᠠᠨ᠎ᠤ ᠦᠶ᠋ᠯᠡᠴᠢᠯᠡᠭᠡ   ᠢ᠋ᠢ  ᠬᠣᠱᠢᠭᠤ  ᠱᠢᠶᠠᠨ ᠲᠣᠭᠣᠷᠢᠭ  ᠪᠣᠯᠤᠨ ᠰᠤᠮᠤ ᠱᠢᠶᠠᠩ ᠪᠠᠯᠭᠠᠰᠤ  ᠳ᠋ᠤ᠌ 100% ᠪᠠᠷ ᠪᠦᠷᠬᠦᠬᠦᠯᠵᠤ᠂ ᠭᠠᠴᠠᠭ᠎ᠠ ᠲᠤᠰᠬᠤᠨ ᠳ᠋ᠤ᠌ 90% ᠡᠴᠡ ᠲᠡᠭᠡᠭᠰᠢ ᠪᠦᠷᠬᠦᠬᠦᠯᠪᠡ᠃ ᠡᠨᠡ ᠵᠢᠯ᠎ᠦᠨ 7 ᠰᠠᠷ᠎ᠠ᠎ᠪᠤᠯᠳᠠᠯ᠎ᠡ᠂ ᠪᠥᠬᠥ᠌  ᠣᠷᠣᠨ᠎ᠤ ᠬᠥᠳᠡᠭᠡ ᠲᠣᠰᠭᠣᠨ᠎ᠤ  ᠬᠡᠷᠡᠭᠯᠡᠬᠡ ᠢ᠋ᠢᠨ ᠵᠦᠢᠯᠡᠰ ᠢ᠋ ᠵᠢᠵᠢᠭ᠌ᠯᠡᠨ ᠪᠤᠷᠤᠯᠠᠭᠤᠯᠤᠭᠰᠠᠨ ᠬᠡᠮᠵᠢᠶ᠎ᠡ ᠨᠢᠳᠤᠨᠤᠨ ᠤ᠋ ᠠᠳᠠᠯᠢ ᠬᠤᠭᠤᠴᠠᠭᠠᠨ᠎ᠤ᠎ᠬᠢ᠎ᠡᠴᠡ 9.5% ᠪᠠᠷ ᠨᠡᠮᠡᠭ᠌ᠳᠡᠪᠡ᠃

ᠬᠡᠷᠡᠭᠯᠡᠬᠡ ᠢ᠋ᠢᠨ ᠵᠢᠭᠡᠯᠡᠯᠭᠡ᠎ᠳ᠋ᠤ᠌ ᠡᠳ᠋᠎ᠦᠨ ᠵᠠᠰᠠᠭ᠎ᠤᠨ ᠳᠠᠮ ᠬᠦᠦ᠍᠎ᠮᠦᠨᠭᠬᠦ ᠤᠯᠭᠤᠬᠤ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠪᠡ᠃ ᠥᠪᠡᠷᠲᠡᠭᠡᠨ ᠵᠠᠰᠠᠬᠤ ᠣᠷᠣᠨ᠎ᠠᠴᠠ ᠬᠤᠪᠢ ᠬᠥᠮᠦᠨ᠎ᠦ ᠬᠡᠷᠡᠭᠯᠡᠬᠡ ᠢ᠋ᠢᠨ ᠵᠢᠬᠡᠯᠡᠯᠬᠡ ᠳ᠋ᠤ᠌ ᠲᠡᠮ ᠬᠦᠦ ᠮᠦᠨᠭᠬᠦ ᠤᠯᠭᠤᠬᠤ ᠪᠠ ᠦᠢᠯᠡᠴᠢᠯᠡᠭᠡᠨ᠎ᠦ ᠦᠢᠯᠡᠰ᠎ᠦᠨ ᠡᠵᠡᠩᠨᠡᠯᠲᠡ᠎ᠶ᠋ᠢᠨ ᠭᠣᠣᠯ ᠴᠣᠭ᠍ᠴᠠ᠎ᠳ᠋ᠤ ᠵᠢᠭᠡᠯᠡᠯᠭᠡ᠎ᠶ᠋ᠢᠨ ᠳᠠᠮ ᠬᠦᠦ᠍ ᠮᠦᠨᠭᠬᠦ ᠤᠯᠭᠤᠬᠤ ᠲᠤᠬᠠᠶ ᠤᠯᠤᠰ᠎ᠤᠨ ᠲᠥᠷᠥ᠎ᠶ᠋ᠢᠨ ᠪᠣᠳᠣᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠭᠣᠣᠯᠳᠠᠯᠭ᠎ᠠ᠎ᠲᠠᠶ ᠬᠦᠷᠢᠶᠡᠨ᠎ᠳᠡᠬᠢ ᠬᠤᠪᠢ ᠬᠥᠮᠦᠨ᠎ᠦ ᠬᠡᠷᠡᠭᠯᠡᠬᠡ ᠢ᠋ᠢᠨ ᠵᠢᠭᠡᠯᠡᠯᠭᠡ᠎ᠳᠦ ᠡᠳ᠋᠎ᠦᠨ ᠵᠠᠰᠠᠭ᠎ᠤᠨ ᠳᠠᠮ ᠬᠦᠦ ᠮᠦᠨᠭᠬᠦ ᠤᠯᠭᠤᠪᠠ᠃ ᠢᠳᠡᠭᠡᠨ ᠤᠮᠳᠠᠭᠠᠨ ᠬᠣᠨᠣᠭ ᠪᠠᠭᠤᠳᠠᠯ᠂ ᠡᠷᠡᠭᠦᠯ ᠮᠡᠨᠳᠦ᠂ ᠨᠠᠰᠤᠵᠢᠯ᠎ᠤᠨ ᠠᠰᠠᠷᠠᠮᠵᠢ ᠵᠡᠷᠭᠡ ᠠᠷᠠᠳ ᠤ᠋ᠨ ᠠᠮᠢᠳᠤᠷᠠᠯ᠎ᠲᠠᠶ ᠨᠢᠭ᠍ᠲᠠ ᠬᠣᠯᠪᠣᠭ᠎ᠠ᠎ᠲᠠᠶ ᠬᠦᠷᠢᠶᠡᠨ᠎ᠳᠦ᠂ ᠡᠳ᠋᠎ᠦᠨ ᠵᠠᠰᠠᠭ᠎ᠠᠴᠠ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠵᠢᠭᠡᠯᠡᠯᠭᠡ ᠳ᠋ᠤ᠌ ᠲᠥᠷᠥᠯ ᠬᠤᠪᠢᠶᠠᠨ ᠳᠠᠮ ᠬᠦᠦ ᠮᠦᠨᠭᠬᠦ ᠤᠯᠭᠤᠵᠤ ᠂ ᠪᠠᠯᠠ ᠬᠤᠷᠠᠮᠳᠤᠭᠤᠯᠬᠤ ᠥᠪᠡᠷ᠎ᠦᠨ ᠥᠷᠲᠡᠭ᠎ᠢ ᠪᠠᠭᠤᠷᠠᠭᠤᠯᠤᠨ᠂ ᠨᠠᠩ ᠣᠯᠠᠨ ᠴᠢᠨᠠᠷ ᠰᠠᠢᠲᠠᠶ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠬᠡᠷᠡᠭᠯᠡᠬᠡ ᠢ᠋ᠢᠨ ᠠᠮᠢᠵᠢᠷᠠᠯ ᠤ᠋ᠨ ᠬᠦᠴᠦᠨ ᠎ᠢ  ᠤᠯᠠᠮ  ᠨᠢᠭᠡ  ᠠᠯᠬᠤᠮ  ᠬᠦᠭᠵᠢᠬᠡᠪᠡ᠃

ᠰᠣᠶᠣᠯ ᠵᠢᠭᠤᠯᠴᠢᠯᠠᠯ᠎ᠢ᠋ ᠠᠭᠤᠰᠤᠯᠴᠠᠭᠤᠯᠤᠨ ᠬᠡᠷᠡᠭᠯᠡᠬᠡ ᠢ᠋ᠢᠨ ᠳᠠᠯᠳᠠ ᠬᠦᠴᠦᠨ ᠎ᠢ ᠪᠠᠳᠠᠷᠠᠭᠤᠯᠬᠤ ᠢ᠋ᠢ ᠲᠡᠮᠵᠢᠪᠡ᠃ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ ᠠᠢᠮᠠᠭ ᠬᠣᠲᠠ᠎ᠢ᠋ᠢᠨ ᠲᠣᠰ ᠪᠡᠶ᠎ᠡ᠎ᠶ᠋ᠢᠨ ᠣᠷᠣᠨ ᠪᠠᠢᠷᠢ᠎ᠶ᠋ᠢᠨ ᠡᠬᠢ ᠪᠠᠶᠠᠯᠢᠭ ᠬᠢᠭᠡᠳ ᠰᠣᠶᠣᠯ᠎ᠤᠨ ᠣᠨᠴᠠᠯᠢᠭ᠎ᠲᠠᠶ᠎ᠪᠠᠨ ᠤᠶᠠᠯᠳᠤᠭᠤᠯᠤᠨ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠬᠤ ᠢ᠋ᠢ ᠲᠡᠮᠵᠢᠵᠤ᠂ ᠰᠣᠶᠣᠯ ᠵᠢᠭᠤᠯᠴᠢᠯᠠᠯ᠎ᠤᠨ ᠬᠡᠷᠡᠭ᠌ᠯᠡᠭᠡ᠎ᠶ᠋ᠢ ᠬᠥᠭ᠌ᠵᠢᠭᠡᠨ᠂ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠤ ᠲᠠᠰ ᠳᠡᠪᠱᠢᠬᠦ᠌ ᠎ᠶ᠋ᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠲᠠᠸᠠᠷ ᠎ᠢ᠋ ᠰᠤᠳᠤᠯᠤᠨ ᠨᠡᠭᠡᠭᠡᠵᠦ᠍ ᠦᠶ᠋ᠯᠡᠳᠪᠦᠷᠢᠯᠡᠬᠦ᠌᠎ᠶ᠋ᠢ ᠠᠬᠢᠭᠤᠯᠤᠨ᠂ ᠤᠯᠠᠮᠵᠢᠯᠠᠯᠲᠤ ᠰᠣᠶᠣᠯ᠂ ᠪᠣᠳᠠᠰ᠎ᠤᠨ ᠪᠤᠰᠤ ᠰᠣᠶᠣᠯ᠎ᠤᠨ ᠥᠪ ᠬᠢᠭᠡᠳ ᠵᠢᠭᠤᠯᠴᠢᠯᠠᠯ᠎ᠤᠨ ᠦᠶ᠋ᠯᠡᠳᠬᠦᠨ᠎ᠦ ᠵᠢᠷᠤᠭ ᠲᠥᠯᠥᠪᠯᠡᠭᠡ ᠎ᠢ᠋ᠢ ᠠᠭᠤᠰᠤᠯᠴᠠᠭᠤᠯᠬᠤ ᠢ᠋ᠢ ᠪᠡᠶᠡᠯᠡᠭᠦᠯᠵᠦ᠍᠂ ᠰᠣᠶᠣᠯ ᠵᠢᠭᠤᠯᠴᠢᠯᠠᠯ᠎ᠤᠨ ᠬᠡᠷᠡᠭ᠌ᠯᠡᠭᠡ᠎ᠶ᠋ᠢᠨ ᠦᠷᠭᠦᠯᠵᠢᠯᠡᠨ ᠨᠡᠮᠡᠭ᠌ᠳᠡᠬᠦ᠌᠎ᠶ᠋ᠢ  ᠪᠦᠲᠦᠮᠵᠢᠲᠡᠶ  ᠠᠬᠢᠭᠤᠯᠪᠠ᠃

ᠵᠠᠷᠤᠳᠠᠯ᠎ᠢ ᠪᠠᠲᠤᠯᠠᠵᠤ᠂ ᠠᠵᠤ ᠠᠬᠤᠢ ᠠᠷᠠᠯᠵᠢᠶᠠᠨ᠎ᠤ ᠰᠣᠯᠢᠯᠴᠠᠭ᠎ᠠ᠎ᠶ᠋ᠢ ᠠᠬᠢᠭᠤᠯᠪᠡ᠃ ᠭᠤᠤᠯᠳᠠᠯᠭ᠎ᠠ᠎ᠲᠠᠶ ᠦᠵᠡᠰᠭᠦᠯᠡᠩ᠎ᠪᠠ ᠵᠦᠪᠳᠡᠯᠴᠡᠬᠡᠷ ᠤ᠋ᠨ ᠠᠵᠢᠯᠯᠠᠭ᠎ᠠ᠎ᠶ᠋ᠢᠨ ᠵᠠᠷᠤᠳᠠᠯ᠎ᠤᠨ ᠪᠠᠲᠤᠯᠠᠭ᠎ᠠ᠎ᠶ᠋ᠢ ᠰᠠᠢᠲᠤᠷ ᠬᠢᠬᠦ᠌᠎ᠪᠡᠷ ᠳᠡᠮᠵᠢᠨ᠂ ᠮᠠᠨ ᠤ᠋ ᠤᠷᠤᠨ ᠬᠠᠷᠢᠯᠴᠠᠨ ᠠᠱᠢᠭ᠍ᠲᠠᠶ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌᠂ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠠᠬᠢᠭᠤᠯᠬᠤ᠎ᠳᠤ ᠲᠠᠪᠴᠠᠩ ᠪᠠᠢᠭᠤᠯᠤᠨ ᠦᠭᠴᠤ᠂ ᠬᠤᠳᠠᠯᠳᠤᠭᠠᠨ᠎ᠤ ᠶᠠᠪᠤᠳᠠᠯ᠂ ᠠᠷᠠᠯᠵᠢᠶ᠎ᠠ᠎ᠶ᠋ᠢ ᠠᠬᠢᠭᠤᠯᠬᠤ ᠵᠡᠷᠭᠡ ᠰᠠᠯᠠᠭ᠎ᠠ ᠮᠥᠴᠢᠷ᠎ᠡᠴᠡ ᠬᠠᠮᠢᠶ᠎ᠠ ᠪᠥᠬᠥᠶ ᠠᠵᠤ ᠠᠬᠤᠢᠯᠠᠯ ᠪᠤᠯᠤᠨ ᠪᠠᠢᠭᠤᠯᠤᠮᠵᠢ ᠢ᠋ᠢ ᠵᠣᠬᠢᠶᠠᠨ ᠪᠠᠢᠭᠤᠯᠤᠨ ᠣᠷᠣᠨ᠎ᠤ ᠲᠤᠳᠤᠨ᠎ᠡ ᠭᠠᠳᠠᠨᠠᠬᠢ ᠭᠤᠤᠯᠳᠠᠯᠭ᠎ᠠ᠎ᠲᠠᠶ ᠦᠵᠡᠰᠭᠦᠯᠡᠩ᠎ᠳᠦ ᠣᠷᠣᠯᠴᠠᠬᠤ᠎ᠶ᠋ᠢ  ᠳᠡᠮᠵᠢᠵᠦ᠍ ᠂ ᠤᠷᠤᠨ ᠨᠤᠳᠤᠭ ᠤ᠋ᠨ ᠴᠢᠨᠠᠷ  ᠰᠠᠢᠲᠠᠶ ᠠᠵᠤ ᠠᠬᠤᠢᠯᠠᠯ᠎ᠤᠨ ᠭᠠᠳᠠᠭ᠍ᠰᠢ ᠭᠠᠷᠬᠤ᠎ᠶ᠋ᠢ ᠬᠥᠲᠥᠯᠥᠨ ᠵᠢᠯᠣᠭᠣᠳᠭᠤ᠎ᠶ᠋ᠢᠨ ᠬᠠᠮᠲᠤ᠂ ᠣᠷᠣᠨ᠎ᠤ ᠭᠠᠳᠠᠨᠠᠬᠢ ᠴᠢᠨᠠᠷ ᠰᠠᠢᠲᠠᠶ ᠦᠶ᠋ᠯᠡᠳᠬᠦᠨ᠎ᠢ ᠤᠷᠤᠭᠤᠯᠤᠨ ᠠᠪᠴᠢᠷᠠᠵᠤ᠂ ᠬᠡᠷᠡᠭ᠌ᠯᠡᠭᠡ᠎ᠶ᠋ᠢᠨ ᠲᠠᠰ ᠳᠡᠪᠱᠢᠬᠦ᠌᠎ᠶ᠋ᠢ ᠠᠬᠢᠭᠤᠯᠪᠡ᠃

ᠣᠯᠠᠨ ᠵᠦᠶ᠋ᠯ᠎ᠦᠨ ᠲᠥᠷᠥ ᠎ᠶ᠋ᠢᠨ ᠪᠣᠳᠣᠯᠭ᠎ᠠ ᠎ᠶ᠋ᠢᠨ ᠳᠡᠮᠵᠢᠯᠭᠡ ᠳᠤᠤᠷ᠎ᠠ᠂ ᠡᠨᠡ ᠵᠢᠯ᠎ᠦᠨ 7 ᠰᠠᠷ᠎ᠡ ᠪᠤᠯᠳᠠᠯ᠎ᠡ᠂ ᠪᠥᠬᠥ᠌ ᠣᠷᠣᠨ᠎ᠤ ᠨᠡᠢᠭᠡᠮ᠎ᠦᠨ ᠬᠡᠷᠡᠭ᠌ᠯᠡᠭᠡᠨ᠎ᠦ ᠵᠦᠶ᠋ᠯᠡᠰ᠎ᠢ᠋ ᠵᠢᠵᠢᠭ᠌ᠯᠡᠨ ᠪᠤᠷᠤᠯᠠᠭᠤᠯᠤᠭᠰᠠᠨ ᠶᠡᠷᠦᠩᠬᠡᠶ ᠬᠡᠮᠵᠢᠶ᠎ᠡ 2975.5 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ᠎ᠤ᠎ᠬᠢ᠎ᠡᠴᠡ 8.9%ᠪᠠᠷ ᠨᠡᠮᠡᠭ᠌ᠳᠡᠵᠦ᠍᠂ ᠨᠡᠮᠡᠭ᠌ᠳᠡᠯ᠎ᠦᠨ ᠬᠤᠷᠳᠤᠴᠠ᠎ᠨᠢ ᠠᠳᠠᠯᠢ ᠬᠤᠭᠤᠴᠠᠭᠠᠨ᠎ᠤ ᠪᠥᠬᠥ᠌ ᠤᠯᠤᠰ᠎ᠤᠨ ᠬᠢᠷᠢ ᠲᠦᠪᠱᠢᠨ᠎ᠡᠴᠡ ᠵᠠᠭᠤᠨ ᠤ᠋ ᠬᠠᠷᠢᠴᠡᠯ  ᠢ᠋ᠢᠡᠷ  4.1 ᠬᠤᠪᠢ ᠲᠠᠪᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号