ᠢᠲᠡᠭᠡᠮᠵᠢᠪᠡᠷ ᠰᠠᠭᠤᠷᠢ ᠪᠣᠯᠭᠠᠭ᠍ᠰᠠᠨ ᠱᠢᠨᠡ ᠬᠡᠯᠪᠡᠷᠢ ᠶ᠋ᠢᠨ ᠬᠢᠨᠠᠯᠲᠠ ᠬᠠᠮᠢᠶᠠᠷᠤᠯᠲᠠ ᠶ᠋ᠢᠨ ᠲᠣᠭ᠍ᠲᠠᠴᠠ ᠶ᠋ᠢ ᠲᠡᠭᠦᠯᠳᠡᠷᠵᠢᠭᠦᠯᠵᠦ᠍᠂ ᠠᠵᠤ ᠠᠬᠤᠶ ᠨᠡᠢᠭᠡᠮᠦᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠶ᠋ᠢᠨ ᠲᠦᠯᠦᠭᠡ᠂ ᠥᠪᠡᠷᠲᠡᠭᠡᠨ ᠵᠠᠰᠠᠬᠤ ᠣᠷᠣᠨᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠠ ᠶ᠋ᠢᠨ ᠲᠢᠩᠬᠢᠮ ᠠᠵᠤ ᠦᠶ᠋ᠯᠡᠳᠪᠦᠷᠢ ᠶ᠋ᠢᠨ ᠬᠦᠷᠢᠶᠡ ᠴᠠᠷᠠᠭᠠ ᠶ᠋ᠢᠨ ᠪᠣᠳᠠᠲᠠᠶᠲᠠᠶᠪᠠᠨ ᠤᠶᠠᠯᠳᠤᠭᠤᠯᠤᠨ᠂ ᠣᠯᠠᠨ ᠨᠡᠢᠲᠡ ᠶ᠋ᠢᠨ ᠢᠲᠡᠭᠡᠮᠵᠢ ᠶ᠋ᠢᠨ ᠶᠡᠷᠦᠩᠬᠡᠢᠯᠡᠨ ᠦᠨᠡᠯᠡᠭ᠌ᠰᠡᠨ ᠦᠷᠡ ᠳ᠋ᠦᠩ ᠦᠨ ᠬᠡᠷᠡᠭ᠌ᠯᠡᠭᠡᠨᠤ ᠠᠵᠢᠯ ᠢ ᠥᠷᠨᠢᠭᠦᠯᠵᠦ ᠪᠤᠢ᠃
ᠢᠲᠡᠭᠡᠮᠵᠢ ᠶ᠋ᠢᠨ ᠬᠢᠨᠠᠨ ᠪᠠᠢᠴᠠᠭᠠᠬᠤ ᠲᠣᠭ᠍ᠲᠠᠴᠠ ᠶ᠋ᠢ ᠴᠢᠩᠳᠠᠯᠠᠵᠦ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ ᠶ᠋ᠢᠨ ᠬᠦᠷᠢᠶᠡ ᠴᠠᠷᠠᠭᠠ ᠶ᠋ᠢᠨ ᠢᠷᠠᠭᠤ ᠠᠯᠳᠠᠷᠤᠨ ᠴᠣᠯᠠ ᠱᠢᠯᠭᠠᠷᠠᠭᠤᠯᠬᠤ ᠵᠢᠴᠢ ᠲᠥᠷᠥᠯ ᠵᠦᠶ᠋ᠯ᠂ ᠪᠠᠯᠠ ᠮᠥᠩᠭᠥ᠌᠂ ᠵᠥᠪᠱᠢᠶᠡᠷᠡᠯᠦᠨ ᠵᠦᠶ᠋ᠯᠡᠰᠢ ᠭᠤᠶᠤᠴᠢᠯᠠᠨ ᠮᠡᠳᠡᠭᠦᠯᠬᠦ᠌ᠳᠡᠭᠡᠨ᠂ ᠭᠤᠶᠤᠴᠢᠯᠠᠨ ᠮᠡᠳᠡᠭᠦᠯᠬᠦ᠌ ᠭᠤᠤᠯ ᠴᠣᠭ᠍ᠴᠠ ᠶ᠋ᠢᠨ ᠢᠲᠡᠭᠡᠮᠵᠢ ᠶ᠋ᠢᠨ ᠪᠠᠢᠳᠠᠯᠢ ᠪᠥᠬᠥ᠌ ᠲᠠᠯᠠᠪᠠᠷ ᠬᠠᠷᠭᠤᠭᠤᠯᠤᠨ ᠪᠠᠢᠴᠠᠭᠠᠵᠤ᠂ ᠭᠤᠶᠤᠴᠢᠯᠠᠨ ᠮᠡᠳᠡᠭᠦᠯᠬᠦ᠌ ᠠᠵᠤ ᠠᠬᠤᠢᠯᠠᠯᠳᠤ ᠢᠲᠡᠭᠡᠯ ᠠᠯᠳᠠᠭ᠍ᠰᠠᠨ ᠦᠶ᠋ᠯᠡ ᠠᠵᠢᠯᠯᠠᠭᠠ ᠣᠷᠣᠱᠢᠵᠤ ᠪᠠᠢᠬᠤ ᠡᠰᠡᠬᠦ᠌ ᠶ᠋ᠢ ᠴᠢᠬᠤᠯᠠ ᠯᠠᠪᠯᠠᠬᠤ ᠭᠦᠶ᠋ᠴᠡᠳᠭᠡᠯ ᠲᠣᠭᠠ (《ᠢᠲᠡᠭᠡᠮᠵᠢᠲᠦ ᠳᠤᠮᠳᠠᠳᠤ ᠤᠯᠤᠰ》᠂ 《ᠢᠲᠡᠭᠡᠮᠵᠢᠲᠦ ᠥᠪᠥᠷ ᠮᠣᠩᠭᠣᠯ》 ᠰᠦᠯᠵᠢᠶᠠ ᠶ᠋ᠢᠨ ᠪᠠᠢᠴᠠᠭᠠᠨ ᠯᠠᠪᠯᠠᠭ᠍ᠰᠠᠨ ᠮᠡᠳᠡᠭᠡ ᠵᠠᠩᠭᠢᠪᠠᠷ ᠪᠠᠷᠢᠮᠵᠢᠶᠠ ᠪᠣᠯᠭᠠᠨᠠ) ᠪᠣᠯᠭᠠᠵᠤ᠂ ᠨᠢᠭᠡ ᠪᠢᠯᠧᠲ ᠢ᠋ᠶ᠋ᠡᠷ ᠬᠦᠴᠦᠨ ᠥᠬᠡᠶ ᠪᠣᠯᠭᠠᠬᠤ ᠵᠦᠶ᠋ᠯᠡᠰᠢ ᠳᠣᠭᠢᠷᠠᠭᠤᠯᠵᠤ᠂ ᠬᠠᠤᠯᠢ ᠲᠣᠭ᠍ᠲᠠᠭᠠᠯᠠᠴᠠ ᠵᠥᠷᠢᠴᠡᠭ᠌ᠰᠡᠨ ᠦᠶ᠋ᠯᠡ ᠠᠵᠢᠯᠯᠠᠭᠠ ᠣᠷᠣᠱᠢᠵᠤ ᠪᠠᠢᠭᠠ ᠭᠤᠶᠤᠴᠢᠯᠠᠨ ᠮᠡᠳᠡᠭᠦᠯᠬᠦ᠌ ᠭᠤᠤᠯ ᠴᠣᠭ᠍ᠴᠠ ᠶ᠋ᠢ ᠬᠠᠤᠯᠢ ᠶᠣᠰᠣᠭᠠᠷ ᠬᠢᠵᠠᠭᠠᠷᠯᠠᠨ᠂ ᠱᠢᠯᠭᠠᠨ ᠰᠣᠩᠭᠣᠬᠤ ᠬᠢᠷᠢ ᠬᠡᠮᠢᠨᠢ ᠬᠦᠴᠦᠨ ᠥᠬᠡᠶ ᠪᠤᠯᠭᠠᠪᠠ᠃
ᠵᠦᠷᠢᠶᠡᠴᠢᠯᠡᠭ᠌ᠰᠡᠨ ᠬᠢᠨᠠᠯᠲᠠ ᠬᠠᠮᠢᠶᠠᠷᠤᠯᠲᠠ ᠶ᠋ᠢ ᠬᠡᠷᠡᠭ᠌ᠵᠢᠭᠦᠯᠵᠦ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ ᠶ᠋ᠢᠨ ᠬᠦᠷᠢᠶᠡ ᠴᠠᠷᠠᠭᠠᠳᠤ ᠢᠲᠡᠭᠡᠮᠵᠢ ᠶ᠋ᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠴᠦ᠂ ᠠᠵᠤ ᠠᠬᠤᠢᠯᠠᠯᠳᠤ ᠬᠣᠯᠪᠣᠭ᠍ᠳᠠᠭ᠍ᠰᠠᠨ ᠵᠠᠰᠠᠭ ᠵᠠᠬᠢᠷᠭᠠᠨᠤ ᠬᠠᠤᠯᠢ ᠬᠡᠷᠡᠭ᠌ᠵᠢᠭᠦᠯᠦᠯᠲᠡ ᠶ᠋ᠢᠨ ᠪᠠᠢᠴᠠᠭᠠᠯᠲᠠ ᠬᠢᠬᠦ᠌ ᠳᠤᠮᠳᠠ᠂ ᠣᠯᠠᠨ ᠨᠡᠢᠲᠡ ᠶ᠋ᠢᠨ ᠢᠲᠡᠭᠡᠮᠵᠢ ᠶ᠋ᠢᠨ ᠶᠡᠷᠦᠩᠬᠡᠢᠯᠡᠭ᠌ᠰᠡᠨ ᠦᠨᠡᠯᠡᠯᠲᠡᠪᠡᠷ ᠰᠠᠢᠨ ᠠᠵᠤ ᠠᠬᠤᠢᠯᠠᠯᠳᠤ᠂ ᠪᠠᠢᠴᠠᠭᠠᠬᠤ ᠴᠢᠬᠤᠯᠠ ᠲᠠᠶ ᠪᠠᠢᠪᠠᠯ᠂ ᠨᠢᠭᠡ ᠵᠢᠯᠳᠦ ᠵᠥᠪᠬᠡᠨ ᠨᠢᠭᠡ ᠯᠡ ᠤᠳᠠᠭᠠ ᠵᠠᠰᠠᠭ ᠵᠠᠬᠢᠷᠭᠠᠨᠤ ᠬᠠᠤᠯᠢ ᠬᠡᠷᠡᠭ᠌ᠵᠢᠭᠦᠯᠦᠯᠲᠡ ᠶ᠋ᠢᠨ ᠪᠠᠢᠴᠠᠭᠠᠯᠲᠠ ᠬᠢᠵᠦ᠂ 《ᠢᠲᠡᠭᠡᠮᠵᠢ ᠶ᠋ᠢ ᠬᠠᠷᠭᠤᠭᠤᠯᠤᠨ ᠪᠠᠢᠴᠠᠭᠠᠬᠤ + ᠲᠥᠷᠥᠯ ᠬᠤᠪᠢᠶᠠᠨ ᠬᠢᠨᠠᠨ ᠬᠠᠮᠢᠶᠠᠷᠬᠤ》 ᠪᠠᠷ ᠳᠠᠮᠵᠢᠨ᠂ ᠢᠲᠡᠭᠡᠮᠵᠢ ᠠᠯᠳᠠᠭ᠍ᠰᠠᠨ ᠬᠢᠵᠠᠭᠠᠷᠯᠠᠬᠤ ᠬᠦᠴᠦᠨᠢ ᠴᠢᠩᠭᠠᠷᠠᠭᠤᠯᠤᠭ᠍ᠰᠠᠨ ᠪᠦᠭᠡᠳ ᠢᠲᠡᠭᠡᠮᠵᠢᠲᠡᠶ ᠠᠵᠤ ᠠᠬᠤᠢᠯᠠᠯᠳᠤ ᠨᠠᠩ ᠱᠢᠯᠢᠳᠡᠭ ᠬᠥᠭ᠌ᠵᠢᠯᠲᠡ ᠶ᠋ᠢᠨ ᠣᠷᠴᠢᠨ ᠨᠥᠬᠥᠴᠡᠯᠢ ᠪᠣᠶ ᠪᠣᠯᠭᠠᠵᠤ ᠥᠭ᠌ᠴᠠᠢ᠃