ᠡᠨᠡ ᠵᠢᠯ ᠡᠴᠡ ᠨᠠᠭᠠᠰᠢ ᠣᠷᠳᠣᠰ ᠬᠣᠲᠠ ᠵᠢᠨ ᠬᠢᠯᠢ ᠪᠡᠷ ᠣᠷᠣᠵᠤ ᠭᠠᠷᠬᠤ ᠠᠶᠠᠨᠴᠢᠨᠤ ᠲᠣᠭ᠎ᠠ ᠦᠷᠭᠦᠯᠵᠢᠯᠡᠨ ᠨᠡᠮᠡᠭᠳᠡᠬᠦ ᠬᠠᠨᠳᠤᠰᠢ ᠲᠠᠢ ᠪᠠᠢᠵᠤ᠂ ᠣᠲᠣᠬᠠᠨ ᠪᠣᠯᠲᠠᠯ᠎ᠠ ᠣᠷᠳᠣᠰ ᠤ᠋ᠨ ᠣᠯᠠᠨ ᠤᠯᠤᠰ ᠤ᠋ᠨ ᠨᠢᠰᠬᠡᠯ ᠤ᠋ᠨ ᠪᠠᠭᠤᠳᠠᠯ ᠤ᠋ᠨ ᠪᠣᠭᠣᠮᠲᠠ ᠶ᠋ᠢᠨ ᠬᠢᠯᠢ ᠪᠡᠷ ᠣᠷᠣᠵᠤ ᠭᠠᠷᠤᠭᠰᠠᠨ ᠠᠶᠠᠨᠴᠢᠨᠤ ᠳᠤᠭ᠎ᠠ 4.6 ᠲᠦᠮᠡ ᠭᠠᠷᠤᠢ ᠬᠥᠮᠥᠨ ᠤᠳᠠᠭ᠎ᠠ ᠵᠢ ᠳᠠᠪᠠᠨ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 79.5% ᠪᠡᠷ ᠨᠡᠮᠡᠭᠳᠡᠵᠦ᠂ ᠣᠢᠷ᠎ᠠ ᠵᠢᠨ 5 ᠵᠢᠯ ᠤ᠋ᠨ ᠬᠠᠮᠤᠭ ᠤ᠋ᠨ ᠥᠨᠳᠥᠷ ᠲᠡᠮᠳᠡᠭᠯᠡᠯ ᠢ᠋ ᠡᠭᠦᠳᠴᠡᠢ᠃
ᠣᠢᠯᠠᠭᠠᠭᠰᠠᠨ ᠶ᠋ᠢᠡᠷ᠂ ᠡᠨᠡ ᠵᠢᠯ ᠡᠴᠡ ᠨᠠᠭᠠᠰᠢ᠂ ᠣᠷᠳᠣᠰ ᠪᠣᠭᠣᠮᠲᠠ ᠵᠢᠨ ᠬᠢᠯᠢ ᠪᠡᠷ ᠣᠷᠣᠵᠤ ᠭᠠᠷᠬᠤ ᠠᠶᠠᠯᠠᠯ ᠤ᠋ᠨ ᠱᠤᠭᠤᠮ ᠤ᠋ᠨ ᠳᠤᠤᠷ ᠲᠠᠰᠤᠷᠠᠯᠲᠠ ᠦᠭᠡᠢ ᠲᠡᠭᠦᠯᠳᠡᠷᠵᠢᠵᠦ᠂ ᠮᠣᠩᠭᠣᠯ᠂ ᠺᠣᠷᠢᠶᠠ᠂ ᠸᠶ᠋ᠶᠧᠲᠨᠠᠮ᠂ ᠲᠠᠢ ᠤᠯᠤᠰ ᠵᠡᠷᠭᠡ ᠣᠯᠠᠨ ᠤᠯᠤᠰ ᠤ᠋ᠨ ᠬᠢᠯᠢ ᠪᠡᠷ ᠣᠷᠣᠵᠤ ᠭᠠᠷᠤᠭᠰᠠᠨ ᠠᠶᠠᠨᠴᠢᠨᠤ ᠳᠤᠭ᠎ᠠ 4.6 ᠲᠦᠮᠡ ᠭᠠᠷᠤᠢ ᠬᠥᠮᠥᠨ ᠤᠳᠠᠭ᠎ᠠ ᠳ᠋ᠤ ᠬᠦᠷᠴᠤ᠂ 9 ᠵᠤᠷᠪᠤᠰ ᠣᠯᠠᠨ ᠤᠯᠤᠰ ᠤ᠋ᠨ ᠠᠭᠠᠷ ᠤ᠋ᠨ ᠠᠶᠠᠯᠠᠯ ᠤ᠋ᠨ ᠱᠤᠭᠤᠮ ᠢ᠋ ᠬᠠᠮᠤᠷᠴᠠᠢ᠃ ᠢᠯᠠᠩᠭᠤᠶ᠎ᠠ ᠣᠨ ᠤ᠋ ᠰᠢᠯᠭᠠᠨ ᠪᠠᠢᠴᠠᠭᠠᠯᠲᠠ ᠵᠢᠨ ᠰᠢᠨ᠎ᠡ ᠲᠡᠮᠳᠡᠭᠯᠡᠯ ᠢ᠋ ᠡᠭᠦᠳᠦᠭᠰᠡᠨ ᠡᠴᠡ ᠭᠠᠳᠠᠨ᠎ᠠ᠂ ᠲᠣᠰ ᠪᠣᠭᠣᠮᠲᠠ ᠵᠢᠨ ᠨᠢᠭᠡ ᠡᠳᠦᠷ᠂ ᠨᠢᠭᠡ ᠰᠠᠷ᠎ᠠ ᠵᠢᠨ ᠬᠢᠯᠢ ᠪᠡᠷ ᠣᠷᠣᠵᠤ ᠭᠠᠷᠤᠭᠰᠠᠨ ᠠᠶᠠᠨᠴᠢᠨ ᠤ᠋ ᠰᠢᠯᠭᠠᠨ ᠪᠠᠢᠴᠠᠭᠠᠯᠲᠠ ᠵᠢᠨ ᠲᠣᠭ᠎ᠠ ᠤᠢᠷ᠎ᠠ ᠶ᠋ᠢᠨ 5 ᠵᠢᠯ ᠤ᠋ᠨ ᠰᠢᠨ᠎ᠡ ᠳᠡᠮᠳᠡᠭᠯᠠᠯ ᠢ᠋ ᠡᠬᠦᠳᠴᠦ᠂ ᠣᠷᠳᠣᠰ ᠤ᠋ᠨ ᠭᠠᠳᠠᠭᠠᠳᠤ ᠯᠤᠭ᠎ᠠ ᠵᠢᠨ ᠰᠣᠯᠢᠯᠴᠠᠭᠠᠨ ᠤ᠋ ᠠᠮᠢᠵᠢᠷᠠᠯ ᠤ᠋ᠨ ᠬᠦᠴᠦᠨ ᠢᠯᠡᠳᠲᠡ ᠳᠡᠭᠡᠭᠰᠢᠯᠡᠭᠰᠡᠨ ᠢ᠋ ᠬᠠᠷᠠᠭᠤᠯᠵᠤ ᠪᠠᠢᠨ᠎ᠠ᠃ ᠦᠷᠭᠦᠯᠵᠢᠯᠡᠨ ᠲᠦᠷᠭᠡᠨ ᠶ᠋ᠢᠡᠷ ᠨᠡᠮᠡᠭᠳᠡᠵᠦ ᠪᠠᠢᠭ᠎ᠠ ᠬᠢᠯᠢ ᠪᠡᠷ ᠣᠷᠣᠵᠤ ᠭᠠᠷᠬᠤ ᠠᠶᠠᠨᠴᠢᠳ ᠤ᠋ᠨ ᠤᠷᠤᠰᠬᠠᠯ ᠳ᠋ᠤ ᠴᠢᠭᠯᠡᠬᠦᠯᠦᠨ᠂ ᠠᠶᠠᠨᠴᠢᠳ ᠤ᠋ᠨ ᠥᠨᠳᠥᠷ ᠪᠦᠲᠦᠮᠵᠢᠲᠡᠢ᠂ ᠰᠠᠭᠠᠳ ᠦᠭᠡᠢ ᠪᠣᠭᠣᠮᠲᠠ ᠪᠡᠷ ᠥᠩᠭᠡᠷᠡᠬᠦ ᠵᠢ ᠪᠠᠲᠤᠯᠠᠬᠤ ᠵᠢᠨ ᠲᠥᠯᠥᠭᠡ᠂ ᠣᠷᠳᠣᠰ ᠤ᠋ᠨ ᠬᠢᠯᠢ ᠪᠡᠷ ᠣᠷᠣᠵᠤ ᠭᠠᠷᠬᠤ ᠬᠢᠯᠢ ᠵᠢᠨ ᠬᠠᠮᠠᠭᠠᠯᠠᠯᠲᠠ ᠵᠢᠨ ᠪᠠᠢᠴᠠᠭᠠᠬᠤ ᠥᠷᠲᠡᠭᠡ ᠨᠢᠰᠬᠡᠯ ᠤ᠋ᠨ ᠪᠠᠭᠤᠳᠠᠯ ᠤ᠋ᠨ ᠡᠵᠡᠩᠨᠡᠯᠲᠡ ᠵᠢᠨ ᠨᠢᠭᠡᠴᠢ ᠲᠠᠢ ᠨᠢᠭ᠍ᠲᠠ ᠬᠠᠮᠵᠢᠯᠴᠠᠵᠤ᠂ ᠠᠶᠠᠨᠴᠢᠳ ᠤ᠋ᠨ ᠬᠢᠯᠢ ᠪᠡᠷ ᠥᠩᠭᠡᠷᠡᠬᠦ ᠵᠢ ᠰᠢᠯᠢᠳᠡᠭᠵᠢᠭᠦᠯᠬᠦ ᠪᠡᠷ ᠭᠣᠣᠯ ᠬᠠᠷᠠᠯᠲᠠ ᠪᠣᠯᠭᠠᠵᠤ᠂ ᠠᠯᠢ ᠣᠯᠠᠨ ᠪᠣᠳᠠᠲᠠᠢ ᠵᠢ ᠡᠷᠬᠢᠮᠯᠡᠭᠰᠡᠨ ᠥᠨᠳᠥᠷ ᠪᠦᠲᠦᠮᠵᠢᠲᠡᠢ ᠦᠢᠯᠡᠴᠢᠯᠡᠭᠡᠨ ᠤ᠋ ᠠᠷᠭ᠎ᠠ ᠬᠡᠮᠵᠢᠶ᠎ᠡ ᠠᠪᠤᠪᠠ᠃
ᠣᠷᠳᠣᠰ ᠤ᠋ᠨ ᠬᠢᠯᠢ ᠪᠡᠷ ᠣᠷᠣᠵᠤ ᠭᠠᠷᠬᠤ ᠬᠢᠯᠢ ᠵᠢᠨ ᠬᠠᠮᠠᠭᠠᠯᠠᠯᠲᠠ ᠵᠢᠨ ᠪᠠᠢᠴᠠᠭᠠᠬᠤ ᠥᠷᠲᠡᠭᠡᠨ ᠤ᠋ ᠬᠢᠯᠢ ᠵᠢᠨ ᠬᠠᠮᠠᠭᠠᠯᠠᠯᠲᠠ ᠵᠢᠨ ᠪᠠᠢᠴᠠᠭᠠᠬᠤ ᠭᠠᠵᠠᠷ ᠤ᠋ᠨ ᠳᠠᠷᠤᠭ᠎ᠠ ᠨᠠᠰᠤᠨ᠄ 《ᠪᠢᠳᠡ 〈ᠥᠷᠲᠡᠭᠡ ᠠᠩᠭᠢ ᠨᠢᠭᠡ ᠴᠣᠭᠴᠠᠵᠢᠭ᠍ᠰᠠᠨ〉 ᠵᠢᠵᠢᠭᠦᠷᠯᠡᠬᠦ ᠵᠠᠭᠪᠤᠷ ᠢ᠋ ᠡᠭᠦᠳᠦᠨ ᠬᠡᠷᠡᠭᠵᠢᠭᠦᠯᠵᠦ᠂ ᠲᠤᠰᠬᠠᠢ ᠬᠥᠮᠥᠨ ᠲᠣᠬᠢᠷᠠᠭᠤᠯᠤᠨ ᠪᠤᠭᠤᠮᠳᠠ ᠵᠢᠨ ᠠᠶᠠᠨᠴᠢᠳ ᠤ᠋ᠨ ᠤᠷᠤᠰᠬᠠᠯ ᠤ᠋ᠨ ᠬᠤᠪᠢᠷᠠᠯᠲᠠ ᠵᠢᠨ ᠪᠠᠢᠳᠠᠯ ᠢ᠋ ᠴᠠᠭ ᠲᠤᠬᠠᠢ ᠳ᠋ᠤᠨᠢ ᠬᠢᠨᠠᠨ ᠬᠡᠮᠵᠢᠵᠦ᠂ ᠠᠶᠠᠨᠴᠢᠳ ᠤ᠋ᠨ ᠤᠷᠤᠰᠬᠠᠯ ᠤ᠋ᠨ ᠣᠷᠭᠢᠯ ᠦᠶ᠎ᠡ ᠵᠢᠨ ᠪᠣᠳᠠᠲᠠᠢ ᠬᠡᠷᠡᠭᠴᠡᠭᠡ ᠵᠢ ᠦᠨᠳᠦᠰᠦᠯᠡᠨ᠂ ᠵᠢᠵᠢᠭᠦᠷᠯᠡᠬᠦ ᠴᠠᠭᠳᠠᠭᠠᠨ ᠤ᠋ ᠬᠦᠴᠦ ᠵᠢ ᠬᠥᠳᠡᠯᠦᠩᠭᠦᠢ ᠪᠡᠷ ᠲᠣᠬᠢᠷᠠᠭᠤᠯᠤᠨ᠂ ᠠᠶᠠᠨᠴᠢᠳ ᠤ᠋ᠨ ᠤᠷᠤᠰᠬᠠᠯ ᠬᠠᠮᠤᠭ ᠤ᠋ᠨ ᠲᠥᠪᠯᠡᠷᠡᠭᠰᠡᠨ ᠦᠶ᠎ᠠ ᠳ᠋ᠡᠭᠡᠨ᠌ ᠵᠢᠵᠢᠭᠦᠷᠯᠡᠬᠦ ᠴᠠᠭᠳᠠᠭᠠᠨ ᠤ᠋ ᠬᠦᠴᠦ ᠵᠢ 40% ᠪᠡᠷ ᠨᠡᠮᠡᠭᠳᠡᠭᠦᠯᠵᠡᠢ᠂ ᠡᠭᠦᠨ ᠤ᠋ ᠵᠡᠷᠭᠡ ᠳ᠋ᠤ ᠪᠢᠳᠡ ᠪᠠᠰᠠ ᠲᠦᠷ ᠴᠠᠭ ᠤ᠋ᠨ ᠪᠠᠢᠴᠠᠭᠠᠨ ᠰᠢᠯᠭᠠᠬᠤ ᠵᠠᠮ ᠢ᠋ ᠴᠠᠭ ᠲᠤᠬᠠᠢ ᠳ᠋ᠤᠨᠢ ᠨᠡᠮᠡᠵᠦ᠂ ᠣᠯᠠᠨ ᠠᠷᠭ᠎ᠠ ᠪᠠᠷᠢᠯ ᠶ᠋ᠢᠡᠷ ᠪᠣᠭᠣᠮᠲᠠ ᠥᠩᠭᠡᠷᠡᠬᠦ ᠦᠷ᠎ᠡ ᠪᠦᠲᠦᠮᠵᠢ ᠵᠢ ᠬᠠᠮᠤᠭ ᠤ᠋ᠨ ᠶᠡᠬᠡ ᠬᠡᠮᠵᠢᠶ᠎ᠡ ᠪᠡᠷ ᠳᠡᠭᠡᠭᠰᠢᠯᠡᠭᠦᠯᠦᠨ᠂ ᠠᠶᠠᠨᠴᠢᠳ ᠤ᠋ᠨ ᠬᠦᠯᠢᠶᠡᠬᠦ ᠴᠠᠭ ᠢ᠋ ᠪᠣᠭᠣᠨᠢᠰᠬᠠᠵᠠᠢ》 ᠭᠡᠵᠦ ᠲᠠᠨᠢᠯᠴᠠᠭᠤᠯᠪᠠ᠃
ᠬᠢᠯᠢ ᠪᠡᠷ ᠣᠷᠣᠵᠤ ᠭᠠᠷᠬᠤ ᠠᠶᠠᠨᠴᠢᠳ ᠤ᠋ᠨ ᠤᠷᠤᠰᠬᠠᠯ ᠤ᠋ᠨ ᠨᠡᠮᠡᠭᠳᠡᠯ ᠤ᠋ᠨ ᠴᠠᠭᠠᠨ᠎ᠠ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠢᠳᠡᠪᠬᠢᠲᠡᠢ ᠠᠬᠢᠭᠤᠯᠬᠤ ᠦᠢᠯᠡᠳᠦᠯ ᠦᠵᠡᠬᠦᠯᠦᠭᠰᠡᠨ ᠨᠢ ᠢᠯᠡᠷᠬᠡᠢ ᠃ ᠡᠨᠡ ᠵᠢᠯ ᠤ᠋ᠨ ᠵᠣᠨ ᠤ᠋ ᠠᠮᠠᠷᠠᠯᠲᠠ ᠳ᠋ᠤ᠂ ᠣᠷᠳᠣᠰ ᠤ᠋ᠨ ᠣᠯᠠᠨ ᠤᠯᠤᠰ ᠤ᠋ᠨ ᠨᠢᠰᠬᠡᠯ ᠤ᠋ᠨ ᠪᠠᠭᠤᠳᠠᠯ ᠣᠯᠠᠨ ᠤᠯᠤᠰ ᠤ᠋ᠨ ᠡᠭᠡᠯᠵᠢ ᠵᠢᠨ ᠨᠢᠰᠬᠡᠯ ᠲᠠᠢ ᠢᠳᠡᠪᠬᠢᠲᠡᠢ ᠬᠠᠮᠵᠢᠯᠴᠠᠵᠤ᠂ 《ᠠᠭᠠᠷ ᠤ᠋ᠨ ᠠᠶᠠᠯᠠᠯ ᠤ᠋ᠨ ᠲᠦᠮᠡᠨ ᠬᠥᠮᠥᠨ ᠤ᠋ ᠬᠢᠯᠢ ᠪᠡᠷ ᠣᠷᠣᠵᠤ ᠤᠷᠳᠤᠰ ᠬᠤᠳᠠ ᠪᠡᠷ ᠵᠢᠭᠤᠯᠴᠢᠯᠠᠬᠤ ᠠᠶᠠᠯᠠᠯ》 ᠤ᠋ᠨ ᠲᠥᠷᠥᠯ ᠵᠦᠢᠯ ᠢ᠋ ᠨᠠᠷᠢᠨ ᠨᠢᠮᠪᠠᠢ ᠥᠷᠨᠢᠭᠦᠯᠦᠨ᠂ ᠲᠣᠰ ᠲᠥᠷᠥᠯ ᠵᠦᠢᠯ ᠨᠢᠭᠡᠨᠲᠡ 2 ᠲᠦᠮᠡ ᠭᠠᠷᠤᠢ ᠵᠢᠭᠤᠯᠴᠢᠯᠠᠭᠴᠢ ᠵᠢ ᠣᠷᠳᠣᠰ ᠲᠤ᠌ ᠲᠠᠲᠠᠵᠤ ᠠᠪᠴᠢᠷᠠᠭᠰᠠᠨ ᠪᠠᠢᠨ᠎ᠠ᠃ ᠵᠢᠭᠤᠯᠴᠢᠯᠠᠯ ᠤ᠋ᠨ ᠵᠠᠮ ᠱᠤᠭᠤᠮ ᠤ᠋ᠨ ᠰᠣᠩᠭᠣᠯᠲᠠ ᠡᠴᠠ ᠠᠪᠴᠤ ᠦᠵᠡᠪᠡᠯ᠂ ᠬᠢᠯᠢ ᠪᠡᠷ ᠣᠷᠣᠵᠤ ᠢᠷᠡᠭᠰᠡᠨ ᠵᠢᠭᠤᠯᠴᠢᠯᠠᠭ᠍ᠰᠠᠳ ᠤ᠋ᠨ ᠣᠯᠠᠩᠬᠢ ᠨᠢ 5 ᠡᠳᠦᠷ 4 ᠣᠷᠣᠢ ᠪᠠ 8 ᠡᠳᠦᠷ 7 ᠣᠷᠣᠢ ᠵᠢᠨ 《ᠤᠷᠳᠤᠰ ᠬᠣᠲᠠ ᠵᠢᠨ ᠰᠡᠯᠡᠭᠦᠴᠡᠯ ᠵᠢᠭᠤᠯᠴᠢᠯᠠᠯ》 ᠤ᠋ᠨ ᠣᠯᠠᠨ ᠤᠯᠤᠰ ᠤ᠋ᠨ ᠰᠣᠳᠣᠨ ᠵᠢᠭᠤᠯᠴᠢᠯᠠᠯ ᠤ᠋ᠨ ᠵᠠᠮ ᠱᠤᠭᠤᠮ ᠢ᠋ ᠰᠤᠩᠭᠤᠵᠠᠢ᠃ ᠡᠨᠡ ᠬᠦ᠌ ᠵᠢᠭᠤᠯᠴᠢᠯᠠᠯ ᠤ᠋ᠨ ᠬᠡᠷᠡᠭᠯᠡᠭᠡᠨ ᠤ᠋ ᠬᠠᠨᠳᠤᠰᠢ ᠨᠢ ᠣᠷᠳᠣᠰ ᠬᠣᠲᠠ ᠵᠢᠨ ᠦᠵᠡᠮᠵᠢ ᠵᠢᠨ ᠣᠷᠣᠨ ᠤ᠋ ᠡᠵᠡᠩᠨᠡᠯᠲᠡ᠂ ᠪᠠᠭᠤᠳᠠᠯ ᠤ᠋ᠨ ᠦᠢᠯᠡᠴᠢᠯᠡᠭᠡ ᠵᠡᠷᠭᠡ ᠬᠣᠯᠪᠣᠭᠳᠠᠯ ᠪᠦᠬᠦᠢ ᠠᠵᠤ ᠦᠢᠯᠡᠰ ᠲᠤ᠌ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠦ᠂ 《ᠳᠤᠳᠤᠨᠤ ᠬᠣᠲᠠ》 ᠵᠢᠨ ᠵᠢᠭᠤᠯᠴᠢᠯᠠᠯ ᠤ᠋ᠨ ᠳᠦᠷᠦᠯ ᠲᠡᠮᠳᠡᠭ ᠤ᠋ᠨ ᠦᠷᠭᠦᠯᠵᠢᠯᠡᠨ ᠲᠠᠰ ᠳᠡᠪᠰᠢᠬᠦ ᠵᠢ ᠠᠬᠢᠭᠤᠯᠤᠨ᠂ ᠨᠠᠩ ᠴᠤ᠌ ᠭᠠᠵᠠᠷ ᠣᠷᠣᠨ ᠤ᠋ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠬᠡᠷᠡᠭᠯᠡᠭᠡ ᠵᠢᠨ ᠲᠣᠭᠲᠠᠪᠤᠷᠢᠳᠠᠢ ᠨᠡᠮᠡᠭᠳᠡᠬᠦ ᠵᠢ ᠪᠦᠲᠦᠮᠵᠢᠲᠡᠢ ᠳᠠᠶ᠋ᠢᠴᠢᠯᠠᠵᠤ᠂ ᠬᠢᠯᠢ ᠪᠡᠷ ᠣᠷᠣᠵᠤ ᠭᠠᠷᠬᠤ ᠠᠶᠠᠨᠴᠢᠳ ᠤ᠋ᠨ ᠤᠷᠤᠰᠬᠠᠯ ᠬᠢᠭᠡᠳ ᠰᠣᠶᠣᠯ ᠵᠢᠭᠤᠯᠴᠢᠯᠠᠯ ᠤ᠋ᠨ ᠠᠵᠤ ᠠᠬᠤᠢ ᠵᠢᠨ ᠬᠠᠷᠢᠯᠴᠠᠨ ᠠᠬᠢᠨ᠂ ᠬᠠᠮᠵᠢᠯᠴᠠᠨ ᠬᠥᠭᠵᠢᠭᠰᠡᠨ ᠰᠠᠢᠨ ᠰᠠᠢᠬᠠᠨ ᠪᠠᠢᠳᠠᠯ ᠢ᠋ ᠪᠣᠢ ᠪᠣᠯᠭᠠᠭᠰᠠᠨ ᠪᠠᠢᠨ᠎ᠠ᠃