ᠪᠤᠭᠤᠲᠤ ᠵᠢᠨ ᠬᠦᠩᠬᠡᠨᠴᠠᠭᠠᠨ ᠎ᠤ ᠦᠢᠯᠡᠰ ᠤᠯᠤᠰ᠎ᠤᠨ ᠲᠡᠰ᠎ᠤᠨ 5G ᠵᠢᠨ ᠦᠢᠯᠡᠳᠪᠦᠷᠢ ᠳ᠋ᠤ ᠰᠤᠩᠭᠤᠬᠳᠠᠪᠠ
2025-09-24 10:39:48
ᠵᠣᠬᠢᠶᠠᠭ᠍ᠴᠢ᠄
ᠸ ·ᠭᠡᠷᠡᠯᠳᠤ
ᠣᠩᠱᠢᠭ᠍ᠰᠠᠨ ᠣᠳᠠᠭ᠎ᠠ᠄
★★★☆☆

ᠠᠵᠤ ᠦᠢᠯᠡᠳᠪᠦᠷᠢ ᠪᠤᠯᠤᠨ ᠮᠡᠳᠡᠭᠡ ᠵᠠᠩᠬᠢᠵᠢᠯᠲᠠ ᠵᠢᠨ ᠶᠠᠮᠤᠨ ᠤᠢᠷ᠎ᠠ ᠵᠢᠨ ᠡᠳᠦᠷ 《2025 ᠤᠨ᠎ᠤ 5G ᠦᠢᠯᠡᠳᠪᠦᠷᠢ ᠵᠢᠨ ᠨᠡᠷᠡᠰ᠎ᠤᠨ ᠵᠢᠬᠰᠠᠭᠠᠯ 》 ᠢ᠋ ᠨᠠᠢᠳᠠᠯᠡᠵᠦ᠂ ᠪᠤᠭᠤᠲᠤ ᠵᠢᠨ ᠬᠦᠩᠭᠡᠨᠴᠠᠭᠠᠨ᠎ᠤ ᠦᠢᠯᠡᠰ᠎ᠤᠨ ᠬᠢᠵᠠᠭᠠᠷᠳᠤ ᠺᠤᠮᠫᠠᠨᠢ ( ᠲᠤᠤᠷ᠎ᠠ 《 ᠪᠤᠭᠤᠲᠤ ᠵᠢᠨ ᠬᠦᠩᠬᠡᠨ ᠴᠠᠭᠠᠨ᠎ᠤ ᠦᠢᠯᠡᠰ 》 ᠬᠡᠵᠦ ᠲᠦᠭᠦᠮᠴᠢᠯᠡᠨ᠎ᠠ) ᠵᠢᠨ ᠡᠷᠡᠮᠡᠯᠵᠡᠨ ᠮᠡᠳᠡᠭᠦᠯᠦᠭᠰᠡᠨ ᠴᠠᠬᠢᠯᠭᠠᠨ ᠵᠠᠳᠠᠯᠤᠯ᠎ᠤᠨ ᠬᠦᠩᠬᠡᠨᠴᠠᠭᠠᠨ᠎ᠤ ᠤᠶᠤᠨᠴᠢ ᠦᠢᠯᠡᠳᠬᠦ 5G ᠵᠢᠨ ᠦᠢᠯᠡᠳᠪᠦᠷᠢ ᠰᠤᠩᠭᠤᠬᠳᠠᠨ᠂ ᠪᠤᠭᠤᠲᠤ ᠬᠤᠳᠠ ᠵᠢᠨ ᠤᠯᠤᠰ᠎ᠤᠨ 5G ᠵᠢᠨ ᠪᠦᠷᠢᠨ ᠬᠤᠯᠪᠤᠯᠳᠤᠭᠰᠠᠨ ᠰᠦᠯᠵᠢᠶ᠎ᠠ ᠵᠢᠨ ᠦᠢᠯᠡᠳᠪᠦᠷᠢ ᠵᠢᠨ ᠪᠠᠢᠭᠤᠯᠤᠯᠳᠠ ᠵᠢᠨ ᠬᠦᠷᠢᠶᠡᠨ ᠳ᠋ᠡᠬᠢ ᠬᠤᠭᠤᠰᠤᠨ᠎ᠢ ᠨᠦᠬᠦᠪᠦᠷᠢᠯᠡᠪᠡ᠃

ᠤᠢᠯᠠᠭᠠᠬᠰᠠᠨ ᠵᠢᠡᠷ᠂ 5G ᠵᠢᠨ ᠪᠦᠷᠢᠨ ᠬᠤᠯᠪᠤᠯᠳᠤᠭᠰᠠᠨ ᠰᠦᠯᠵᠢᠶ᠎ᠠ ᠵᠢᠨ ᠦᠢᠯᠡᠳᠪᠦᠷᠢ ᠪᠤᠯ ᠮᠡᠳᠡᠭᠡ ᠵᠠᠩᠬᠢ ᠴᠢᠮᠡᠭᠡ ᠬᠤᠯᠪᠤᠭᠠᠠ᠎ᠤ ᠮᠡᠷᠭᠡᠵᠢᠯ ᠪᠤᠯᠤᠨ ᠠᠵᠤ ᠦᠢᠯᠡᠳᠪᠦᠷᠢ ᠵᠢᠨ ᠦᠢᠯᠡᠳᠪᠦᠷᠢᠯᠡᠯ᠎ᠢ ᠬᠦᠨ ᠠᠭᠤᠰᠤᠯᠴᠠᠭᠤᠯᠤᠬᠰᠠᠨ ᠴᠢᠬᠤᠯᠠ ᠪᠦᠳᠦᠭᠡᠭᠳᠡᠭᠦᠨ ᠪᠠᠢᠵᠦ᠂ ᠭᠤᠤᠯ ᠨᠢ 5G ᠵᠢᠨ ᠮᠡᠷᠭᠡᠵᠢᠯ ᠳ᠋ᠤ ᠲᠦᠰᠢᠭᠯᠡᠨ᠂ 《ᠬᠤᠷᠳᠤᠨ ᠦᠷ᠎ᠠ ᠠᠰᠢᠭ ᠤᠯᠬᠤ᠂ ᠴᠠᠭ ᠎ᠢ ᠪᠤᠭᠤᠨᠢᠰᠬᠠᠬᠤ᠂ ᠶᠡᠬᠡ ᠬᠤᠯᠪᠤᠯᠲᠠ》 ᠵᠢᠨ ᠦᠪᠡᠷᠮᠢᠴᠠ ᠲᠠᠪᠠᠭᠤᠯᠢᠭ ᠲᠠᠢ ᠪᠠᠢᠵᠦ᠂ ᠠᠵᠤ ᠦᠢᠯᠡᠳᠪᠦᠷᠢ ᠵᠢᠨ ᠦᠢᠯᠡᠳᠪᠦᠷᠢᠯᠡᠯ᠎ᠤᠨ ᠡᠯ᠎ᠠ ᠭᠤᠬᠴᠤᠭᠠᠨ᠎ᠤ ᠲᠤᠭ᠎ᠠ ᠪᠠᠷᠢᠮᠳᠠ ᠵᠢᠨ ᠪᠤᠭᠤᠮᠢ ᠵᠢ ᠡᠪᠳᠡᠨ᠂ ᠦᠢᠯᠡᠳᠪᠦᠷᠢᠯᠡᠯ᠎ᠤᠨ ᠶᠠᠪᠤᠴᠠ ᠵᠢ ᠲᠤᠭᠠᠴᠢᠯᠠᠯᠳᠠ ᠲᠠᠢᠰᠢ ᠲᠠᠬᠢᠨ ᠪᠠᠢᠭᠤᠯᠵᠦ᠂ ᠤᠶᠤᠨᠴᠢᠯᠠᠨ ᠲᠡᠰ ᠲᠠᠪᠰᠢᠬᠦᠯᠵᠦ᠂ ᠠᠵᠢᠯᠯᠠᠭᠠᠨ᠎ᠤ ᠦᠷᠳᠡᠭ᠎ᠢ ᠨᠢ ᠪᠠᠭᠤᠷᠠᠭᠤᠯᠤᠨ᠂ ᠬᠠᠮᠢᠶᠠᠷᠤᠯᠳᠠ ᠵᠢᠨ ᠵᠠᠬᠪᠤᠷ ᠎ᠢ ᠨᠢ ᠰᠢᠯᠢᠳᠡᠭᠵᠢᠬᠦᠯᠵᠦ᠂ ᠠᠵᠢᠯ ᠲᠦᠷᠤᠯ ᠎ᠤᠨ ᠲᠤᠭᠠᠴᠢᠯᠠᠯᠳᠠ ᠲᠡᠢᠰᠢ ᠲᠡᠰ ᠲᠡᠪᠰᠢᠬᠦᠯᠬᠦ ᠳ᠋ᠤ ᠲᠦᠭᠡᠮᠡᠯᠵᠢᠬᠦᠯᠤᠨ ᠲᠡᠯᠭᠡᠷᠡᠭᠦᠯᠵᠦ ᠪᠤᠯᠬᠤ ᠦᠢᠯᠡᠳᠦᠯᠭᠡ ᠵᠢᠨ ᠠᠷᠭ᠎ᠠ ᠵᠠᠮ ᠎ᠢ ᠨᠡᠭᠡᠭᠡᠵᠦ᠂ ᠦᠢᠯᠡᠳᠬᠦ ᠦᠢᠯᠡᠰ᠎ᠢ ᠳᠡᠭᠡᠳᠦ ᠲᠡᠰᠵᠢᠬᠦᠯᠬᠦ᠂ ᠤᠶᠤᠨᠴᠢᠯᠠᠬᠤ᠂ ᠪᠤᠬᠢᠷᠳᠤᠯ ᠦᠭᠡᠢ ᠬᠦᠭᠵᠢᠭᠦᠯᠬᠦ ᠳ᠋ᠤ ᠴᠢᠬᠤᠯᠠ ᠲᠤᠯᠭᠠᠭᠤᠷᠢᠯᠠᠬᠤ ᠦᠢᠯᠡᠳᠤᠯ ᠦᠵᠡᠬᠦᠯᠬᠦ ᠪᠤᠯᠤᠨ᠎ᠠ᠃

ᠪᠤᠭᠤᠲᠤ ᠵᠢᠨ ᠬᠦᠩᠬᠡᠨᠴᠠᠭᠠᠨ᠎ᠤ ᠦᠢᠯᠡᠰ ᠨᠢ 5G ᠵᠢᠨ ᠦᠢᠯᠡᠳᠪᠦᠷᠢ ᠵᠢ ᠪᠠᠢᠭᠤᠯᠬᠤ ᠶᠠᠪᠤᠴᠠ ᠳ᠋ᠤ ᠴᠠᠬᠢᠯᠭᠠᠨ ᠵᠠᠳᠠᠯᠤᠯ᠎ᠤᠨ ᠠᠵᠢᠯ ᠲᠦᠷᠤᠯ᠎ᠤᠨ ᠦᠢᠯᠡᠳᠪᠦᠷᠢᠯᠡᠯ᠎ᠤᠨ ᠤᠨᠴᠠᠯᠢᠭ ᠲᠤ᠌ ᠰᠠᠭᠤᠷᠢᠯᠠᠨ᠂ 《ᠲᠠᠪᠤᠨ ᠰᠦᠯᠵᠢᠶ᠎ᠠ ᠵᠢ ᠠᠭᠤᠰᠤᠯᠴᠠᠭᠤᠯᠬᠤ 》5G ᠵᠢᠨ ᠠᠵᠤ ᠦᠢᠯᠡᠳᠪᠦᠷᠢ ᠵᠢᠨ ᠢᠨᠲᠧᠷ ᠰᠦᠯᠵᠢᠶ᠎ᠠ ᠵᠢᠨ ᠪᠦᠳᠦᠴᠡ ᠵᠢ ᠪᠠᠢᠭᠤᠯᠵᠦ᠂ 5G ᠵᠢᠨ ᠰᠦᠯᠵᠢᠶ᠎ᠠ ᠵᠢ ᠪᠦᠬᠦ ᠦᠢᠯᠡᠳᠪᠦᠷᠢ ᠳ᠋ᠡᠭᠡᠨ ᠪᠦᠷᠬᠦᠬᠦᠯᠵᠡᠢ᠃ ᠡᠭᠦᠨ᠎ᠤ ᠬᠠᠮᠳᠤ᠂ ᠴᠠᠬᠢᠯᠭᠠᠨ ᠵᠠᠳᠠᠯᠤᠯ᠎ᠤᠨ ᠬᠦᠩᠬᠡᠨᠴᠠᠭᠠᠨ᠎ᠤ ᠲᠤᠮᠤ ᠳ᠋ᠠᠢᠲ᠋ᠠ ᠵᠢᠨ ᠲᠠᠪᠴᠠᠩ᠂ ᠠᠵᠤ ᠠᠬᠤᠢᠯᠠᠯ᠎ᠤᠨ ᠲᠡᠰ᠎ᠤᠨ ᠳ᠋ᠠᠢᠲ᠋ᠠ ᠵᠢᠨ ᠲᠦᠪ ᠵᠢᠴᠢ ᠡᠭᠦᠯᠡᠨ ᠦᠢᠯᠡᠴᠢᠯᠡᠭᠡᠨ᠎ᠤ ᠲᠠᠪᠴᠠᠩ ᠎ᠢ ᠪᠠᠢᠭᠤᠯᠵᠦ ᠂ 《ᠦᠢᠯᠡᠳᠪᠦᠷᠢᠯᠡᠯ ᠎ᠤᠨ ᠬᠠᠳᠠᠭᠤ ᠲᠤᠨᠤᠭ᠎ᠤᠨ ᠲᠡᠰ ᠲᠡᠪᠰᠢᠯᠳᠡ + ᠲᠤᠭᠠᠴᠢᠯᠠᠬᠰᠠᠨ ᠬᠠᠮᠢᠶᠠᠷᠤᠯᠲᠠ ᠡᠵᠡᠮᠳᠡᠯ》 ᠢ᠋  ᠪᠡᠶᠡᠯᠡᠬᠦᠯᠵᠠᠢ᠃ ᠦᠢᠯᠡᠳᠪᠦᠷᠢᠯᠡᠯ᠂ ᠡᠵᠡᠩᠨᠡᠯᠳᠡ᠂ ᠬᠠᠮᠢᠶᠠᠷᠤᠯᠳᠠ ᠵᠢᠨ ᠪᠦᠬᠦ ᠶᠠᠪᠤᠴᠠ ᠳ᠋ᠤ ᠠᠦ᠋ᠲ᠋ᠤᠴᠢᠯᠠᠬᠰᠠᠨ ᠦᠭᠡᠷᠡᠴᠢᠯᠡᠯᠳᠡ ᠬᠢᠵᠦ᠂ ᠲᠤᠭᠠᠴᠢᠯᠠᠭᠰᠠᠨ ᠮᠡᠷᠭᠡᠵᠢᠯ ᠵᠢᠡᠷ ᠬᠦᠴᠦ ᠨᠡᠮᠡᠷᠢᠯᠡᠨ᠂ ᠤᠶᠤᠨᠴᠢᠯᠠᠨ ᠲᠡᠰ ᠲᠡᠪᠰᠢᠬᠦᠯᠵᠦ᠂ ᠠᠵᠤ ᠠᠬᠤᠢᠯᠠᠯ ᠡᠴᠡ ᠦᠢᠯᠡᠳᠪᠦᠷᠢᠯᠡᠯ᠎ᠤᠨ ᠡᠯᠧᠮᠧᠨ᠋ᠲ᠎ᠢ ᠬᠦᠳᠡᠯᠤᠩᠬᠦᠢ ᠬᠢᠨᠠᠨ ᠬᠡᠮᠵᠢᠬᠦ᠂ ᠦᠢᠯᠡᠳᠪᠦᠷᠢᠯᠡᠯ᠎ᠤᠨ ᠶᠠᠪᠤᠴᠠ ᠵᠢ ᠨᠠᠷᠢᠯᠢᠭ ᠤᠨᠤᠪᠴᠢᠲᠠᠢ ᠲᠤᠬᠢᠷᠠᠭᠤᠯᠤᠨ ᠡᠵᠡᠮᠳᠡᠬᠦ᠂ ᠬᠠᠮᠢᠶᠠᠷᠤᠯᠳᠠ ᠵᠢᠨ ᠰᠢᠢᠳᠪᠦᠷᠢᠳᠤ ᠪᠤᠳᠤᠯᠭ᠎ᠠ ᠲᠤᠭᠲᠠᠭᠠᠬᠤ᠎ᠳᠤ ᠰᠢᠨᠵᠢᠯᠡᠬᠦ ᠤᠬᠠᠭᠠᠨᠴᠢ ᠦᠨᠳᠤᠷ ᠦᠷ᠎ᠠ ᠪᠦᠳᠦᠮᠵᠢᠲᠠᠢ ᠪᠠᠢᠬᠤ ᠵᠢ ᠪᠡᠶᠡᠯᠡᠬᠦᠯᠵᠦ᠂ ᠲᠠᠷᠠᠭᠠᠴᠢ ᠵᠢᠨ ᠤᠶᠤᠨᠴᠢᠯᠠᠬᠰᠠᠨ ᠪᠠᠢᠭᠤᠯᠤᠯᠳᠠ ᠳ᠋ᠤ  ᠪᠠᠳᠤ ᠰᠠᠭᠤᠷᠢ ᠲᠡᠪᠢᠰᠴᠦ᠂ ᠮᠦᠨ ᠦᠩᠬᠡᠳᠤ ᠲᠡᠮᠦᠷᠯᠢᠭ᠎ᠤᠨ ᠠᠵᠢᠯ ᠲᠦᠷᠤᠯ᠎ᠤᠨ 5G ᠵᠢᠨ ᠬᠡᠷᠡᠭᠯᠡᠭᠡ ᠳ᠋ᠤ 《 ᠪᠤᠭᠤᠲᠤ ᠵᠢᠨ ᠵᠠᠬᠪᠤᠷ 》 ᠢ᠋ ᠬᠠᠩᠭᠠᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号